ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠪᠠᠶᠠᠵᠢᠯ᠎ᠤᠨ ᠬᠣᠰᠢᠭᠤᠴᠢ】 ᠯᠢᠦ ᠶᠦᠩ ᠸᠧᠢ ᠵᠢᠨ 《ᠡᠯᠵᠢᠭᠡ ᠲᠡᠵᠢᠭᠡᠬᠦ ᠰᠤᠳᠤᠷ》
ᠨᠡᠶ᠋ᠢᠲᠡᠯᠡᠭᠰᠡᠨ ᠴᠠᠭ᠄ 2022-02-15

  ᠬᠥᠬᠡᠭᠡ ᠰᠠᠷ᠎ᠠ ᠵᠢᠨ ᠬᠣᠷᠢᠨ ᠬᠣᠶᠠᠷ᠎ᠤᠨ ᠡᠳᠦᠷ᠂ ᠲᠡᠵᠢᠭᠡᠨ ᠦᠷᠡᠵᠢᠭᠦᠯᠬᠦ ᠮᠠᠢ᠌ᠮᠠᠢ ᠬᠢᠵᠦ ᠪᠠᠢ᠌ᠭ᠎ᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠᠰᠠ ᠡᠨᠡ ᠵᠢᠯ᠎ᠤᠨ ᠳᠣᠲᠣᠷᠠᠬᠢ ᠬᠠᠮᠤᠭ᠎ᠤᠨ ᠰᠢᠵᠢᠷ ᠠᠯᠳᠠᠨ ᠴᠠᠭ ᠬᠤᠭᠤᠴᠠᠭ᠎ᠠ ᠵᠢ ᠠᠮᠵᠢᠨ ᠪᠠᠷᠠᠭ᠎ᠠ ᠭᠠᠷᠭ᠋ᠠᠬᠤ᠎ᠪᠠᠷ ᠶᠠᠭ᠋ᠠᠷᠠᠯᠳᠤᠵᠤ ᠪᠠᠢ᠌ᠬᠤ᠎ᠳᠤ᠂ ᠭᠦᠶᠠᠩ ᠰᠢᠶᠠᠨ᠎ᠤ ᠵᠢᠨᠱ᠌ᠠᠨ ᠵᠧᠨ ᠬᠣᠩ ᠲᠤᠤ ᠵᠢᠨ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶᠠᠨ᠎ᠤ ᠬᠠᠷᠢᠭᠤᠴᠠᠯᠭ᠋ᠠᠲᠠᠨ ᠯᠢᠦ ᠶᠦᠩ ᠸᠧᠢ ᠬᠠᠷᠢᠨ ᠰᠤᠯᠠ ᠰᠡᠯᠡᠭᠦᠦ ᠪᠣᠯᠵᠤ᠂ ᠰᠢᠨ᠎ᠡ ᠨᠢᠭᠡ ᠵᠢᠯ᠎ᠤᠨ ᠬᠥᠭᠵᠢᠯᠲᠡ᠎ᠪᠠᠨ ᠲᠥᠯᠥᠪᠯᠡᠵᠦ ᠡᠬᠢᠯᠡᠵᠡᠢ᠃  《ᠨᠢᠭᠡᠳᠦᠭᠡᠷ ᠰᠠᠷ᠎ᠠ ᠵᠢᠨ ᠨᠢᠭᠡᠨ᠎ᠤ ᠡᠳᠦᠷ᠎ᠠᠴᠠ ᠡᠬᠢᠯᠡᠵᠦ᠂ ᠪᠢ 70 ᠭᠠᠷᠤᠢ ᠡᠯᠵᠢᠭᠡ ᠵᠢ ᠠᠯᠠᠵᠠᠢ᠂ ᠳᠥᠷᠪᠡ᠂ ᠲᠠᠪᠤᠨ ᠡᠳᠦᠷ᠎ᠤᠨ ᠡᠮᠦᠨ᠎ᠡ ᠬᠤᠳᠠᠯᠳᠤᠭ᠋ᠠᠳ ᠪᠠᠷᠠᠴᠢᠬᠠᠵᠠᠢ᠂ ᠭᠡᠪᠡᠴᠦ ᠤᠳᠤ ᠪᠠᠰᠠ ᠤᠲᠠᠰᠤ ᠢᠷᠡᠭᠦᠯᠵᠦ ᠪᠠᠷᠠᠭ᠎ᠠ ᠠᠪᠬᠤ ᠬᠥᠮᠥᠨ ᠲᠠᠰᠤᠷᠠᠯᠳᠡ ᠦᠭᠡᠢ ᠪᠠᠢ᠌ᠨ᠎ᠠ᠂ ᠬᠠᠩᠭ᠋ᠠᠯᠭ᠎ᠠ᠎ᠨᠢ ᠬᠡᠷᠡᠭᠴᠡᠭᠡ᠎ᠳᠡᠭᠡᠨ ᠬᠦᠷᠬᠦ ᠦᠭᠡᠢ ᠪᠠᠢ᠌ᠨ᠎ᠠ!》 