ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2022-08-22

      1. ᠬᠢᠨᠠᠨ ᠬᠡᠮᠵᠢᠭᠳᠡᠬᠦ ᠡᠲᠡᠭᠡᠳ᠎ᠨᠢ ᠬᠡᠨ ᠪᠣᠶ ?
      ᠬᠠᠷᠢᠭᠤᠯᠲᠠ ᠄ ᠭᠡᠷ ᠪᠦᠯᠢ᠎ᠪᠠᠷ ᠨᠢᠭᠡᠴᠢ ᠪᠣᠯᠭ᠋ᠠᠭᠰᠠᠨ ᠣᠷᠣᠯᠭ᠎ᠠ = ᠬᠥᠮᠥᠨ ᠳᠤᠮᠳᠠᠴᠢ ᠵᠢᠨ ᠴᠡᠪᠡᠷ ᠣᠷᠣᠯᠭ᠎ᠠ — ᠬᠥᠮᠥᠨ ᠳᠤᠮᠳᠠᠴᠢ ᠵᠢᠨ ᠲᠣᠭᠲᠠᠭ᠋ᠠᠯ᠎ᠳᠤ ᠨᠡᠶ᠋ᠢᠴᠡᠬᠦ ᠬᠠᠲᠠᠭᠤ ᠵᠠᠷᠤᠯᠭ᠎ᠠ᠎ᠨᠢ 6000 ᠲᠥᠭᠥᠷᠢᠭ ᠳᠠᠪᠠᠬᠤ ᠦᠭᠡᠢ ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠂ ᠵᠠᠬ᠎ᠠ ᠬᠢᠵᠠᠭ᠋ᠠᠷ᠎ᠤᠨ ᠠᠮᠠᠷᠬᠠᠨ ᠶᠠᠳᠠᠭᠤᠷᠠᠬᠤ ᠡᠷᠦᠬᠡ ᠵᠢᠴᠢ ᠡᠪᠡᠳᠴᠢᠨ᠎ᠤ ᠰᠢᠯᠲᠠᠭ᠋ᠠᠨ ᠪᠠ ᠭᠠᠮᠰᠢᠭ᠎ᠤᠨ ᠰᠢᠯᠲᠠᠭ᠋ᠠᠨ᠎ᠠᠴᠠ ᠪᠣᠯᠵᠤ ᠰᠠᠨᠠᠭ᠋ᠠᠨ᠎ᠳᠤ ᠦᠭᠡᠢ ᠡᠨᠳᠡᠯ ᠭᠠᠷᠬᠤ ᠵᠡᠷᠭᠡ ᠬᠠᠲᠠᠭᠤ ᠵᠠᠷᠤᠯᠭ᠎ᠠ ᠨᠡᠯᠢᠶᠡᠳ ᠶᠡᠬᠡ ᠪᠤᠶᠤ ᠣᠷᠣᠯᠭ᠎ᠠ᠎ᠨᠢ ᠶᠡᠬᠡ᠎ᠪᠠᠷ ᠬᠠᠰᠤᠭᠳᠠᠭᠰᠠᠨ᠎ᠠᠴᠠ ᠪᠣᠯᠵᠤ ᠦᠨᠳᠦᠰᠦᠨ ᠠᠮᠢᠳᠤᠷᠠᠯ᠎ᠳᠤᠨᠢ ᠬᠦᠨᠳᠦ ᠨᠣᠴᠢᠲᠠᠢ ᠬᠦᠴᠢᠷᠳᠡᠯ᠎ᠲᠠᠢ ᠡᠷᠦᠬᠡ ᠵᠢ ᠬᠢᠨᠠᠨ ᠰᠢᠯᠭ᠋ᠠᠨ᠎ᠠ ᠃
      2. ᠶᠠᠳᠠᠭᠤ ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠵᠢ ᠬᠡᠷᠬᠢᠨ ᠵᠠᠭ᠋ᠠᠭᠯᠠᠨ ᠲᠣᠭᠲᠠᠭ᠋ᠠᠬᠤ ᠪᠤᠶ?
      ᠬᠠᠷᠢᠭᠤᠯᠲᠠ᠄ ᠵᠢᠯ᠎ᠤᠨ ᠬᠥᠮᠥᠨ ᠳᠤᠮᠳᠠᠴᠢ ᠵᠢᠨ ᠴᠡᠪᠡᠷ ᠣᠷᠣᠯᠭ᠎ᠠ᠎ᠨᠢ ᠲᠠᠬᠢᠨ ᠶᠠᠳᠠᠭᠤᠷᠠᠬᠤ ᠵᠢ ᠬᠢᠨᠠᠨ ᠬᠡᠮᠵᠢᠬᠦ ᠬᠣᠷᠢᠭ᠎ᠠ ᠱᠤᠭᠤᠮ᠎ᠠᠴᠠ ᠳᠣᠣᠷ᠎ᠠ ᠪᠥᠭᠡᠳ ᠲᠠᠬᠢᠨ ᠶᠠᠳᠠᠭᠤᠷᠠᠬᠤ ᠲᠦᠭᠰᠢᠭᠦᠷᠢ᠎ᠲᠠᠢ ᠶᠠᠳᠠᠭᠤ᠎ᠠᠴᠠ ᠠᠩᠭᠢᠵᠢᠷᠠᠭᠰᠠᠨ ᠡᠷᠦᠬᠡ᠃
      3. ᠵᠠᠬ᠎ᠠ ᠬᠢᠵᠠᠭ᠋ᠠᠷ᠎ᠤᠨ ᠶᠠᠳᠠᠭᠤ ᠬᠦᠴᠢᠷᠲᠡᠢ ᠡᠷᠦᠬᠡ ᠵᠢ ᠬᠡᠷᠬᠢᠨ ᠵᠠᠭ᠋ᠠᠭᠯᠠᠨ ᠲᠣᠭᠲᠠᠭ᠋ᠠᠬᠤ ᠪᠤᠶ?
      ᠬᠠᠷᠢᠭᠤᠯᠲᠠ᠄ ᠵᠢᠯ᠎ᠤᠨ ᠬᠥᠮᠥᠨ ᠳᠤᠮᠳᠠᠴᠢ ᠵᠢᠨ ᠴᠡᠪᠡᠷ ᠣᠷᠣᠯᠭ᠎ᠠ᠎ᠨᠢ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠯᠲᠡ ᠵᠢᠨ ᠬᠣᠷᠢᠭ᠎ᠠ ᠱᠤᠭᠤᠮ ᠎ᠠᠴᠠ ᠲᠤᠤᠷ᠎ᠠ ᠮᠥᠷᠲᠡᠭᠡᠨ ᠶᠠᠳᠠᠭᠤᠷᠠᠬᠤ ᠲᠦᠭᠰᠢᠭᠦᠷᠢ᠎ᠲᠠᠢ ᠮᠠᠯᠵᠢᠬᠤ ᠲᠠᠷᠢᠶᠠᠯᠠᠬᠤ ᠡᠷᠦᠬᠡ (  ᠶᠠᠳᠠᠭᠤ ᠎ᠠᠴᠠ ᠠᠩᠭᠢᠵᠢᠷᠠᠭᠰᠠᠨ ᠪᠤᠰᠤ ᠡᠷᠦᠬᠡ )᠎ᠠᠴᠠ ᠲᠤᠤᠷ᠎ᠠ ᠪᠠᠢ᠌ᠳᠠᠭ ᠃
      4. ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯ᠎ᠲᠠᠢ ᠡᠷᠦᠬᠡ ᠵᠢ ᠬᠡᠷᠬᠢᠨ ᠵᠠᠭ᠋ᠠᠭᠯᠠᠨ ᠲᠣᠭᠲᠠᠭ᠋ᠠᠬᠤ ᠪᠤᠶ?
      ᠬᠠᠷᠢᠭᠤᠯᠲᠠ᠄ ᠵᠢᠯ᠎ᠤᠨ ᠬᠥᠮᠥᠨ ᠳᠤᠮᠳᠠᠴᠢ ᠵᠢᠨ ᠴᠡᠪᠡᠷ ᠣᠷᠣᠯᠭ᠎ᠠ᠎ᠨᠢ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠯᠲᠡ ᠵᠢᠨ ᠬᠣᠷᠢᠭ᠎ᠠ ᠱᠤᠭᠤᠮ᠎ᠠᠴᠠ ᠥᠨᠳᠥᠷ ᠪᠣᠯᠪᠠᠴᠤ ᠡᠪᠡᠳᠴᠢᠨ᠎ᠤ ᠰᠢᠯᠲᠠᠭ᠋ᠠᠨ ᠪᠠ ᠭᠠᠮᠰᠢᠭ᠎ᠤᠨ ᠬᠠᠷᠠᠭ᠎ᠠ᠎ᠪᠠᠷ ᠰᠠᠨᠠᠭ᠋ᠠᠨ᠎ᠳᠤ ᠦᠭᠡᠢ ᠡᠨᠳᠡᠯ ᠵᠡᠷᠭᠡ ᠭᠡᠨᠡᠳᠲᠡ ᠵᠢᠨ ᠪᠠᠢ᠌ᠳᠠᠯ ᠎ᠠᠴᠠ ᠪᠣᠯᠵᠤ ᠂ ᠵᠠᠢ᠌ᠯᠠᠰᠢ ᠦᠭᠡᠢ ᠵᠠᠷᠤᠯᠭ᠎ᠠ᠎ᠨᠢ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠎ᠠᠴᠠ ᠨᠡᠯᠢᠶᠡᠳ ᠶᠡᠬᠡ ᠳᠠᠪᠠᠭᠰᠠᠨ ᠪᠤᠶᠤ ᠣᠷᠣᠯᠭ᠎ᠠ᠎ᠨᠢ ᠶᠡᠬᠡ᠎ᠪᠠᠷ ᠬᠠᠰᠤᠭᠳᠠᠭᠰᠠᠨ ᠎ᠠᠴᠠ ᠪᠣᠯᠵᠤ ᠂ ᠦᠨᠳᠦᠰᠦᠨ ᠠᠮᠢᠳᠤᠷᠠᠯ᠎ᠳᠤᠨᠢ ᠬᠦᠨᠳᠦ ᠨᠣᠴᠢᠲᠠᠢ ᠬᠦᠴᠢᠷᠳᠡᠯ ᠲᠤᠯᠭ᠋ᠠᠷᠠᠭ᠋ᠠᠳ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ᠎ᠲᠠᠢ ᠪᠣᠯᠤᠭᠰᠠᠨ ᠮᠠᠯᠵᠢᠬᠤ ᠲᠠᠷᠢᠶᠠᠯᠠᠬᠤ ᠡᠷᠦᠬᠡ (  ᠶᠠᠳᠠᠭᠤ ᠎ᠠᠴᠠ ᠠᠩᠭᠢᠵᠢᠷᠠᠭᠰᠠᠨ ᠪᠤᠰᠤ ᠡᠷᠦᠬᠡ ) ᠪᠠ ᠶᠠᠳᠠᠭᠤ ᠎ᠠᠴᠠ ᠠᠩᠭᠢᠵᠢᠷᠠᠭᠰᠠᠨ ᠡᠷᠦᠬᠡ ᠃ ᠡᠭᠦᠨ᠎ᠳᠤ  ᠭᠣᠣᠯᠳᠠᠯᠭ᠎ᠠ᠎ᠲᠠᠢ ᠠᠩᠬᠠᠷᠬᠤ ᠵᠦᠢ᠍ᠯ ᠭᠡᠪᠡᠯ ᠄ ᠬᠦᠨᠳᠦ ᠡᠪᠡᠳᠴᠢᠨ ᠪᠠ ᠳᠠᠷᠤᠭ᠋ᠠᠰᠤ ᠨᠡᠯᠢᠶᠡᠳ ᠬᠦᠨᠳᠦ ᠤᠳᠠᠭ᠋ᠠᠨ ᠴᠢᠨᠠᠷᠲᠠᠢ ᠡᠪᠡᠳᠴᠢᠲᠡᠨ ᠂ ᠬᠦᠨᠳᠦ ᠵᠡᠮᠳᠡᠭ ᠬᠥᠮᠥᠨ᠂ ᠭᠡᠷ᠎ᠲᠡᠭᠡᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠂ ᠣᠨᠴᠠ ᠬᠦᠴᠢᠷᠳᠡᠯ᠎ᠲᠠᠢ ᠬᠥᠮᠥᠰ ᠂ ᠴᠢᠳᠠᠪᠤᠷᠢ᠎ᠪᠠᠨ ᠠᠯᠳᠠᠭᠰᠠᠨ ᠨᠠᠰᠤᠲᠠᠢ᠌ᠴᠤᠳ᠎ᠤᠨ ᠬᠥᠮᠥᠨ ᠠᠮᠠ ᠵᠡᠷᠭᠡ ᠣᠨᠴᠠᠭ᠋ᠠᠢ ᠭᠡᠷ ᠪᠦᠯᠢ ᠵᠢ ᠰᠠᠯᠭ᠋ᠠᠨ ᠠᠰᠠᠷᠠᠨ ᠲᠡᠵᠢᠭᠡᠨ᠎ᠡ ᠃
      5. ᠬᠢᠨᠠᠨ ᠰᠢᠯᠭ᠋ᠠᠬᠤ ᠭᠣᠣᠯᠳᠠᠯᠭ᠎ᠠ᠎ᠨᠢ ᠶᠠᠭᠤ ᠪᠤᠶ?
      ᠬᠠᠷᠢᠭᠤᠯᠲᠠ ᠄ ᠲᠡᠳᠡᠨ᠎ᠤ ᠣᠷᠣᠯᠭ᠎ᠠ ᠵᠠᠷᠤᠯᠭ᠎ᠠ ᠵᠢᠨ ᠪᠠᠢ᠌ᠳᠠᠯ ᠂ 《  ᠬᠣᠶᠠᠷ᠎ᠲᠤ ᠵᠣᠪᠠᠬᠤ ᠦᠭᠡᠢ ᠂ ᠭᠤᠷᠪᠠ ᠵᠢ ᠪᠠᠲᠤᠯᠠᠬᠤ 》 ᠵᠢᠴᠢ ᠤᠤᠭᠤᠬᠤ ᠤᠰᠤᠨ᠎ᠤ ᠠᠮᠤᠷ ᠲᠦᠪᠰᠢᠨ᠎ᠤ ᠪᠠᠢ᠌ᠳᠠᠯ᠎ᠢ ᠭᠣᠣᠯᠳᠠᠯᠭ᠎ᠠ᠎ᠲᠠᠢ ᠬᠢᠨᠠᠨ ᠰᠢᠯᠭ᠋ᠠᠨ᠎ᠠ ᠃
      6. ᠬᠢᠨᠠᠨ ᠰᠢᠯᠭ᠋ᠠᠬᠤ ᠬᠦᠷᠢᠶ᠎ᠡ ᠬᠡᠪᠴᠢᠶ᠎ᠡ᠎ᠨᠢ ᠶᠠᠭᠤ ᠪᠣᠶ ?
      ᠬᠠᠷᠢᠭᠤᠯᠲᠠ ᠄ ᠳᠠᠬᠢᠨ ᠶᠠᠳᠠᠭᠤᠷᠠᠵᠤ ᠶᠠᠳᠠᠭᠤᠷᠠᠬᠤ ᠵᠢ ᠰᠡᠷᠭᠡᠢ᠌ᠯᠡᠬᠦ᠎ᠪᠠᠷ ᠲᠦᠭᠰᠢᠭᠦᠷᠢ ᠵᠢᠨ ᠬᠡᠮ ᠰᠣᠭᠣᠭ᠎ᠢ ᠠᠷᠢᠯᠭ᠋ᠠᠬᠤ᠎ᠪᠠᠷ ᠤᠷᠢᠲᠠᠯ ᠪᠣᠯᠭ᠋ᠠᠵᠤ ᠂ ᠶᠡᠷᠦᠩᠬᠡᠢ ᠣᠷᠣᠯᠭ᠎ᠠ ᠂ ᠵᠠᠷᠤᠯᠭ᠎ᠠ ᠂ 《  ᠭᠤᠷᠪᠠ ᠵᠢ ᠪᠠᠲᠤᠯᠠᠬᠤ 》 ᠵᠢᠴᠢ ᠤᠤᠭᠤᠬᠤ ᠤᠰᠤᠨ᠎ᠤ ᠠᠮᠤᠷ ᠲᠦᠪᠰᠢᠨ᠎ᠤ ᠪᠠᠢ᠌ᠳᠠᠯ ᠵᠡᠷᠭᠡ 3 ᠲᠠᠯ᠎ᠠ᠎ᠪᠠᠷ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠪᠠᠢ᠌ᠩᠭᠤ ᠰᠠᠭᠤᠭ᠎ᠠ ᠬᠥᠮᠥᠨ ᠠᠮᠠ ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ ᠵᠢᠴᠢ ᠢᠵᠢᠯ ᠠᠯᠬᠤᠮ ᠵᠶ᠋ᠠᠷ ᠨᠡᠭᠦᠯᠭᠡᠭᠡᠳ ᠨᠢᠭᠡᠨᠲᠡ ᠬᠣᠲᠠ ᠪᠠᠯᠭ᠋ᠠᠰᠤ ᠵᠢᠨ ᠡᠷᠦᠬᠡ ᠠᠮᠠ ᠵᠢᠨ ᠲᠠᠩᠰᠠ ᠪᠣᠯᠭ᠋ᠠᠭᠰᠠᠨ ᠬᠥᠮᠥᠨ ᠠᠮᠠ ᠵᠢᠨ ᠳᠣᠲᠣᠷ᠎ᠠ ᠎ᠠᠴᠠ ᠬᠢᠨᠠᠨ ᠰᠢᠯᠭ᠋ᠠᠬᠤ ᠡᠲᠡᠭᠡᠳ᠎ᠢ ᠢᠯᠭ᠋ᠠᠨ ᠲᠠᠨᠢᠵᠤ ᠂ ᠲᠤᠰᠢᠶᠠᠬᠤ ᠶᠣᠰᠣᠲᠠᠢ ᠵᠢ᠎ᠨᠢ ᠪᠦᠬᠦᠨ᠎ᠢ ᠲᠤᠰᠢᠶᠠᠵᠤ ᠂ ᠬᠡᠪᠴᠢᠶ᠎ᠡ ᠵᠢ᠎ᠨᠢ ᠬᠢᠵᠠᠭ᠋ᠠᠷᠯᠠᠬᠤ ᠦᠭᠡᠢ ᠃
      7. ᠣᠷᠣᠯᠭ᠎ᠠ ᠵᠢ ᠬᠡᠷᠬᠢᠨ ᠬᠢᠨᠠᠨ ᠬᠡᠮᠵᠢᠬᠦ ᠪᠤᠶ?
      ᠬᠠᠷᠢᠭᠤᠯᠲᠠ ᠄ 2020 ᠣᠨ᠎ᠤ ᠤᠯᠤᠰ᠎ᠤᠨ ᠶᠠᠳᠠᠭᠤ ᠵᠢ ᠲᠡᠳᠬᠦᠬᠦ ᠪᠠᠷᠢᠮᠵᠢᠶ᠎ᠠ ᠵᠢᠨ 1.5 ᠳᠠᠬᠢᠨ (  6000 ᠲᠥᠭᠥᠷᠢᠭ ) ᠵᠶ᠋ᠠᠷ 2021 ᠣᠨ᠎ᠤ ᠪᠥᠬᠥ ᠣᠷᠣᠨ᠎ᠤ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠵᠢ ᠬᠢᠨᠠᠨ ᠬᠡᠮᠵᠢᠬᠦ ᠬᠢᠵᠠᠭ᠋ᠠᠷ ᠱᠤᠭᠤᠮ ᠪᠣᠯᠭ᠋ᠠᠵᠤ ᠂ 2022 ᠣᠨ ᠎ᠠᠴᠠ ᠡᠬᠢᠯᠡᠨ ᠂ ᠪᠥᠬᠥ ᠣᠷᠣᠨ᠎ᠤ ᠪᠠᠷᠠᠭ᠋ᠠᠨ᠎ᠤ ᠦᠨ᠎ᠡ ᠵᠢᠨ ᠵᠢᠭ᠋ᠠᠯᠲᠠ ᠲᠣᠭ᠎ᠠ ᠵᠢᠨ ᠬᠤᠪᠢᠷᠠᠯᠲᠠ ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠨᠡᠮᠡᠭᠳᠡᠯ᠎ᠤᠨ ᠬᠡᠮᠵᠢᠶ᠎ᠡ ᠪᠠ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠵᠢᠯ ᠪᠦᠷᠢ ᠨᠢᠭᠡ ᠤᠳᠠᠭ᠎ᠠ ᠲᠣᠬᠢᠷᠠᠭᠤᠯᠤᠨ᠎ᠠ ᠃
      8. ᠵᠠᠷᠤᠯᠭ᠎ᠠ ᠵᠢ ᠬᠡᠷᠬᠢᠨ ᠬᠢᠨᠠᠨ ᠬᠡᠮᠵᠢᠬᠦ ᠪᠤᠢ?
      ᠬᠠᠷᠢᠭᠤᠯᠲᠠ ᠄ ᠭᠡᠷ ᠪᠦᠯᠢ ᠵᠢᠨ ᠲᠣᠭᠲᠠᠭ᠋ᠠᠯ᠎ᠳᠤ ᠨᠡᠢ᠌ᠴᠡᠭᠦᠯᠦᠨ ᠥᠪᠡᠷ ᠵᠶ᠋ᠡᠨ ᠳᠥᠯᠥᠬᠦ ᠵᠠᠷᠤᠯᠭ᠎ᠠ᠎ᠨᠢ ᠭᠡᠷ ᠪᠦᠯᠢ ᠵᠢᠨ ᠦᠨᠳᠦᠰᠦᠨ ᠠᠮᠢᠳᠤᠷᠠᠯ᠎ᠢ ᠨᠥᠯᠥᠭᠡᠯᠡᠬᠦ ᠡᠰᠡᠬᠦ᠎ᠪᠠᠷ ᠵᠠᠷᠤᠯᠭ᠎ᠠ ᠵᠢᠨ ᠬᠢᠨᠠᠨ ᠬᠡᠮᠵᠢᠬᠦ ᠪᠠᠷᠢᠮᠵᠢᠶ᠎ᠠ ᠪᠣᠯᠭ᠋ᠠᠨ᠎ᠠ ᠃
      9. ᠲᠣᠭᠲᠠᠭ᠋ᠠᠯ᠎ᠳᠤ ᠨᠡᠢ᠌ᠴᠡᠭᠦᠯᠦᠨ ᠥᠪᠡᠰᠦᠪᠡᠨ ᠲᠥᠯᠥᠭᠰᠡᠨ ᠵᠠᠷᠤᠯᠭ᠎ᠠ᠎ᠳᠤ ᠶᠠᠮᠠᠷ ᠶᠠᠮᠠᠷ ᠵᠠᠷᠤᠯᠭ᠎ᠠ ᠪᠠᠭᠲᠠᠬᠤ ᠪᠤᠢ?
      ᠬᠠᠷᠢᠭᠤᠯᠲᠠ ᠄ ᠲᠣᠭᠲᠠᠭ᠋ᠠᠯ᠎ᠳᠤ ᠨᠡᠢ᠌ᠴᠡᠭᠦᠯᠦᠨ ᠥᠪᠡᠷᠲᠡᠭᠡᠨ ᠳᠥᠯᠥᠬᠦ ᠵᠠᠷᠤᠯᠭ᠎ᠠ ᠭᠡᠳᠡᠭ ᠪᠣᠯ ᠰᠤᠷᠭ᠋ᠠᠨ ᠬᠥᠮᠦᠵᠢᠯ᠎ᠤᠨ ᠵᠠᠷᠤᠯᠭ᠎ᠠ ᠂ ᠡᠮ ᠡᠮᠨᠡᠯᠭᠡ ᠵᠢᠨ ᠵᠠᠷᠤᠯᠭ᠎ᠠ ᠂ ᠣᠷᠣᠨ ᠰᠠᠭᠤᠴᠠ ᠵᠢᠨ ᠵᠠᠷᠤᠯᠭ᠎ᠠ ᠂ ᠠᠶᠤᠯ ᠦᠭᠡᠢ ᠤᠤᠭᠤᠬᠤ ᠤᠰᠤᠨ᠎ᠤ ᠵᠠᠷᠤᠯᠭ᠎ᠠ ᠂ ᠡᠳ᠋ ᠬᠥᠷᠥᠩᠭᠡ ᠵᠢᠨ ᠬᠣᠬᠢᠷᠠᠯ᠎ᠤᠨ ᠵᠠᠢ᠌ᠯᠠᠰᠢ ᠦᠭᠡᠢ ᠵᠠᠷᠤᠯᠭ᠎ᠠ ᠵᠢ ᠪᠠᠭᠲᠠᠭ᠋ᠠᠭᠰᠠᠨ ᠦᠢ᠍ᠯᠡᠳᠪᠦᠷᠢᠯᠡᠯ ᠡᠵᠡᠩᠨᠡᠯᠲᠡ ᠵᠢᠨ ᠴᠢᠨᠠᠷᠲᠠᠢ ᠵᠠᠷᠤᠯᠭ᠎ᠠ᠎ᠠᠴᠠ ᠭᠠᠳᠠᠨᠠᠬᠢ ᠵᠠᠪᠠᠯ ᠱᠠᠭ᠋ᠠᠷᠳᠠᠭᠳᠠᠬᠤ ᠪᠤᠰᠤᠳ ᠵᠠᠢ᠌ᠯᠠᠰᠢ ᠦᠭᠡᠢ ᠵᠠᠷᠤᠯᠭ᠎ᠠ ᠪᠣᠯᠬᠤ ᠵᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ ᠭᠡᠷᠡᠴᠢᠯᠡᠵᠦ ᠪᠣᠯᠬᠤ ᠵᠢ ᠵᠢᠭ᠋ᠠᠵᠤ ᠪᠠᠢ᠌ᠨ᠎ᠠ ᠃
      10. ᠠᠯᠢ ᠠᠯᠢ᠎ᠨᠢ ᠰᠤᠷᠭ᠋ᠠᠨ ᠬᠥᠮᠦᠵᠢᠯ᠎ᠤᠨ ᠵᠠᠢ᠌ᠯᠠᠰᠢ ᠦᠭᠡᠢ ᠵᠠᠷᠤᠯᠭ᠎ᠠ᠎ᠳᠤ ᠲᠣᠭ᠋ᠠᠴᠠᠭᠳᠠᠬᠤ ᠪᠤᠢ?
      ᠬᠠᠷᠢᠭᠤᠯᠲᠠ ᠄ ᠨᠢᠭᠡ ᠂ ᠲᠥᠷᠥ ᠵᠢᠨ ᠪᠣᠳᠣᠯᠭ᠎ᠠ ᠵᠢᠨ ᠨᠥᠬᠥᠪᠦᠷᠢ ᠥᠭᠭᠦᠭᠰᠡᠨ᠎ᠤ ᠳᠠᠷᠠᠭ᠎ᠠ ᠮᠠᠯᠵᠢᠬᠤ ᠲᠠᠷᠢᠶᠠᠯᠠᠬᠤ ᠡᠷᠦᠬᠡ ᠵᠢᠨ ᠵᠠᠷᠤᠴᠠᠭᠤᠯᠬᠤ ᠴᠢᠬᠤᠯᠠᠲᠠᠢ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠠᠰᠠᠷᠠᠨ ᠬᠥᠮᠥᠵᠢᠭᠦᠯᠬᠦ ᠵᠠᠷᠤᠳᠠᠯ ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠂ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠵᠠᠷᠤᠳᠠᠯ ᠪᠠ ᠬᠣᠨᠣᠭ᠎ᠤᠨ ᠵᠠᠷᠤᠳᠠᠯ᠎ᠤᠨ ᠵᠠᠷᠤᠯᠭ᠎ᠠ ᠂ ᠦᠨᠳᠦᠰᠦᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠵᠠᠷᠤᠯᠭ᠎ᠠ ᠃ ᠬᠣᠶᠠᠷ᠂ ᠵᠠᠰᠠᠭ ᠵᠠᠬᠢᠷᠭ᠋ᠠᠨ ᠎ᠤ ᠣᠷᠣᠨ᠎ᠤ ᠬᠤᠪᠢᠶᠠᠷᠢᠯᠠᠯ᠎ᠳᠤ ᠲᠣᠬᠢᠷᠠᠭᠤᠯᠤᠯᠲᠠ ᠬᠢᠬᠦ᠎ᠠᠴᠠ ᠪᠣᠯᠣᠭ᠋ᠠᠳ ᠬᠣᠰᠢᠭᠤ ᠰᠢᠶᠠᠨ᠎ᠤ ᠪᠠᠢ᠌ᠭ᠎ᠠ ᠭᠠᠵᠠᠷ ᠪᠤᠶᠤ ᠪᠤᠰᠤᠳ ᠰᠤᠮᠤ ᠰᠢᠶᠠᠩ ᠪᠠᠯᠭ᠋ᠠᠰᠤ᠎ᠳᠤ ᠬᠦᠷᠴᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠬᠥᠷᠳᠡᠬᠥ᠎ᠳᠤ ᠦᠨᠡᠨᠬᠦ ᠬᠡᠷᠡᠭᠴᠡᠭᠡ᠎ᠲᠠᠢ ᠪᠣᠯᠤᠭᠰᠠᠨ ᠵᠠᠮ ᠬᠠᠷᠢᠯᠴᠠᠭ᠋ᠠᠨ᠎ᠤ ᠵᠠᠷᠤᠳᠠᠯ ᠪᠣᠯᠣᠨ ᠠᠮᠢᠳᠤᠷᠠᠯ᠎ᠤᠨ ᠵᠠᠷᠤᠳᠠᠯ᠃ ᠭᠤᠷᠪᠠ ᠂ ᠠᠯᠪᠠᠨ ᠎ᠠᠴᠠ ᠡᠷᠭᠢᠯᠡᠭᠰᠡᠨ ᠪᠤᠰᠤ ᠬᠡᠤᠬᠡᠳ᠎ᠤᠨ ᠴᠡᠴᠡᠷᠯᠢᠭ ᠂ ᠠᠯᠪᠠᠨ ᠎ᠠᠴᠠ ᠡᠷᠭᠢᠯᠡᠭᠰᠡᠨ ᠪᠤᠰᠤ ᠰᠤᠷᠭ᠋ᠠᠭᠤᠯᠢ᠎ᠳᠤ ᠰᠠᠢ᠌ᠨ ᠳᠤᠷ᠎ᠠ ᠎ᠠᠴᠠ᠎ᠪᠠᠨ ᠰᠤᠷᠤᠯᠴᠠᠭᠰᠠᠨ ᠪᠥᠭᠡᠳ ᠬᠡᠷᠡᠭᠰᠡᠬᠦ ᠵᠠᠷᠤᠳᠠᠯ᠎ᠨᠢ ᠠᠳᠠᠯᠢ ᠲᠥᠷᠥᠯ᠎ᠤᠨ ᠠᠯᠪᠠᠨ ᠎ᠠᠴᠠ ᠡᠷᠭᠢᠯᠡᠭᠰᠡᠨ ᠰᠤᠷᠭ᠋ᠠᠭᠤᠯᠢ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠎ᠠᠴᠠ ᠬᠡᠲᠦᠷᠡᠭᠰᠡᠨ ᠪᠠᠢ᠌ᠪᠠᠯ ᠂ ᠠᠳᠠᠯᠢ ᠲᠥᠷᠥᠯ᠎ᠤᠨ ᠠᠯᠪᠠᠨ ᠎ᠠᠴᠠ ᠡᠷᠭᠢᠯᠡᠭᠰᠡᠨ ᠰᠤᠷᠭ᠋ᠠᠭᠤᠯᠢ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ᠎ᠪᠠᠷ ᠪᠤᠳᠤᠨ᠎ᠠ ᠃
      11. ᠠᠯᠢ ᠠᠯᠢ᠎ᠨᠢ ᠡᠮᠴᠢᠯᠡᠭᠡᠨ᠎ᠤ ᠵᠠᠢ᠌ᠯᠠᠰᠢ ᠦᠭᠡᠢ ᠵᠠᠷᠤᠯᠭ᠎ᠠ᠎ᠳᠤ ᠲᠣᠭ᠋ᠠᠴᠠᠭᠳᠠᠬᠤ ᠪᠤᠶ ?
      ᠬᠠᠷᠢᠭᠤᠯᠲᠠ᠄ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠂ ᠡᠮ ᠡᠮᠨᠡᠯᠭᠡ ᠵᠢᠨ ᠠᠪᠤᠷᠠᠨ ᠲᠤᠰᠠᠯᠠᠯᠲᠠ᠂ ᠬᠤᠳᠠᠯᠳᠤᠭ᠋ᠠᠨ᠎ᠤ ᠨᠥᠬᠥᠪᠦᠷᠢ ᠳᠠᠭ᠋ᠠᠳᠬᠠᠯ ᠵᠡᠷᠭᠡ ᠵᠢ ᠲᠤᠰᠢᠶᠠᠭᠰᠠᠨ᠎ᠤ ᠳᠠᠷᠠᠭ᠎ᠠ᠂ ᠬᠤᠪᠢ ᠬᠥᠮᠥᠨ᠎ᠤ ᠥᠪᠡᠷ ᠵᠶ᠋ᠡᠨ ᠲᠤᠰᠢᠶᠠᠭᠰᠠᠨ ᠡᠮ ᠡᠮᠨᠡᠯᠭᠡ ᠵᠢᠨ ᠵᠠᠷᠤᠳᠠᠯ(  ᠦᠷ᠎ᠡ ᠬᠡᠦᠬᠡᠳ᠎ᠤᠨ ᠠᠴᠢᠯᠠᠨ ᠲᠡᠵᠢᠭᠡᠬᠦ ᠡᠭᠦᠷᠭᠡ ᠵᠢᠨ ᠶᠣᠰᠣᠭ᠋ᠠᠷ ᠵᠠᠷᠤᠴᠠᠭᠤᠯᠤᠭᠰᠠᠨ ᠡᠮ ᠡᠮᠨᠡᠯᠭᠡ ᠵᠢᠨ ᠵᠠᠷᠤᠯᠭ᠎ᠠ ᠵᠢ ᠪᠠᠭᠲᠠᠭ᠋ᠠᠬᠤ ᠦᠭᠡᠢ)᠃
      12. ᠠᠯᠢ ᠠᠯᠢ᠎ᠨᠢ ᠣᠷᠣᠨ ᠰᠠᠭᠤᠴᠠ ᠵᠢᠨ ᠵᠠᠢ᠌ᠯᠠᠰᠢ ᠦᠭᠡᠢ ᠵᠠᠷᠤᠯᠭ᠎ᠠ᠎ᠳᠤ ᠲᠣᠭ᠋ᠠᠴᠠᠭᠳᠠᠬᠤ ᠪᠤᠢ?
      ᠬᠠᠷᠢᠭᠤᠯᠲᠠ᠄ ᠨᠢᠭᠡ᠎ᠳᠤ᠂ ᠣᠷᠣᠨ ᠰᠠᠭᠤᠴᠠ ᠦᠭᠡᠢ ᠡᠷᠦᠬᠡ ᠵᠢᠨ ᠦᠨᠳᠦᠰᠦᠨ ᠣᠷᠣᠨ ᠰᠠᠭᠤᠴᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ ᠥᠪᠡᠷ ᠵᠶ᠋ᠡᠨ ᠵᠠᠷᠤᠴᠠᠭᠤᠯᠬᠤ ᠴᠢᠬᠤᠯᠠᠲᠠᠢ ᠲᠦᠷᠢᠶᠡᠰᠦᠨ᠎ᠤ ᠵᠠᠷᠤᠳᠠᠯ; ᠬᠣᠶᠠᠷ᠎ᠲᠤ ᠴᠤᠷ᠎ᠤᠨ ᠭᠠᠭᠴᠠ ᠣᠷᠣᠨ ᠰᠠᠭᠤᠴᠠ᠎ᠨᠢ ᠨᠢᠭᠡᠨᠲᠡ ᠨᠤᠷᠠᠬᠤ ᠠᠶᠤᠯᠲᠠᠢ ᠭᠡᠷ ᠪᠠᠢ᠌ᠰᠢᠩ ᠪᠣᠯᠬᠤ᠎ᠳᠤ ᠪᠠᠷᠢᠵᠤ ᠪᠠᠶ᠋ᠢᠭᠤᠯᠬᠤ ᠪᠤᠶᠤ ᠥᠭᠡᠷᠡᠴᠢᠯᠡᠨ ᠪᠠᠶ᠋ᠢᠭᠤᠯᠬᠤ ᠴᠢᠬᠤᠯᠠᠲᠠᠢ ᠪᠣᠯᠤᠭᠰᠠᠨ ᠥᠪᠡᠷ᠎ᠤᠨ ᠵᠠᠷᠤᠯᠭ᠎ᠠ᠃
      13. ᠠᠯᠢ ᠠᠯᠢ᠎ᠨᠢ ᠠᠶᠤᠯᠭᠦᠢ ᠤᠤᠭᠤᠬᠤ ᠤᠰᠤᠨ᠎ᠤ ᠬᠠᠲᠠᠭᠤ ᠴᠢᠨᠠᠷᠲᠠᠢ ᠵᠠᠷᠤᠯᠭ᠎ᠠ᠎ᠳᠤ ᠲᠣᠭ᠋ᠠᠴᠠᠭᠳᠠᠬᠤ ᠪᠤᠢ?
      ᠬᠠᠷᠢᠭᠤᠯᠲᠠ ᠄ ᠨᠢᠭᠡ᠎ᠳᠤ ᠲᠠᠷᠠᠬᠠᠢ ᠪᠤᠲᠠᠷᠬᠠᠢ ᠤᠰᠤ ᠬᠠᠩᠭ᠋ᠠᠵᠤ ᠪᠠᠢ᠌ᠭ᠎ᠠ ᠮᠠᠯᠵᠢᠬᠤ ᠲᠠᠷᠢᠶᠠᠯᠠᠬᠤ ᠡᠷᠦᠬᠡ ᠵᠢᠨ ᠤᠰᠤ ᠲᠠᠲᠠᠬᠤ ᠵᠠᠷᠤᠳᠠᠯ᠎ᠤᠨ ᠥᠪᠡᠷ᠎ᠤᠨ ᠵᠠᠷᠤᠯᠭ᠎ᠠ ;
      ᠬᠣᠶᠠᠷ᠎ᠲᠤ ᠤᠰᠤ ᠬᠠᠩᠭ᠋ᠠᠬᠤ ᠲᠥᠬᠦᠭᠡᠷᠦᠮᠵᠢ ᠵᠢ ᠰᠡᠯᠪᠢᠨ ᠵᠠᠰᠠᠬᠤ ᠵᠢᠨ ᠥᠪᠡᠷ᠎ᠤᠨ ᠵᠠᠷᠤᠯᠭ᠎ᠠ᠃
      14. ᠡᠳ᠋ ᠬᠥᠷᠥᠩᠭᠡ ᠵᠢᠨ ᠬᠣᠬᠢᠷᠠᠯ᠎ᠢ ᠬᠡᠷᠬᠢᠨ ᠲᠣᠭᠲᠠᠭ᠋ᠠᠬᠤ ᠪᠤᠢ?
      ᠬᠠᠷᠢᠭᠤᠯᠲᠠ᠄ ᠪᠠᠢ᠌ᠭ᠋ᠠᠯᠢ ᠵᠢᠨ ᠭᠠᠮᠰᠢᠭ ᠪᠤᠶᠤ ᠭᠡᠨᠡᠳᠲᠡ ᠵᠢᠨ ᠭᠡᠨᠡᠳᠲᠡ ᠵᠢᠨ ᠡᠨᠳᠡᠯ᠎ᠠᠴᠠ ᠪᠣᠯᠤᠭᠰᠠᠨ ᠭᠡᠷ ᠪᠦᠯᠢ ᠵᠢᠨ ᠡᠳ᠋ ᠬᠥᠷᠥᠩᠭᠡ ᠵᠢᠨ ᠬᠣᠬᠢᠷᠠᠯ᠃
      15. 《ᠭᠤᠷᠪᠠ ᠵᠢ ᠪᠠᠲᠤᠯᠠᠬᠤ》 ᠵᠢᠴᠢ ᠤᠤᠭᠤᠬᠤ ᠤᠰᠤᠨ᠎ᠤ ᠠᠮᠤᠷ ᠲᠦᠪᠰᠢᠨ ᠎ᠢ ᠬᠡᠷᠬᠢᠨ ᠬᠢᠨᠠᠨ ᠬᠡᠮᠵᠢᠬᠦ ᠪᠤᠶ ?
      ᠬᠠᠷᠢᠭᠤᠯᠲᠠ ᠄ (  ᠨᠢᠭᠡ ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠎ᠬᠢ ᠬᠢᠨᠠᠨ ᠬᠡᠮᠵᠢᠯᠲᠡ
      ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠤᠶᠤ ᠰᠤᠷᠭ᠋ᠠᠭᠤᠯᠢ ᠡᠷᠭᠢᠯᠡᠬᠦ ᠨᠥᠬᠥᠴᠡᠯ᠎ᠤᠨ ᠪᠠᠲᠤᠯᠠᠭ᠎ᠠ ᠵᠢ ᠪᠣᠳᠠᠲᠠᠢ᠌ᠵᠢᠭᠤᠯᠤᠭᠰᠠᠨ ᠦᠭᠡᠢ᠎ᠠᠴᠠ ᠪᠣᠯᠵᠤ ᠰᠤᠷᠭ᠋ᠠᠭᠤᠯᠢ᠎ᠳᠤ ᠣᠷᠣᠬᠤ ᠨᠠᠰᠤᠨ᠎ᠤ ᠪᠠᠭ᠋ᠠᠴᠤᠳ ᠬᠡᠤᠬᠡᠳ᠎ᠢ ᠰᠤᠷᠤᠯᠭ᠎ᠠ ᠠᠯᠳᠠᠵᠤ ᠰᠤᠷᠤᠯᠭ᠎ᠠ᠎ᠪᠠᠨ ᠳᠣᠷᠭᠣᠨ ᠵᠣᠭᠰᠣᠭᠰᠠᠨ ᠮᠠᠯᠴᠢᠨ ᠲᠠᠷᠢᠶᠠᠴᠢᠨ ᠡᠷᠦᠬᠡ (  ᠪᠡᠶ᠎ᠡ ᠮᠠᠬᠠᠪᠤᠳ᠎ᠤᠨ ᠰᠢᠯᠲᠠᠭ᠋ᠠᠨ ᠎ᠠᠴᠠ ᠪᠣᠯᠵᠤ ᠰᠤᠷᠤᠯᠴᠠᠬᠤ ᠨᠥᠬᠥᠴᠡᠯ᠎ᠢ ᠪᠦᠷᠢᠯᠳᠦᠭᠦᠯᠦᠭᠰᠡᠨ ᠦᠭᠡᠢ ᠪᠠᠢ᠌ᠪᠠᠯ ᠡᠭᠦᠨ᠎ᠳᠤ ᠪᠠᠭᠲᠠᠬᠤ ᠦᠭᠡᠢ ) ᠃
      (  ᠬᠣᠶᠠᠷ ) ᠦᠨᠳᠦᠰᠦᠨ ᠡᠮᠴᠢᠯᠡᠭᠡᠨ᠎ᠤ ᠲᠠᠯ᠎ᠠ᠎ᠪᠠᠷ᠎ᠬᠢ ᠬᠢᠨᠠᠨ ᠬᠡᠮᠵᠢᠯᠲᠡ
      ᠬᠤᠪᠢ ᠬᠥᠮᠥᠨ᠎ᠤ ᠰᠢᠯᠲᠠᠭ᠋ᠠᠨ ᠎ᠠᠴᠠ ᠪᠣᠯᠵᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ ᠂ ᠬᠦᠨᠳᠦ ᠡᠪᠡᠳᠴᠢᠨ᠎ᠤ ᠳᠠᠭ᠋ᠠᠳᠬᠠᠯ ᠵᠶ᠋ᠠᠨ ᠲᠤᠰᠢᠶᠠᠭᠰᠠᠨ ᠦᠭᠡᠢ ᠮᠥᠷᠲᠡᠭᠡᠨ ᠡᠮᠴᠢᠯᠡᠭᠡᠨ᠎ᠤ ᠵᠠᠷᠤᠯᠭ᠎ᠠ᠎ᠨᠢ ᠨᠡᠯᠢᠶᠡᠳ ᠶᠡᠬᠡ ᠂ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ᠎ᠲᠠᠢ ᠶᠠᠳᠠᠭᠤ ᠎ᠠᠴᠠ ᠠᠩᠭᠢᠵᠢᠷᠠᠭᠰᠠᠨ ᠡᠷᠦᠬᠡ ᠪᠠ ᠵᠢᠯ᠎ᠤᠨ ᠬᠥᠮᠥᠨ ᠳᠤᠮᠳᠠᠴᠢ ᠵᠢᠨ ᠴᠡᠪᠡᠷ ᠣᠷᠣᠯᠭ᠎ᠠ᠎ᠨᠢ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠵᠢᠨ ᠬᠢᠨᠠᠨ ᠬᠡᠮᠵᠢᠬᠦ ᠬᠢᠵᠠᠭ᠋ᠠᠷ ᠱᠤᠭᠤᠮ ᠎ᠠᠴᠠ ᠲᠤᠤᠷ᠎ᠠ ᠪᠠᠢ᠌ᠭ᠎ᠠ ᠮᠠᠯᠵᠢᠬᠤ ᠲᠠᠷᠢᠶᠠᠯᠠᠬᠤ ᠡᠷᠦᠬᠡ (  ᠶᠠᠳᠠᠭᠤ ᠎ᠠᠴᠠ ᠠᠩᠭᠢᠵᠢᠷᠠᠭᠰᠠᠨ ᠪᠤᠰᠤ ᠡᠷᠦᠬᠡ ) ᠃
      (ᠭᠤᠷᠪᠠ) ᠣᠷᠣᠨ ᠰᠠᠭᠤᠴᠠ ᠵᠢᠨ ᠠᠶᠤᠯ ᠦᠭᠡᠢ ᠵᠢᠨ ᠲᠠᠯ᠎ᠠ᠎ᠪᠠᠷ᠎ᠬᠢ ᠬᠢᠨᠠᠨ ᠬᠡᠮᠵᠢᠯᠲᠡ
      ᠴᠣᠷ᠎ᠤᠨ ᠭᠠᠭᠴᠠ ᠣᠷᠣᠨ ᠰᠠᠭᠤᠴᠠ᠎ᠨᠢ ᠪᠠᠢ᠌ᠭ᠋ᠠᠯᠢ ᠵᠢᠨ ᠭᠠᠮᠰᠢᠭ ᠪᠤᠶᠤ ᠭᠡᠨᠡᠳᠲᠡ ᠵᠢᠨ ᠭᠡᠨᠡᠳᠲᠡ ᠵᠢᠨ ᠡᠨᠳᠡᠯ᠎ᠠᠴᠠ ᠪᠣᠯᠵᠤ ᠡᠪᠳᠡᠭᠳᠡᠭᠰᠡᠨ ᠪᠤᠶᠤ ᠨᠤᠷᠠᠬᠤ ᠠᠶᠤᠯᠲᠠᠢ ᠭᠡᠷ ᠪᠠᠢ᠌ᠰᠢᠩ ᠪᠣᠯᠤᠭᠰᠠᠨ ᠮᠥᠷᠲᠡᠭᠡᠨ ᠥᠭᠡᠷᠡᠴᠢᠯᠡᠬᠦ ᠴᠢᠳᠠᠪᠤᠷᠢ ᠦᠭᠡᠢ ᠮᠠᠯᠴᠢᠨ ᠲᠠᠷᠢᠶᠠᠴᠢᠨ ᠡᠷᠦᠬᠡ ᠪᠣᠯᠣᠨ᠎ᠠ ᠃
      (ᠳᠥᠷᠪᠡ) ᠤᠤᠭᠤᠬᠤ ᠤᠰᠤᠨ᠎ᠤ ᠠᠶᠤᠯ ᠦᠭᠡᠢ ᠵᠢᠨ ᠲᠠᠯ᠎ᠠ᠎ᠪᠠᠷ᠎ᠬᠢ ᠬᠢᠨᠠᠨ ᠬᠡᠮᠵᠢᠯᠲᠡ
      ᠤᠰᠤᠨ᠎ᠤ ᠴᠢᠨᠠᠷ ᠂ ᠤᠰᠤᠨ᠎ᠤ ᠬᠡᠮᠵᠢᠶ᠎ᠡ ᠂ ᠤᠰᠤ ᠬᠠᠩᠭ᠋ᠠᠬᠤ ᠪᠠᠲᠤᠯᠠᠭ᠎ᠠ ᠵᠢᠨ ᠨᠣᠷᠮ᠎ᠠ ᠂ ᠤᠰᠤ ᠲᠠᠲᠠᠬᠤ᠎ᠳᠤ ᠲᠥᠬᠥᠮ ᠪᠠᠢ᠌ᠬᠤ ᠬᠡᠮᠵᠢᠶ᠎ᠡ᠎ᠨᠢ ᠤᠤᠭᠤᠬᠤ ᠤᠰᠤᠨ᠎ᠤ ᠠᠮᠤᠷ ᠲᠦᠪᠰᠢᠨ᠎ᠤ ᠪᠠᠷᠢᠮᠵᠢᠶ᠎ᠠ᠎ᠳᠤ ᠭᠦᠷᠦᠭᠰᠡᠨ ᠦᠭᠡᠢ ᠮᠥᠷᠲᠡᠭᠡᠨ ᠥᠭᠡᠷᠡᠴᠢᠯᠡᠬᠦ ᠴᠢᠳᠠᠪᠤᠷᠢ ᠦᠭᠡᠢ ᠮᠠᠯᠴᠢᠨ ᠲᠠᠷᠢᠶᠠᠴᠢᠨ ᠡᠷᠦᠬᠡ ᠃ (   ᠤᠤᠭᠤᠬᠤ ᠤᠰᠤᠨ᠎ᠤ ᠠᠮᠤᠷ ᠲᠦᠪᠰᠢᠨ᠎ᠤ ᠪᠠᠷᠢᠮᠵᠢᠶ᠎ᠠ ᠵᠢ 《  ᠬᠥᠳᠡᠭᠡ ᠲᠣᠰᠬᠣᠨ᠎ᠤ  ᠤᠤᠭᠤᠬᠤ ᠤᠰᠤᠨ᠎ᠤ ᠠᠮᠤᠷ ᠲᠦᠪᠰᠢᠨ᠎ᠤ ᠦᠨᠡᠯᠡᠯᠲᠡ ᠵᠢᠨ ᠪᠠᠷᠢᠮᠵᠢᠶ᠎ᠠ 》 (  T/CHES 18 — 2018 ) ᠪᠠ ᠥᠪᠡᠷᠲᠡᠭᠡᠨ ᠵᠠᠰᠠᠬᠤ ᠣᠷᠣᠨ᠎ᠤ 《  ᠮᠠᠯᠵᠢᠬᠤ ᠣᠷᠣᠨ᠎ᠤ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ  ᠤᠤᠭᠤᠬᠤ ᠤᠰᠤᠨ᠎ᠤ ᠠᠮᠤᠷ ᠲᠦᠪᠰᠢᠨ᠎ᠤ ᠦᠨᠡᠯᠡᠯᠲᠡ ᠵᠢᠨ ᠨᠥᠬᠥᠪᠦᠷᠢ ᠨᠠᠷᠢᠨ ᠳᠦᠷᠢᠮ 》 (  ᠨᠧᠢ ᠱᠦᠢ ᠲᠠᠷᠢᠶᠠᠴᠢᠨ [2018] 69 ᠲᠣᠭ᠋ᠠᠲᠤ ) ᠶᠣᠰᠣᠭ᠋ᠠᠷ ᠬᠡᠷᠡᠭᠵᠢᠭᠦᠯᠦᠨ᠎ᠡ )
      16. ᠠᠯᠢ 8 ᠲᠥᠷᠥᠯ᠎ᠤᠨ ᠪᠠᠢ᠌ᠳᠠᠯ ᠎ᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠵᠤ ᠪᠣᠯᠬᠤ ᠦᠭᠡᠢ ᠪᠤᠶ?
      ᠬᠠᠷᠢᠭᠤᠯᠲᠠ᠄ (1) ᠭᠡᠷ ᠪᠦᠯᠢ ᠵᠢᠨ ᠪᠦᠷᠢᠯᠳᠦᠭᠦᠨ᠎ᠤ ᠳᠣᠲᠣᠷ᠎ᠠ ᠲᠥᠷᠥ ᠵᠢᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠤᠶᠤ ᠤᠯᠤᠰ᠎ᠤᠨ ᠥᠮᠴᠢᠯᠡᠯ᠎ᠤᠨ ᠲᠣᠮᠣ ᠳᠤᠮᠳᠠ ᠬᠡᠯᠪᠡᠷᠢ ᠵᠢᠨ ᠠᠵᠤ ᠠᠬᠤᠢ᠌ᠯᠠᠯ᠎ᠤᠨ ᠵᠢᠩᠬᠢᠨᠢ ᠠᠵᠢᠯᠲᠠᠨ ᠠᠵᠢᠯᠴᠢᠨ; ᠦᠷ᠎ᠡ ᠬᠡᠦᠬᠡᠳ᠎ᠨᠢ ᠠᠴᠢᠯᠠᠨ ᠲᠡᠵᠢᠭᠡᠬᠦ ᠴᠢᠳᠠᠪᠤᠷᠢ᠎ᠲᠠᠢ ᠪᠤᠶᠤ ᠦᠷ᠎ᠡ ᠬᠡᠦᠬᠡᠳ᠎ᠨᠢ ᠲᠤᠢ᠌ᠷᠦ ᠵᠢᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠤᠶᠤ ᠤᠯᠤᠰ᠎ᠤᠨ ᠥᠮᠴᠢᠯᠡᠯ᠎ᠤᠨ ᠲᠣᠮᠣ ᠳᠤᠮᠳᠠ ᠬᠡᠯᠪᠡᠷᠢ ᠵᠢᠨ ᠠᠵᠤ ᠠᠬᠤᠢ᠌ᠯᠠᠯ᠎ᠳᠤ ᠠᠯᠪᠠᠨ ᠶᠣᠰᠣᠭ᠋ᠠᠷ ᠠᠵᠢᠯᠯᠠᠵᠤ᠂ ᠵᠣᠷᠢᠭᠤᠳᠠ ᠡᠴᠢᠭᠡ ᠡᠬᠡ᠎ᠪᠠᠨ ᠠᠰ᠎ᠲᠤᠨᠢ ᠡᠷᠦᠭᠡ ᠬᠤᠪᠢᠶᠠᠨ ᠭᠠᠭᠴᠠᠭ᠋ᠠᠷ ᠰᠠᠭᠤᠯᠭ᠋ᠠᠭᠰᠠᠨ᠃
      (2) ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠤᠶᠤ ᠭᠡᠷ᠎ᠲᠡᠭᠡᠨ ᠶᠡᠬᠡ ᠬᠡᠮᠵᠢᠶᠡᠨ᠎ᠤ ᠬᠠᠳᠠᠭ᠋ᠠᠯᠠᠮᠵᠢ᠎ᠲᠠᠢ ᠪᠠᠢ᠌ᠬᠤ᠃
      (3) ᠭᠡᠷ ᠪᠦᠯᠢ᠎ᠳᠤ ᠪᠠᠷᠠᠭ᠋ᠠᠨ᠎ᠤ ᠲᠡᠷᠭᠡ᠂ ᠰᠠᠭᠤᠳᠠᠯ᠎ᠤᠨ ᠲᠡᠷᠭᠡ᠂ ᠮᠢᠶᠠᠨᠪᠣᠣ ᠲᠡᠷᠭᠡ᠂ ᠬᠡᠭᠡᠷ᠎ᠡ ᠵᠢᠨ ᠲᠡᠷᠭᠡ ᠵᠡᠷᠭᠡ ᠮᠠᠰᠢᠨᠲᠤ ᠲᠡᠷᠭᠡ᠂ ᠪᠠᠷᠢᠯᠭ᠎ᠠ ᠵᠢᠨ ᠲᠡᠷᠭᠡ ᠬᠥᠰᠬᠡ᠂ ᠲᠣᠮᠣ ᠬᠡᠯᠪᠡᠷᠢ ᠵᠢᠨ ᠲᠠᠷᠢᠶᠠᠯᠠᠩ᠎ᠤᠨ ᠮᠠᠰᠢᠨ ᠪᠠᠭ᠋ᠠᠵᠢ ᠵᠢᠨ ᠨᠢᠭᠡ᠎ᠲᠠᠢ ᠪᠠᠢ᠌ᠬᠤ᠃
      (4) ᠭᠡᠷ ᠪᠦᠯᠢ ᠵᠢᠨ ᠪᠦᠷᠢᠯᠳᠦᠭᠦᠨ᠎ᠨᠢ ᠰᠢᠶᠠᠨ᠎ᠤ ᠬᠤᠳᠠ ᠪᠤᠶᠤ ᠪᠠᠯᠭ᠋ᠠᠰᠤᠨ᠎ᠳᠤ ᠲᠠᠸᠠᠷ᠎ᠤᠨ ᠭᠡᠷ ᠪᠠᠢ᠌ᠰᠢᠩ᠂ ᠬᠤᠳᠠᠯᠳᠤᠭ᠋ᠠᠨ᠎ᠤ ᠫᠦᠰᠡ᠂ ᠥᠪᠡᠷ ᠵᠶ᠋ᠡᠨ ᠪᠠᠷᠢᠭᠰᠠᠨ ᠣᠷᠣᠨ ᠰᠠᠭᠤᠴᠠ ᠬᠤᠳᠠᠯᠳᠤᠨ ᠠᠪᠤᠭᠰᠠᠨ(ᠴᠤᠷ᠎ᠤᠨ ᠭᠠᠭᠴᠠ ᠣᠷᠣᠨ ᠰᠠᠭᠤᠴᠠ ᠡᠭᠦᠨ᠎ᠳᠤ ᠪᠠᠭᠲᠠᠬᠤ ᠦᠭᠡᠢ)᠃
      (5) ᠭᠡᠷ ᠪᠦᠯᠢ ᠵᠢᠨ ᠪᠦᠷᠢᠯᠳᠦᠭᠦᠨ᠎ᠤ ᠳᠣᠲᠣᠷ᠎ᠠ ᠳᠠᠩᠰᠠᠯᠠᠭᠤᠯᠤᠭᠰᠠᠨ ᠺᠣᠮᠫᠠᠨᠢ ᠪᠠᠢ᠌ᠵᠤ᠂ ᠵᠣᠴᠢᠳ᠎ᠤᠨ ᠪᠠᠭᠤᠳᠠᠯ᠂ ᠵᠣᠴᠢᠳ᠎ᠤᠨ ᠪᠠᠭᠤᠳᠠᠯ᠂ ᠦᠢ᠍ᠯᠡᠳᠪᠦᠷᠢ᠂ ᠲᠠᠷᠢᠶᠠᠯᠠᠩ᠎ᠤᠨ ᠲᠠᠯᠠᠪᠠᠢ ᠵᠡᠷᠭᠡ ᠲᠣᠮᠣ ᠬᠡᠯᠪᠡᠷᠢ ᠵᠢᠨ ᠠᠵᠤ ᠠᠬᠤᠢ ᠵᠢᠨ ᠪᠣᠳᠠᠲᠤ ᠴᠣᠭᠴᠠ᠎ᠲᠠᠢ ᠪᠥᠭᠡᠳ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠯᠲᠠ ᠬᠢᠯᠭᠡᠭᠰᠡᠨ ᠪᠠᠢ᠌ᠬᠤ᠃
      (6) ᠪᠠᠷᠢᠯᠭ᠎ᠠ ᠵᠢ ᠨᠤᠷᠠᠭ᠋ᠠᠨ ᠨᠡᠭᠦᠯᠭᠡᠬᠦ᠂ ᠭᠠᠵᠠᠷ ᠰᠢᠷᠣᠢ ᠵᠢ ᠲᠠᠲᠠᠪᠤᠷᠢᠯᠠᠨ ᠡᠵᠡᠯᠡᠬᠦ ᠵᠡᠷᠭᠡ᠎ᠠᠴᠠ ᠪᠣᠯᠵᠤ ᠶᠡᠬᠡ ᠬᠡᠮᠵᠢᠶᠡᠨ᠎ᠤ ᠨᠥᠬᠥᠪᠦᠷᠢ ᠣᠯᠵᠤ᠂ ᠣᠷᠣᠯᠭ᠎ᠠ᠎ᠨᠢ ᠲᠤᠬᠠᠢ ᠵᠢᠨ ᠭᠠᠵᠠᠷ᠎ᠤᠨ ᠳᠤᠮᠳᠠᠴᠢ ᠬᠢᠷᠢ ᠬᠡᠮᠵᠢᠶ᠎ᠡ᠎ᠠᠴᠠ ᠢᠯᠡᠳᠲᠡ ᠥᠨᠳᠥᠷ ᠪᠠᠢ᠌ᠬᠤ᠃
      (7)ᠭᠡᠷ ᠪᠦᠯᠢ᠎ᠪᠠᠷ ᠵᠶ᠋ᠡᠨ ᠠᠰᠠᠷᠠᠨ ᠲᠡᠵᠢᠭᠡᠵᠦ ᠪᠠᠢ᠌ᠭ᠎ᠠ ᠰᠤᠷᠤᠭᠴᠢᠳ᠎ᠤᠨ ᠳᠣᠲᠣᠷ᠎ᠠ᠂ ᠥᠨᠳᠥᠷ ᠰᠦᠢ᠍ᠳᠬᠡᠯ ᠵᠶ᠋ᠡᠷ ᠰᠤᠷᠭ᠋ᠠᠭᠤᠯᠢ ᠰᠣᠩᠭᠣᠨ ᠪᠢᠴᠢᠭ ᠦᠵᠡᠬᠦ᠂ ᠥᠨᠳᠥᠷ ᠰᠦᠢ᠍ᠳᠬᠡᠯ ᠵᠶ᠋ᠡᠷ ᠬᠤᠪᠢ ᠵᠢᠨ ᠡᠷᠬᠢᠯᠡᠭᠰᠡᠨ ᠰᠤᠷᠭ᠋ᠠᠭᠤᠯᠢ᠎ᠳᠤ ᠪᠢᠴᠢᠭ ᠦᠵᠡᠵᠦ ᠪᠠᠢ᠌ᠬᠤ ᠪᠤᠶᠤ ᠭᠠᠳᠠᠭ᠋ᠠᠳᠤ᠎ᠳᠤ ᠭᠠᠷᠴᠤ ᠰᠤᠷᠤᠯᠴᠠᠵᠤ ᠪᠠᠢ᠌ᠬᠤ᠃
      (  8 ) ᠣᠲᠣ ᠵᠢᠨ ᠭᠠᠴᠠᠭ᠎ᠠ ᠲᠣᠰᠬᠣᠨ᠎ᠤ ᠨᠠᠮ᠎ᠤᠨ ᠡᠭᠦᠷ᠎ᠤᠨ ᠱᠦᠵᠢ ᠂ ᠨᠠᠮ᠎ᠤᠨ ᠡᠭᠦᠷ᠎ᠤᠨ ᠭᠡᠰᠢᠭᠦᠨ ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠤᠨ ᠡᠷᠬᠢᠯᠡᠭᠴᠢ ᠵᠢᠨ ᠲᠤᠰᠢᠶᠠᠯ᠎ᠳᠤ ᠪᠠᠢ᠌ᠭ᠎ᠠ ᠬᠥᠮᠥᠰ ᠲᠣᠭᠲᠠᠮᠠᠯ ᠴᠠᠯᠢᠩ ᠪᠤᠶᠤ ᠨᠥᠬᠥᠪᠦᠷᠢ ᠮᠥᠩᠭᠥ ᠠᠪᠴᠤ ᠪᠠᠢ᠌ᠭ᠎ᠠ ᠃
      ᠳᠡᠭᠡᠷ᠎ᠡ ᠳᠤᠷᠠᠳᠤᠭᠰᠠᠨ ᠬᠥᠮᠥᠰ᠎ᠢ ᠨᠢᠭᠡ ᠯᠡ ᠠᠳᠠᠯᠢ᠎ᠪᠠᠷ ᠱᠠᠭ᠋ᠠᠷᠳᠠᠵᠤ ᠪᠣᠯᠬᠤ ᠦᠭᠡᠢ᠂ ᠪᠣᠳᠠᠲᠠᠢ ᠪᠠᠢ᠌ᠳᠠᠯ᠎ᠳᠤ ᠴᠢᠭᠯᠡᠭᠦᠯᠦᠨ ᠲᠥᠷᠥᠯ ᠬᠤᠪᠢᠶᠠᠨ ᠰᠢᠢ᠍ᠳᠪᠦᠷᠢᠯᠡᠵᠦ᠂ ᠣᠨᠴᠠᠭ᠋ᠠᠶ ᠪᠠᠢ᠌ᠳᠠᠯ᠎ᠢ ᠭᠠᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠭᠣᠣᠯᠳᠠᠯᠭ᠎ᠠ᠎ᠲᠠᠢ᠎ᠪᠠᠷ ᠦᠨᠡᠯᠡᠨ ᠶᠠᠷᠢᠯᠴᠠᠨ᠎ᠠ᠃
      17 ᠂ ᠭᠠᠴᠠᠭ᠎ᠠ ᠲᠣᠰᠬᠣᠨ᠎ᠳᠤ ᠣᠷᠳᠣ ᠬᠤᠭᠤᠴᠠᠭ᠎ᠠ᠎ᠪᠠᠷ ᠰᠠᠭᠤᠷᠢᠰᠢᠨ ᠠᠮᠢᠳᠤᠷᠠᠵᠤ ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠡᠷᠭᠢᠯᠡᠵᠦ ᠪᠠᠢ᠌ᠭ᠎ᠠ ᠮᠥᠷᠲᠡᠭᠡᠨ ᠬᠣᠲᠠ ᠪᠠᠯᠭ᠋ᠠᠰᠤ ᠵᠢᠨ ᠪᠠᠲᠤᠯᠠᠭ᠎ᠠ ᠵᠢᠨ ᠬᠠᠷᠠᠭ᠋ᠠᠯᠵᠠᠯ᠎ᠢ ᠬᠦᠷᠲᠡᠵᠦ ᠥᠩᠭᠡᠷᠡᠭᠰᠡᠨ ᠦᠭᠡᠢ ᠬᠣᠲᠠ ᠪᠠᠯᠭ᠋ᠠᠰᠤ ᠵᠢᠨ ᠡᠷᠦᠬᠡ ᠪᠠ ᠭᠠᠳᠠᠷ ᠣᠷᠣᠨ᠎ᠤ ᠡᠷᠦᠬᠡ᠎ᠳᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠢ᠌ᠪᠠᠯ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠵᠤ ᠪᠣᠯᠣᠨ᠎ᠠ ᠤᠣ ?
      ᠬᠠᠷᠢᠭᠤᠯᠲᠠ ᠄ ᠬᠢᠨᠠᠨ ᠰᠢᠯᠭ᠋ᠠᠬᠤ ᠬᠦᠷᠢᠶ᠎ᠡ ᠬᠡᠪᠴᠢᠶᠡᠨ᠎ᠳᠤ ᠣᠷᠣᠭᠤᠯᠵᠤ ᠪᠣᠯᠣᠨ᠎ᠠ ᠂ ᠭᠡᠬᠦ᠎ᠳᠡᠭᠡᠨ ᠣᠨᠴᠣᠭᠤᠢ ᠪᠣᠳᠠᠲᠤ ᠵᠢᠱ᠌ᠢᠶ᠎ᠡ ᠪᠣᠯᠭ᠋ᠠᠵᠤ ᠂ ᠬᠣᠰᠢᠭᠤ ᠰᠢᠶᠠᠨ ᠎ᠠᠴᠠ ᠠᠵᠢᠯ᠎ᠤᠨ ᠲᠥᠰᠥᠯ ᠲᠣᠭᠲᠠᠭ᠋ᠠᠬᠤ᠎ᠳᠠᠭᠠᠨ ᠲᠣᠳᠣᠷᠬᠠᠢ ᠲᠣᠭᠲᠠᠭ᠋ᠠᠬᠤ ᠵᠢᠨ ᠬᠠᠮᠲᠤ ᠳᠡᠭᠡᠳᠦ ᠱᠠᠲᠤᠨ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ ᠃ ᠬᠢᠨᠠᠨ ᠰᠢᠯᠭ᠋ᠠᠬᠤ ᠡᠲᠡᠭᠡᠳ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠬᠣᠰᠢᠭᠤ ᠰᠢᠶᠠᠨ᠎ᠠᠴᠠ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢ ᠦᠨᠳᠦᠰᠦᠯᠡᠨ ᠪᠣᠳᠠᠲᠠᠢ ᠳᠡᠮᠵᠢᠬᠦ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ ᠲᠥᠰᠥᠯ ᠎ᠳᠤ ᠲᠣᠳᠣᠷᠬᠠᠢ᠌ᠯᠠᠬᠤ ᠵᠢᠨ ᠬᠠᠮᠲᠤ ᠳᠡᠭᠡᠳᠦ ᠱᠠᠲᠤᠨ ᠎ᠳᠤ ᠮᠡᠳᠡᠭᠦᠯᠦᠨ ᠳᠠᠩᠰᠠᠯᠠᠭᠤᠯᠵᠤ᠂ ᠰᠤᠮᠤ ᠰᠢᠶᠠᠩ ᠪᠠᠯᠭ᠋ᠠᠰᠤ ᠪᠣᠯᠣᠨ ᠭᠠᠴᠠᠭ᠎ᠠ ᠲᠣᠰᠬᠣᠨ᠎ᠠᠴᠠ ᠪᠣᠳᠠᠲᠠᠢ ᠬᠡᠷᠡᠭᠵᠢᠭᠦᠯᠵᠦ ᠪᠣᠯᠣᠨ᠎ᠠ᠃
      18. ᠪᠠᠢ᠌ᠳᠠᠯ᠎ᠢ ᠣᠢ᠌ᠯᠠᠭ᠋ᠠᠵᠤ ᠵᠢᠭᠰᠠᠭ᠋ᠠᠨ ᠪᠠᠢ᠌ᠴᠠᠭ᠋ᠠᠬᠤ ᠭᠣᠣᠯᠳᠠᠯᠭ᠎ᠠ᠎ᠲᠠᠢ ᠬᠥᠮᠥᠰ ᠭᠡᠳᠡᠭ᠎ᠨᠢ ᠶᠠᠭᠤ ᠵᠢ ᠵᠢᠭ᠋ᠠᠵᠤ ᠪᠠᠢ᠌ᠬᠤ ᠪᠤᠢ?
      ᠬᠠᠷᠢᠭᠤᠯᠲᠠ ᠄ (  1 ) ᠶᠠᠳᠠᠭᠤ ᠎ᠠᠴᠠ ᠠᠩᠭᠢᠵᠢᠷᠠᠭᠤᠯᠤᠭᠰᠠᠨ ᠡᠷᠦᠬᠡ ᠵᠢᠨ ᠣᠷᠣᠯᠭ᠎ᠠ᠎ᠨᠢ ᠬᠢᠨᠠᠨ ᠬᠡᠮᠵᠢᠭᠰᠡᠨ ᠣᠷᠣᠯᠭ᠎ᠠ ᠵᠢᠨ ᠪᠠᠷᠢᠮᠵᠢᠶ᠎ᠠ ᠎ᠠᠴᠠ ᠲᠤᠤᠷ᠎ᠠ ᠪᠠᠢ᠌ᠨ᠎ᠠ (  6000 ᠲᠥᠭᠥᠷᠢᠭ\ 2021 ᠣᠨ ) ᠃
      (  2 ) ᠰᠢᠨ᠎ᠡ᠎ᠪᠠᠷ ᠨᠡᠮᠡᠭᠳᠡᠭᠰᠡᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠷᠦᠬᠡ ᠂ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠢ᠌ᠭ᠎ᠠ ᠬᠥᠮᠥᠰ ᠃
      (  3 ) ᠡᠪᠡᠳᠴᠢᠲᠡᠢ ᠡᠷᠦᠬᠡ ᠵᠢ ᠰᠢᠨ᠎ᠡ᠎ᠪᠠᠷ ᠨᠡᠮᠡᠭᠳᠡᠭᠦᠯᠦᠨ᠎ᠡ ᠃
      (  4 ) ᠡᠮᠴᠢᠯᠡᠭᠡᠨ᠎ᠤ ᠳᠠᠭ᠋ᠠᠳᠬᠠᠯ᠎ᠤᠨ ᠥᠪᠡᠷ᠎ᠤᠨ ᠵᠠᠷᠤᠳᠠᠯ᠎ᠤᠨ ᠵᠠᠷᠤᠯᠭ᠎ᠠ᠎ᠨᠢ 1 ᠲᠦᠮᠡᠨ ᠲᠥᠭᠥᠷᠢᠭ᠎ᠠᠴᠠ ᠳᠡᠭᠡᠭᠰᠢᠬᠢ ᠲᠠᠷᠢᠶᠠᠯᠠᠬᠤ ᠮᠠᠯᠵᠢᠬᠤ ᠡᠷᠦᠬᠡ ᠃
      (  5 ) ᠰᠢᠨ᠎ᠡ᠎ᠪᠠᠷ ᠨᠡᠮᠡᠭᠳᠡᠭᠰᠡᠨ ᠵᠡᠮᠳᠡᠭᠴᠦᠳ (  ᠦᠨᠡᠮᠯᠡᠯ᠎ᠲᠠᠢ )
      (6) ᠰᠤᠷᠭ᠋ᠠᠨ ᠬᠥᠮᠦᠵᠢᠯ᠎ᠤᠨ ᠠᠪᠤᠷᠠᠨ ᠲᠤᠰᠠᠯᠠᠬᠤ ᠡᠲᠡᠭᠡᠳ᠎ᠢ ᠰᠢᠨ᠎ᠡ᠎ᠪᠠᠷ ᠨᠡᠮᠡᠭᠳᠡᠭᠦᠯᠦᠨ᠎ᠡ
      (7) ᠨᠤᠷᠠᠬᠤ ᠠᠶᠤᠯᠲᠠᠢ ᠭᠡᠷ ᠪᠠᠢ᠌ᠰᠢᠩ᠎ᠢ ᠥᠭᠡᠷᠡᠴᠢᠯᠡᠨ ᠵᠠᠰᠠᠬᠤ ᠡᠷᠤᠭᠡ ᠵᠢ ᠰᠢᠨ᠎ᠡ᠎ᠪᠠᠷ ᠨᠡᠮᠡᠭᠳᠡᠭᠦᠯᠦᠨ᠎ᠡ
     (8 ) ᠤᠰᠤᠨ ᠠᠰᠢᠭᠯᠠᠯᠲᠠ ᠵᠢᠨ ᠤᠰᠤ ᠤᠮᠳᠠ ᠵᠢᠨ ᠠᠮᠤᠷ ᠲᠦᠪᠰᠢᠨ ᠪᠤᠰᠤ ᠡᠷᠦᠬᠡ ᠵᠢ ᠰᠢᠨ᠎ᠡ᠎ᠪᠠᠷ ᠵᠢᠭᠰᠠᠭ᠋ᠠᠨ ᠪᠠᠢ᠌ᠴᠠᠭ᠋ᠠᠨ᠎ᠠ ᠃
      (9) ᠡᠨᠡ ᠵᠢᠯ᠎ᠤᠨ ᠲᠠᠷᠢᠶᠠᠯᠠᠩ᠎ᠤᠨ ᠳᠠᠭ᠋ᠠᠳᠬᠠᠯ᠎ᠤᠨ ᠲᠥᠯᠥᠪᠦᠷᠢ ᠥᠭᠬᠦ ᠡᠲᠡᠭᠡᠳ (ᠶᠠᠳᠠᠭᠤ ᠵᠢ ᠰᠡᠷᠭᠡᠢ᠌ᠯᠡᠬᠦ ᠳᠠᠭ᠋ᠠᠳᠬᠠᠯ)᠃
      (  10 ) ᠡᠨᠡ ᠵᠢᠯ᠎ᠤᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠭᠡᠳ ᠲᠣᠭᠲᠠᠪᠤᠷᠢ ᠦᠭᠡᠢ ᠨᠤᠲᠤᠭ᠎ᠲᠠᠭᠠᠨ ᠪᠤᠴᠠᠭᠰᠠᠨ ᠬᠥᠮᠥᠰ ᠃
      19. ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠵᠢ ᠬᠡᠷᠬᠢᠨ ᠰᠡᠷᠭᠡᠢ᠌ᠯᠡᠬᠦ ᠪᠤᠢ?
      ᠬᠠᠷᠢᠭᠤᠯᠲᠠ ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ 《ᠬᠡᠪᠴᠢᠶᠡᠵᠢᠯ᠎ᠤᠨ ᠴᠢᠨᠠᠷᠲᠠᠢ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠠᠵᠢᠯ᠎ᠤᠨ ᠲᠥᠰᠥᠯ》᠎ᠢ ᠲᠣᠭᠲᠠᠭ᠋ᠠᠵᠤ ᠂ ᠤᠰᠤ ᠭᠠᠩ᠎ᠤᠨ ᠭᠠᠮᠰᠢᠭ ᠂ ᠴᠠᠭ ᠠᠭᠤᠷ᠎ᠤᠨ ᠭᠠᠮᠰᠢᠭ ᠂ ᠭᠠᠵᠠᠷ ᠬᠥᠳᠡᠯᠦᠯᠲᠡ ᠵᠢᠨ ᠭᠠᠮᠰᠢᠭ ᠂ ᠭᠠᠵᠠᠷ᠎ᠤᠨ ᠭᠠᠮᠰᠢᠭ ᠂ ᠠᠮᠢᠳᠤ ᠪᠣᠳᠠᠰ᠎ᠤᠨ ᠭᠠᠮᠰᠢᠭ ᠂ ᠭᠠᠯ᠎ᠤᠨ ᠭᠠᠮᠰᠢᠭ᠎ᠢ ᠴᠠᠭ ᠲᠤᠬᠠᠢ᠎ᠳᠤᠨᠢ ᠬᠢᠨᠠᠨ ᠬᠡᠮᠵᠢᠵᠦ ᠂ ᠵᠢᠴᠢ ᠬᠢᠵᠢᠭ᠎ᠤᠨ ᠪᠠᠢ᠌ᠳᠠᠯ ᠵᠡᠷᠭᠡ ᠡᠯ᠎ᠡ ᠲᠥᠷᠥᠯ᠎ᠤᠨ ᠭᠡᠨᠡᠳᠲᠡ ᠡᠭᠦᠰᠦᠭᠰᠡᠨ ᠴᠢᠬᠤᠯᠠ ᠶᠡᠬᠡ ᠣᠯᠠᠨ ᠨᠡᠶ᠋ᠢᠲᠡ ᠵᠢᠨ ᠬᠡᠷᠡᠭ (《ᠤᠯᠤᠰ᠎ᠤᠨ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠶᠡᠷᠦᠩᠬᠡᠢ ᠲᠥᠰᠥᠯ》 ᠵᠶ᠋ᠡᠷ ᠯᠠᠪᠯᠠᠯᠲᠠ ᠪᠣᠯᠭ᠋ᠠᠨ᠎ᠠ)᠎ᠠᠴᠠ ᠪᠣᠯᠤᠭᠰᠠᠨ ᠨᠥᠯᠥᠭᠡ ᠂ ᠶᠡᠬᠡ ᠬᠡᠮᠵᠢᠶᠡᠨ᠎ᠤ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠤ ᠦᠨ᠎ᠡ ᠬᠠᠩᠰᠢ ᠦᠷᠭᠦᠯᠵᠢᠯᠡᠨ ᠶᠡᠬᠡ᠎ᠪᠠᠷ ᠪᠠᠭᠤᠷᠠᠬᠤ ᠂ ᠬᠥᠳᠡᠭᠡ ᠲᠣᠰᠬᠣᠨ᠎ᠤ ᠬᠥᠳᠡᠯᠮᠦᠷᠢ ᠬᠦᠴᠦᠨ᠎ᠤ ᠠᠵᠢᠯ ᠠᠯᠳᠠᠯᠲᠠ ᠢᠯᠡᠳᠲᠡ ᠨᠡᠮᠡᠭᠳᠡᠬᠦ ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠲᠥᠷᠥᠯ ᠵᠦᠢ᠍ᠯ ᠢᠯᠠᠭᠳᠠᠬᠤ ᠂ ᠲᠣᠮᠣ ᠳᠤᠮᠳᠠ ᠬᠡᠯᠪᠡᠷᠢ ᠵᠢᠨ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ᠎ᠳᠤ ᠨᠡᠭᠦᠭᠰᠡᠨ ᠬᠥᠮᠥᠨ ᠠᠮᠠ ᠵᠢᠨ ᠠᠵᠢᠯ ᠣᠯᠭᠣᠯᠲᠠ ᠪᠠ ᠨᠡᠢ᠌ᠭᠡᠮ ᠲᠣᠭᠣᠷᠢᠭ᠎ᠤᠨ ᠠᠭᠤᠰᠤᠯᠴᠠᠯ ᠵᠡᠷᠭᠡ ᠲᠠᠯ᠎ᠠ ᠵᠢᠨ ᠠᠶᠤᠯ ᠲᠦᠭᠰᠢᠭᠦᠷᠢ ᠵᠢᠨ ᠳᠠᠯᠳᠠ ᠭᠡᠮ᠎ᠢ ᠪᠦᠬᠦ ᠬᠦᠴᠦᠨ ᠵᠶ᠋ᠡᠷ ᠵᠶ᠋ᠡᠨ ᠰᠡᠷᠭᠡᠢ᠌ᠯᠡᠵᠦ ᠂ ᠠᠵᠢᠯ ᠂ ᠬᠠᠷᠢᠭᠤᠴᠠᠯᠭ᠎ᠠ ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠬᠦᠷᠦᠯᠴᠡᠬᠦ ᠦᠭᠡᠢ᠎ᠠᠴᠠ ᠪᠣᠯᠤᠭᠰᠠᠨ ᠳᠠᠬᠢᠨ ᠶᠠᠳᠠᠭᠤᠷᠠᠬᠤ ᠦᠵᠡᠭᠳᠡᠯ᠎ᠢ ᠢᠯᠡᠷᠡᠭᠦᠯᠦᠨ ᠰᠢᠢ᠍ᠳᠪᠦᠷᠢᠯᠡᠵᠦ ᠂ ᠣᠷᠣᠨ ᠪᠦᠰᠡ ᠵᠢᠨ ᠴᠢᠨᠠᠷᠲᠠᠢ ᠂ ᠬᠡᠪᠴᠢᠶᠡᠵᠢᠯ᠎ᠤᠨ ᠴᠢᠨᠠᠷᠲᠠᠢ ᠳᠠᠬᠢᠨ ᠶᠠᠳᠠᠭᠤᠷᠠᠬᠤ ᠲᠦᠭᠰᠢᠭᠦᠷᠢ ᠵᠢ ᠴᠠᠭ ᠲᠤᠬᠠᠢ᠎ᠳᠤᠨᠢ ᠪᠠᠢ᠌ᠴᠠᠭ᠋ᠠᠨ ᠰᠡᠷᠡᠮᠵᠢᠯᠡᠭᠦᠯᠵᠦ ᠂ ᠰᠡᠷᠭᠡᠢ᠌ᠯᠡᠬᠦ ᠠᠷᠭ᠎ᠠ ᠬᠡᠮᠵᠢᠶ᠎ᠡ ᠲᠣᠭᠲᠠᠭ᠋ᠠᠨ ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ ᠂ ᠬᠡᠪᠴᠢᠶᠡᠵᠢᠯ᠎ᠤᠨ ᠴᠢᠨᠠᠷᠲᠠᠢ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ ᠃
      20. ᠬᠢᠨᠠᠨ ᠰᠢᠯᠭ᠋ᠠᠬᠤ ᠠᠷᠭ᠎ᠠ ᠮᠠᠶᠢᠭ᠎ᠨᠢ ᠶᠠᠭᠤ ᠶᠠᠭᠤ ᠪᠠᠢ᠌ᠳᠠᠭ ᠪᠤᠢ?
      ᠬᠠᠷᠢᠭᠤᠯᠲᠠ ᠄ ᠬᠢᠨᠠᠨ ᠰᠢᠯᠭ᠋ᠠᠬᠤ ᠠᠷᠭ᠎ᠠ ᠮᠠᠶᠢᠭ᠎ᠲᠤ ᠮᠠᠯᠵᠢᠬᠤ ᠲᠠᠷᠢᠶᠠᠯᠠᠬᠤ ᠡᠷᠦᠬᠡ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠬᠦ ᠂ ᠦᠨᠳᠦᠰᠦᠨ ᠱᠠᠲᠤᠨ᠎ᠤ ᠺᠠᠳ᠋ᠷ᠎ᠢ ᠵᠢᠭᠰᠠᠭ᠋ᠠᠨ ᠪᠠᠢ᠌ᠴᠠᠭ᠋ᠠᠬᠤ ᠂ ᠰᠠᠯᠠᠭ᠎ᠠ ᠮᠥᠴᠢᠷ᠎ᠠᠴᠠ ᠰᠢᠭᠰᠢᠨ ᠪᠠᠢ᠌ᠴᠠᠭ᠋ᠠᠵᠤ ᠤᠷᠢᠳᠴᠢᠯᠠᠨ ᠰᠡᠷᠡᠮᠵᠢᠯᠡᠭᠦᠯᠬᠦ ᠂ ᠨᠡᠢ᠌ᠭᠡᠮ᠎ᠤᠨ ᠬᠢᠨᠠᠯᠲᠠ ᠲᠠᠯᠪᠢᠵᠤ ᠢᠯᠡᠷᠡᠭᠦᠯᠬᠦ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠪᠠᠢ᠌ᠵᠤ ᠂ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠵᠢ ᠬᠢᠨᠠᠨ ᠰᠢᠯᠭ᠋ᠠᠬᠤ ᠠᠵᠢᠯ᠎ᠢ ᠥᠷᠨᠢᠭᠦᠯᠵᠦ ᠂ ᠳᠠᠬᠢᠨ ᠶᠠᠳᠠᠭᠤᠷᠠᠬᠤ᠎ᠠᠴᠠ ᠪᠣᠯᠵᠤ ᠶᠠᠳᠠᠭᠤᠷᠠᠬᠤ ᠲᠦᠭᠰᠢᠭᠦᠷᠢ ᠵᠢᠨ ᠴᠡᠭ ᠂ ᠲᠦᠭᠰᠢᠭᠦᠷᠢ ᠵᠢᠨ ᠬᠦᠴᠦᠨ ᠵᠦᠢ᠍ᠯ ᠂ ᠲᠦᠭᠰᠢᠭᠦᠷᠢ ᠵᠢᠨ ᠬᠠᠮᠲᠤᠯᠢᠭ᠎ᠢ ᠴᠠᠭ ᠲᠤᠬᠠᠢ᠎ᠳᠤᠨᠢ ᠵᠢᠭᠰᠠᠭ᠋ᠠᠨ ᠪᠠᠢ᠌ᠴᠠᠭ᠋ᠠᠵᠤ ᠢᠯᠡᠷᠡᠭᠦᠯᠦᠨ᠎ᠡ ᠃
      21. ᠲᠠᠷᠢᠶᠠᠯᠠᠬᠤ ᠮᠠᠯᠵᠢᠬᠤ ᠡᠷᠦᠬᠡ ᠶᠠᠮᠠᠷ ᠠᠷᠭ᠎ᠠ ᠮᠠᠶᠢᠭ ᠵᠶ᠋ᠠᠷ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠬᠦ ᠪᠤᠢ?
      ᠬᠠᠷᠢᠭᠤᠯᠲᠠ ᠄ 1. ᠶᠠᠳᠠᠭᠤ ᠎ᠠᠴᠠ ᠠᠩᠭᠢᠵᠢᠷᠠᠭᠰᠠᠨ ᠡᠷᠦᠬᠡ ᠳᠠᠬᠢᠨ ᠶᠠᠳᠠᠭᠤᠷᠠᠬᠤ ᠎ᠠᠴᠠ ᠰᠡᠷᠭᠡᠢ᠌ᠯᠡᠬᠦ ᠬᠢᠨᠠᠨ ᠬᠡᠮᠵᠢᠯᠲᠡ ᠵᠢᠨ ᠭᠠᠷ ᠤᠲᠠᠰᠤᠨ᠎ᠤ APP᠎ᠪᠠᠷ ᠥᠪᠡᠷ ᠵᠶ᠋ᠡᠨ ᠭᠤᠶᠤᠴᠢᠯᠠᠨ ᠮᠡᠳᠡᠭᠦᠯᠦᠨ᠎ᠡ ᠃
      2. ᠮᠠᠯᠵᠢᠬᠤ ᠲᠠᠷᠢᠶᠠᠯᠠᠬᠤ ᠡᠷᠦᠬᠡ 《  12317 ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠯᠲᠡ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠠᠰᠠᠭᠤᠨ ᠯᠠᠪᠯᠠᠬᠤ ᠬᠠᠯᠠᠮᠰᠢᠯ ᠤᠲᠠᠰᠤ 》 ᠵᠢ ᠤᠲᠠᠰᠤᠳᠠᠬᠤ᠎ᠪᠠᠷ ᠳᠡᠮᠵᠢᠨ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠦᠨ᠎ᠡ ᠃
      3% ᠲᠠᠷᠢᠶᠠᠯᠠᠬᠤ ᠮᠠᠯᠵᠢᠬᠤ ᠡᠷᠦᠬᠡ ᠪᠠᠢ᠌ᠭ᠎ᠠ ᠭᠠᠴᠠᠭ᠎ᠠ ᠲᠣᠰᠬᠣᠨ᠎ᠳᠠᠭᠠᠨ ᠰᠢᠭᠤᠳ ᠮᠡᠳᠡᠭᠦᠯᠬᠦ ᠬᠡᠷᠡᠭᠲᠡᠢ᠃ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠬᠦ ᠴᠢᠳᠠᠪᠤᠷᠢ ᠵᠢ ᠪᠦᠷᠢᠯᠳᠦᠭᠦᠯᠦᠭᠰᠡᠨ ᠦᠭᠡᠢ ᠮᠠᠯᠵᠢᠬᠤ ᠲᠠᠷᠢᠶᠠᠯᠠᠬᠤ ᠡᠷᠦᠬᠡ ᠪᠣᠯ ᠪᠤᠰᠤᠳ᠎ᠲᠤ ᠨᠠᠢ᠌ᠳᠠᠵᠤ ᠣᠷᠣᠯᠠᠨ ᠭᠤᠶᠤᠴᠢᠯᠠᠨ ᠮᠡᠳᠡᠭᠦᠯᠵᠦ ᠪᠣᠯᠣᠨ᠎ᠠ ᠃
      22. ᠦᠨᠳᠦᠰᠦᠨ ᠱᠠᠲᠤᠨ᠎ᠤ ᠺᠠᠳ᠋ᠷ᠎ᠢ ᠬᠡᠷᠬᠢᠨ ᠵᠢᠭᠰᠠᠭ᠋ᠠᠨ ᠪᠠᠢ᠌ᠴᠠᠭ᠋ᠠᠬᠤ ᠪᠤᠢ?
      ᠬᠠᠷᠢᠭᠤᠯᠲᠠ ᠄ ᠲᠥᠪᠯᠡᠷᠡᠭᠦᠯᠦᠨ ᠵᠢᠭᠰᠠᠭ᠋ᠠᠨ ᠪᠠᠢ᠌ᠴᠠᠭ᠋ᠠᠬᠤ ᠪᠠ ᠡᠳᠦᠷ ᠲᠤᠲᠤᠮ᠎ᠤᠨ ᠬᠢᠨᠠᠨ ᠡᠵᠡᠮᠳᠡᠬᠦ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠵᠢ ᠴᠠᠭ ᠲᠤᠬᠠᠢ᠎ᠳᠤᠨᠢ ᠢᠯᠡᠷᠡᠭᠦᠯᠬᠦ ᠬᠡᠷᠡᠭᠲᠡᠢ ᠃ ᠳᠦᠷᠢᠮ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠂ ᠭᠠᠴᠠᠭ᠎ᠠ ᠲᠣᠰᠬᠣᠨ ᠳᠤᠭᠤᠢ᠌ᠯᠠᠩ᠎ᠤᠨ ᠺᠠᠳ᠋ᠷ ᠂ ᠲᠣᠰᠬᠣᠨ᠎ᠳᠤ ᠰᠠᠭᠤᠭ᠎ᠠ ᠺᠠᠳ᠋ᠷ ᠂ ᠲᠣᠰᠬᠣᠨ᠎ᠢ ᠳᠠᠭ᠋ᠠᠭ᠋ᠠᠴᠢᠯᠠᠭᠰᠠᠨ ᠺᠠᠳ᠋ᠷ ᠂ ᠰᠦᠯᠵᠢᠶᠡᠨ᠎ᠤ ᠠᠵᠢᠯᠲᠠᠨ ᠂ ᠬᠥᠳᠡᠭᠡ ᠲᠣᠰᠬᠣᠨ᠎ᠤ ᠡᠮᠴᠢ ᠵᠡᠷᠭᠡ ᠦᠨᠳᠦᠰᠦᠨ ᠱᠠᠲᠤᠨ᠎ᠤ ᠬᠦᠴᠦᠨ᠎ᠳᠤ ᠲᠦᠰᠢᠭᠯᠡᠨ ᠂ ᠡᠳᠦᠷ ᠲᠤᠲᠤᠮ᠎ᠤᠨ ᠠᠵᠢᠯ᠎ᠲᠠᠢ᠎ᠪᠠᠨ ᠤᠶᠠᠯᠳᠤᠭᠤᠯᠤᠨ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠪᠣᠶ ᠪᠦᠬᠦᠢ ᠪᠠᠢ᠌ᠩᠭᠤ ᠰᠠᠭᠤᠭ᠎ᠠ ᠮᠠᠯᠵᠢᠬᠤ ᠲᠠᠷᠢᠶᠠᠯᠠᠬᠤ ᠡᠷᠦᠬᠡ ᠵᠢ ᠰᠤᠷᠪᠤᠯᠵᠢᠯᠠᠨ ᠵᠢᠭᠰᠠᠭ᠋ᠠᠨ ᠪᠠᠢ᠌ᠴᠠᠭ᠋ᠠᠵᠤ ᠂ ᠳᠠᠬᠢᠨ ᠶᠠᠳᠠᠭᠤᠷᠠᠬᠤ ᠎ᠠᠴᠠ ᠪᠣᠯᠵᠤ ᠶᠠᠳᠠᠭᠤᠷᠠᠬᠤ ᠲᠦᠭᠰᠢᠭᠦᠷᠢ ᠵᠢᠨ ᠬᠡᠮ ᠰᠣᠭᠣᠭ᠎ᠲᠤ ᠪᠠᠢ᠌ᠩᠭᠤ ᠵᠢᠨ ᠴᠢᠨᠠᠷᠲᠠᠢ ᠂ ᠪᠠᠢ᠌ᠩᠭᠤ ᠵᠢᠨ ᠴᠢᠨᠠᠷᠲᠠᠢ ᠵᠢᠭᠰᠠᠭ᠋ᠠᠨ ᠪᠠᠢ᠌ᠴᠠᠭ᠋ᠠᠵᠤ ᠤᠷᠢᠳᠴᠢᠯᠠᠨ ᠰᠡᠷᠡᠮᠵᠢᠯᠡᠭᠦᠯᠬᠦ ᠵᠢ ᠥᠷᠨᠢᠭᠦᠯᠵᠦ ᠂ ᠨᠥᠬᠥᠴᠡᠯ᠎ᠳᠤ ᠨᠡᠶ᠋ᠢᠴᠡᠬᠦ ᠮᠠᠯᠵᠢᠬᠤ ᠲᠠᠷᠢᠶᠠᠯᠠᠬᠤ ᠡᠷᠦᠬᠡ ᠵᠢ ᠴᠠᠭ ᠲᠤᠬᠠᠢ᠎ᠳᠤᠨᠢ ᠬᠢᠨᠠᠨ ᠬᠡᠮᠵᠢᠬᠦ ᠬᠦᠷᠢᠶ᠎ᠡ ᠬᠡᠪᠴᠢᠶᠡᠨ᠎ᠳᠤ ᠣᠷᠣᠭᠤᠯᠬᠤ ᠬᠡᠷᠡᠭᠲᠡᠢ ᠃
      23. ᠰᠠᠯᠠᠭ᠎ᠠ ᠮᠥᠴᠢᠷ᠎ᠤᠨ᠎ᠬᠢᠨ ᠰᠢᠭᠰᠢᠨ ᠪᠠᠢ᠌ᠴᠠᠭ᠋ᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠎ᠢ ᠬᠡᠷᠬᠢᠨ ᠬᠢᠬᠦ ᠪᠤᠶ ?
