ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠷᠳᠠᠩ ᠵᠠᠮ᠎ᠳᠤ 《ᠵᠠᠮ ᠬᠥᠭᠡᠭᠡᠭᠴᠢ》
ᠨᠡᠶ᠋ᠢᠲᠡᠯᠡᠭᠰᠡᠨ ᠴᠠᠭ᠄ 2022-01-20

  《ᠸᠠᠩ ᠱᠦᠵᠢ ᠡ᠂ ᠲᠠ ᠨᠠᠮᠠᠢ ᠬᠠᠪᠰᠤᠷᠴᠤ ᠲᠤᠰᠬᠠᠶ ᠮᠡᠷᠭᠡᠵᠢᠯᠲᠡᠨ ᠣᠯᠵᠤ ᠦᠵᠦᠮ᠎ᠤᠨ ᠨᠠᠪᠴᠢᠨ᠎ᠤ ᠪᠣᠷᠣ ᠡᠪᠡᠳᠴᠢᠨ᠎ᠢ ᠡᠳᠡᠭᠡᠭᠡᠳ ᠥᠭᠴᠢᠬᠡᠯ᠎ᠡ᠂ ᠦᠭᠡᠢ ᠪᠣᠯ ᠡᠨᠡ ᠵᠢᠯ ᠮᠢᠨᠦ ᠡᠨᠡ ᠦᠵᠦᠮ ᠲᠠᠯᠠᠭ᠋ᠠᠷ ᠲᠠᠷᠢᠨ᠎ᠠ ᠰᠢᠤ! ᠡᠨᠡ ᠭᠡᠷ᠎ᠤᠨ ᠢᠷᠡᠬᠦ ᠵᠢᠯ᠎ᠤᠨ ᠣᠷᠣᠯᠭ᠎ᠠ ᠪᠠᠰᠠ ᠨᠢᠭᠡ ᠵᠦᠢ᠍ᠯ ᠢᠯᠡᠭᠦᠦ ᠪᠣᠯᠤᠨ᠎ᠠ!》 ᠭᠡᠵᠦ ᠠᠰᠠᠭᠤᠪᠠ᠃᠂ 《ᠸᠠᠩ ᠱᠦᠵᠢ ᠡ᠂ ᠲᠠ ᠨᠠᠮᠠᠢ ᠬᠠᠪᠰᠤᠷᠴᠤ ᠦᠵᠦᠮ᠎ᠤᠨ ᠨᠠᠪᠴᠢᠨ᠎ᠤ ᠪᠣᠷᠣ ᠨᠠᠪᠴᠢ ᠵᠢᠨ ᠡᠪᠡᠳᠴᠢᠨ᠎ᠢ ᠡᠳᠡᠭᠡᠭᠡᠵᠦ ᠥᠭᠬᠦ ᠦᠭᠡᠶ ᠪᠣᠯ ᠡᠨᠡ ᠵᠢᠯ ᠮᠢᠨᠦ ᠡᠨᠡ ᠦᠵᠦᠮ᠎ᠢ ᠵᠦᠭᠡᠷ ᠲᠠᠷᠢᠨ᠎ᠠ ᠰᠢᠤ!》 ᠭᠡᠪᠡ᠃ ᠬᠥᠬᠡᠭᠡ ᠡᠪᠦᠯ᠎ᠤᠨ ᠤᠯᠠᠷᠢᠯ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠦᠯᠢᠰ ᠪᠠᠯᠭ᠋ᠠᠰᠤᠨ᠎ᠤ ᠤᠯᠠᠭ᠋ᠠᠨ ᠲᠤᠭ ᠲᠣᠰᠬᠣᠨ᠎ᠤ ᠠᠷᠠᠳ ᠵᠠᠩ ᠯᠢ ᠵᠤ᠌ ᠵᠢᠨ᠎ᠬᠢᠨ ᠮᠠᠰᠢ ᠬᠦᠷ ᠬᠥᠭᠵᠢᠶᠡᠨ᠎ᠲᠠᠢ ᠪᠠᠶ᠋ᠢᠯ᠎ᠠ᠂ ᠲᠡᠷᠡ ᠶᠠᠭ ᠠᠶ᠋ᠢᠯᠴᠢᠯᠠᠬᠤ᠎ᠪᠠᠷ ᠢᠷᠡᠭᠰᠡᠨ ᠺᠠᠳ᠋ᠷᠴᠤᠳ᠎ᠲᠠᠢ ᠤᠢ᠍ᠢ᠍ᠷ᠎ᠠ ᠵᠢᠨ ᠬᠤᠭᠤᠴᠠᠭ᠋ᠠᠨ᠎ᠤ ᠭᠡᠷ ᠪᠦᠯᠢ ᠵᠢᠨ ᠬᠤᠪᠢᠷᠠᠯᠲᠠ᠎ᠪᠠᠨ ᠬᠠᠯᠠᠭᠤᠨ ᠵᠶ᠋ᠠᠷ ᠬᠤᠪᠢᠶᠠᠯᠴᠠᠵᠤ ᠪᠠᠶ᠋ᠢᠯ᠎ᠠ᠃
    ᠵᠠᠩ ᠯᠢ ᠵᠤ᠌ ᠵᠢᠨ ᠠᠮᠠᠨ᠎ᠳᠠᠬᠢ ᠸᠠᠩ ᠱᠦᠵᠢ ᠪᠣᠯ ᠪᠡᠭᠡᠵᠢᠩ᠎ᠤᠨ ᠤᠢ ᠰᠢᠭᠤᠢ ᠵᠢᠨ ᠶᠡᠬᠡ ᠰᠤᠷᠭ᠋ᠠᠭᠤᠯᠢ ᠵᠢᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠦᠯᠢᠰ ᠪᠠᠯᠭ᠋ᠠᠰᠤᠨ᠎ᠤ ᠤᠯᠠᠭ᠋ᠠᠨ ᠲᠤᠭ ᠲᠣᠰᠬᠣᠨ᠎ᠤ ᠨᠢᠭᠡᠳᠦᠭᠡᠷ ᠱᠦᠵᠢ ᠸᠠᠩ ᠲᠢᠩ ᠴᠢᠨ ᠪᠣᠯᠤᠨ᠎ᠠ᠃ 2021 ᠣᠨ᠎ᠤ 4 ᠰᠠᠷ᠎ᠠ᠎ᠳᠤ᠂ ᠸᠠᠩ ᠲᠢᠩ ᠴᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠪᠤᠤᠬᠢ᠊ ᠢ᠎ᠠ》 ᠵᠢ ᠳᠤᠰᠴᠤ ᠠᠪᠤᠭ᠋ᠠᠳ ᠨᠡᠶ᠋ᠢᠰᠯᠡᠯ ᠪᠡᠭᠡᠵᠢᠩ᠎ᠠᠴᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠢᠷᠡᠵᠦ᠂ ᠬᠦᠯᠢᠰ ᠪᠠᠯᠭ᠋ᠠᠰᠤᠨ᠎ᠤ ᠤᠯᠠᠭ᠋ᠠᠨ ᠲᠤᠭ ᠲᠣᠰᠬᠣᠨ᠎ᠤ ᠠᠷᠠᠳ ᠤᠯᠠᠨ᠎ᠢ ᠳᠠᠭ᠋ᠠᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠷᠳᠠᠩ ᠵᠠᠮ ᠵᠶ᠋ᠠᠷ ᠲᠤᠮᠤ ᠠᠯᠬᠤᠮ ᠵᠶ᠋ᠠᠷ ᠤᠷᠤᠭᠰᠢᠯᠠᠪᠠ᠃
    ᠸᠠᠩ ᠲᠢᠩ ᠴᠢᠨ᠎ᠤ ᠠᠯᠪᠠᠨ ᠭᠡᠷ᠎ᠲᠤ ᠬᠦᠷᠬᠦ᠎ᠳᠤ᠂ ᠬᠣᠶᠠᠷ ᠲᠤᠮᠤ ᠤᠯᠠᠭ᠋ᠠᠨ ᠲᠤᠭ ᠲᠣᠰᠬᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠷᠢᠰᠢᠭᠤᠯᠤᠯᠲᠠ ᠵᠢᠨ ᠵᠢᠯᠣᠭᠣᠳᠬᠤ ᠵᠢᠷᠤᠭ ᠪᠣᠯᠤᠨ ᠨᠢᠭᠡᠨ ᠤᠯᠠᠭ᠋ᠠᠨ ᠲᠤᠭ ᠲᠣᠰᠬᠣᠨ᠎ᠤ ᠬᠥᠭᠵᠢᠯᠲᠡ ᠵᠢᠨ ᠰᠡᠳᠬᠢᠴᠡ ᠵᠢᠨ ᠵᠢᠷᠤᠭ ᠬᠠᠷᠠᠭᠳᠠᠨ᠎ᠠ᠃ ᠸᠠᠩ ᠲᠢᠩ ᠴᠢᠨ ᠲᠠᠨᠢᠯᠴᠠᠭᠤᠯᠬᠤ᠎ᠳᠤ᠎ᠪᠠᠨ᠄ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠶᠠᠭᠤ ᠵᠢ ᠬᠥᠭᠵᠢᠭᠦᠯᠦᠨ ᠮᠠᠨᠳᠤᠭᠤᠯᠬᠤ ᠪᠤᠢ? ᠬᠡᠷᠬᠢᠨ ᠬᠥᠭᠵᠢᠭᠦᠯᠦᠨ ᠮᠠᠨᠳᠤᠭᠤᠯᠬᠤ ᠪᠤᠢ? ᠡᠨᠡ ᠪᠣᠯ ᠮᠢᠨᠦ ᠤᠯᠠᠭ᠋ᠠᠨ ᠲᠤᠭ ᠲᠣᠰᠬᠣᠨ᠎ᠳᠤ ᠠᠩᠬ᠎ᠠ ᠬᠦᠷᠬᠦ᠎ᠳᠤ ᠪᠣᠳᠣᠯᠬᠢᠯᠠᠭᠰᠠᠨ ᠠᠰᠠᠭᠤᠳᠠᠯ ᠪᠣᠯᠤᠨ᠎ᠠ᠂ ᠪᠢ ᠠᠰᠠᠭᠤᠯᠲᠠ ᠵᠢᠨ ᠬᠠᠷᠢᠭᠤᠯᠲᠠ ᠵᠢ ᠭᠤᠷᠪᠠᠨ ᠬᠠᠭᠤᠳᠠᠰᠤ ᠵᠢᠷᠤᠭ ᠪᠣᠯᠭ᠋ᠠᠨ ᠪᠣᠯᠪᠠᠰᠤᠷᠠᠭᠤᠯᠪᠠ᠂ ᠡᠨᠡ ᠭᠤᠷᠪᠠᠨ ᠬᠠᠭᠤᠳᠠᠰᠤ ᠵᠢᠷᠤᠭ᠎ᠨᠢ ᠮᠢᠨᠦ ᠤᠯᠠᠭ᠋ᠠᠨ ᠲᠤᠭ᠎ᠢ ᠣᠶ᠋ᠢᠯᠠᠭ᠋ᠠᠬᠤ ᠮᠠᠲ᠋ᠧᠷᠢᠶᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠮᠢᠨᠦ ᠤᠯᠠᠭ᠋ᠠᠨ ᠲᠤᠭ᠎ᠢ ᠬᠥᠭᠵᠢᠭᠦᠯᠬᠦ ᠰᠡᠳᠬᠢᠬᠦᠢ ᠵᠢᠨ ᠵᠢᠯᠤᠭᠤᠳᠤᠯᠭ᠎ᠠ ᠵᠢᠨ ᠵᠢᠷᠤᠭ ᠪᠣᠯᠤᠨ᠎ᠠ》 ᠭᠡᠪᠡ᠃
    ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠨᠢᠭᠡ ᠤᠳᠠᠭ᠎ᠠ ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠬᠤ᠎ᠪᠠᠷ ᠪᠠᠷᠠᠬᠤ ᠦᠭᠡᠢ ᠨᠡᠩ ᠴᠤ᠌ ᠨᠢᠭᠡ ᠤᠳᠠᠭ᠎ᠠ ᠵᠢᠨ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠯᠠᠯᠳᠤᠭ᠋ᠠᠨ ᠪᠣᠯᠤᠨ᠎ᠠ᠂ ᠰᠠᠶ᠋ᠢᠲᠤᠷ ᠪᠠᠶ᠋ᠢᠯᠳᠤᠵᠤ᠂ ᠢᠯᠠᠯᠲᠠ ᠤᠯᠬᠤ᠎ᠳᠤ ᠨᠠᠮ᠎ᠤᠨ ᠡᠭᠦᠷ᠎ᠤᠨ ᠤᠳᠤᠷᠢᠳᠤᠯᠭ᠎ᠠ ᠪᠣᠯ ᠵᠠᠩᠭᠢᠯᠠᠭ᠎ᠠ ᠪᠣᠯᠤᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠠᠪᠤᠴᠠ᠎ᠳᠠᠬᠢ ᠲᠠᠢ᠍ᠢ᠍ᠴᠢᠨ ᠪᠡᠬᠢᠯᠡᠯᠲᠡ ᠵᠢᠨ ᠦᠢ᠍ᠯᠡᠳᠦᠯ᠎ᠢ ᠬᠡᠷᠬᠢᠨ ᠪᠠᠳᠠᠷᠠᠭᠤᠯᠬᠤ᠎ᠨᠢ ᠸᠠᠩ ᠲᠢᠩ ᠴᠢᠨ ᠤᠯᠤᠰ᠎ᠤᠨ ᠡᠬᠢᠨ᠎ᠤ ᠦᠶ᠎ᠡ ᠵᠢᠨ ᠤᠯᠠᠭ᠋ᠠᠨ ᠲᠤᠭ ᠲᠣᠰᠬᠣᠨ᠎ᠳᠤ ᠬᠦᠷᠬᠦ ᠵᠢᠨ ᠲᠡᠷᠢᠭᠦᠨ ᠴᠢᠬᠤᠯᠠ ᠡᠭᠦᠷᠭᠡ ᠪᠣᠯᠵᠠᠢ᠃ ᠲᠡᠷᠡ ᠪᠦᠬᠦ ᠲᠣᠰᠬᠣᠨ᠎ᠤ ᠠᠷᠠᠳ ᠵᠶ᠋ᠠᠨ ᠳᠠᠭ᠋ᠠᠭᠤᠯᠤᠨ ᠤᠯᠠᠨ᠎ᠤ ᠤᠬᠠᠭ᠋ᠠᠨ ᠬᠠᠮᠲᠤ ᠵᠢᠨ ᠬᠦᠴᠦᠨ ᠵᠶ᠋ᠠᠷ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ 《156 ᠵᠡᠭᠡᠯᠢ ᠵᠢᠨ ᠳᠠᠷᠤᠭ᠎ᠠ ᠵᠢᠨ ᠳᠦᠷᠢᠮ》᠎ᠢ ᠬᠡᠷᠡᠭᠵᠢᠭᠦᠯᠪᠡ᠂ ᠲᠤᠬᠠᠶ᠋ᠢᠯᠠᠪᠠᠯ᠄ ᠨᠢᠭᠡ ᠵᠡᠭᠡᠯᠢ ᠭᠤᠳᠤᠮᠵᠢ᠂ ᠵᠡᠭᠡᠯᠢ ᠵᠢᠨ ᠳᠠᠷᠤᠭ᠎ᠠ᠂ ᠵᠡᠭᠡᠯᠢ ᠵᠢ ᠳᠠᠭ᠋ᠠᠭ᠋ᠠᠴᠢᠯᠠᠭᠰᠠᠨ ᠨᠠᠮ᠎ᠤᠨ ᠭᠡᠰᠢᠭᠦᠨ᠂ ᠪᠣᠯᠪᠠᠰᠤᠨ ᠢᠳᠬᠠᠭᠴᠢ᠂ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠭᠴᠢ᠂ ᠲᠣᠰᠬᠣᠨ᠎ᠢ ᠳᠠᠭ᠋ᠠᠭ᠋ᠠᠴᠢᠯᠠᠭᠰᠠᠨ ᠠᠷᠠᠳ᠎ᠤᠨ ᠴᠠᠭᠳᠠᠭ᠎ᠠ ᠵᠡᠷᠭᠡ ᠲᠠᠪᠤᠨ ᠲᠠᠯ᠎ᠠ᠎ᠪᠠᠷ ᠵᠶ᠋ᠠᠨ ᠬᠠᠮᠲᠤᠪᠠᠷ ᠵᠠᠰᠠᠯᠲᠠ᠎ᠳᠤ ᠣᠷᠣᠯᠴᠠᠵᠤ᠂ 《ᠨᠠᠮ᠎ᠤᠨ ᠡᠭᠦᠷ ᠲᠦᠷᠦᠭᠦᠯᠡᠵᠦ᠂ ᠲᠣᠰᠬᠣᠨ᠎ᠤ ᠠᠷᠠᠳ᠎ᠤᠨ ᠵᠥᠪᠯᠡᠯ ᠬᠡᠷᠡᠭᠵᠢᠭᠦᠯᠵᠦ᠂ ᠬᠢᠨᠠᠨ ᠪᠠᠶ᠋ᠢᠴᠠᠭ᠋ᠠᠬᠤ ᠵᠥᠪᠯᠡᠯ ᠬᠢᠨᠠᠯᠲᠠ ᠲᠠᠯᠪᠢᠵᠤ᠂ ᠤᠯᠠᠨ ᠲᠦᠮᠡᠨ ᠣᠷᠣᠯᠴᠠᠵᠤ᠂ ᠨᠡᠶ᠋ᠢᠭᠡᠮ ᠵᠶ᠋ᠠᠷ ᠵᠶ᠋ᠠᠨ ᠬᠠᠮᠵᠢᠯᠴᠠᠵᠤ᠂ ᠶᠡᠷᠦᠩᠬᠡᠶ᠋ᠢᠯᠡᠨ ᠪᠠᠲᠤᠯᠠᠬᠤ》 ᠵᠢᠷᠭᠤᠭ᠋ᠠᠨ ᠶᠡᠬᠡ ᠦᠢ᠍ᠯᠡᠳᠦᠯ᠎ᠲᠠᠢ ᠦᠨᠳᠦᠰᠦᠨ ᠱᠠᠲᠤᠨ᠎ᠤ ᠵᠠᠰᠠᠯᠲᠠ ᠵᠢᠨ ᠰᠢᠰᠳ᠋ᠸᠮ᠎ᠢ ᠪᠦᠷᠢᠯᠳᠦᠭᠦᠯᠵᠡᠢ᠃ 《ᠵᠡᠭᠡᠯᠢ ᠵᠢᠨ ᠳᠠᠷᠤᠭ᠎ᠠ ᠵᠢᠨ ᠲᠦᠷᠢᠮ》᠎ᠢ ᠬᠡᠷᠡᠭᠵᠢᠭᠦᠯᠦᠭᠰᠡᠨ᠎ᠨᠢ ᠲᠣᠰᠬᠣᠨ᠎ᠤ ᠠᠷᠠᠳ᠎ᠤᠨ ᠥᠪᠡᠷᠲᠡᠭᠡᠨ ᠵᠠᠰᠠᠬᠤ ᠲᠦᠷᠢᠮ᠎ᠢ ᠲᠡᠭᠦᠯᠳᠡᠷᠵᠢᠭᠦᠯᠦᠭᠰᠡᠨ ᠵᠶ᠋ᠠᠷ ᠪᠠᠷᠠᠬᠤ ᠦᠭᠡᠢ ᠪᠠᠰᠠ ᠵᠠᠰᠠᠯᠲᠠ ᠵᠢᠨ ᠭᠣᠣᠯᠳᠠᠯᠭ᠎ᠠ ᠵᠢ 《ᠬᠠᠮᠢᠶᠠᠷᠤᠯᠲᠠ》᠎ᠠᠴᠠ 《ᠦᠢ᠍ᠯᠡᠴᠢᠯᠡᠭᠡ》 ᠲᠡᠰᠢ ᠰᠢᠯᠵᠢᠭᠦᠯᠬᠦ ᠵᠢ ᠪᠡᠶᠡᠯᠡᠭᠦᠯᠵᠦ᠂ ᠨᠠᠮ ᠤᠯᠠᠨ ᠲᠦᠮᠡᠨ᠎ᠤ ᠬᠠᠮᠲᠤᠷᠠᠯ᠎ᠤᠨ ᠬᠦᠴᠦᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠬᠥᠳᠡᠯᠭᠡᠬᠦ ᠬᠦᠴᠦᠨ᠎ᠢ ᠨᠡᠩ ᠨᠢᠭᠲᠠᠷᠠᠭᠤᠯᠤᠭᠰᠠᠨ ᠪᠠᠶ᠋ᠢᠨ᠎ᠠ᠃
    ᠪᠤᠰᠤᠳ᠎ᠤᠨ ᠦᠵᠡᠬᠦ᠎ᠪᠠᠷ᠂ ᠤᠯᠠᠭ᠋ᠠᠨ ᠲᠤᠭ ᠲᠣᠰᠬᠣᠨ᠎ᠨᠢ ᠬᠤᠳᠠ ᠵᠢᠨ ᠲᠡᠭᠦᠷᠭᠡ᠎ᠳᠤ ᠪᠠᠶ᠋ᠢᠷᠢᠯᠠᠵᠤ᠂ ᠲᠠᠷᠢᠶᠠᠨ ᠭᠠᠵᠠᠷ᠎ᠤᠨ ᠲᠠᠯᠠᠪᠠᠢ᠎ᠨᠢ ᠨᠡᠯᠢᠶᠡᠳ ᠪᠠᠭ᠎ᠠ᠂ ᠠᠵᠤ ᠦᠢ᠍ᠯᠡᠰ᠎ᠤᠨ ᠬᠥᠭᠵᠢᠯᠲᠡ᠎ᠨᠢ ᠬᠡᠪᠴᠢ᠊ ᠢ᠎ᠡ ᠬᠡᠪᠴᠢ᠊ ᠢ᠎ᠡ᠎ᠲᠠᠢ ᠪᠣᠯᠬᠤ᠎ᠳᠤ ᠬᠦᠴᠢᠷ ᠪᠠᠶ᠋ᠢᠳᠠᠭ᠃ ᠭᠡᠪᠡᠴᠦ ᠸᠠᠩ ᠲᠢᠩ ᠴᠢᠨ ᠬᠠᠷᠢᠨ ᠥᠪᠡᠷ᠎ᠤᠨ ᠥᠪᠡᠷᠮᠢᠴᠡ ᠦᠵᠡᠯᠲᠡ᠎ᠲᠠᠢ᠄ ᠤᠯᠠᠭ᠋ᠠᠨ ᠲᠤᠭ ᠲᠣᠰᠬᠣᠨ᠎ᠤ ᠭᠠᠵᠠᠷ ᠵᠦᠢ ᠵᠢᠨ ᠪᠠᠶ᠋ᠢᠷᠢᠯᠠᠯ᠎ᠨᠢ ᠶᠠᠭ ᠰᠠᠶ᠋ᠢᠬᠠᠨ ᠣᠷᠣᠨ ᠪᠠᠶ᠋ᠢᠷᠢ ᠵᠢᠨ ᠳᠠᠪᠠᠭᠤᠯᠢᠭ᠎ᠢ ᠬᠦᠴᠦᠷᠬᠡᠭ ᠠᠵᠤ ᠦᠢ᠍ᠯᠡᠰ᠎ᠤᠨ ᠬᠥᠭᠵᠢᠯᠲᠡ ᠵᠢᠨ ᠨᠢᠭᠤᠴᠠ ᠲᠡᠮᠳᠡᠭ ᠪᠣᠯᠭ᠋ᠠᠭᠰᠠᠨ ᠪᠠᠶ᠋ᠢᠨ᠎ᠠ᠃ ᠲᠡᠷᠡ ᠤᠯᠠᠭ᠋ᠠᠨ ᠲᠤᠭ ᠲᠣᠰᠬᠣᠨ᠎ᠤ ᠥᠪᠡᠷᠮᠢᠴᠡ ᠣᠨᠴᠠᠯᠢᠭ᠎ᠲᠠᠢ ᠣᠷᠣᠨ ᠪᠠᠶ᠋ᠢᠷᠢ ᠵᠢᠨ ᠳᠠᠪᠠᠭᠤᠯᠢᠭ᠎ᠲᠤ ᠲᠦᠰᠢᠭᠯᠡᠨ ᠡᠮᠦᠨ᠎ᠡ ᠬᠣᠰᠢᠭᠤᠨ᠎ᠤ ᠤᠯᠠᠭ᠋ᠠᠨ ᠬᠤᠳᠠᠯᠳᠤᠭ᠎ᠠ ᠠᠷᠠᠯᠵᠢᠶ᠎ᠠ ᠵᠢᠨ ᠬᠣᠯᠪᠣᠭ᠎ᠠ ᠵᠢ ᠪᠠᠶ᠋ᠢᠭᠤᠯᠵᠤ᠂ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠬᠣᠷᠰᠢᠶ᠎ᠠ᠎ᠪᠠᠷ ᠳᠠᠮᠵᠢᠭᠤᠯᠤᠨ ᠪᠥᠬᠥ ᠬᠣᠰᠢᠭᠤᠨ᠎ᠤ ᠡᠯ᠎ᠡ ᠰᠢᠶᠠᠩ ᠪᠠᠯᠭ᠋ᠠᠰᠤᠨ᠎ᠤ ᠤᠨᠴᠠᠯᠢᠬᠳᠤ ᠠᠵᠤ ᠦᠶᠯᠡᠰ᠎ᠤᠨ ᠬᠣᠷᠰᠢᠶ᠎ᠠ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠥᠬᠥ ᠬᠣᠰᠢᠭᠤᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠭ᠎ᠠ ᠵᠢᠨ ᠲᠣᠤᠷ ᠰᠦᠯᠵᠢᠶ᠎ᠡ ᠵᠢ ᠪᠠᠶ᠋ᠢᠭᠤᠯᠪᠠ᠃ ᠡᠭᠦᠨ᠎ᠤ ᠬᠠᠮᠲᠤ᠂ ᠸᠠᠩ ᠲᠢᠩ ᠴᠢᠨ ᠨᠤᠲᠤᠭ᠎ᠤᠨ ᠴᠢᠳᠠᠪᠤᠷᠢᠲᠠᠨ᠎ᠢ ᠨᠡᠪᠴᠢᠭᠦᠯᠬᠦ ᠰᠠᠭᠤᠷᠢᠨ᠎ᠢ ᠭᠦᠢ᠍ᠴᠡᠳ ᠠᠰᠢᠭᠯᠠᠵᠤ᠂ ᠲᠣᠰᠬᠣᠨ᠎ᠤ ᠵᠠᠯᠠᠭᠤ ᠠᠵᠤ ᠠᠬᠤᠶ᠋ᠢᠯᠠᠯᠲᠠᠨ ᠪᠣᠯᠤᠨ ᠪᠠᠶᠠᠵᠢᠯ᠎ᠤᠨ ᠳᠠᠭ᠋ᠠᠭᠤᠯᠤᠭᠴᠢ᠎ᠳᠤ ᠦᠢ᠍ᠯᠡᠴᠢᠯᠡᠪᠡ᠃ ᠪᠡᠭᠡᠵᠢᠩ᠎ᠤᠨ ᠣᠶ ᠰᠢᠭᠤᠶ ᠵᠢᠨ ᠶᠡᠬᠡ ᠰᠤᠷᠭ᠋ᠠᠭᠤᠯᠢ ᠵᠢᠨ ᠬᠣᠶᠠᠷ ᠪᠠᠭᠰᠢ ᠵᠢ ᠠᠵᠤ ᠦᠶᠯᠡᠰ᠎ᠤᠨ ᠵᠢᠭ᠋ᠠᠨ ᠵᠢᠯᠣᠭᠣᠳᠣᠭᠴᠢ᠎ᠪᠠᠷ ᠤᠷᠢᠨ ᠬᠡᠷᠡᠭᠯᠡᠵᠦ᠂ ᠲᠣᠰᠬᠣᠨ᠎ᠤ ᠳᠣᠲᠣᠷᠠᠬᠢ ᠬᠣᠶᠠᠷ ᠬᠡᠷ᠎ᠤᠨ ᠡᠳ᠋ᠯᠡᠯ᠎ᠤᠨ ᠦᠶᠯᠡᠳᠪᠦᠷᠢ᠂ ᠡᠬᠢ ᠪᠠᠶᠠᠯᠢᠭ ᠦᠶᠯᠡᠳᠬᠦ ᠠᠵᠤ ᠠᠬᠤᠶ᠋ᠢᠯᠠᠯ᠎ᠤᠨ ᠰᠦᠯᠵᠢᠶᠡᠨ᠎ᠤ ᠥᠷᠲᠡᠭᠡ ᠵᠢ ᠵᠣᠬᠢᠴᠠᠭᠤᠯᠬᠤ᠂ ᠦᠶᠯᠡᠳᠪᠦᠷᠢᠯᠡᠯ᠎ᠤᠨ ᠤᠷ᠎ᠠ ᠮᠡᠷᠭᠡᠰᠢᠯ᠎ᠢ ᠰᠢᠯᠢᠳᠡᠭᠵᠢᠭᠦᠯᠬᠦ ᠵᠡᠷᠭᠡ ᠵᠢ ᠳᠡᠮᠵᠢᠵᠦ᠂ ᠬᠣᠶᠠᠷ ᠬᠡᠷ᠎ᠤᠨ ᠡᠳ᠋ᠯᠡᠯ᠎ᠤᠨ ᠦᠶᠯᠡᠳᠪᠦᠷᠢ ᠵᠢᠨ ᠵᠢᠯ᠎ᠤᠨ ᠦᠶᠯᠡᠳᠬᠦᠨ᠎ᠤ ᠥᠷᠲᠡᠭ᠎ᠢ ᠮᠢᠩᠭ᠋ᠠᠨ ᠲᠦᠮᠡ ᠰᠢᠬᠠᠮ ᠲᠥᠭᠥᠷᠢᠭ᠎ᠲᠤ ᠬᠦᠷᠭᠡᠨ᠎ᠡ᠃
    ᠨᠢᠭᠡᠳᠦᠭᠡᠷ ᠱᠦᠵᠢ᠎ᠳᠤ ᠠᠪᠴᠤ ᠬᠡᠯᠡᠪᠡᠯ᠂ ᠨᠠᠮ ᠪᠣᠯᠤᠨ ᠤᠯᠠᠨ ᠲᠦᠮᠡᠨ᠎ᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠨᠢ ᠵᠥᠪᠬᠡᠨ ᠨᠢᠭᠡᠳᠦᠭᠡᠷ ᠠᠯᠬᠤᠮ ᠪᠣᠯᠤᠨ᠎ᠠ᠂ ᠣᠷᠴᠢᠨ ᠲᠣᠭᠣᠷᠢᠨ᠎ᠤ ᠳᠦᠷᠰᠦ ᠪᠠᠶ᠋ᠢᠳᠠᠯ᠎ᠢ ᠥᠭᠡᠷᠡᠴᠢᠯᠡᠵᠦ᠂ ᠰᠣᠶᠣᠯ᠎ᠤᠨ ᠬᠥᠳᠡᠯᠭᠡᠬᠦ ᠬᠦᠴᠦᠨ᠎ᠢ ᠨᠡᠮᠡᠭᠳᠡᠭᠦᠯᠦᠨ᠎ᠡ ᠁ 《ᠬᠠᠲᠠᠭᠤ ᠲᠤᠨᠤᠭ》 《ᠵᠥᠭᠡᠯᠡᠨ ᠲᠤᠨᠤᠭ》᠎ᠢ ᠵᠡᠷᠭᠡᠪᠡᠷ ᠠᠳᠬᠤᠪᠠᠯ ᠰᠠᠢ᠍ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠷᠭᠦᠯᠵᠢᠯᠡᠨ ᠠᠮᠢᠵᠢᠷᠠᠯ᠎ᠤᠨ ᠬᠦᠴᠦᠨ᠎ᠢ ᠦᠨᠳᠦᠰᠦᠨ᠎ᠠᠴᠠ᠎ᠨᠢ ᠨᠡᠮᠡᠷᠢᠯᠡᠵᠦ ᠴᠢᠳᠠᠨ᠎ᠠ᠃
    ᠸᠠᠩ ᠲᠢᠩ ᠴᠢᠨ ᠤᠯᠠᠭ᠋ᠠᠨ ᠲᠤᠭ ᠲᠣᠰᠬᠣᠨ᠎ᠳᠤ 《ᠨᠠᠮ᠎ᠤᠨ ᠪᠠᠶ᠋ᠢᠭᠤᠯᠤᠯᠲᠠ + ᠲᠠᠪᠤᠨ ᠣᠳᠣᠬᠢᠴᠢᠯᠠᠯᠲᠠ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ》 ᠵᠠᠭᠪᠤᠷ᠎ᠢ ᠪᠠᠶ᠋ᠢᠭᠤᠯᠵᠤ᠂ ᠬᠥᠳᠡᠭᠡ ᠲᠣᠰᠬᠣᠨ᠎ᠤ 《ᠲᠠᠪᠤᠨ ᠣᠳᠣᠬᠢᠴᠢᠯᠠᠯᠲᠠ》 ᠵᠢᠨ ᠠᠵᠢᠯᠯᠠᠭ᠎ᠠ ᠵᠢ ᠥᠷᠨᠢᠭᠦᠯᠪᠡ᠂ ᠲᠤᠬᠠᠶ᠋ᠢᠯᠠᠪᠠᠯ ᠵᠠᠮ᠎ᠤᠨ ᠭᠠᠳᠠᠷᠭᠤ ᠵᠢ ᠬᠠᠲᠠᠭᠤᠷᠠᠭᠤᠯᠬᠤ᠂ ᠵᠠᠮ᠎ᠤᠨ ᠳ᠋ᠧᠩ᠎ᠢ ᠭᠡᠷᠡᠯᠲᠦᠭᠦᠯᠬᠦ᠂ ᠵᠠᠮ᠎ᠤᠨ ᠬᠠᠵᠠᠭᠤ ᠵᠢ ᠨᠣᠭᠣᠭ᠋ᠠᠷᠠᠭᠤᠯᠬᠤ᠂ ᠵᠠᠮ᠎ᠢ ᠴᠡᠪᠡᠷᠰᠢᠭᠦᠯᠬᠦ᠂ ᠪᠦᠬᠦ ᠲᠣᠰᠬᠣᠨ᠎ᠢ ᠭᠤᠶᠤᠵᠢᠭᠤᠯᠬᠤ ᠠᠵᠢᠯᠯᠠᠭ᠎ᠠ ᠪᠣᠯᠤᠨ᠎ᠠ᠃ ᠲᠡᠷᠡ ᠤᠯᠤᠰ᠎ᠤᠨ ᠴᠡᠴᠡᠭ ᠡᠪᠡᠰᠦᠨ᠎ᠤ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ ᠪᠣᠯᠤᠨ ᠲᠤᠬᠠᠢ ᠵᠢᠨ ᠭᠠᠵᠠᠷ᠎ᠤᠨ ᠡᠬᠢ ᠪᠠᠶᠠᠯᠢᠭ᠎ᠢ ᠵᠣᠬᠢᠴᠠᠭᠤᠯᠵᠤ᠂ ᠤᠯᠠᠭ᠋ᠠᠨ ᠲᠤᠭ ᠲᠣᠰᠬᠣᠨ᠎ᠤ ᠵᠠᠮ᠎ᠤᠨ ᠨᠣᠭᠣᠭ᠋ᠠᠷᠠᠭᠤᠯᠤᠯᠲᠠ ᠵᠢ ᠪᠡᠶᠡᠯᠡᠭᠦᠯᠵᠦ᠂ ᠬᠥᠳᠡᠭᠡ ᠲᠣᠰᠬᠣᠨ᠎ᠤ ᠵᠠᠮ᠎ᠢ 103 ᠮᠸᠲᠷ ᠬᠠᠲᠠᠭᠤᠷᠠᠭᠤᠯᠵᠤ᠂ ᠪᠡᠭᠡᠵᠢᠩ᠎ᠤᠨ ᠤᠢ ᠰᠢᠭᠤᠢ ᠵᠢᠨ ᠶᠡᠬᠡ ᠰᠤᠷᠭ᠋ᠠᠭᠤᠯᠢ ᠵᠢᠨ ᠤᠷᠠᠯᠢᠭ᠎ᠤᠨ ᠵᠢᠷᠤᠭ ᠲᠥᠯᠥᠪᠯᠡᠭᠡ ᠵᠢᠨ ᠳᠡᠭᠡᠳᠦ ᠰᠤᠷᠭ᠋ᠠᠭᠤᠯᠢ ᠵᠢᠨ ᠨᠡᠶ᠋ᠢᠭᠡᠮ᠎ᠤᠨ ᠦᠢ᠍ᠯᠡᠳᠦᠯᠭᠡ ᠵᠢᠨ ᠠᠩᠬᠢ ᠵᠢᠨ 4 ᠬᠡᠷᠡᠮ᠎ᠤᠨ ᠵᠢᠷᠤᠭ ᠦᠢ᠍ᠯᠡᠳᠬᠦ ᠵᠢ ᠵᠣᠬᠢᠴᠠᠭᠤᠯᠵᠤ᠂ ᠤᠯᠠᠭ᠋ᠠᠨ ᠲᠤᠭ ᠲᠣᠰᠬᠣᠨ᠎ᠤ ᠠᠷᠠᠳ ᠤᠯᠠᠨ᠎ᠤ ᠠᠮᠢᠳᠤᠷᠠᠯ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠭ᠋ᠠᠨ ᠲᠤᠭ ᠲᠣᠰᠬᠣᠨ᠎ᠢ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠡᠬᠡ ᠭᠠᠵᠠᠷ᠎ᠲᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠪᠠ᠃
    ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ 《ᠳᠦᠷᠢ ᠲᠥᠷᠬᠦ》 ᠵᠢ ᠱᠤᠭᠤᠬᠤ᠎ᠪᠠᠷ ᠪᠠᠷᠠᠬᠤ ᠦᠭᠡᠢ ᠨᠡᠩ ᠴᠤ᠌ 《ᠰᠦᠭ ᠰᠦᠨᠡᠰᠦ》 ᠵᠢ ᠱᠤᠭᠤᠵᠤ᠂ 《ᠵᠢᠰᠦ ᠴᠢᠷᠠᠢ》 ᠵᠢ ᠦᠵᠡᠬᠦ᠎ᠪᠠᠷ ᠪᠠᠷᠠᠬᠤ ᠦᠭᠡᠢ ᠨᠡᠩ ᠴᠤ᠌ 《ᠰᠦᠷ ᠵᠢᠪᠬᠤᠭ᠎ᠠ》 ᠵᠢ ᠦᠵᠡᠬᠦ ᠬᠡᠷᠡᠭᠲᠡᠢ᠂ ᠰᠣᠶᠣᠯ᠎ᠤᠨ ᠬᠥᠭᠵᠢᠯ ᠮᠠᠨᠳᠤᠯ ᠴᠤ᠌ ᠤᠯᠠᠭ᠋ᠠᠨ ᠲᠤᠭ᠎ᠤᠨ ᠡᠬᠡ ᠭᠠᠵᠠᠷ᠎ᠲᠤ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠬᠡᠷᠡᠭᠲᠡᠢ᠃ ᠸᠠᠩ ᠲᠢᠩ ᠴᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ 《ᠨᠠᠮ᠎ᠤᠨ ᠪᠠᠶ᠋ᠢᠭᠤᠯᠤᠯᠲᠠ + ᠪᠣᠯᠪᠠᠰᠤᠨ ᠦᠢ᠍ᠯᠡᠳᠦᠯᠭᠡ ᠵᠢᠨ ᠠᠩᠬᠢ + ᠲᠠᠷᠢᠶᠠᠴᠢᠨ ᠡᠷᠦᠬᠡ》 ᠵᠢᠨ ᠵᠠᠭᠪᠤᠷ᠎ᠢ ᠪᠠᠶ᠋ᠢᠭᠤᠯᠪᠠ᠃ ᠪᠣᠯᠪᠠᠰᠤᠨ᠎ᠤ ᠦᠢ᠍ᠯᠡᠳᠦᠯᠭᠡ ᠵᠢᠨ ᠠᠩᠬᠢ ᠵᠢ ᠠᠰᠢᠭᠯᠠᠵᠤ᠂ 《ᠰᠤᠷᠤᠯᠴᠠᠬᠤ᠂ ᠶᠠᠷᠢᠬᠤ᠂ ᠣᠶ᠋ᠢᠯᠠᠭ᠋ᠠᠬᠤ᠂ ᠡᠷᠬᠢᠯᠡᠬᠦ᠂ ᠪᠠᠶ᠋ᠢᠭᠤᠯᠬᠤ᠂ ᠪᠤᠢ ᠪᠣᠯᠭ᠋ᠠᠬᠤ᠂ ᠮᠡᠳᠡᠷᠡᠬᠦ》 ᠳᠤᠯᠤᠭ᠋ᠠᠨ ᠦᠰᠦᠭ᠎ᠤᠨ ᠠᠵᠢᠯ᠎ᠤᠨ ᠠᠷᠭ᠎ᠠ ᠵᠢᠨ ᠲᠣᠭᠣᠷᠢᠨ᠎ᠳᠤ᠂ ᠨᠠᠮ᠎ᠤᠨ ᠲᠡᠦᠬᠡ ᠵᠢ ᠰᠤᠷᠤᠯᠴᠠᠬᠤ ᠪᠠᠭ᠎ᠠ ᠬᠦᠷᠢᠶᠡᠯᠡᠩ᠎ᠢ ᠪᠠᠶ᠋ᠢᠭᠤᠯᠵᠤ᠂ 《ᠤᠯᠠᠨ ᠲᠦᠮᠡᠨ᠎ᠤ ᠵᠣᠭᠣᠭᠳᠠᠨ ᠶᠠᠷᠢᠯᠴᠠᠬᠤ》 ᠠᠵᠢᠯᠯᠠᠭ᠎ᠠ ᠵᠢᠨ ᠰᠢᠨ᠎ᠡ ᠵᠢ ᠡᠭᠦᠳᠴᠦ᠂ ᠤᠯᠠᠭ᠋ᠠᠨ ᠲᠤᠭ᠎ᠤᠨ ᠲᠡᠦᠬᠡ ᠵᠢ ᠠᠭᠤᠳᠠᠯᠵᠤ᠂ ᠤᠯᠠᠭ᠋ᠠᠨ ᠲᠤᠭ᠎ᠤᠨ ᠦᠯᠢᠭᠡᠷ᠎ᠢ ᠰᠠᠶ᠋ᠢᠲᠤᠷ ᠶᠠᠷᠢᠵᠤ᠂ ᠰᠣᠶᠣᠯ᠎ᠤᠨ ᠬᠥᠭᠵᠢᠯ ᠮᠠᠨᠳᠤᠯ ᠵᠶ᠋ᠠᠷ ᠬᠥᠳᠡᠭᠡ ᠲᠣᠰᠬᠣᠨ᠎ᠤ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠬᠥᠭᠵᠢᠭᠡᠨ᠎ᠡ᠃
    ᠪᠣᠷᠣᠯᠠᠭᠤᠯᠭ᠎ᠠ ᠰᠠᠶ᠋ᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠂ ᠥᠷᠨᠢᠭᠦᠨ ᠬᠥᠭᠵᠢᠵᠦ ᠪᠠᠶ᠋ᠢᠭ᠎ᠠ ᠭᠡᠷ᠎ᠤᠨ ᠡᠳ᠋ᠯᠡᠯ᠎ᠤᠨ ᠦᠢ᠍ᠯᠡᠳᠪᠦᠷᠢ᠂ ᠲᠣᠰᠬᠣᠨ᠎ᠤ ᠠᠷᠠᠳ᠎ᠤᠨ ᠶᠡᠬᠡ ᠶᠠᠪᠤᠳᠠᠯ ᠪᠠᠭ᠎ᠠ ᠪᠠᠶ᠋ᠢᠳᠠᠯ᠎ᠢ ᠰᠢᠢ᠍ᠳᠪᠦᠷᠢᠯᠡᠬᠦ 《ᠵᠡᠭᠡᠯᠢ ᠵᠢᠨ ᠳᠠᠷᠤᠭ᠎ᠠ ᠵᠢᠨ ᠲᠦᠷᠢᠮ》 ᠁ ᠠᠵᠤ ᠦᠢ᠍ᠯᠡᠰ᠎ᠤᠨ ᠬᠥᠭᠵᠢᠯᠲᠡ᠎ᠠᠴᠠ ᠵᠣᠬᠢᠶᠠᠨ ᠪᠠᠶ᠋ᠢᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ᠂ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠠᠴᠠ ᠬᠥᠳᠡᠭᠡ ᠲᠣᠰᠬᠣᠨ᠎ᠤ ᠰᠤᠷᠲᠠᠯ ᠪᠣᠯᠪᠠᠰᠤᠨ᠎ᠤ ᠪᠠᠶ᠋ᠢᠭᠤᠯᠤᠯᠲᠠ ᠬᠦᠷᠲᠡᠯ᠎ᠡ᠂ ᠸᠠᠩ ᠲᠢᠩ ᠴᠢᠨ ᠤᠯᠠᠭ᠋ᠠᠨ ᠲᠤᠭ ᠲᠣᠰᠬᠣᠨ᠎ᠳᠤ ᠢᠷᠡᠭᠰᠡᠨ ᠣᠬᠣᠷᠬᠠᠨ 9 ᠰᠠᠷ᠎ᠠ ᠵᠢᠨ ᠬᠤᠭᠤᠴᠠᠭ᠋ᠠᠨ᠎ᠳᠤ᠂ ᠤᠯᠠᠭ᠋ᠠᠨ ᠲᠤᠭ ᠲᠣᠰᠬᠣᠨ᠎ᠤ ᠠᠯᠢᠪᠠ ᠪᠦᠬᠦᠨ᠎ᠳᠤ ᠰᠡᠮᠡᠭᠡᠷ ᠬᠤᠪᠢᠷᠠᠯᠲᠠ ᠭᠠᠷᠴᠠᠢ᠃ ᠸᠠᠩ ᠲᠢᠩ ᠴᠢᠨ᠄ 《ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠬᠦᠷᠦᠭᠰᠡᠡ ᠠᠩᠬᠠᠨ᠎ᠤ ᠡᠳᠦᠷ᠎ᠠᠴᠠ ᠡᠬᠢᠯᠡᠨ᠂ ᠪᠢ ᠠᠶᠠᠨ᠎ᠤ ᠪᠣᠭᠴᠣ᠎ᠪᠠᠨ ᠡᠭᠦᠷᠴᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠪᠠ᠂ ᠪᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠤᠤᠬᠢ᠊ ᠢ᠎ᠠ ᠵᠢ ᠲᠣᠰᠴᠤ ᠠᠪᠤᠭ᠋ᠠᠳ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠴᠢᠷᠮᠠᠶ᠋ᠢᠨ ᠤᠷᠤᠭᠰᠢᠯᠠᠵᠠᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠪᠢ ᠵᠠᠮ᠎ᠳᠠᠭᠠᠨ ᠪᠠᠶ᠋ᠢᠭᠰᠠᠭ᠋ᠠᠷ ᠪᠠᠶ᠋ᠢᠨ᠎ᠠ!》 ᠭᠡᠵᠦ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠠᠬᠢᠯᠭ᠋ᠠᠨ ᠬᠦᠴᠦᠨ ᠬᠤᠰᠢᠭᠤᠴᠢᠯᠠᠨ᠎ᠠ
【ᠨᠢᠭᠡᠳᠦᠭᠡᠷ ᠱᠦᠵᠢ ᠵᠢᠨ ᠴᠣᠭ ᠵᠢᠪᠬᠤᠭ᠎ᠠ】 ᠯᠢᠦ ᠶᠠ ᠯᠧᠦ᠄ ᠲᠣᠰᠬᠣᠨ᠎ᠳᠤ ᠰᠠᠭᠤᠵᠤ ᠪᠠᠭ᠎ᠠ ᠶᠠᠪᠤᠳᠠᠯ ᠦᠭᠡᠢ ᠪᠣᠳᠠᠲᠠᠢ ᠠᠵᠢᠯᠯᠠᠪᠠᠯ ᠠᠷᠠᠳ᠎ᠤᠨ ᠰᠡᠳᠬᠢᠯ᠎ᠢ ᠣᠯᠵᠤ ᠲᠠᠶ᠋ᠢᠯᠤᠨ᠎ᠠ
ᠯᠢᠦ ᠹᠦ᠋ ᠸᠧᠢ᠄ ᠲᠠᠷᠢᠶᠠᠨ ᠭᠠᠵᠠᠷ ᠳᠡᠭᠡᠷ᠎ᠡ ᠬᠥᠯᠥᠰᠦ᠎ᠪᠠᠨ ᠠᠰᠬᠠᠭᠰᠠᠨ 《ᠶᠡᠷᠦᠩᠬᠡᠢ ᠰᠠᠯᠠᠭ᠋ᠠᠨ᠎ᠤ ᠲᠤᠰᠬᠠᠢ ᠮᠡᠷᠭᠡᠵᠢᠯᠲᠡᠨ》
ᠠᠷᠠᠳ᠎ᠤᠨ ᠰᠡᠳᠬᠢᠯ᠎ᠳᠤ ᠲᠡᠩᠨᠡᠭᠦᠷ᠎ᠲᠠᠢ (ᠨᠢᠭᠡᠳᠦᠭᠡᠷ ᠹᠷᠣᠨᠲ ᠵᠶ᠋ᠠᠷ ᠶᠠᠪᠤᠬᠤ)
【ᠪᠠᠶᠠᠵᠢᠯ᠎ᠤᠨ ᠬᠣᠰᠢᠭᠤᠴᠢ 】 ᠰᠠᠷᠠᠨᠴᠢᠮᠡᠭ᠄ ᠴᠠᠭ᠋ᠠᠨ ᠰᠠᠷ᠎ᠠ ᠵᠢᠨ ᠲᠡᠮᠡᠭᠡᠨ ᠰᠦ ᠵᠢᠨ ᠪᠣᠷᠣᠯᠠᠭᠤᠯᠤᠯᠲᠠ ᠰᠠᠢ᠌ᠨ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠵᠣᠭᠣᠰ ᠬᠣᠨᠵᠢᠬᠤ ᠵᠢᠨ ᠠᠯᠢ ᠵᠢ᠎ᠨᠢ ᠴᠦ᠍ ᠰᠠᠭ᠋ᠠᠲᠠᠭ᠋ᠠᠬᠤ ᠦᠭᠡᠢ
 
            