ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠦᠨᠳᠦᠰᠦᠨ ᠱᠠᠲᠤᠨ᠎ᠤ ᠴᠤᠭ ᠵᠢᠪᠬᠤᠭ᠎ᠠ】 ᠥᠪᠡᠷᠲᠡᠭᠡᠨ ᠵᠣᠭᠣᠰ ᠭᠠᠷᠭ᠋ᠠᠵᠤ ᠲᠣᠰᠬᠣᠨ᠎ᠤ ᠠᠷᠠᠳ᠎ᠲᠤ ᠪᠣᠳᠠᠲᠤ ᠶᠠᠪᠤᠳᠠᠯ ᠬᠢᠵᠦ ᠥᠭᠲᠡᠭ 《ᠰᠢᠶᠣᠣ ᠸᠠᠩ ᠱᠦᠵᠢ》
ᠨᠡᠶ᠋ᠢᠲᠡᠯᠡᠭᠰᠡᠨ ᠴᠠᠭ᠄ 2022-02-18

    ᠬᠥᠬᠡᠭᠡ ᠰᠠᠷ᠎ᠠ ᠵᠢᠨ ᠬᠣᠷᠢᠨ ᠭᠤᠷᠪᠠᠨ᠎ᠤ ᠡᠳᠦᠷ᠂ ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠠᠨ ᠴᠠ ᠺᠧᠦ ᠰᠢᠶᠠᠩ᠎ᠤᠨ ᠠᠯᠠᠱ᠌ᠠ ᠲᠣᠰᠬᠣᠨ᠎ᠳᠤ᠂ ᠠᠢ᠌ᠯ ᠪᠣᠯᠭ᠋ᠠᠨ ᠪᠦᠷ ᠣᠯᠣᠰᠤᠨ ᠬᠤᠸᠠᠷ᠂ ᠰᠢᠷᠠᠭᠰᠠᠨ ᠮᠢᠬ᠎ᠠ᠂ ᠴᠠᠭ᠋ᠠᠨ ᠰᠠᠷ᠎ᠠ ᠵᠢᠨ ᠪᠠᠷᠠᠭ᠎ᠠ᠎ᠪᠠᠨ ᠪᠡᠯᠡᠳᠬᠡᠵᠦ᠂ ᠵᠠᠷᠢᠮ᠎ᠢ᠎ᠨᠢ ᠭᠠᠷ ᠤᠲᠠᠰᠤ᠎ᠪᠠᠷ ᠰᠢᠭᠤᠳ ᠨᠠᠪᠲᠠᠷᠡᠭᠦᠯᠵᠦ᠂ ᠬᠣᠯᠠ ᠵᠢᠨ ᠬᠡᠦᠬᠡᠳ᠎ᠤᠳ᠎ᠲᠤ ᠦᠵᠡᠭᠦᠯᠵᠦ ᠪᠠᠢ᠌ᠯ᠎ᠠ᠃ ᠥᠨᠥᠳᠥᠷ᠎ᠤᠨ ᠵᠣᠯ ᠵᠢᠷᠭ᠋ᠠᠯᠲᠤ ᠠᠮᠢᠳᠤᠷᠠᠯ᠎ᠤᠨ ᠲᠤᠬᠠᠢ ᠶᠠᠷᠢᠬᠤ᠎ᠳᠠᠭᠠᠨ ᠣᠯᠠᠨ ᠵᠶ᠋ᠠᠷ ᠵᠶ᠋ᠠᠨ᠄ 《ᠡᠨᠡ ᠴᠢᠨᠢ ᠰᠢᠶᠣᠣ ᠸᠠᠩ ᠱᠦᠵᠢ ᠵᠢᠨ ᠠᠴᠢ᠎ᠪᠠᠷ   ᠣᠳᠣ ᠬᠡᠦᠬᠡᠳ᠎ᠲᠡᠭᠡᠨ ᠬᠡᠳᠦᠢ ᠤᠳᠠᠭ᠋ᠠᠨ ᠶᠠᠷᠢᠶ᠎ᠠ ᠭᠡᠵᠦ ᠪᠣᠳᠣᠵᠤ ᠪᠠᠢ᠌ᠬᠤ ᠪᠤᠶ ᠵᠣᠭᠣᠰ ᠰᠦᠢ᠍ᠳᠬᠡᠬᠦ᠎ᠠᠴᠠ ᠠᠶᠤᠬᠤ ᠦᠭᠡᠢ ᠪᠣᠯᠵᠠᠢ》 ᠭᠡᠵᠦ ᠶᠠᠷᠢᠵᠤ ᠪᠠᠢ᠌ᠯ᠎ᠠ᠃ 《ᠰᠤᠪᠠᠭ ᠵᠠᠰᠠᠬᠤ᠂ ᠥᠷᠭᠡᠨ ᠪᠦᠰᠡ ᠨᠡᠪᠲᠡᠷᠡᠭᠦᠯᠬᠦ ᠶᠠᠪᠤᠳᠠᠯ᠎ᠳᠤ ᠴᠥᠮ ᠰᠢᠶᠣᠣ ᠸᠠᠩ ᠱᠦᠵᠢ ᠥᠪᠡᠷ᠎ᠤᠨ ᠵᠣᠭᠣᠰ ᠵᠶ᠋ᠠᠷ ᠵᠶ᠋ᠠᠨ ᠪᠠᠷᠢᠯᠭ᠎ᠠ ᠵᠢᠨ ᠠᠩᠭᠢ ᠵᠢ ᠵᠠᠯᠠᠵᠤ ᠬᠣᠭᠣᠯᠠ ᠢᠳᠡᠭᠦᠯᠳᠡᠭ》 ᠁
   2020 ᠣᠨ᠎ᠤ 5 ᠰᠠᠷ᠎ᠠ᠎ᠳᠤ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠠᠵᠢᠯᠯᠠᠵᠤ ᠪᠠᠢ᠌ᠭᠰᠠᠨ ᠸᠠᠩ ᠽᠦ᠍ ᠰᠢᠯᠢᠳᠡᠭ ᠴᠢᠳᠠᠪᠤᠷᠢᠲᠠᠨ᠎ᠤ ᠲᠣᠰᠬᠣᠨ᠎ᠳᠠᠭᠠᠨ ᠪᠤᠴᠠᠵᠤ ᠲᠤᠰᠢᠶᠠᠯ ᠬᠠᠷᠢᠭᠤᠴᠠᠬᠤ ᠲᠥᠯᠥᠪᠯᠡᠭᠡ᠎ᠪᠠᠷ ᠳᠠᠮᠵᠢᠨ᠂ ᠲᠤᠰ ᠵᠢᠯ᠎ᠤᠨ 6 ᠰᠠᠷ᠎ᠠ ᠵᠢᠨ 4 ᠎ᠤ ᠡᠳᠦᠷ ᠠᠯᠠᠱ᠌ᠠ ᠲᠣᠰᠬᠣᠨ᠎ᠳᠤ ᠱᠦᠵᠢ ᠵᠢᠨ ᠲᠤᠰᠠᠯᠠᠭᠴᠢ ᠵᠢᠨ ᠲᠤᠰᠢᠶᠠᠯ᠎ᠢ ᠡᠭᠦᠷᠭᠡᠯᠡᠵᠦ᠂ 2021 ᠣᠨ᠎ᠤ 1 ᠰᠠᠷ᠎ᠠ᠎ᠳᠤ ᠲᠤᠰ ᠲᠣᠰᠬᠣᠨ᠎ᠤ ᠨᠠᠮ᠎ᠤᠨ ᠡᠭᠦᠷ᠎ᠤᠨ ᠱᠦᠵᠢ ᠵᠢᠨ ᠲᠤᠰᠢᠶᠠᠯ᠎ᠢ ᠡᠭᠦᠷᠭᠡᠯᠡᠪᠡ᠃