ᠭᠡᠵᠦ ᠬᠡᠯᠡᠨ᠎ᠡ᠃ ᠪᠢ 70 ᠭᠠᠷᠤᠢ ᠡᠯᠵᠢᠭᠡ ᠵᠢ ᠠᠯᠠᠵᠠᠢ᠂ ᠳᠥᠷᠪᠡ᠂ ᠲᠠᠪᠤᠨ ᠡᠳᠦᠷ᠎ᠤᠨ ᠡᠮᠦᠨ᠎ᠡ ᠬᠤᠳᠠᠯᠳᠤᠭ᠋ᠠᠳ ᠪᠠᠷᠠᠴᠢᠬᠠᠵᠠᠢ᠂ ᠭᠡᠪᠡᠴᠦ ᠤᠳᠤ ᠪᠣᠯᠲᠠᠯ᠎ᠠ ᠪᠠᠰᠠ ᠲᠠᠰᠤᠷᠠᠯᠳᠡ ᠦᠭᠡᠢ ᠤᠲᠠᠰᠤ ᠢᠷᠡᠭᠦᠯᠵᠦ ᠪᠠᠷᠠᠭ᠎ᠠ ᠠᠪᠬᠤ ᠬᠥᠮᠥᠨ ᠪᠠᠢ᠌ᠨ᠎ᠠ᠂ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠭᠡᠢ ᠪᠠᠢ᠌ᠨ᠎ᠠ》 ᠭᠡᠵᠦ ᠬᠡᠯᠡᠪᠡ᠃ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠲᠠᠯᠠᠪᠠᠢ᠎ᠳᠤ᠂ ᠯᠢᠦ ᠶᠦᠩ ᠸᠧᠢ ᠡᠯᠵᠢᠭᠡᠨ᠎ᠳᠤ ᠴᠠᠭ᠋ᠠᠨ ᠰᠠᠷ᠎ᠠ ᠵᠢᠨ ᠡᠪᠡᠰᠦ ᠪᠣᠷᠳᠣᠭ᠎ᠠ ᠪᠡᠯᠡᠳᠬᠡᠨ ᠥᠭᠴᠦ᠂ ᠬᠠᠪ ᠬᠠᠷ᠎ᠠ ᠴᠢᠷᠠᠢ᠎ᠳᠤᠨᠢ ᠪᠠᠶᠠᠷ ᠪᠠᠬᠠᠳᠤᠯ ᠵᠶ᠋ᠠᠷ ᠪᠢᠯᠬᠠᠨ᠎ᠠ᠃ ᠠᠭᠤᠵᠢᠮ ᠰᠠᠷᠠᠭᠤᠯ᠂ ᠲᠡᠷᠢ ᠲᠡᠭᠰᠢ ᠡᠯᠵᠢᠭᠡᠨ᠎ᠤ ᠬᠠᠰᠢᠶᠠᠨ᠎ᠳᠤ 100 ᠭᠠᠷᠤᠢ ᠡᠯᠵᠢᠭᠡᠨ᠎ᠤ ᠪᠡᠶ᠎ᠡ᠎ᠨᠢ ᠬᠦᠳᠡᠷ ᠴᠢᠭᠢᠷᠠᠭ ᠪᠤᠶᠤ ᠰᠤᠯᠠ ᠰᠡᠯᠡᠭᠦᠦ ᠠᠯᠬᠤᠯᠠᠬᠤ᠂ ᠡᠰᠡᠬᠦᠯ᠎ᠡ ᠲᠡᠭᠷᠢ ᠥᠭᠡᠳᠡ ᠬᠠᠷᠠᠵᠤ ᠤᠷᠠᠢ ᠬᠠᠰᠬᠢᠷᠬᠤ ᠡᠰᠡᠬᠦᠯ᠎ᠡ ᠨᠡᠷᠡᠨ᠎ᠳᠤ ᠡᠭᠡᠭᠡᠵᠦ ᠮᠡᠯᠡᠷᠡᠳᠡᠭ᠃   ᠶᠠᠭᠤᠨ᠎ᠤ ᠤᠴᠢᠷ᠎ᠠᠴᠠ ᠠᠳᠠᠯ ᠪᠣᠰᠬᠠᠬᠤ ᠬᠡᠷᠡᠭᠲᠡᠢ ᠪᠣᠢ? ᠶᠠᠭᠤᠨ᠎ᠤ ᠤᠴᠢᠷ᠎ᠠᠴᠠ ᠡᠯᠵᠢᠭᠡ ᠲᠡᠵᠢᠭᠡᠳᠡᠭ ᠪᠤᠢ? ᠰᠤᠷᠪᠤᠯᠵᠢᠯᠠᠭᠴᠢ ᠡᠨᠡ ᠬᠦ᠌ ᠣᠯᠠᠨ ᠬᠥᠮᠥᠨ᠎ᠤ ᠣᠯᠠᠨ ᠤᠳᠠᠭ᠎ᠠ ᠠᠰᠠᠭᠤᠭᠰᠠᠨ ᠠᠰᠠᠭᠤᠯᠲᠠ ᠵᠢ ᠯᠢᠦ ᠶᠦᠩ ᠸᠧᠢ᠎ᠳᠤ ᠳᠠᠬᠢᠨ ᠨᠢᠭᠡ ᠤᠳᠠᠭ᠎ᠠ ᠬᠠᠶᠠᠵᠤ ᠥᠭᠭᠦᠭᠰᠡᠨ᠎ᠳᠤ᠂ ᠡᠨᠡ ᠬᠦ᠌ ᠶᠠᠷᠢᠶ᠎ᠠ ᠬᠥᠭᠡᠷᠦᠭᠡ᠎ᠲᠠᠢ ᠴᠡᠷᠢᠭ᠎ᠠᠴᠠ ᠬᠠᠯᠠᠭᠳᠠᠭᠰᠠᠨ ᠴᠡᠷᠢᠭ᠎ᠤᠨ ᠦᠭᠡ᠎ᠨᠢ ᠲᠡᠷᠡ ᠳᠣᠣᠷ᠎ᠠ᠎ᠪᠠᠨ᠄ 《ᠬᠥᠮᠥᠨ ᠡᠨᠡ ᠨᠠᠰᠤᠨ᠎ᠳᠠᠭᠠᠨ ᠬᠡᠳᠦᠨᠲᠡ ᠠᠮᠢ ᠴᠦᠯᠡᠨ ᠲᠡᠮᠡᠴᠡᠵᠦ ᠴᠢᠳᠠᠬᠤ ᠪᠤᠶ  ?》 ᠭᠡᠵᠦ ᠬᠡᠯᠡᠬᠦ ᠦᠭᠡᠨ᠎ᠤ ᠬᠠᠢ᠌ᠷᠴᠠᠭ ᠵᠶ᠋ᠠᠨ ᠳᠡᠯᠭᠡᠵᠦ᠄ 《ᠬᠥᠮᠥᠨ ᠡᠨᠡ ᠨᠠᠰᠤᠨ᠎ᠳᠠᠭᠠᠨ ᠬᠡᠳᠦᠨᠲᠡ ᠠᠮᠢ ᠪᠡᠶ᠎ᠡ᠎ᠪᠠᠨ ᠦᠵᠡᠯᠴᠡᠬᠦ ᠪᠤᠶ? ᠠᠮᠢ ᠴᠦᠯᠡᠨ ᠲᠡᠮᠡᠴᠡᠭᠰᠡᠨ ᠴᠦ᠍ ᠬᠥᠮᠥᠨ᠎ᠤ ᠠᠮᠢᠳᠤᠷᠠᠯ ᠭᠡᠵᠦ ᠬᠢᠯᠢᠰᠳᠡᠬᠦ ᠦᠭᠡᠢ᠃ 2005 ᠣᠨ᠎ᠳᠤ ᠪᠢ ᠴᠡᠷᠢᠭ᠎ᠠᠴᠠ ᠬᠠᠯᠠᠭᠳᠠᠬᠤ᠎ᠳᠠᠭᠠᠨ ᠵᠠᠯᠠᠭᠤ᠎ᠳᠠᠭᠠᠨ ᠢᠩᠭᠢᠵᠦ ᠶᠠᠭᠤ ᠴᠤ᠌ ᠪᠦᠲᠦᠭᠡᠵᠦ ᠴᠢᠳᠠᠬᠤ ᠦᠭᠡᠢ ᠭᠡᠵᠦ ᠪᠤᠳᠤᠭ᠋ᠠᠳ ᠲᠡᠵᠢᠭᠡᠨ ᠦᠷᠡᠵᠢᠭᠦᠯᠬᠦ ᠦᠢ᠍ᠯᠡᠰ᠎ᠲᠤ ᠣᠷᠣᠬᠤ᠎ᠪᠠᠷ ᠤᠷᠤᠯᠳᠤᠪᠠ᠃ ᠡᠨᠡ ᠦᠶ᠎ᠡ᠎ᠳᠤ ᠪᠢ ᠴᠡᠷᠢᠭ ᠠᠩᠭᠢ᠎ᠠᠴᠠ᠎ᠪᠠᠨ ᠪᠠᠭᠤᠬᠤ ᠦᠶ᠎ᠡ᠎ᠳᠤ ᠲᠤᠩ ᠵᠠᠯᠠᠭᠤ ᠪᠠᠢ᠌ᠭᠰᠠᠨ᠎ᠠᠴᠠ᠎ᠪᠠᠨ ᠶᠠᠭᠤ ᠴᠤ᠌ ᠪᠦᠲᠦᠭᠡᠵᠦ ᠴᠢᠳᠠᠬᠤ ᠦᠭᠡᠢ ᠭᠡᠵᠦ ᠪᠤᠳᠤᠭ᠋ᠠᠳ ᠲᠡᠵᠢᠭᠡᠨ ᠦᠷᠡᠵᠢᠭᠦᠯᠬᠦ ᠦᠢ᠍ᠯᠡᠰ᠎ᠲᠤ ᠣᠷᠣᠬᠤ᠎ᠪᠠᠷ ᠤᠷᠤᠯᠳᠤᠪᠠ᠃ ᠠᠩᠬ᠎ᠠ ᠡᠬᠢᠯᠡᠬᠦ᠎ᠳᠡᠭᠡᠨ ᠲᠠᠬᠢᠶ᠎ᠠ ᠲᠡᠵᠢᠭᠡᠵᠦ ᠪᠠᠢ᠌ᠵᠠᠢ᠂ 2014 ᠣᠨ᠎ᠳᠤ ᠬᠤᠷᠰᠢᠶ᠎ᠠ ᠪᠠᠢ᠌ᠭᠤᠯᠤᠭᠰᠠᠨ᠎ᠤ ᠳᠠᠷᠠᠭ᠎ᠠ ᠰᠠᠶᠢ ᠡᠯᠵᠢᠭᠡ ᠲᠡᠵᠢᠭᠡᠬᠦ᠎ᠪᠠᠷ ᠲᠥᠯᠥᠪᠯᠡᠵᠦ ᠪᠠᠢ᠌ᠵᠠᠢ》᠃   ᠯᠢᠦ ᠶᠦᠩ ᠸᠧᠢ ᠬᠡᠯᠡᠬᠦ᠎ᠳᠡᠭᠡᠨ᠂ ᠣᠯᠠᠨ ᠭᠠᠵᠠᠷ᠎ᠤᠨ ᠪᠠᠢ᠌ᠴᠠᠭ᠋ᠠᠯᠲᠠ᠎ᠪᠠᠷ ᠳᠡᠮᠵᠢᠨ᠂ ᠡᠯᠵᠢᠭᠡᠨ ᠮᠢᠬ᠎ᠠ᠂ ᠡᠯᠵᠢᠭᠡᠨ ᠠᠷᠠᠰᠤ᠂ ᠡᠯᠵᠢᠭᠡᠨ ᠶᠠᠰᠤ ᠵᠡᠷᠭᠡ ᠦᠢ᠍ᠯᠡᠳᠬᠦᠨ᠎ᠤ ᠡᠮ᠎ᠳᠤ ᠬᠡᠷᠡᠭᠯᠡᠬᠦ᠂ ᠡᠷᠡᠭᠦᠯᠵᠢᠯ᠎ᠤᠨ ᠴᠢᠳᠠᠮᠵᠢ ᠵᠢ ᠨᠡᠭᠡᠭᠡᠨ ᠠᠰᠢᠭᠯᠠᠬᠤ ᠵᠢ ᠳᠠᠭ᠋ᠠᠯᠳᠤᠨ᠂ ᠡᠯᠵᠢᠭᠡᠨ᠎ᠤ ᠠᠵᠤ ᠠᠬᠤᠢ ᠵᠢᠨ ᠦᠨ᠎ᠡ ᠥᠷᠲᠡᠭ ᠦᠷᠭᠦᠯᠵᠢᠯᠡᠨ ᠳᠡᠭᠡᠭᠰᠢᠯᠡᠵᠦ᠂ ᠡᠯᠵᠢᠭᠡ ᠲᠡᠵᠢᠭᠡᠬᠦ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠵᠦ ᠪᠠᠢ᠌ᠬᠤ ᠵᠢ ᠣᠯᠵᠤ ᠮᠠᠲᠠᠵᠠᠢ᠃ ᠠᠯᠠᠰᠢᠨ ᠡᠯᠵᠢᠭᠡ ᠡᠪᠡᠰᠦᠨ ᠲᠡᠵᠢᠭᠡᠯᠲᠡᠨ ᠪᠣᠯᠤᠭᠰᠠᠨ᠎ᠤ ᠬᠤᠪᠢ᠎ᠳᠤ᠂ ᠪᠦᠳᠦᠭᠦᠯᠢᠭ ᠲᠡᠵᠢᠭᠡᠯ᠎ᠳᠤ ᠲᠡᠰᠪᠦᠷᠢᠲᠡᠢ᠂ ᠰᠥᠷᠬᠦ ᠵᠢ ᠡᠰᠡᠷᠭᠦᠴᠡᠬᠦ ᠴᠢᠨᠠᠷ ᠵᠶ᠋ᠠᠷ ᠴᠢᠩᠭ᠎ᠠ᠂ ᠲᠡᠵᠢᠭᠡᠬᠦ᠎ᠳᠤ ᠬᠢᠯᠪᠠᠷ ᠮᠥᠷᠲᠡᠭᠡᠨ ᠲᠡᠵᠢᠭᠡᠯ ᠪᠣᠷᠳᠣᠭ᠋ᠠᠨ᠎ᠤ ᠢᠷᠡᠯᠲᠡ ᠥᠷᠭᠡᠨ᠂ ᠦᠷᠡᠵᠢᠯᠲᠡ ᠲᠦᠷᠭᠡᠨ᠂ ᠢᠳᠡᠰᠢ ᠵᠢᠨ ᠬᠡᠮᠵᠢᠶ᠎ᠡ ᠪᠠᠭ᠎ᠠ ᠵᠡᠷᠭᠡ ᠣᠨᠴᠠᠯᠢᠭ᠎ᠲᠠᠭᠠᠨ ᠲᠦᠰᠢᠭᠯᠡᠵᠦ᠂ ᠨᠢᠭᠡ ᠵᠦᠢ᠍ᠯ᠎ᠤᠨ ᠰᠢᠨ᠎ᠡ᠎ᠪᠠᠷ ᠬᠥᠭᠵᠢᠭᠰᠡᠨ ᠲᠡᠵᠢᠭᠡᠨ ᠦᠷᠡᠵᠢᠭᠦᠯᠬᠦ ᠠᠵᠤ ᠦᠢ᠍ᠯᠡᠰ ᠪᠣᠯᠵᠤ᠂ ᠪᠠᠭ᠎ᠠ ᠬᠡᠮᠵᠢᠶᠡᠨ᠎ᠤ ᠠᠰᠢᠭ ᠬᠣᠨᠵᠢᠪᠤᠷᠢ᠎ᠠᠴᠠ ᠳᠤᠮᠳᠠ ᠵᠡᠷᠭᠡ ᠵᠢᠨ ᠬᠡᠮᠵᠢᠶᠡᠨ᠎ᠤ ᠥᠨᠳᠥᠷ ᠠᠰᠢᠭ ᠬᠣᠨᠵᠢᠪᠤᠷᠢ ᠳᠠᠰᠢ ᠦᠳᠲᠡᠷ ᠲᠦᠷᠭᠡᠨ ᠬᠥᠭᠵᠢᠭᠰᠡᠨ ᠪᠠᠢ᠌ᠨ᠎ᠠ᠃   ᠬᠢᠨ᠎ᠡ ᠭᠡᠪᠡᠯ ᠬᠢᠵᠦ᠂ 2016 ᠣᠨ᠎ᠳᠤ ᠡᠯᠵᠢᠭᠡ ᠲᠡᠵᠢᠭᠡᠬᠦ ᠰᠠᠢ᠌ᠨ ᠰᠠᠢ᠌ᠬᠠᠨ ᠢᠷᠡᠭᠡᠳᠦᠢ ᠵᠢ ᠦᠵᠡᠵᠦ ᠭᠠᠷᠴᠠᠢ᠃ ᠯᠢᠦ ᠶᠦᠩ ᠸᠧᠢ ᠪᠤᠰᠤᠳ ᠬᠡᠳᠦᠨ ᠲᠠᠷᠢᠶᠠᠴᠢᠨ ᠡᠷᠦᠬᠡ᠎ᠲᠠᠢ ᠬᠠᠮᠲᠤ᠎ᠪᠠᠷ ᠲᠠᠷᠢᠶᠠᠴᠢᠨ᠎ᠤ ᠬᠤᠷᠰᠢᠶ᠎ᠠ ᠪᠠᠢ᠌ᠭᠤᠯᠵᠤ᠂ ᠡᠬᠢᠯᠡᠩᠭᠦᠲᠡ᠎ᠪᠠᠨ 50᠎ᠠᠴᠠ ᠤᠳᠤ ᠪᠣᠯᠬᠤ᠎ᠳᠤ 110 ᠪᠣᠯᠵᠤ᠂ ᠵᠢᠯ᠎ᠤᠨ ᠴᠡᠪᠡᠷ ᠣᠷᠣᠯᠭ᠎ᠠ᠎ᠨᠢ 45 ᠲᠦᠮᠡᠨ ᠲᠥᠭᠥᠷᠢᠭ᠎ᠲᠤ ᠬᠦᠷᠴᠡᠢ᠃  