      ᠬᠠᠷᠢᠭᠤᠯᠲᠠ ᠄ ᠥᠪᠡᠷᠲᠡᠭᠡᠨ ᠵᠠᠰᠠᠬᠤ ᠣᠷᠣᠨ ᠂ ᠠᠢ᠌ᠮᠠᠭ ᠬᠣᠲᠠ ᠂ ᠬᠣᠰᠢᠭᠤ ᠰᠢᠶᠠᠨ ᠭᠤᠷᠪᠠᠨ ᠱᠠᠲᠤᠨ᠎ᠳᠤ ᠳᠠᠬᠢᠨ ᠶᠠᠳᠠᠭᠤᠷᠠᠬᠤ ᠵᠢ ᠰᠡᠷᠭᠡᠢ᠌ᠯᠡᠨ ᠬᠣᠷᠢᠭᠯᠠᠬᠤ ᠪᠠᠢ᠌ᠩᠭᠤ ᠵᠢᠨ ᠬᠢᠨᠠᠨ ᠬᠡᠮᠵᠢᠬᠦ ᠰᠠᠯᠠᠭ᠎ᠠ ᠮᠥᠴᠢᠷ᠎ᠤᠨ ᠰᠢᠭᠰᠢᠨ ᠪᠠᠢ᠌ᠴᠠᠭ᠋ᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ 《  ᠰᠠᠯᠠᠭ᠎ᠠ ᠮᠥᠴᠢᠷ᠎ᠤᠳ ᠰᠢᠭᠰᠢᠨ ᠪᠠᠢ᠌ᠴᠠᠭ᠋ᠠᠬᠤ ᠂ ᠲᠥᠪᠯᠡᠷᠡᠭᠦᠯᠦᠨ ᠲᠤᠰᠢᠶᠠᠵᠤ ᠭᠦᠢ᠍ᠴᠡᠳᠬᠡᠬᠦ ᠂ ᠡᠷᠦᠬᠡ᠎ᠳᠤ ᠬᠦᠷᠴᠦ ᠬᠠᠷᠭᠤᠭᠤᠯᠤᠨ ᠪᠠᠢ᠌ᠴᠠᠭ᠋ᠠᠬᠤ ᠂ ᠦᠷ᠎ᠡ ᠳ᠋ᠦᠩ᠎ᠢ ᠬᠠᠷᠢᠭᠤ ᠲᠤᠰᠬᠠᠬᠤ ᠂ ᠮᠥᠷᠳᠡᠨ ᠪᠠᠢ᠌ᠴᠠᠭ᠋ᠠᠵᠤ ᠭᠦᠢ᠍ᠴᠡᠳᠬᠡᠬᠦ 》 ᠲᠠᠰ ᠳᠠᠷᠠᠭ᠋ᠠᠯᠠᠯ ᠶᠣᠰᠣᠭ᠋ᠠᠷ ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠭᠰᠢᠨ ᠪᠠᠢ᠌ᠴᠠᠭ᠋ᠠᠵᠤ ᠤᠷᠢᠳᠴᠢᠯᠠᠨ ᠰᠡᠷᠡᠮᠵᠢᠯᠡᠭᠦᠯᠵᠦ ᠂ ᠰᠤᠮᠤ ᠰᠢᠶᠠᠩ ᠪᠠᠯᠭ᠋ᠠᠰᠤ ᠂ ᠭᠠᠴᠠᠭ᠎ᠠ ᠲᠣᠰᠬᠣᠨ᠎ᠤ ᠬᠢᠨᠠᠨ ᠬᠠᠷᠭᠤᠭᠤᠯᠬᠤ ᠵᠢ ᠬᠠᠷᠢᠭᠤ ᠲᠤᠰᠬᠠᠬᠤ ᠬᠡᠷᠡᠭᠲᠡᠢ ᠃
      24. ᠨᠡᠢ᠌ᠭᠡᠮ᠎ᠤᠨ ᠬᠢᠨᠠᠯᠲᠠ ᠵᠢ ᠬᠡᠷᠬᠢᠨ ᠪᠠᠳᠠᠷᠠᠭᠤᠯᠬᠤ ᠪᠤᠢ?
      ᠬᠠᠷᠢᠭᠤᠯᠲᠠ᠄ ᠨᠡᠢ᠌ᠭᠡᠮ᠎ᠤᠨ ᠬᠢᠨᠠᠯᠲᠠ ᠲᠠᠯᠪᠢᠯᠲᠠ ᠵᠢ ᠢᠯᠡᠷᠡᠭᠦᠯᠬᠦ ᠠᠷᠭ᠎ᠠ ᠵᠠᠮ᠎ᠢ ᠥᠷᠭᠡᠳᠬᠡᠵᠦ᠂ ᠰᠦᠯᠵᠢᠶᠡᠨ᠎ᠤ ᠲᠠᠪᠴᠠᠩ᠂ ᠵᠠᠭᠤᠴᠢᠯᠠᠭᠤᠷ᠎ᠤᠨ ᠲᠤᠰᠬᠠᠯ᠂ ᠵᠠᠬᠢᠳᠠᠯ ᠰᠣᠷᠪᠤᠯᠵᠢᠯᠠᠭ᠎ᠠ ᠵᠢᠨ ᠢᠯᠡᠴᠢᠯᠡᠨ ᠮᠡᠳᠡᠭᠦᠯᠦᠯᠲᠡ ᠵᠡᠷᠭᠡ ᠮᠡᠳᠡᠭᠡ ᠵᠠᠩᠭᠢ ᠵᠢ ᠴᠠᠭ ᠲᠤᠬᠠᠢ᠎ᠳᠤᠨᠢ ᠡᠵᠡᠮᠰᠢᠨ ᠵᠠᠳᠠᠯᠵᠤ᠂ ᠺᠠᠳ᠋ᠷᠴᠤᠳ᠎ᠢ ᠵᠣᠬᠢᠶᠠᠨ ᠪᠠᠢ᠌ᠭᠤᠯᠤᠨ ᠬᠠᠮᠢᠶ᠎ᠠ ᠪᠦᠬᠦᠢ ᠪᠠᠢ᠌ᠳᠠᠯ᠎ᠢ ᠬᠢᠨᠠᠨ ᠬᠠᠷᠭᠤᠭᠤᠯᠵᠤ᠂ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠬᠠᠷᠢᠭᠤᠯᠲᠠ ᠥᠭᠭᠦᠨ᠎ᠡ᠃
      25. ᠬᠢᠨᠠᠨ ᠰᠢᠯᠭ᠋ᠠᠵᠤ ᠢᠯᠭ᠋ᠠᠨ ᠲᠠᠨᠢᠬᠤ ᠵᠢᠷᠤᠮ᠎ᠨᠢ ᠶᠠᠮᠠᠷ ᠶᠠᠮᠠᠷ ᠠᠯᠬᠤᠮ ᠳᠠᠷᠠᠭ᠎ᠠ᠎ᠲᠠᠢ ᠪᠤᠢ?
      ᠬᠠᠷᠢᠭᠤᠯᠲᠠ ᠄ ᠬᠢᠨᠠᠨ ᠰᠢᠯᠭ᠋ᠠᠵᠤ ᠢᠯᠭ᠋ᠠᠨ ᠲᠠᠨᠢᠬᠤ ᠲᠠᠰ ᠳᠠᠷᠠᠭ᠋ᠠᠯᠠᠯ᠎ᠨᠢ 8 ᠠᠯᠬᠤᠮ ᠳᠠᠷᠠᠭ᠎ᠠ᠎ᠲᠠᠢ ᠪᠠᠢ᠌ᠵᠤ ᠂ ᠮᠠᠯᠵᠢᠬᠤ ᠲᠠᠷᠢᠶᠠᠯᠠᠬᠤ ᠡᠷᠦᠬᠡ ᠭᠤᠶᠤᠴᠢᠯᠠᠬᠤ ᠂ ᠰᠤᠷᠪᠤᠯᠵᠢᠯᠠᠨ ᠵᠢᠭᠰᠠᠭ᠋ᠠᠨ ᠪᠠᠢ᠌ᠴᠠᠭ᠋ᠠᠬᠤ ᠂ ᠮᠠᠯᠵᠢᠬᠤ ᠲᠠᠷᠢᠶᠠᠯᠠᠬᠤ ᠡᠷᠦᠬᠡ᠎ᠠᠴᠠ ᠡᠷᠬᠡ ᠣᠯᠭᠣᠬᠤ ᠂ ᠠᠷᠠᠳᠴᠢᠯᠠᠯ ᠵᠶ᠋ᠠᠷ ᠦᠨᠡᠯᠡᠨ ᠶᠠᠷᠢᠯᠴᠠᠬᠤ ᠵᠢ ᠢᠯᠡ ᠪᠣᠯᠭ᠋ᠠᠬᠤ ᠂ ᠰᠤᠮᠤ ᠰᠢᠶᠠᠩ ᠪᠠᠯᠭ᠋ᠠᠰᠤ ᠬᠢᠨᠠᠨ ᠬᠠᠷᠭᠤᠭᠤᠯᠬᠤ ᠂ ᠲᠣᠭ᠎ᠠ ᠪᠠᠷᠢᠮᠲᠠ ᠵᠢ ᠬᠠᠷᠢᠴᠠᠭᠤᠯᠬᠤ ᠂ ᠬᠣᠰᠢᠭᠤ ᠰᠢᠶᠠᠨ᠎ᠨᠢ ᠬᠢᠨᠠᠨ ᠲᠣᠭᠲᠠᠭ᠋ᠠᠵᠤ ᠢᠯᠡ ᠨᠡᠢ᠌ᠲᠡᠯᠡᠬᠦ ᠂ ᠪᠢᠴᠢᠵᠦ ᠣᠷᠣᠭᠤᠯᠬᠤ ᠰᠢᠰᠲ᠋ᠧᠮᠵᠢᠭᠦᠯᠦᠨ ᠬᠠᠮᠢᠶᠠᠷᠤᠨ᠎ᠠ ᠃
      26. ᠲᠠᠬᠢᠨ ᠶᠠᠳᠠᠭᠤᠷᠠᠬᠤ ᠪᠠ ᠶᠠᠳᠠᠭᠤᠷᠠᠬᠤ ᠠᠶᠤᠯ ᠲᠦᠭᠰᠢᠭᠦᠷᠢ ᠵᠢ ᠠᠷᠢᠯᠭ᠋ᠠᠬᠤ ᠪᠠᠷᠢᠮᠵᠢᠶ᠎ᠠ᠎ᠨᠢ ᠶᠠᠭᠤ ᠪᠤᠢ?
      ᠬᠠᠷᠢᠭᠤᠯᠲᠠ ᠄ (  1 ) ᠳᠠᠬᠢᠨ ᠶᠠᠳᠠᠭᠤᠷᠠᠬᠤ ᠎ᠠᠴᠠ ᠪᠣᠯᠵᠤ ᠶᠠᠳᠠᠭᠤᠷᠠᠬᠤ ᠲᠦᠭᠰᠢᠭᠦᠷᠢ ᠵᠢ ᠦᠨᠳᠦᠰᠦᠯᠡᠨ ᠬᠠᠨᠳᠤᠯᠭ᠋ᠠᠲᠤ ᠴᠢᠨᠠᠷᠲᠠᠢ᠎ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ ;
      (  2 ) 《  ᠭᠤᠷᠪᠠ ᠵᠢ ᠪᠠᠲᠤᠯᠠᠬᠤ 》 ᠵᠢᠴᠢ ᠤᠤᠭᠤᠬᠤ ᠤᠰᠤᠨ᠎ᠤ ᠠᠮᠤᠷ ᠲᠦᠪᠰᠢᠨ᠎ᠢ ᠦᠷᠭᠦᠯᠵᠢᠯᠡᠨ ᠪᠡᠬᠢᠵᠢᠭᠦᠯᠦᠨ᠎ᠡ ;
      (  3 ) ᠣᠷᠣᠯᠭ᠎ᠠ ᠵᠢ ᠦᠷᠭᠦᠯᠵᠢᠯᠡᠨ ᠲᠣᠭᠲᠠᠭᠤᠨ ᠪᠠᠢ᠌ᠯᠭ᠋ᠠᠵᠤ ᠂ ᠭᠡᠷ ᠪᠦᠯᠢ ᠵᠢᠨ ᠬᠥᠮᠥᠨ ᠪᠦᠷᠢ ᠵᠢᠨ ᠳᠤᠮᠳᠠᠴᠢ ᠴᠡᠪᠡᠷ ᠣᠷᠣᠯᠭ᠎ᠠ ᠵᠢ ᠪᠥᠬᠥ ᠣᠷᠣᠨ᠎ᠤ ᠲᠣᠰ ᠵᠢᠯ᠎ᠤᠨ ᠣᠷᠣᠯᠭ᠎ᠠ ᠵᠢ ᠬᠢᠨᠠᠨ ᠬᠡᠮᠵᠢᠬᠦ ᠬᠢᠵᠠᠭ᠋ᠠᠷ ᠱᠤᠭᠤᠮ ᠎ᠠᠴᠠ ᠲᠣᠭᠲᠠᠭᠤᠨ ᠵᠶ᠋ᠠᠷ ᠳᠠᠪᠠᠭᠤᠯᠤᠨ᠎ᠠ ;
     
      27. ᠲᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠵᠢ ᠠᠷᠢᠯᠭ᠋ᠠᠬᠤ᠎ᠳᠤ ᠶᠠᠮᠠᠷ ᠶᠠᠮᠠᠷ ᠵᠢᠷᠤᠮ ᠪᠠᠢ᠌ᠬᠤ ᠪᠤᠢ?
ᠬᠠᠷᠢᠭᠤᠯᠲᠠ ᠄ ᠬᠣᠰᠢᠭᠤ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠳ ᠬᠥᠳᠡᠭᠡ ᠲᠣᠰᠬᠣᠨ ᠬᠣᠶᠠᠷ ᠱᠠᠲᠤ ᠵᠢ ᠵᠣᠬᠢᠶᠠᠨ ᠪᠠᠢ᠌ᠭᠤᠯᠵᠤ 《  ᠶᠠᠭ᠋ᠠᠬᠢᠵᠤ ᠣᠷᠣᠭᠤᠯᠵᠤ ᠶᠠᠭ᠋ᠠᠬᠢᠵᠤ ᠭᠠᠷᠭ᠋ᠠᠬᠤ 》 ᠵᠠᠷᠴᠢᠮ᠎ᠢ ᠵᠢᠷᠤᠮᠯᠠᠨ ᠂ ᠤᠯᠠᠷᠢᠯ ᠵᠶ᠋ᠠᠷ ᠰᠢᠰᠲ᠋ᠧᠮ᠎ᠤᠨ ᠴᠢᠳᠠᠮᠵᠢ ᠵᠢ ᠴᠢᠯᠦᠭᠡᠲᠡᠢ ᠪᠣᠯᠭ᠋ᠠᠵᠤ ᠂ ᠠᠶᠤᠯ ᠲᠦᠭᠰᠢᠭᠦᠷᠢ ᠵᠢ ᠠᠷᠢᠯᠭ᠋ᠠᠬᠤ ᠵᠢ ᠲᠣᠳᠣᠷᠬᠠᠢ᠌ᠯᠠᠨ᠎ᠠ ᠃ᠬᠢᠨᠠᠨ ᠬᠡᠮᠵᠢᠭᠳᠡᠬᠦ ᠡᠲᠡᠭᠡᠳ᠎ᠢ ᠲᠣᠰ ᠰᠠᠷ᠎ᠠ᠎ᠳᠤᠨᠢ ᠢᠯᠭ᠋ᠠᠨ ᠲᠠᠨᠢᠵᠤ ᠂ ᠲᠣᠰ ᠰᠠᠷ᠎ᠠ᠎ᠳᠤᠨᠢ ᠲᠣᠳᠣᠷᠬᠠᠢ᠌ᠯᠠᠭᠰᠠᠨ ᠲᠦᠭᠰᠢᠭᠦᠷᠢ ᠵᠢ ᠠᠷᠢᠯᠭ᠋ᠠᠵᠤ ᠪᠣᠯᠬᠤ ᠦᠭᠡᠢ ᠃ᠪᠣᠳᠠᠲᠠᠢ ᠠᠯᠬᠤᠮ ᠳᠠᠷᠠᠭ᠎ᠠ ᠄ ᠡᠷᠦᠬᠡ᠎ᠳᠤ ᠬᠦᠷᠴᠦ ᠬᠠᠷᠭᠤᠭᠤᠯᠤᠨ ᠪᠠᠢ᠌ᠴᠠᠭ᠋ᠠᠵᠤ ᠬᠠᠷᠭᠤᠭᠤᠯᠬᠤ ᠂ ᠭᠠᠴᠠᠭ᠎ᠠ ᠲᠣᠰᠬᠣᠨ᠎ᠳᠤ ᠦᠨᠡᠯᠡᠨ ᠶᠠᠷᠢᠯᠴᠠᠵᠤ ᠢᠯᠡ ᠨᠡᠢ᠌ᠲᠡᠯᠡᠬᠦ ᠂ ᠰᠢᠶᠠᠩ ᠪᠠᠯᠭ᠋ᠠᠰᠤ ᠵᠢᠨ ᠰᠢᠯᠭ᠋ᠠᠨ ᠬᠤᠷᠢᠶᠠᠵᠤ ᠬᠢᠨᠠᠨ ᠬᠠᠷᠭᠤᠭᠤᠯᠬᠤ ᠂ ᠰᠢᠶᠠᠨ᠎ᠤ ᠱᠠᠲᠤᠨ᠎ᠤ ᠬᠢᠨᠠᠨ ᠲᠣᠭᠲᠠᠭ᠋ᠠᠵᠤ ᠢᠯᠡ ᠨᠡᠢ᠌ᠲᠡᠯᠡᠬᠦ ᠂ ᠰᠢᠰᠲ᠋ᠧᠮ᠎ᠲᠠᠢ ᠲᠣᠳᠣᠷᠬᠠᠢ᠌ᠯᠠᠯᠲᠠ ᠬᠠᠳᠠᠬᠤ ᠃
28. ᠳᠠᠬᠢᠨ ᠶᠠᠳᠠᠭᠤᠷᠠᠬᠤ ᠠᠶᠤᠯ ᠲᠦᠭᠰᠢᠭᠦᠷᠢ ᠵᠢ ᠠᠷᠢᠯᠭ᠋ᠠᠬᠤ ᠬᠣᠢ᠌ᠰᠢᠳᠠ ᠵᠢᠨ ᠬᠠᠮᠢᠶᠠᠷᠤᠯᠲᠠ?
ᠬᠠᠷᠢᠭᠤᠯᠲᠠ ᠄ 《  ᠲᠦᠭᠰᠢᠭᠦᠷᠢ ᠵᠢ ᠠᠷᠢᠯᠭ᠋ᠠᠬᠤ 》 ᠭᠡᠰᠡᠨ ᠲᠣᠳᠣᠷᠬᠠᠢ᠌ᠯᠠᠯᠲᠠ ᠬᠠᠲᠠᠭᠰᠠᠨ ᠬᠢᠨᠠᠨ ᠬᠡᠮᠵᠢᠭᠳᠡᠬᠦ ᠡᠲᠡᠭᠡᠳ᠎ᠢ ᠳᠠᠭᠢᠵᠤ 《  ᠬᠢᠨᠠᠨ ᠬᠡᠮᠵᠢᠭᠳᠡᠬᠦ ᠡᠲᠡᠭᠡᠳ 》 ᠵᠶ᠋ᠡᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠭᠡᠢ᠃ ᠨᠢᠭᠡᠨᠲᠡ ᠨᠠᠢ᠌ᠳᠠᠪᠤᠷᠢᠵᠢᠭᠤᠯᠤᠭᠰᠠᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠳᠠᠮ ᠬᠦᠦ ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠵᠢ ᠲᠥᠪᠬᠢᠨᠡᠭᠦᠯᠬᠦ ᠂ ᠡᠮᠴᠢᠯᠡᠭᠡ᠎ᠪᠠᠷ ᠠᠪᠤᠷᠠᠨ ᠲᠤᠰᠠᠯᠠᠬᠤ ᠂ ᠰᠤᠷᠭ᠋ᠠᠨ ᠬᠥᠮᠦᠵᠢᠯ ᠵᠶ᠋ᠡᠷ ᠬᠠᠪᠰᠤᠷᠤᠨ ᠲᠡᠳᠬᠦᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠳᠤ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠪᠠ ᠪᠣᠳᠠᠲᠠᠢ ᠠᠵᠢᠯ᠎ᠤᠨ ᠦᠶᠡᠯᠡᠯ᠎ᠤᠨ ᠬᠤᠭᠤᠴᠠᠭ᠎ᠠ ᠶᠣᠰᠣᠭ᠋ᠠᠷ ᠲᠣᠬᠢᠷᠠᠭᠤᠯᠤᠯᠲᠠ ᠬᠢᠨ᠎ᠡ ᠃
29. ᠬᠢᠨᠠᠨ ᠬᠡᠮᠵᠢᠬᠦ᠎ᠨᠢ ᠬᠥᠳᠡᠯᠦᠩᠭᠦᠢ ᠬᠠᠮᠢᠶᠠᠷᠤᠯᠲᠠ ᠮᠥᠨ  ᠤᠤ?
ᠬᠠᠷᠢᠭᠤᠯᠲᠠ ᠄ ᠬᠢᠨᠠᠨ ᠰᠢᠯᠭ᠋ᠠᠬᠤ᠎ᠳᠤ 《  ᠣᠷᠣᠭᠤᠯᠬᠤ ᠵᠢ᠎ᠨᠢ ᠣᠷᠣᠭᠤᠯᠵᠤ ᠭᠠᠷᠭ᠋ᠠᠬᠤ ᠵᠢ᠎ᠨᠢ ᠭᠠᠷᠭ᠋ᠠᠬᠤ ᠂ ᠴᠠᠭ ᠲᠤᠬᠠᠢ᠎ᠳᠤᠨᠢ ᠢᠯᠭ᠋ᠠᠨ ᠲᠠᠨᠢᠬᠤ ᠂ ᠬᠥᠳᠡᠯᠦᠩᠭᠦᠢ᠎ᠪᠠᠷ ᠬᠠᠮᠢᠶᠠᠷᠬᠤ 》 ᠵᠠᠷᠴᠢᠮ᠎ᠢ ᠪᠠᠷᠢᠮᠲᠠᠯᠠᠨ ᠂ ᠬᠥᠳᠡᠯᠦᠩᠭᠦᠢ᠎ᠪᠠᠷ ᠬᠠᠮᠢᠶᠠᠷᠬᠤ ᠠᠵᠢᠯ᠎ᠢ ᠪᠠᠢ᠌ᠩᠭᠤᠵᠢᠭᠤᠯᠤᠨ ᠥᠷᠨᠢᠭᠦᠯᠵᠦ ᠂ ᠰᠢᠨ᠎ᠡ᠎ᠪᠠᠷ ᠢᠯᠭ᠋ᠠᠨ ᠲᠠᠨᠢᠬᠤ ᠬᠢᠨᠠᠨ ᠰᠢᠯᠭ᠋ᠠᠬᠤ ᠡᠲᠡᠭᠡᠳ᠎ᠢ ᠴᠠᠭ ᠲᠤᠬᠠᠢ᠎ᠳᠤᠨᠢ ᠪᠣᠶ ᠪᠣᠯᠭ᠋ᠠᠵᠤ ᠂ ᠴᠠᠭ ᠲᠤᠬᠠᠢ᠎ᠳᠤᠨᠢ ᠢᠯᠭ᠋ᠠᠨ ᠲᠠᠨᠢᠵᠤ ᠂ ᠴᠠᠭ ᠲᠤᠬᠠᠢ᠎ᠳᠤᠨᠢ ᠪᠢᠴᠢᠵᠦ ᠣᠷᠣᠭᠤᠯᠤᠨ᠎ᠠ ; ᠲᠣᠳᠣᠷᠬᠠᠢ᠌ᠯᠠᠯᠲᠠ ᠵᠢᠨ ᠠᠶᠤᠯ ᠲᠦᠭᠰᠢᠭᠦᠷᠢ ᠵᠢ ᠠᠷᠢᠯᠭ᠋ᠠᠬᠤ᠂ ᠬᠥᠮᠥᠨ ᠠᠮᠠ ᠵᠢᠨ ᠠᠶᠠᠨᠳᠠᠭ᠋ᠠᠨ ᠨᠡᠮᠡᠭᠳᠡᠵᠦ ᠬᠠᠰᠤᠭᠳᠠᠬᠤ ᠠᠰᠠᠭᠤᠳᠠᠯ᠎ᠢ ᠤᠯᠠᠷᠢᠯ ᠵᠶ᠋ᠠᠷ ᠰᠢᠰᠲ᠋ᠧᠮ᠎ᠲᠠᠢ ᠲᠣᠳᠣᠷᠬᠠᠢ᠌ᠯᠠᠨ᠎ᠠ;ᠤᠯᠤᠰ᠎ᠤᠨ ᠠᠵᠢᠯ᠎ᠤᠨ ᠲᠣᠬᠢᠷᠠᠭᠤᠯᠤᠯᠲᠠ᠎ᠲᠠᠢ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ ᠎ᠠᠴᠠ ᠬᠢᠨᠠᠨ ᠰᠢᠯᠭ᠋ᠠᠬᠤ ᠡᠲᠡᠭᠡᠳ᠎ᠤᠨ ᠣᠨ᠎ᠤ ᠬᠥᠳᠡᠯᠦᠩᠭᠦᠢ ᠬᠠᠮᠢᠶᠠᠷᠤᠯᠲᠠ ᠵᠢᠨ ᠠᠵᠢᠯ᠎ᠢ ᠵᠢᠯ ᠪᠦᠷᠢ ᠨᠢᠭᠡ ᠤᠳᠠᠭ᠎ᠠ ᠲᠥᠪᠯᠡᠷᠡᠭᠦᠯᠦᠨ ᠥᠷᠨᠢᠭᠦᠯᠦᠨ᠎ᠡ ᠃
30. ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠦᠷᠦᠯ ᠵᠦᠢ᠍ᠯ᠎ᠨᠢ ᠶᠠᠭᠤ ᠶᠠᠭᠤ ᠪᠠᠢ᠌ᠳᠠᠭ ᠪᠤᠢ?
ᠬᠠᠷᠢᠭᠤᠯᠲᠠ ᠄ ᠤᠷᠢᠳᠴᠢᠯᠠᠨ ᠰᠡᠷᠭᠡᠢ᠌ᠯᠡᠬᠦ ᠴᠢᠨᠠᠷᠲᠠᠢ ᠠᠷᠭ᠎ᠠ ᠬᠡᠮᠵᠢᠶ᠎ᠡ ᠪᠠ ᠬᠡᠷᠡᠭ᠎ᠤᠨ ᠳᠠᠷᠠᠭ᠎ᠠ ᠬᠠᠪᠰᠤᠷᠤᠨ ᠲᠡᠳᠬᠦᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ ᠂ ᠶᠠᠭᠤ ᠳᠤᠲᠠᠭᠳᠠᠪᠠᠯ ᠶᠠᠭᠤ ᠵᠢ ᠨᠥᠬᠥᠪᠦᠷᠢᠯᠡᠬᠦ ᠵᠠᠷᠴᠢᠮ ᠶᠣᠰᠣᠭ᠋ᠠᠷ ᠂ ᠬᠢᠨᠠᠨ ᠰᠢᠯᠭ᠋ᠠᠬᠤ ᠡᠲᠡᠭᠡᠳ᠎ᠤᠨ ᠲᠦᠭᠰᠢᠭᠦᠷᠢ ᠵᠢᠨ ᠲᠥᠷᠥᠯ ᠬᠡᠯᠪᠡᠷᠢ᠂ ᠬᠥᠳᠡᠯᠮᠦᠷᠢᠯᠡᠬᠦ ᠴᠢᠳᠠᠪᠤᠷᠢ ᠪᠠ ᠬᠤᠪᠢ ᠬᠥᠮᠥᠨ᠎ᠤ ᠬᠥᠭᠵᠢᠯᠲᠡ ᠵᠢᠨ ᠬᠦᠰᠡᠯ ᠰᠠᠨᠠᠭ᠎ᠠ ᠵᠢ ᠶᠡᠷᠦᠩᠬᠡᠢ᠌ᠯᠡᠨ ᠬᠢᠨᠠᠨ ᠬᠡᠮᠵᠢᠵᠦ ᠬᠡᠷᠡᠭᠵᠢᠭᠦᠯᠦᠨ᠎ᠡ ᠄
(  ᠨᠢᠭᠡ ) ᠠᠵᠤ ᠦᠢ᠍ᠯᠡᠰ ᠵᠶ᠋ᠡᠷ ᠬᠠᠪᠰᠤᠷᠤᠨ ᠲᠡᠳᠬᠦᠵᠦ ᠥᠪᠡᠷᠮᠢᠴᠡ ᠣᠨᠴᠠᠯᠢᠭ᠎ᠲᠠᠢ ᠠᠵᠤ ᠦᠢ᠍ᠯᠡᠰ ᠵᠶ᠋ᠡᠷ ᠬᠠᠪᠰᠤᠷᠤᠨ ᠲᠡᠳᠬᠦᠵᠦ ᠂ ᠬᠡᠷᠡᠭᠯᠡᠭᠡ᠎ᠪᠠᠷ ᠬᠠᠪᠰᠤᠷᠤᠨ ᠲᠡᠳᠬᠦᠨ᠎ᠡ ;
(  ᠬᠣᠶᠠᠷ ) ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠎ᠳᠤ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ ᠂ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ᠎ᠪᠠᠷ ᠬᠠᠪᠰᠤᠷᠤᠨ ᠲᠡᠳᠬᠦᠬᠦ ᠵᠢ ᠪᠠᠭᠲᠠᠭ᠋ᠠᠨ᠎ᠠ ;
(  ᠭᠤᠷᠪᠠ ) ᠮᠥᠩᠭᠥᠨ ᠭᠦᠢ᠍ᠯᠭᠡᠭᠡᠨ ᠵᠶ᠋ᠡᠷ ᠬᠠᠪᠰᠤᠷᠤᠨ ᠲᠡᠳᠬᠦᠬᠦ ;
(ᠲᠦᠷᠪᠡ) ᠰᠤᠷᠭ᠋ᠠᠨ ᠬᠥᠮᠦᠵᠢᠯ ᠵᠶ᠋ᠡᠷ ᠬᠠᠪᠰᠤᠷᠤᠨ ᠲᠡᠳᠬᠦᠬᠦ᠎ᠳᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠵᠶ᠋ᠡᠷ ᠬᠠᠪᠰᠤᠷᠤᠨ ᠲᠡᠳᠬᠦᠬᠦ ᠪᠠ ᠪᠤᠰᠤᠳ ᠰᠤᠷᠭ᠋ᠠᠨ ᠬᠥᠮᠦᠵᠢᠯ ᠵᠶ᠋ᠡᠷ ᠬᠠᠪᠰᠤᠷᠤᠨ ᠲᠡᠳᠬᠦᠬᠦ;
(  ᠲᠠᠪᠤ ) ᠡᠷᠡᠭᠦᠯ ᠮᠡᠨᠳᠦ᠎ᠪᠠᠷ ᠬᠠᠪᠰᠤᠷᠤᠨ ᠲᠡᠳᠬᠦᠬᠦ ᠵᠢ ᠡᠷᠡᠭᠦᠯ ᠮᠡᠨᠳᠦ᠎ᠪᠠᠷ ᠬᠠᠪᠰᠤᠷᠤᠨ ᠲᠡᠳᠬᠦᠬᠦ ᠪᠠ ᠡᠮᠴᠢᠯᠡᠭᠡᠨ᠎ᠤ ᠪᠠᠲᠤᠯᠠᠭ᠎ᠠ᠎ᠪᠠᠷ ᠬᠠᠪᠰᠤᠷᠤᠨ ᠲᠡᠳᠬᠦᠬᠦ ᠭᠡᠵᠦ ᠬᠤᠪᠢᠶᠠᠨ᠎ᠠ;
(ᠵᠢᠷᠭᠤᠭ᠎ᠠ) ᠣᠷᠣᠨ ᠰᠠᠭᠤᠴᠠ ᠵᠢᠨ ᠠᠮᠤᠷ ᠲᠦᠪᠰᠢᠨ᠎ᠤ ᠪᠠᠲᠤᠯᠠᠭ᠎ᠠ;
(ᠲᠤᠯᠤᠭ᠎ᠠ) ᠤᠤᠭᠤᠬᠤ ᠤᠰᠤᠨ᠎ᠤ ᠠᠶᠤᠯ ᠦᠭᠡᠢ ᠵᠢᠨ ᠪᠠᠲᠤᠯᠠᠭ᠎ᠠ;
(ᠨᠠᠢ᠍ᠮᠠ) ᠶᠡᠷᠦᠩᠬᠡᠢ᠌ᠯᠡᠨ ᠪᠠᠲᠤᠯᠠᠵᠤ ᠬᠠᠪᠰᠤᠷᠤᠨ ᠲᠡᠳᠬᠦᠬᠦ;
(ᠶᠢᠰᠦ) ᠨᠡᠢ᠌ᠭᠡᠮ᠎ᠠᠴᠠ ᠬᠠᠪᠰᠤᠷᠤᠨ ᠲᠡᠳᠬᠦᠬᠦ;
(ᠠᠷᠪᠠ) ᠵᠣᠷᠢᠭ ᠰᠠᠨᠠᠭ᠎ᠠ ᠵᠢ ᠲᠡᠳᠬᠦᠵᠦ ᠤᠶᠤᠨ ᠤᠬᠠᠭ᠋ᠠᠨ᠎ᠢ ᠲᠡᠳᠬᠦᠬᠦ᠃

     
     
     
     
     
     
     
     
     
     
     
     

 

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠭᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠭᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤᠨ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤᠨ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤᠨ ᠲᠠᠬᠢᠨ ᠶᠠᠳᠠᠭᠤᠷᠠᠬᠤ ᠵᠢ ᠰᠡᠷᠭᠡᠢ᠍ᠢ᠍ᠯᠡᠬᠦ ᠬᠦᠳᠡᠯᠦᠩᠭᠦᠢ ᠪᠠᠢ᠍ᠢ᠍ᠳᠠᠯ᠎ᠢ ᠬᠢᠨᠠᠨᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠵᠢᠨ ᠲᠠᠢ᠍ᠢ᠍ᠯᠤᠮᠵᠢ
 
            