    ᠠᠭᠤᠯᠠᠰ᠎ᠤᠨ ᠳᠤᠮᠳᠠ ᠪᠠᠢ᠌ᠷᠢᠰᠢᠵᠤ ᠪᠠᠢ᠌ᠭ᠎ᠠ ᠠᠯᠠᠱ᠌ᠠ ᠲᠣᠰᠬᠣᠨ᠎ᠳᠤ ᠨᠡᠢ᠍ᠢ᠍ᠳᠡ 7 ᠠᠢ᠌ᠯ ᠲᠣᠰᠬᠣᠨ᠎ᠢ ᠬᠠᠷᠢᠶᠠᠯᠠᠭᠤᠯᠵᠤ᠂ ᠪᠠᠢ᠌ᠩᠭᠤ ᠰᠠᠭᠤᠭ᠎ᠠ ᠡᠷᠦᠬᠡ 105 ᠡᠷᠦᠬᠡ 203 ᠬᠥᠮᠥᠨ ᠪᠠᠢ᠌ᠵᠤ᠂ ᠳᠤᠮᠳᠠᠴᠢ ᠨᠠᠰᠤ᠎ᠨᠢ 60 ᠨᠠᠰᠤᠨ᠎ᠠᠴᠠ ᠳᠡᠭᠡᠭᠰᠢ; ᠪᠦᠬᠦ ᠲᠣᠰᠬᠣᠨ᠎ᠤ ᠲᠠᠷᠢᠶᠠᠨ ᠭᠠᠵᠠᠷ᠎ᠤᠨ ᠲᠠᠯᠠᠪᠠᠢ 6443 ᠭᠠᠷᠤᠢ ᠮᠦ᠍ ᠪᠠᠢ᠌ᠵᠤ᠂ ᠡᠭᠦᠨ᠎ᠳᠤ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠵᠢ ᠰᠡᠷᠭᠦᠭᠡᠭᠰᠡᠨ ᠭᠠᠵᠠᠷ 2701 ᠭᠠᠷᠤᠢ ᠮᠦ᠍ ᠪᠠᠢ᠌ᠵᠤ᠂ ᠵᠥᠪᠬᠡᠨ 800 ᠮᠦ᠍ ᠤᠰᠤᠯᠠᠯᠲᠠ ᠵᠢᠨ ᠲᠠᠷᠢᠶ᠎ᠠ᠎ᠲᠠᠢ ᠪᠠᠢ᠌ᠵᠤ᠂ ᠣᠨᠴᠠ ᠶᠠᠳᠠᠭᠤ ᠬᠦᠴᠢᠷᠳᠡᠯᠲᠡᠢ ᠲᠣᠰᠬᠣᠨ ᠪᠠᠢ᠌ᠵᠠᠢ᠃
    ᠲᠤᠰᠢᠶᠠᠯ᠎ᠳᠤ ᠭᠠᠷᠤᠮᠠᠭᠴᠠ᠎ᠪᠠᠨ ᠸᠠᠩ ᠽᠦ᠍ 《ᠵᠠᠭᠤᠨ ᠡᠷᠦᠬᠡ᠎ᠪᠠᠷ ᠶᠠᠪᠤᠵᠤ᠂ ᠵᠠᠭᠤᠨ ᠡᠷᠦᠬᠡ ᠵᠢᠨ ᠬᠣᠭᠣᠯᠠ ᠢᠳᠡᠵᠦ᠂ ᠵᠠᠭᠤᠨ ᠡᠷᠦᠬᠡ ᠵᠢᠨ ᠪᠠᠢ᠌ᠳᠠᠯ᠎ᠢ ᠣᠢ᠌ᠯᠠᠭ᠋ᠠᠵᠤ᠂ ᠵᠠᠭᠤᠨ ᠡᠷᠦᠬᠡ ᠵᠢᠨ ᠶᠠᠪᠤᠳᠠᠯ᠎ᠢ ᠪᠦᠲᠦᠭᠡᠬᠦ》᠎ᠪᠠᠷ ᠠᠵᠢᠯᠯᠠᠬᠤ ᠠᠷᠭ᠎ᠠ ᠪᠣᠯᠭ᠋ᠠᠵᠤ᠂ ᠰᠠᠷ᠎ᠠ ᠭᠠᠷᠤᠢ ᠵᠢᠨ ᠬᠤᠭᠤᠴᠠᠭ᠋ᠠᠨ᠎ᠳᠤ᠂ ᠪᠦᠬᠦ ᠲᠣᠰᠬᠣᠨ᠎ᠤ ᠡᠷᠦᠬᠡ ᠪᠦᠷᠢ᠎ᠪᠠᠷ ᠶᠠᠪᠤᠵᠤ᠂ ᠡᠷᠦᠬᠡ ᠪᠦᠷᠢ ᠵᠢᠨ ᠪᠣᠳᠠᠲᠠᠢ ᠪᠠᠢ᠌ᠳᠠᠯ᠎ᠳᠤ ᠴᠢᠭᠯᠡᠭᠦᠯᠦᠨ ᠲᠦᠷᠦ ᠵᠢᠨ ᠪᠣᠳᠣᠯᠭ᠎ᠠ ᠬᠡᠷᠡᠭᠵᠢᠭᠦᠯᠵᠦ᠂ 2020 ᠣᠨ᠎ᠳᠤ ᠪᠦᠬᠦ ᠲᠣᠰᠬᠣᠨ ᠵᠶ᠋ᠠᠷ ᠵᠶ᠋ᠠᠨ ᠲᠣᠭᠲᠠᠭᠰᠠᠨ ᠬᠤᠭᠤᠴᠠᠭ᠋ᠠᠨ᠎ᠳᠤ ᠶᠠᠳᠠᠭᠤ᠎ᠠᠴᠠ ᠠᠩᠭᠢᠵᠢᠷᠠᠪᠠ᠃
    ᠰᠠᠨ ᠴᠠ ᠺᠧᠦ ᠰᠢᠶᠠᠩ᠎ᠤᠨ ᠺᠠᠳ᠋ᠷ᠂ ᠸᠠᠩ ᠽᠦ᠍᠎ᠲᠠᠢ ᠬᠠᠮᠲᠤ ᠠᠵᠢᠯᠯᠠᠵᠤ ᠥᠩᠭᠡᠷᠡᠭᠰᠡᠨ ᠱᠧᠩ ᠫᠣᠩ ᠬᠤᠢ᠄ 《ᠸᠠᠩ ᠽᠦ᠍ ᠱᠦᠵᠢ ᠵᠢᠨ ᠣᠷᠣᠢ ᠵᠢᠨ 11 ᠴᠠᠭ᠎ᠲᠤ ᠪᠠᠰᠠ ᠠᠵᠢᠯᠯᠠᠵᠤ ᠪᠠᠢ᠌ᠬᠤ ᠵᠢ ᠪᠢ ᠦᠷᠭᠦᠯᠵᠢ ᠣᠯᠵᠤ ᠬᠠᠷᠠᠳᠠᠭ᠂ ᠮᠢᠨᠤ ᠠᠵᠢᠭᠯᠠᠭᠰᠠᠨ ᠵᠶ᠋ᠠᠷ᠂ ᠸᠠᠩ ᠽᠦ᠍ ᠱᠦᠵᠢ ᠰᠠᠷ᠎ᠠ ᠪᠦᠷᠢ ᠳᠤᠮᠳᠠᠴᠢ᠎ᠪᠠᠷ 25 ᠡᠳᠦᠷ᠎ᠲᠤ ᠲᠣᠰᠬᠣᠨ᠎ᠳᠠᠭᠠᠨ ᠪᠠᠢ᠌ᠳᠠᠭ》 ᠭᠡᠵᠦ ᠬᠡᠯᠡᠪᠡ᠃
    ᠠᠯᠠᠱ᠌ᠠ ᠲᠣᠰᠬᠣᠨ᠎ᠤ ᠲᠣᠰᠬᠣᠨ᠎ᠤ ᠵᠠᠬᠢᠷᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠨᠥᠬᠥᠴᠡᠯ ᠪᠠᠷᠤᠭᠲᠠᠢ᠂ ᠡᠪᠦᠯ᠎ᠤᠨ ᠤᠯᠠᠷᠢᠯ᠎ᠳᠤ ᠨᠢᠭᠡ ᠯᠡ ᠵᠢᠵᠢᠭ ᠵᠤᠤᠬ᠎ᠠ᠎ᠲᠠᠢ ᠪᠠᠢ᠌ᠵᠤ᠂ ᠭᠡᠷ᠎ᠲᠤ ᠰᠠᠭᠤᠭ᠋ᠠᠳ ᠲᠡᠰᠬᠦᠶ᠎ᠡ ᠪᠡᠷᠬᠡ ᠲᠡᠰᠬᠦ ᠵᠢᠨ ᠠᠷᠭ᠎ᠠ ᠦᠭᠡᠢ ᠲᠠᠭ᠋ᠠᠷᠠᠵᠠᠢ᠃ ᠸᠠᠩ ᠽᠦ᠍ ᠥᠪᠡᠷ ᠵᠶ᠋ᠡᠨ 7 ᠲᠦᠮᠡᠨ ᠲᠥᠭᠥᠷᠢᠭ ᠭᠠᠷᠭ᠋ᠠᠵᠤ ᠲᠣᠰᠬᠣᠨ᠎ᠤ ᠵᠠᠬᠢᠷᠭ᠎ᠠ ᠵᠢᠨ ᠭᠡᠷ ᠪᠠᠢ᠌ᠰᠢᠩ᠎ᠢ ᠵᠠᠰᠠᠵᠤ ᠴᠢᠮᠡᠭᠯᠡᠭᠰᠡᠨ ᠪᠥᠭᠡᠳ ᠴᠠᠬᠢᠯᠭ᠋ᠠᠨ ᠭᠠᠵᠠᠷ᠎ᠤᠨ ᠳᠤᠯᠠᠭ᠋ᠠᠯᠠᠭ᠎ᠠ ᠲᠠᠭ᠋ᠠᠷᠠᠭᠤᠯᠵᠤ᠂ ᠲᠣᠰᠬᠣᠨ᠎ᠤ ᠠᠷᠠᠳ᠎ᠤᠨ ᠵᠥᠪᠯᠡᠯ᠎ᠢ ᠴᠡᠪᠡᠷ ᠲᠡᠭᠰᠢ ᠳᠤᠯᠠᠭ᠋ᠠᠴᠠᠭᠤᠯᠵᠠᠢ᠃
    ᠸᠠᠩ ᠽᠦ᠍ ᠠᠩᠬ᠎ᠠ ᠤᠳᠠᠭ᠎ᠠ ᠬᠠᠭ᠋ᠠᠯᠭ᠎ᠠ ᠵᠢ᠎ᠨᠢ ᠲᠦᠯᠬᠢᠵᠦ ᠰᠢᠶᠠ ᠡᡁᠸ᠋ ᠭᠧᠦ ᠲᠣᠰᠬᠣᠨ᠎ᠤ ᠠᠷᠠᠳ ᠭᠤᠤ ᠰᠢᠶᠠᠩ᠎ᠤᠨ ᠭᠡᠷ᠎ᠲᠤ ᠣᠷᠣᠬᠤ᠎ᠳᠤ᠂ ᠬᠡᠷᠡᠮ᠎ᠤᠨ ᠬᠠᠯᠢᠰᠤ᠎ᠨᠢ ᠬᠣᠪᠬᠣᠷᠠᠨ ᠤᠨᠠᠵᠤ᠂ ᠭᠡᠷ᠎ᠤᠨ ᠣᠷᠣᠢ᠎ᠨᠢ ᠪᠣᠷᠣᠭ᠋ᠠᠨ ᠭᠣᠭᠣᠵᠢᠵᠤ᠂ ᠭᠠᠵᠠᠷ ᠳᠡᠭᠡᠷ᠎ᠡ ᠡᠯᠳᠡᠪ ᠶᠠᠭᠤᠮ᠎ᠠ ᠣᠪᠣᠭ᠋ᠠᠯᠠᠵᠤ᠂ ᠲᠣᠭᠣᠭ᠋ᠠᠨ᠎ᠤ ᠲᠠᠪᠴᠠᠩ᠎ᠳᠤ ᠤᠲᠤᠭ᠎ᠠ ᠤᠲᠤᠭ᠎ᠠ ᠮᠠᠨᠠᠷᠠᠵᠤ ᠪᠠᠢ᠌ᠬᠤ ᠵᠢ ᠣᠯᠵᠤ ᠦᠵᠡᠵᠡᠢ; ᠭᠡᠷ᠎ᠲᠡᠭᠡᠨ 5 ᠠᠮᠠ ᠬᠥᠮᠥᠨ᠎ᠲᠠᠢ᠂ ᠡᠬᠡᠨᠡᠷ᠎ᠨᠢ ᠮᠡᠳᠡᠷᠡᠯ᠎ᠤᠨ ᠵᠡᠮᠳᠡᠭ᠂ ᠳᠡᠭᠦᠦ ᠵᠢᠨ ᠬᠢᠨᠢ ᠪᠡᠶ᠎ᠡ ᠵᠡᠮᠳᠡᠭ᠂ ᠡᠵᠢ᠎ᠨᠢ ᠭᠡᠳᠡᠰᠦᠨ᠎ᠤ ᠲᠦᠭᠵᠢᠷᠡᠯ᠎ᠳᠤ ᠨᠡᠷᠪᠡᠭᠳᠡᠵᠦ᠂ ᠵᠢᠯ ᠲᠤᠷᠰᠢ ᠢᠯᠭ᠋ᠠᠳᠠᠰᠤ ᠵᠢᠨ ᠤᠭᠤᠲᠠ ᠠᠪᠴᠤ ᠶᠠᠪᠤᠳᠠᠭ᠂ ᠬᠡᠦᠬᠡᠳ ᠵᠶ᠋ᠡᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠯᠴᠠᠵᠤ ᠪᠠᠢ᠌ᠬᠤ᠎ᠳᠤ ᠬᠠᠳᠠᠮ ᠡᠵᠢ᠎ᠪᠠᠨ ᠠᠰᠠᠷᠠᠨ ᠲᠡᠵᠢᠭᠡᠬᠦ᠎ᠳᠤ ᠲᠦᠰᠢᠭᠯᠡᠵᠦ ᠪᠠᠢ᠌ᠪᠠ᠂ ᠭᠡᠲᠡᠯ᠎ᠡ ᠭᠣᠣ ᠰᠢᠶᠠᠩ ᠬᠠᠷᠢᠨ ᠡᠳᠦᠷ ᠪᠦᠷᠢ ᠠᠷᠢᠬᠢ ᠤᠤᠭᠤᠵᠤ᠂ ᠭᠣᠣᠯ ᠠᠵᠢᠯ ᠵᠶ᠋ᠠᠨ ᠬᠢᠬᠦ ᠦᠭᠡᠢ᠂ ᠨᠢᠭᠡ ᠭᠡᠷ᠎ᠤᠨ ᠭᠣᠣᠯ ᠣᠷᠣᠯᠭ᠎ᠠ᠎ᠨᠢ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠮᠥᠩᠭᠥ᠂ ᠵᠡᠮᠳᠡᠭᠴᠦᠳ᠎ᠤᠨ ᠨᠥᠬᠥᠪᠦᠷᠢ ᠪᠠ ᠪᠠᠭ᠎ᠠ ᠰᠠᠭ᠎ᠠ ᠳᠠᠷᠢᠵᠤ ᠲᠡᠵᠢᠭᠡᠨ ᠦᠷᠡᠵᠢᠭᠦᠯᠦᠭᠰᠡᠨ ᠣᠷᠣᠯᠭ᠎ᠠ᠎ᠳᠠᠭᠠᠨ ᠲᠦᠰᠢᠭᠯᠡᠵᠦ ᠪᠠᠢ᠌ᠪᠠ᠂ ᠡᠨᠡ ᠬᠦ᠌ ᠪᠠᠢ᠌ᠳᠠᠯ᠎ᠨᠢ ᠸᠠᠩ ᠽᠧ ᠵᠢ ᠬᠡᠯᠡᠬᠦ ᠵᠢᠨ ᠠᠷᠭ᠎ᠠ ᠦᠭᠡᠢ ᠭᠠᠰᠢᠭᠤᠨ ᠵᠣᠪᠠᠯᠠᠩ᠎ᠳᠤ ᠤᠴᠠᠷᠠᠭᠤᠯᠵᠠᠢ᠃