     《ᠨᠢᠭᠡ ᠡᠯᠵᠢᠭᠡ᠎ᠠᠴᠠ 240 ᠵᠢᠩ ᠮᠢᠬ᠎ᠠ᠂ ᠶᠠᠰᠤ ᠭᠠᠷᠭ᠋ᠠᠵᠤ ᠴᠢᠳᠠᠳᠠᠭ᠂ ᠵᠢᠷᠦᠬᠡ᠂ ᠡᠯᠢᠭᠡ᠂ ᠲᠣᠯᠣᠭ᠋ᠠᠢ᠂ ᠭᠡᠳᠡᠰᠦ᠂ ᠠᠷᠠᠰᠤ ᠵᠡᠷᠭᠡ ᠵᠢ ᠪᠦᠷ ᠬᠤᠳᠠᠯᠳᠤᠳᠠᠭ᠂ ᠡᠯᠵᠢᠭᠡ ᠵᠢᠨ ᠪᠦᠬᠦ ᠪᠡᠶ᠎ᠡ᠎ᠳᠤ ᠡᠷᠳᠡᠨᠢ ᠪᠠᠢ᠌ᠳᠠᠭ》᠃ ᠡᠲᠡᠭᠡᠷ ᠡᠯᠵᠢᠭᠡ᠎ᠨᠢ ᠯᠢᠦ ᠶᠦᠩ ᠸᠧᠢ ᠵᠢ ᠪᠠᠶᠠᠵᠢᠭᠤᠯᠤᠭᠰᠠᠨ ᠵᠶ᠋ᠠᠷ ᠪᠠᠷᠠᠬᠤ ᠦᠭᠡᠢ᠂ ᠪᠠᠰᠠ ᠡᠷᠬᠢᠨ ᠲᠣᠭᠣᠷᠢᠨ᠎ᠤ ᠲᠣᠰᠬᠣᠨ᠎ᠤ ᠠᠷᠠᠳ᠎ᠢ ᠳᠠᠶ᠋ᠢᠴᠢᠯᠠᠨ ᠬᠠᠮᠲᠤ᠎ᠪᠠᠷ ᠬᠥᠭᠵᠢᠭᠦᠯᠵᠦ ᠪᠠᠢ᠌ᠨ᠎ᠠ᠃   ᠬᠤᠷᠰᠢᠶ᠎ᠠ ᠵᠢᠯ ᠪᠦᠷᠢ ᠡᠷᠬᠢᠨ ᠲᠣᠭᠣᠷᠢᠨ᠎ᠤ ᠲᠣᠰᠬᠣᠨ᠎ᠤ ᠠᠷᠠᠳ᠎ᠤᠨ ᠡᠷᠳᠡᠨᠢ ᠰᠢᠰᠢ ᠪᠠ ᠡᠰᠢ ᠰᠦᠷᠡᠯ᠎ᠢ ᠪᠦᠬᠦᠨ᠎ᠢ ᠬᠤᠳᠠᠯᠳᠤᠨ ᠠᠪᠴᠢᠷᠠᠵᠤ ᠡᠯᠵᠢᠭᠡᠨ᠎ᠳᠤ ᠲᠡᠵᠢᠭᠡᠯ ᠪᠣᠷᠳᠣᠭ᠎ᠠ ᠬᠢᠵᠦ ᠥᠭᠲᠡᠭ᠃ ᠰᠢᠶᠠᠨ᠎ᠤ 《ᠵᠠᠭᠤᠨ ᠠᠵᠤ ᠠᠬᠤᠢ᠌ᠯᠠᠯ ᠵᠠᠭᠤᠨ ᠲᠣᠰᠬᠣᠨ᠎ᠢ ᠬᠠᠪᠰᠤᠷᠬᠤ》ᠪᠦᠷᠢᠯᠳᠦᠭᠦᠨ ᠪᠣᠯᠤᠭᠰᠠᠨ᠎ᠤ ᠬᠤᠪᠢ᠎ᠳᠤ᠂ ᠬᠤᠷᠰᠢᠶ᠎ᠠ᠎ᠨᠢ ᠲᠣᠰᠬᠣᠨ᠎ᠤ ᠶᠠᠳᠠᠭᠤ ᠵᠢ ᠲᠡᠳᠬᠦᠬᠦ ᠠᠵᠢᠯ᠎ᠳᠤ ᠢᠳᠡᠪᠬᠢᠲᠡᠢ ᠣᠷᠣᠯᠴᠠᠵᠤ᠂ 2 ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢ ᠪᠠᠭᠲᠠᠭ᠋ᠠᠭᠰᠠᠨ 6 ᠲᠣᠰᠬᠣᠨ᠎ᠤ ᠠᠷᠠᠳ᠎ᠢ ᠣᠷᠣᠭᠤᠯᠤᠨ ᠠᠵᠢᠯ ᠣᠯᠭᠣᠵᠤ᠂ ᠵᠢᠯ ᠪᠦᠷᠢ ᠲᠣᠰᠬᠣᠨ᠎ᠤ ᠠᠷᠠᠳ᠎ᠢ ᠬᠠᠪᠰᠤᠷᠤᠨ ᠵᠢᠷᠭᠤᠭ᠎ᠠ᠂ ᠲᠤᠯᠤᠭ᠋ᠠᠨ ᠲᠦᠮᠡᠨ ᠲᠥᠭᠥᠷᠢᠭ᠎ᠤᠨ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠭᠳᠡᠬᠦᠨ᠎ᠢ ᠣᠷᠣᠯᠠᠨ ᠬᠤᠳᠠᠯᠳᠤᠵᠤ ᠪᠠᠢ᠌ᠨ᠎ᠠ᠃   ᠣᠳᠣᠬᠠᠨ᠎ᠳᠤ᠂ ᠣᠯᠠᠨ ᠵᠶ᠋ᠠᠷ ᠵᠶ᠋ᠠᠨ ᠴᠥᠮ ᠴᠢᠨᠡᠭᠡᠯᠢᠭ ᠠᠮᠢᠳᠤᠷᠠᠯ᠎ᠲᠠᠢ ᠪᠣᠯᠵᠤ᠂ ᠯᠢᠦ ᠶᠦᠩ ᠸᠧᠢ ᠲᠡᠵᠢᠭᠡᠨ ᠦᠷᠡᠵᠢᠭᠦᠯᠬᠦ ᠬᠡᠪᠴᠢᠶ᠎ᠡ᠎ᠪᠠᠨ ᠥᠷᠭᠡᠳᠬᠡᠬᠦ᠎ᠪᠠᠷ ᠲᠥᠯᠥᠪᠯᠡᠵᠦ ᠪᠠᠢ᠌ᠨ᠎ᠠ᠃ 30 ᠮᠦ᠍ ᠵᠢᠨ ᠰᠢᠨ᠎ᠡ ᠲᠡᠵᠢᠭᠡᠪᠦᠷᠢ ᠵᠢᠨ ᠲᠠᠯᠠᠪᠠᠢ ᠵᠢ ᠶᠠᠭ ᠪᠡᠯᠡᠳᠬᠡᠨ ᠪᠠᠢ᠌ᠭᠤᠯᠵᠤ ᠪᠤᠢ᠂ 2022 ᠣᠨ᠎ᠳᠤ 300 ᠰᠠᠭᠤᠷᠢ ᠡᠮ᠎ᠡ ᠡᠯᠵᠢᠭᠡ ᠲᠠᠯᠠᠪᠠᠢ᠎ᠳᠤ ᠣᠷᠣᠵᠤ᠂ 2023 ᠣᠨ᠎ᠳᠤ 1000 ᠵᠢ ᠡᠵᠡᠯᠡᠬᠦ ᠪᠣᠯᠣᠨ᠎ᠠ᠃   ᠣᠳᠣ ᠵᠢᠨ ᠡᠯᠵᠢᠭᠡᠨ ᠮᠢᠬ᠎ᠠ ᠵᠢ ᠵᠢᠵᠢᠭᠯᠡᠨ ᠬᠤᠳᠠᠯᠳᠤᠭ᠋ᠠᠳ ᠪᠠᠷᠠᠴᠢᠬᠠᠪᠠ᠂ ᠪᠠᠰᠠ ᠮᠠᠰᠢ ᠤᠯᠠᠨ ᠬᠣᠭᠣᠯᠠᠨ ᠭᠡᠷ ᠬᠠᠮᠲᠤᠷᠠᠨ ᠠᠵᠢᠯᠯᠠᠬᠤ ᠲᠤᠬᠠᠢ ᠶᠠᠷᠢᠯᠴᠠᠬᠤ᠎ᠪᠠᠷ ᠢᠷᠡᠭᠰᠡᠨ᠎ᠳᠤ ᠯᠢᠦ ᠶᠦᠩ ᠸᠧᠢ ᠥᠩᠭᠡᠷᠡᠭᠰᠡᠨ᠎ᠤ ᠬᠥᠭᠵᠢᠯᠲᠡ ᠵᠢᠨ ᠠᠯᠬᠤᠴᠠ ᠪᠠᠬᠠᠨ ᠤᠳᠠᠭ᠋ᠠᠰᠢᠷᠠᠪᠠ ᠭᠡᠵᠦ ᠪᠤᠳᠤᠵᠠᠢ᠃ ᠳᠠᠷᠠᠭ᠋ᠠᠴᠢ ᠵᠢᠨ ᠠᠯᠬᠤᠮ᠎ᠤᠨ ᠬᠥᠭᠵᠢᠯᠲᠡ᠎ᠳᠤ ᠲᠡᠷᠡ᠄ 《ᠬᠡᠪᠴᠢᠶ᠎ᠡ᠎ᠪᠠᠨ ᠥᠷᠭᠡᠳᠬᠡᠪᠡᠯ᠂ ᠪᠣᠷᠤᠯᠠᠭᠤᠯᠭ᠎ᠠ ᠪᠣᠯᠪᠠᠰᠤᠷᠠᠩᠭᠤᠢ ᠪᠣᠯᠣᠨ᠎ᠠ᠂ ᠵᠠᠩᠭᠢᠯᠠᠭ᠎ᠠ᠎ᠨᠢ ᠪᠡᠯᠡ ᠮᠥᠩᠭᠥ ᠪᠣᠯᠣᠨ᠎ᠠ᠂ ᠭᠡᠬᠦ᠎ᠳᠡᠭᠡᠨ ᠲᠠᠷᠢᠶᠠᠯᠠᠩ᠎ᠤᠨ ᠵᠢᠭᠡᠯᠡᠯᠭᠡ ᠵᠢᠨ ᠬᠦᠦ ᠮᠥᠩᠭᠥ ᠳᠣᠣᠷ᠎ᠠ᠂ 3 ᠵᠢᠯ ᠵᠢᠭᠡᠯᠡᠭᠦᠯᠵᠦ ᠪᠣᠯᠬᠤ ᠪᠥᠭᠡᠳ ᠪᠠᠰᠠ ᠡᠭᠡᠯᠵᠢᠯᠡᠨ ᠵᠢᠭᠡᠯᠡᠭᠦᠯᠵᠦ ᠪᠣᠯᠣᠨ᠎ᠠ᠂ ᠪᠢ 3 ᠰᠠᠷ᠎ᠠ᠎ᠳᠤ 100 ᠭᠠᠷᠤᠢ ᠲᠦᠮᠡᠨ ᠲᠥᠭᠥᠷᠢᠭ᠎ᠤᠨ ᠵᠢᠭᠡᠯᠡᠯᠭᠡ ᠲᠠᠯᠪᠢᠬᠤ᠎ᠪᠠᠷ ᠪᠡᠯᠡᠳᠬᠡᠵᠦ ᠪᠠᠢ᠌ᠨ᠎ᠠ᠂ ᠡᠢ᠌ᠮᠦ᠎ᠠᠴᠠ ᠪᠡᠯᠡ ᠮᠥᠩᠭᠥ ᠴᠦ᠍ ᠠᠰᠠᠭᠤᠳᠠᠯ ᠦᠭᠡᠢ ᠶᠤᠮ》 ᠭᠡᠵᠦ ᠮᠠᠰᠢ ᠢᠲᠡᠭᠡᠯ᠎ᠲᠠᠢ ᠬᠡᠯᠡᠵᠡᠢ᠃   ᠡᠯᠵᠢᠭᠡ᠎ᠪᠠᠨ ᠲᠡᠵᠢᠭᠡᠵᠦ ᠵᠣᠭᠣᠰ ᠣᠯᠬᠤ ᠵᠢ ᠬᠠᠷᠠᠭ᠋ᠠᠳ ᠲᠣᠰᠬᠣᠨ᠎ᠤ ᠠᠷᠠᠳ᠎ᠤᠨ ᠰᠡᠳᠬᠢᠯ ᠴᠦ᠍ ᠤᠯᠠᠢ᠌ᠪᠠ᠃ ᠭᠡᠪᠡᠴᠦ ᠲᠣᠰᠬᠣᠨ᠎ᠤ ᠭᠡᠷ ᠵᠶ᠋ᠡᠨ ᠰᠠᠬᠢᠵᠤ ᠬᠣᠴᠣᠷᠤᠭᠰᠠᠨ ᠲᠣᠰᠬᠣᠨ᠎ᠤ ᠠᠷᠠᠳ᠎ᠤᠨ ᠨᠠᠰᠤ ᠠᠬᠠᠰᠢᠷᠠᠵᠤ᠂ ᠲᠠᠮᠢᠷ ᠲᠡᠩᠬᠡᠭᠡ ᠬᠦᠷᠦᠯᠴᠡᠬᠦ ᠦᠭᠡᠢ ᠪᠥᠭᠡᠳ ᠬᠠᠮᠢᠶᠠᠷᠴᠤ ᠴᠤ᠌ ᠳᠡᠶ᠋ᠢᠯᠬᠦ ᠦᠭᠡᠢ ᠪᠣᠯᠬᠣᠷ᠂ ᠯᠢᠦ ᠶᠦᠩ ᠸᠧᠢ ᠲᠡᠳᠡᠨ᠎ᠳᠤ ᠰᠠᠭᠤᠷᠢ ᠡᠮ᠎ᠡ ᠡᠯᠵᠢᠭᠡ ᠵᠢ ᠣᠷᠣᠯᠠᠨ ᠲᠡᠵᠢᠭᠡᠵᠦ ᠥᠭᠬᠦ ᠵᠢ ᠪᠤᠲᠤᠵᠤ᠂ ᠬᠤᠳᠠᠯᠳᠤᠨ ᠭᠠᠷᠭ᠋ᠠᠭᠰᠠᠨ᠎ᠤ ᠲᠠᠷᠠᠭ᠎ᠠ ᠠᠰᠢᠭ ᠬᠣᠨᠵᠢᠪᠤᠷᠢ ᠬᠤᠪᠢᠶᠠᠨ ᠣᠯᠵᠤ ᠥᠭᠬᠦ ᠵᠢ ᠪᠤᠳᠤᠵᠠᠢ᠃ ᠭᠠᠴᠠᠭ᠋ᠠᠨ᠎ᠤ ᠠᠷᠠᠳ᠎ᠲᠠᠢ ᠵᠥᠪᠳᠡᠯᠴᠡᠭᠰᠡᠨ᠎ᠤ ᠳᠠᠷᠠᠭ᠎ᠠ᠂ ᠣᠳᠣ ᠨᠢᠭᠡᠨᠲᠡ ᠬᠡᠳᠦᠨ ᠡᠷᠦᠬᠡ ᠭᠠᠴᠠᠭ᠋ᠠᠨ᠎ᠤ ᠠᠷᠠᠳ ᠬᠠᠮᠲᠤᠷᠠᠨ ᠠᠵᠢᠯᠯᠠᠬᠤ ᠰᠠᠨᠠᠭ᠎ᠠ᠎ᠲᠠᠢ ᠪᠣᠯᠵᠠᠢ᠃   ᠯᠢᠦ ᠶᠦᠩ ᠸᠧᠢ ᠪᠠᠰᠠ ᠬᠡᠪᠴᠢᠶ᠎ᠡ᠎ᠪᠠᠨ ᠥᠷᠭᠡᠳᠬᠡᠭᠰᠡᠨ᠎ᠤ ᠲᠠᠷᠠᠭ᠎ᠠ᠂ ᠪᠣᠷᠳᠣᠵᠤ ᠲᠠᠷᠭᠤᠯᠠᠭᠤᠯᠬᠤ᠂ ᠴᠠᠪᠠᠤ ᠴᠢᠨᠠᠬᠤ ᠵᠢ ᠴᠢᠨᠠᠭᠰᠢᠳᠠ ᠬᠥᠭᠵᠢᠭᠦᠯᠵᠦ᠂ ᠨᠡᠩ ᠤᠯᠠᠨ ᠲᠣᠰᠬᠣᠨ᠎ᠤ ᠠᠷᠠᠳ᠎ᠢ ᠲᠠᠢ᠍ᠢ᠍ᠴᠢᠯᠠᠨ ᠡᠨᠡᠬᠦ ᠠᠵᠤ ᠦᠢ᠍ᠯᠡᠰ᠎ᠤᠨ ᠬᠡᠯᠬᠢᠶ᠎ᠡ᠎ᠪᠠᠷ ᠬᠠᠮᠲᠤᠪᠠᠷ ᠪᠠᠶᠠᠵᠢᠬᠤ ᠵᠢ ᠪᠤᠳᠤᠵᠠᠢ᠃ 《ᠡᠨᠡ ᠪᠣᠯ ᠪᠠᠰᠠ ᠴᠤ᠌ ᠮᠢᠨᠤ ᠨᠢᠭᠡᠨ ᠡᠪ ᠬᠠᠮᠲᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠠᠬᠢ ᠡᠭᠦᠷᠭᠡ ᠬᠠᠷᠢᠭᠤᠴᠠᠯᠭ᠎ᠠ ᠪᠣᠯᠣᠨ᠎ᠠ᠂ ᠪᠢ ᠪᠠᠰᠠ ᠲᠣᠰᠬᠣᠨ᠎ᠤ ᠠᠷᠠᠳ᠎ᠢ ᠬᠠᠪᠰᠤᠷᠤᠨ ᠮᠠᠯ ᠠᠵᠤ ᠠᠬᠤᠢ ᠵᠢᠨ ᠪᠦᠲᠦᠭᠡᠭᠳᠡᠬᠦᠨ᠎ᠢ ᠣᠷᠣᠯᠠᠨ ᠬᠤᠳᠠᠯᠳᠤᠬᠤ ᠡᠷᠴᠢᠮ ᠵᠶ᠋ᠡᠨ ᠴᠢᠩᠭ᠋ᠠᠷᠠᠭᠤᠯᠵᠤ᠂ ᠵᠢᠯ ᠪᠦᠷᠢ 30 ᠲᠦᠮᠡᠨ ᠲᠥᠭᠥᠷᠢᠭ ᠬᠤᠳᠠᠯᠳᠤᠬᠤ᠎ᠪᠠᠷ ᠴᠢᠷᠮᠠᠢ᠌ᠨ᠎ᠠ》 ᠭᠡᠵᠦ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠥᠭᠡᠷᠡᠴᠢᠯᠡᠯᠲᠡ ᠵᠢᠨ ᠲᠣᠰᠬᠣᠨ】》》᠎ᠤ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠦᠷ ᠠᠮᠲᠠ》— ᠱᠧᠨᠵᠧᠨ᠎ᠤ ᠨᠠᠨᠯᠢᠩ ᠲᠣᠰᠬᠣᠨ᠎ᠳᠤ ᠦᠵᠡᠵᠦ ᠰᠣᠨᠣᠰᠤᠭᠰᠠᠨ ᠵᠦᠢ᠍ᠯ
【ᠦᠨᠳᠦᠰᠦᠨ ᠱᠠᠲᠤᠨ᠎ᠤ ᠴᠣᠭ ᠵᠢᠪᠬᠤᠭ᠎ᠠ】᠎ᠨᠢ ᠣᠯᠠᠨ ᠲᠦᠮᠡᠨ᠎ᠤ ᠢᠲᠡᠭᠡᠯᠲᠡᠢ 《ᠡᠭᠦᠷᠢᠳᠡ ᠵᠢᠨ ᠲᠡᠮᠳᠡᠭᠲᠦ》 ᠱᠦᠵᠢ ᠪᠣᠯᠪᠠ
【ᠦᠨᠳᠦᠰᠦᠨ ᠱᠠᠲᠤᠨ᠎ᠤ ᠴᠤᠭ ᠵᠢᠪᠬᠤᠭ᠎ᠠ】 ᠥᠪᠡᠷᠲᠡᠭᠡᠨ ᠵᠣᠭᠣᠰ ᠭᠠᠷᠭ᠋ᠠᠵᠤ ᠲᠣᠰᠬᠣᠨ᠎ᠤ ᠠᠷᠠᠳ᠎ᠲᠤ ᠪᠣᠳᠠᠲᠤ ᠶᠠᠪᠤᠳᠠᠯ ᠬᠢᠵᠦ ᠥᠭᠲᠡᠭ 《ᠰᠢᠶᠣᠣ ᠸᠠᠩ ᠱᠦᠵᠢ》
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠲᠣᠰᠬᠣᠨ᠎ᠳᠤ ᠰᠠᠭᠤᠬᠤ ᠵᠢᠨ ᠡᠷᠬᠢᠮ᠎ᠨᠢ ᠰᠡᠳᠬᠢᠯ᠎ᠳᠤ ᠪᠤᠢ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠬᠠᠢ᠌ᠷ᠎ᠠ ᠪᠢᠯᠬᠠᠭᠰᠠᠨ ᠸᠠᠩ ᠪᠢᠴᠢᠭᠡᠴᠢ ᠲᠤᠰᠬᠤᠨ
 
            