ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠨᠢᠭᠡᠳᠦᠭᠡᠷ ᠱᠦᠵᠢ ᠵᠢᠨ ᠴᠣᠭ ᠵᠢᠪᠬᠤᠭ᠎ᠠ 】 ᠭᠦᠸᠧ ᠶᠠᠨ ᠯᠦᠩ᠄ 《ᠤᠳᠬᠤᠭᠤᠷ ᠲᠡᠷᠭᠡ》 ᠵᠢᠨ ᠱᠦᠵᠢ ᠣᠯᠠᠨ ᠲᠦᠮᠡᠨ᠎ᠤ ᠰᠡᠳᠬᠢᠯ᠎ᠢ ᠮᠡᠳᠡᠭᠴᠢ
ᠨᠡᠶ᠋ᠢᠲᠡᠯᠡᠭᠰᠡᠨ ᠴᠠᠭ᠄ 2022-01-12

   《ᠤᠳᠬᠤᠭᠤᠷ ᠲᠡᠷᠭᠡ》 ᠵᠢᠨ ᠱᠦᠵᠢ ᠵᠢᠨ ᠲᠤᠬᠠᠶ ᠶᠠᠷᠢᠬᠤ᠎ᠳᠤ᠂ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤᠨ᠎ᠤ ᠬᠤᠵᠢᠳᠤ ᠰᠢᠶᠠᠩ᠎ᠤᠨ ᠰᠦᠮ᠎ᠡ ᠵᠢᠨ ᠠᠷᠤ᠎ᠳᠠᠬᠢ ᠵᠠᠰᠠᠭ ᠵᠠᠬᠢᠷᠭ᠋ᠠᠨ᠎ᠤ ᠲᠣᠰᠬᠣᠨ᠎ᠤ ᠠᠷᠠᠳ ᠮᠡᠳᠡᠬᠦ ᠥᠬᠡᠶ ᠬᠥᠮᠦᠨ ᠥᠬᠡᠶ᠃ ᠡᠨᠡ ᠱᠦᠵᠢ ᠪᠣᠯ ᠳᠠᠷᠤᠢ ᠬᠤᠵᠢᠳᠤ ᠰᠢᠶᠠᠩ᠎ᠤᠨ ᠰᠦᠮ᠎ᠡ ᠵᠢᠨ ᠠᠷᠤ᠎ᠳᠠᠬᠢ ᠲᠣᠰᠬᠣᠨ᠎ᠤ ᠠᠷᠠᠳ᠎ᠤᠨ ᠵᠥᠪᠯᠡᠯ᠎ᠤᠨ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠭᠦᠸᠧ ᠶᠠᠨ ᠯᠦᠩ ᠪᠣᠯᠤᠨ᠎ᠠ᠂ ᠲᠡᠷᠡ ᠳᠥᠷᠪᠡᠳ ᠬᠣᠰᠢᠭᠤᠨ᠎ᠤ ᠬᠤᠳᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠎ᠠᠴᠠ ᠲᠣᠰᠬᠣᠨ᠎ᠳᠤ ᠲᠣᠮᠢᠯᠠᠭ᠋ᠠᠳ ᠨᠢᠭᠡᠨᠲᠡ ᠭᠤᠷᠪᠠᠨ ᠵᠢᠯ ᠪᠤᠯᠵᠤ᠂ ᠢᠮᠠᠭᠲᠠ 《ᠵᠠᠭᠤᠨ ᠡᠷᠤᠭᠡ᠎ᠳᠤ ᠬᠦᠷᠴᠦ᠂ ᠵᠠᠭᠤᠨ ᠡᠷᠤᠭᠡ ᠵᠢᠨ ᠪᠠᠶ᠋ᠢᠳᠠᠯ᠎ᠢ ᠣᠶ᠋ᠢᠯᠠᠭ᠋ᠠᠵᠤ᠂ ᠵᠠᠭᠤᠨ ᠡᠷᠤᠭᠡ ᠵᠢᠨ ᠶᠠᠪᠤᠳᠠᠯ᠎ᠢ ᠰᠢᠢ᠍ᠳᠪᠦᠷᠢᠯᠡᠬᠦ》᠎ᠪᠠᠷ ᠠᠵᠢᠯ᠎ᠤᠨ ᠬᠠᠷᠠᠯᠲᠠ᠎ᠪᠠᠨ ᠪᠣᠯᠭ᠋ᠠᠵᠤ᠂ ᠰᠦᠮ᠎ᠡ ᠵᠢᠨ ᠠᠷᠤ᠎ᠳᠠᠬᠢ ᠲᠣᠰᠬᠣᠨ᠎ᠤ ᠠᠷᠠᠳ᠎ᠢ ᠳᠠᠭ᠋ᠠᠭᠤᠯᠤᠨ ᠪᠠᠶᠠᠵᠢᠯ᠎ᠤᠨ ᠵᠠᠮ ᠵᠶ᠋ᠠᠷ ᠵᠠᠮᠨᠠᠵᠠᠢ᠃
   2020 ᠣᠨ᠎ᠳᠤ ᠬᠤᠷ᠎ᠠ ᠪᠣᠷᠣᠭ᠋ᠠᠨ ᠤᠷᠳᠤ᠂ ᠬᠤᠵᠢᠳᠤ ᠰᠢᠶᠠᠩ᠎ᠤᠨ ᠰᠦᠮ᠎ᠡ ᠵᠢᠨ ᠠᠷᠤ᠎ᠳᠠᠬᠢ ᠵᠠᠰᠠᠭ ᠵᠠᠬᠢᠷᠭ᠋ᠠᠨ᠎ᠤ ᠲᠣᠰᠬᠣᠨ᠎ᠤ ᠬᠡᠳᠦᠨ ᠠᠶ᠋ᠢᠯ ᠲᠣᠰᠬᠣᠨ᠎ᠤ ᠵᠠᠮ᠎ᠤᠨ ᠭᠠᠳᠠᠷᠭᠤ ᠨᠡᠯᠢᠶᠡᠳ ᠬᠦᠨᠳᠦ ᠨᠣᠴᠢᠲᠠᠢ ᠡᠪᠳᠡᠭᠳᠡᠵᠦ᠂ ᠲᠣᠰᠬᠣᠨ᠎ᠤ ᠠᠷᠠᠳ᠎ᠤᠨ ᠶᠠᠪᠤᠵᠤ ᠰᠠᠭᠤᠬᠤ᠎ᠳᠤ ᠮᠠᠰᠢ ᠶᠡᠬᠡ ᠬᠦᠴᠢᠷᠳᠡᠯ ᠤᠴᠠᠷᠠᠭᠤᠯᠵᠠᠢ᠂ ᠲᠣᠰᠬᠣᠨ᠎ᠤ ᠠᠷᠠᠳ ᠵᠠᠯᠭ᠋ᠠᠭ᠎ᠠ ᠵᠠᠯᠭ᠋ᠠᠭ᠎ᠠ᠎ᠪᠠᠷ ᠤᠲᠠᠰᠤ ᠢᠷᠡᠭᠦᠯᠵᠦ ᠠᠳᠠᠯᠢ ᠨᠢᠭᠡᠨ ᠠᠰᠠᠭᠤᠳᠠᠯ᠎ᠢ ᠲᠤᠰᠬᠠᠵᠠᠢ᠂ 《ᠰᠢᠶᠤᠤ ᠭᠦᠸᠧ ᠱᠦᠵᠢ ᠮᠠᠨ᠎ᠤ ᠲᠣᠰᠬᠣᠨ᠎ᠳᠤ ᠵᠠᠮ ᠵᠠᠰᠠᠵᠤ ᠥᠭᠴᠦ ᠳᠡᠶ᠋ᠢᠯᠬᠦ ᠡᠰᠡᠬᠦ᠎ᠨᠢ ᠦᠨᠡᠬᠡᠷ ᠶᠠᠪᠤᠬᠤ᠎ᠳᠤ ᠬᠦᠴᠢᠷᠲᠡᠢ》 ᠭᠡᠵᠦ ᠬᠡᠯᠡᠪᠡ᠃ 《ᠰᠢᠶᠤᠤ ᠭᠦᠸᠧ ᠱᠦᠵᠢ ᠪᠢᠳᠡᠨ᠎ᠳᠤ ᠦᠶᠡᠷ᠎ᠢ ᠰᠡᠷᠭᠡᠶ᠋ᠢᠯᠡᠬᠦ ᠬᠠᠰᠢᠯᠭ᠎ᠠ ᠵᠠᠰᠠᠵᠤ ᠥᠭᠴᠦ ᠪᠣᠯᠤᠨ᠎ᠠ ᠤᠣ᠂ ᠪᠣᠷᠣᠭ᠋ᠠᠨ ᠣᠷᠣᠵᠤ ᠦᠶᠡᠷ᠎ᠤᠨ ᠤᠰᠤ ᠲᠣᠰᠬᠣᠨ᠎ᠳᠤ ᠣᠷᠣᠬᠤ᠎ᠠᠴᠠ ᠪᠣᠯᠭᠣᠮᠵᠢᠯᠠᠵᠤ ᠪᠣᠯᠬᠤ ᠤᠤ》 ᠭᠡᠵᠦ ᠬᠡᠯᠡᠪᠡ᠃ ᠲᠣᠰᠬᠣᠨ᠎ᠤ ᠠᠷᠠᠳ᠎ᠤᠳ ᠶᠠᠭ᠋ᠠᠷᠠᠤ ᠰᠠᠨᠳᠤᠷᠤᠤ ᠦᠭᠡ ᠶᠠᠷᠢᠶ᠎ᠠ᠎ᠨᠤᠭᠤᠳ ᠵᠶ᠋ᠠᠨ ᠶᠠᠷᠢᠵᠤ᠂ ᠤᠯᠠᠨ᠎ᠤ ᠶᠠᠪᠤᠳᠠᠯ᠎ᠳᠤ ᠪᠠᠭ᠎ᠠ ᠶᠠᠪᠤᠳᠠᠯ ᠭᠡᠵᠦ ᠪᠠᠶ᠋ᠢᠬᠤ ᠦᠭᠡᠢ᠂ ᠡᠶ᠋ᠢᠮᠦ᠎ᠠᠴᠠ ᠲᠡᠷᠡ ᠭᠠᠷ᠎ᠲᠠᠬᠢ ᠠᠵᠢᠯ ᠵᠶ᠋ᠠᠨ ᠬᠠᠶᠠᠵᠤ᠂ ᠵᠣᠬᠢᠴᠠᠭᠤᠯᠭ᠎ᠠ ᠪᠠ ᠪᠠᠶ᠋ᠢᠭᠤᠯᠭ᠎ᠠ (ᠬᠤᠳᠠ ᠵᠢᠨ ᠬᠠᠮᠢᠶᠠᠷᠤᠯᠲᠠ ᠵᠢᠨ ᠲᠣᠪᠴᠢᠶ᠎ᠠ)᠎ᠪᠠᠷ ᠲᠠᠮᠵᠢᠨ ᠨᠢᠭᠡ ᠤᠳᠬᠤᠭᠤᠷ ᠲᠡᠷᠭᠡ ᠵᠢᠭᠡᠯᠡᠨ ᠠᠪᠴᠢᠷᠠᠵᠤ᠂ ᠥᠪᠡᠷ᠎ᠤᠨ ᠪᠡᠶ᠎ᠡ᠎ᠪᠠᠷ ᠵᠶ᠋ᠠᠨ ᠵᠢᠯᠣᠭᠣᠳᠴᠤ ᠪᠠᠶ᠋ᠢᠭ᠋ᠠᠳ ᠲᠣᠰᠬᠣᠨ᠎ᠤ ᠠᠷᠠᠳ᠎ᠲᠤ ᠬᠠᠰᠢᠯᠭ᠎ᠠ ᠳᠠᠯᠠᠩ ᠪᠠᠷᠢᠵᠤ ᠥᠭᠭᠦᠨ ᠵᠠᠮ ᠲᠡᠭᠰᠢᠯᠡᠵᠦ᠂ ᠠᠷᠠᠳ ᠤᠯᠠᠨ᠎ᠤ ᠭᠠᠳᠠᠭᠰᠢ ᠭᠠᠷᠬᠤ᠎ᠳᠤ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠦᠶᠡᠷ᠎ᠤᠨ ᠤᠰᠤᠨ᠎ᠤ ᠲᠣᠰᠬᠣᠨ᠎ᠳᠤ ᠣᠷᠣᠬᠤ ᠠᠶᠤᠯ᠎ᠢ ᠰᠢᠢ᠍ᠳᠪᠦᠷᠢᠯᠡᠵᠡᠢ᠃ ᠲᠣᠰᠬᠣᠨ᠎ᠤ ᠠᠷᠠᠳ᠎ᠤᠨ ᠶᠠᠪᠤᠬᠤ᠎ᠳᠤ ᠬᠦᠴᠢᠷ ᠠᠰᠠᠭᠤᠳᠠᠯ᠎ᠢ ᠰᠢᠢ᠍ᠳᠪᠦᠷᠢᠯᠡᠨ ᠥᠭᠴᠦ᠂ ᠦᠶᠡᠷ᠎ᠤᠨ ᠤᠰᠤᠨ᠎ᠤ ᠲᠣᠰᠬᠣᠨ᠎ᠳᠤ ᠣᠷᠣᠬᠤ ᠠᠶᠤᠯ᠎ᠢ ᠰᠢᠢ᠍ᠳᠪᠦᠷᠢᠯᠡᠨ ᠥᠭᠴᠡᠶ᠃ ᠡᠷᠬᠢᠨ ᠲᠣᠭᠣᠷᠢᠨ᠎ᠤ ᠠᠷᠠᠳ᠎ᠤᠳ ᠲᠡᠭᠦᠨ᠎ᠢ ᠳᠤᠷᠠᠳᠬᠤ ᠪᠣᠯᠭ᠋ᠠᠨ ᠪᠦᠷ ᠥᠪᠡᠷ᠎ᠤᠨ ᠡᠷᠬᠡ ᠦᠭᠡᠢ ᠡᠷᠡᠬᠡᠶ ᠬᠤᠷᠤᠭᠤ᠎ᠪᠠᠨ ᠭᠣᠵᠣᠶ᠋ᠢᠯᠭ᠋ᠠᠨ ᠮᠠᠭᠲᠠᠵᠤ᠂ ᠳᠣᠲᠣᠨᠣᠰᠣᠭ ᠵᠶ᠋ᠠᠷ ᠲᠡᠭᠦᠨ᠎ᠢ 《ᠤᠳᠬᠤᠭᠤᠷ ᠲᠡᠷᠭᠡ》 ᠵᠢᠨ ᠱᠦᠵᠢ ᠭᠡᠵᠦ ᠳᠠᠭᠤᠳᠠᠳᠠᠭ᠃
    ᠰᠦᠮ᠎ᠡ ᠵᠢᠨ ᠠᠷᠤ᠎ᠳᠠᠬᠢ ᠵᠠᠰᠠᠭ ᠵᠠᠬᠢᠷᠭ᠋ᠠᠨ᠎ᠤ ᠲᠣᠰᠬᠣᠨ᠎ᠨᠢ ᠳᠥᠷᠪᠡᠳ ᠬᠣᠰᠢᠭᠤᠨ᠎ᠠᠴᠠ ᠵᠡᠭᠦᠨᠰᠢ᠎ᠪᠠᠨ 20 ᠺᠢᠯᠤᠮᠸᠲᠷ ᠵᠠᠶ᠋ᠢᠲᠠᠢ ᠭᠠᠵᠠᠷ᠎ᠲᠤ ᠪᠠᠶ᠋ᠢᠷᠢᠯᠠᠵᠤ᠂ ᠬᠤᠵᠢᠳᠤ ᠰᠢᠶᠠᠩ᠎ᠤᠨ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ ᠪᠣᠯᠬᠤ ᠪᠥᠭᠡᠳ ᠪᠠᠰᠠ ᠨᠡᠶ᠋ᠢᠲᠡᠯᠢᠭ ᠴᠢᠨᠠᠷᠲᠠᠢ ᠲᠠᠷᠢᠶᠠᠯᠠᠩ ᠮᠠᠯ ᠠᠵᠤ ᠠᠬᠤᠢ ᠵᠢᠨ ᠬᠣᠯᠢᠮᠠᠭ ᠲᠣᠰᠬᠣᠨ ᠪᠣᠯᠤᠨ᠎ᠠ᠃ ᠰᠦᠮ᠎ᠡ ᠵᠢᠨ ᠠᠷᠤ᠎ᠳᠠᠬᠢ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢᠨ ᠭᠡᠰᠢᠭᠦᠨ ᠤᠳᠤ 6 ᠬᠥᠮᠦᠨ ᠪᠤᠢ᠂ ᠲᠤᠰ ᠪᠦᠷᠢ ᠥᠪᠡᠷᠲᠡᠭᠡᠨ ᠵᠠᠰᠠᠬᠤ ᠣᠷᠣᠨ᠎ᠤ ᠲᠢᠩᠬᠢᠮ᠎ᠤᠨ ᠲᠡᠰ᠎ᠤᠨ ᠪᠠᠶ᠋ᠢᠭᠤᠯᠤᠯᠭ᠎ᠠ᠂ ᠬᠣᠰᠢᠭᠤᠨ᠎ᠤ ᠰᠢᠭᠤᠳ ᠬᠠᠷᠢᠶ᠎ᠠ ᠪᠠᠶ᠋ᠢᠭᠤᠯᠤᠯᠭ᠎ᠠ ᠪᠣᠯᠤᠨ ᠪᠠᠶ᠋ᠢᠭ᠎ᠠ ᠰᠢᠶᠠᠩ ᠪᠠᠯᠭ᠋ᠠᠰᠤ᠎ᠠᠴᠠ ᠢᠷᠡᠵᠤ᠂ ᠠᠵᠢᠯᠯᠠᠬᠤ ᠠᠩᠬᠢ ᠵᠢᠨ ᠳᠤᠮᠳᠠᠴᠢ ᠨᠠᠰᠤ᠎ᠨᠢ 40 ᠪᠠᠶ᠋ᠢᠵᠤ᠂ ᠨᠢᠭᠡᠳᠦᠭᠡᠷ ᠱᠦᠵᠢ ᠭᠦᠸᠧ ᠶᠠᠨ ᠯᠦᠩ 32 ᠨᠠᠰᠤᠲᠠᠢ ᠪᠠᠶ᠋ᠢᠯ᠎ᠠ᠃ ᠲᠡᠳᠡ ᠵᠢᠷᠭᠤᠭᠤᠯᠠ᠎ᠪᠠᠨ ᠰᠦᠮ᠎ᠡ ᠵᠢᠨ ᠠᠷᠤ᠎ᠳᠠᠬᠢ ᠨᠤᠲᠤᠭ᠎ᠤᠨ ᠠᠶᠠᠯᠭᠤ᠂ ᠵᠠᠩ ᠠᠭ᠋ᠠᠯᠢ ᠵᠢ ᠰᠠᠢ᠍ᠢ᠍ᠨ ᠮᠡᠳᠡᠳᠡᠭ᠂ ᠡᠨᠡ᠎ᠨᠢ ᠤᠯᠠᠨ ᠲᠦᠮᠡᠨ᠎ᠤ ᠠᠵᠢᠯ᠎ᠢ ᠥᠷᠨᠢᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃ 《ᠤᠳᠬᠤᠭᠤᠷ ᠲᠡᠷᠭᠡ》 ᠵᠢᠨ ᠱᠦᠵᠢ ᠭᠦᠸᠧ ᠶᠠᠨ ᠯᠦᠩ ᠪᠦᠯᠬᠦᠮ᠎ᠤᠨ ᠲᠦᠰᠢᠭ ᠪᠣᠯᠤᠭᠰᠠᠨ᠎ᠤ ᠬᠤᠪᠢ᠎ᠳᠤ᠂ ᠢᠮᠠᠭᠲᠠ ᠤᠯᠠᠨ᠎ᠤ ᠬᠦᠴᠦᠨ᠎ᠢ ᠨᠢᠭᠲᠠᠷᠠᠭᠤᠯᠵᠤ ᠴᠢᠳᠠᠨ᠎ᠠ᠃
    ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠥᠷᠨᠢᠭᠦᠯᠦᠭᠰᠡᠨ᠎ᠠᠴᠠ ᠨᠠᠰᠢ᠂ ᠭᠦᠸᠧ ᠶᠠᠨ ᠯᠦᠩ ᠭᠡᠰᠢᠭᠦᠳ ᠵᠶ᠋ᠠᠨ ᠳᠠᠭ᠋ᠠᠭᠤᠯᠤᠨ ᠠᠶ᠋ᠢᠯ ᠲᠣᠰᠬᠣᠨ ᠵᠶ᠋ᠠᠷ ᠶᠠᠪᠤᠵᠤ᠂ ᠲᠠᠷᠢᠶᠠᠨ ᠭᠠᠵᠠᠷ᠎ᠲᠤ ᠶᠠᠳᠠᠭᠤ ᠵᠢ ᠲᠡᠳᠬᠦᠵᠦ ᠲᠠᠷᠢᠶᠠᠴᠢᠳ᠎ᠲᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢ ᠤᠬᠠᠭᠤᠯᠪᠠ; ᠬᠠᠨᠵᠤᠨ ᠳᠡᠭᠡᠷᠡᠬᠢ ᠬᠣᠨᠢᠨ ᠬᠠᠰᠢᠶᠠᠨ᠎ᠳᠤ ᠳᠠᠷᠢᠵᠤ ᠲᠡᠵᠢᠭᠡᠬᠦ ᠦᠶᠯᠡᠰ᠎ᠤᠨ ᠬᠥᠭᠵᠢᠯᠲᠡ ᠵᠢ ᠲᠠᠶ᠋ᠢᠯᠪᠤᠷᠢᠯᠠᠨ᠎ᠠ; ᠶᠠᠳᠠᠭᠤ ᠬᠦᠴᠢᠷᠳᠡᠯᠲᠡᠶ ᠡᠷᠦᠬᠡ᠎ᠳᠤ ᠠᠵᠤ ᠦᠶᠯᠡᠰ ᠵᠶ᠋ᠠᠷ ᠶᠠᠳᠠᠭᠤ ᠵᠢ ᠲᠡᠳᠬᠦᠬᠦ ᠵᠠᠭᠪᠤᠷ᠎ᠢ ᠲᠣᠭᠲᠠᠭ᠋ᠠᠵᠤ ᠥᠭᠭᠦᠨ᠎ᠡ; ᠲᠣᠰᠬᠣᠨ᠎ᠳᠤ ᠰᠠᠭᠤᠭ᠎ᠠ ᠠᠵᠢᠯᠯᠠᠬᠤ ᠠᠩᠬᠢ ᠵᠢᠴᠢ ᠲᠣᠰᠬᠣᠨ᠎ᠤ ᠠᠷᠠᠳ᠎ᠤᠨ ᠵᠥᠪᠯᠡᠯ᠎ᠢ ᠳᠠᠭ᠋ᠠᠭᠤᠯᠤᠨ ᠡᠯ᠎ᠡ ᠨᠢᠭᠡᠴᠡ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂ ᠥᠷᠭᠡᠨ ᠤᠯᠠᠨ ᠲᠠᠷᠢᠶᠠᠴᠢᠨ ᠡᠷᠦᠬᠡ᠎ᠳᠤ ᠡᠯ᠎ᠡ ᠲᠦᠷᠦᠯ᠎ᠤᠨ ᠮᠡᠷᠭᠡᠵᠢᠯ᠎ᠤᠨ ᠳᠡᠮᠵᠢᠯᠭᠡ᠂ ᠪᠡᠯᠡ ᠮᠥᠩᠭᠥ ᠵᠢᠨ ᠨᠥᠬᠥᠪᠥᠷᠢ ᠪᠣᠯᠤᠨ ᠪᠠᠭ᠎ᠠ ᠲᠣᠭ᠋ᠠᠨ᠎ᠤ ᠵᠢᠭᠡᠯᠡᠯᠭᠡ ᠵᠡᠷᠭᠡ ᠵᠢ ᠣᠯᠭᠣᠵᠤ᠂ 46 ᠶᠠᠳᠠᠭᠤ ᠬᠦᠴᠢᠷᠳᠡᠯᠲᠡᠢ ᠡᠷᠦᠬᠡ ᠵᠢ ᠲᠠᠢ᠍ᠢ᠍ᠴᠢᠯᠠᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠵᠤ᠂ ᠬᠦᠴᠢᠷᠳᠡᠯᠲᠡᠢ ᠤᠯᠠᠨ ᠲᠦᠮᠡᠨ᠎ᠢ ᠰᠠᠢ᠍ᠢ᠍ᠨ ᠰᠠᠶ᠋ᠢᠬᠠᠨ ᠠᠮᠢᠳᠤᠷᠠᠭᠤᠯᠵᠠᠢ᠃
    ᠰᠡᠳᠬᠢᠯ ᠵᠢᠷᠦᠬᠡᠨ᠎ᠳᠡᠭᠡᠨ ᠢᠲᠡᠭᠡᠯ ᠪᠢᠰᠢᠷᠡᠯ᠎ᠲᠠᠢ᠂ ᠬᠦᠯ ᠳᠣᠣᠷ᠎ᠠ᠎ᠪᠠᠨ ᠬᠦᠴᠦᠨ ᠴᠢᠳᠠᠯ᠎ᠲᠠᠢ! ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠠᠮ ᠳᠡᠭᠡᠷᠡᠬᠢ ᠬᠥᠮᠦᠰ᠎ᠢ ᠪᠠᠶᠠᠷᠯᠠᠭᠤᠯᠤᠮ᠎ᠠ ᠠᠮᠵᠢᠯᠲᠠ ᠵᠢᠨ ᠠᠷᠤ᠎ᠳᠤ ᠭᠦᠸᠧ ᠶᠠᠨ ᠯᠦᠩ ᠮᠡᠲᠦ ᠵᠢᠨ ᠨᠢᠭᠡᠳᠦᠭᠡᠷ ᠱᠦᠵᠢ ᠪᠣᠯᠤᠨ ᠲᠣᠰᠬᠣᠨ᠎ᠳᠤ ᠰᠠᠭᠤᠭ᠎ᠠ ᠠᠵᠢᠯ᠎ᠤᠨ ᠠᠩᠬᠢ ᠵᠢᠨ ᠭᠡᠰᠢᠭᠦᠳ ᠬᠦᠴᠦ ᠬᠥᠯᠥᠰᠥ᠎ᠪᠠᠨ ᠰᠢᠪᠬᠠᠨ ᠦᠨᠡᠨ ᠰᠡᠳᠬᠢᠯ᠎ᠠᠴᠠ᠎ᠪᠠᠨ ᠴᠢᠷᠮᠠᠶ᠋ᠢᠨ ᠲᠡᠮᠡᠴᠡᠭᠰᠡᠨ᠎ᠤ ᠦᠷ᠎ᠡ ᠳ᠋ᠦᠩ ᠪᠤᠢ᠃ ᠡᠪ ᠬᠠᠮᠲᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ᠂ ᠭᠦᠸᠧ ᠶᠠᠨ ᠯᠦᠩ ᠴᠠᠭ ᠢᠮᠠᠭᠲᠠ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠲᠦᠷᠢ ᠲᠥᠷᠬᠦ᠎ᠪᠠᠨ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠵᠡᠢ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠶᠠᠳᠠᠭᠤ᠎ᠠᠴᠠ ᠠᠩᠭᠢᠵᠢᠷᠠᠭᠰᠠᠨ ᠦᠯᠢᠭᠡᠷ 】 《ᠮᠠᠨ᠎ᠤ ᠭᠡᠷ ᠶᠠᠳᠠᠭᠤ ᠬᠦᠴᠢᠷᠳᠡᠯᠲᠡᠢ ᠡᠷᠦᠬᠡ ᠪᠠᠶ᠋ᠢᠭᠰᠠᠨ᠎ᠠᠴᠠ᠎ᠪᠠᠨ ᠪᠠᠶᠠᠨ ᠴᠢᠨᠡᠭᠡᠯᠢᠭ ᠡᠷᠦᠬᠡ ᠪᠣᠯᠵᠠᠢ》
【ᠦᠨᠳᠦᠰᠦᠨ ᠱᠠᠲᠤᠨ᠎ᠤ ᠴᠤᠭ ᠵᠢᠪᠬᠤᠭ᠎ᠠ】 ᠴᠢ ᠰᠢᠶᠤᠤ ᠵᠢᠩ᠄ ᠬᠥᠳᠡᠭᠡ ᠲᠣᠰᠬᠣᠨ᠎ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠦᠷ᠎ᠡ ᠪᠦᠲᠦᠭᠡᠯ ᠭᠠᠷᠭ᠋ᠠᠨ᠎ᠠ
【ᠦᠨᠳᠦᠰᠦᠨ ᠱᠠᠲᠤᠨ᠎ᠤ ᠴᠤᠭ ᠵᠢᠪᠬᠤᠭ᠎ᠠ】 ᠴᠢ ᠰᠢᠶᠤᠤ ᠵᠢᠩ᠄ ᠬᠥᠳᠡᠭᠡ ᠲᠣᠰᠬᠣᠨ᠎ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠦᠷ᠎ᠡ ᠪᠦᠲᠦᠭᠡᠯ ᠭᠠᠷᠭ᠋ᠠᠨ᠎ᠠ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠷᠳᠠᠩ ᠵᠠᠮ᠎ᠳᠤ 《ᠵᠠᠮ ᠬᠥᠭᠡᠭᠡᠭᠴᠢ》
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠠᠬᠢᠯᠭ᠋ᠠᠨ ᠬᠦᠴᠦᠨ ᠬᠤᠰᠢᠭᠤᠴᠢᠯᠠᠨ᠎ᠠ
 
            