    ᠳᠠᠷᠠᠭ᠎ᠠ᠎ᠨᠢ᠂ ᠸᠠᠩ ᠽᠦ᠍ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ ᠬᠤᠷᠠᠯᠳᠤᠭᠤᠯᠵᠤ ᠠᠪᠤᠷᠠᠨ ᠲᠤᠰᠠᠯᠠᠬᠤ ᠲᠥᠰᠥᠯ ᠲᠣᠭᠲᠠᠭ᠋ᠠᠵᠤ᠂ ᠭᠤᠤ ᠰᠢᠶᠠᠩ᠎ᠤᠨ ᠡᠵᠢ᠎ᠳᠤ ᠲᠦᠷ ᠴᠠᠭ᠎ᠤᠨ ᠠᠪᠤᠷᠠᠨ ᠲᠤᠰᠠᠯᠠᠯᠲᠠ ᠥᠭᠴᠦ᠂ ᠭᠤᠤ ᠰᠢᠶᠠᠩ᠎ᠢ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠵᠢᠨ ᠴᠡᠪᠡᠷᠯᠡᠭᠴᠢ᠎ᠪᠠᠷ ᠤᠷᠢᠨ ᠬᠡᠷᠡᠭᠯᠡᠪᠡ; ᠲᠡᠷᠡ ᠥᠪᠡᠷ ᠵᠶ᠋ᠡᠨ 3000 ᠲᠥᠭᠥᠷᠢᠭ ᠭᠠᠷᠭ᠋ᠠᠵᠤ ᠬᠥᠮᠥᠨ ᠬᠥᠯᠥᠰᠦᠯᠡᠨ ᠭᠤᠤ ᠰᠢᠶᠠᠩ᠎ᠤᠨ ᠭᠡᠷ᠎ᠤᠨ ᠬᠣᠭ᠎ᠢ᠎ᠨᠢ ᠬᠤᠰᠤᠵᠤ᠂ ᠭᠡᠷ᠎ᠤᠨ ᠣᠷᠣᠢ ᠵᠢ᠎ᠨᠢ ᠰᠣᠯᠢᠵᠤ᠂ ᠲᠡᠳᠡᠨ᠎ᠤ ᠣᠷᠣᠨ ᠰᠠᠭᠤᠴᠠ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠪᠠ᠃
    ᠲᠣᠰᠬᠣᠨ᠎ᠤ ᠠᠷᠠᠳ ᠵᠢᠶᠠ ᠾᠧ ᠫᠢᠩ᠎ᠤᠨ ᠭᠡᠷ᠎ᠲᠤ ᠬᠦᠷᠬᠦ᠎ᠳᠤ᠂ ᠲᠡᠷᠡ ᠬᠡᠦᠬᠡᠳ᠎ᠲᠠᠢ᠎ᠪᠠᠨ ᠸᠢᠳᠢᠤ᠋᠎ᠪᠠᠷ ᠶᠠᠷᠢᠯᠴᠠᠵᠤ ᠪᠠᠷᠠᠲᠠᠯ᠎ᠠ᠂ 62 ᠨᠠᠰᠤᠲᠠᠢ ᠲᠡᠷᠡ᠄ 《ᠪᠢ ᠡᠨᠡ ᠵᠢᠯ ᠬᠣᠶᠠᠷ ᠪᠠᠶᠠᠷ᠎ᠤᠨ ᠶᠠᠪᠤᠳᠠᠯ᠎ᠲᠠᠢ ᠪᠣᠯᠪᠠ᠂ ᠨᠢᠭᠡ᠎ᠳᠤ ᠡᠨᠡ ᠵᠢᠯ᠎ᠤᠨ ᠣᠷᠣᠯᠭ᠎ᠠ ᠨᠢᠳᠤᠨᠤᠨ᠎ᠤ᠎ᠬᠢ᠎ᠠᠴᠠ ᠨᠢᠭᠡ ᠲᠠᠬᠢᠨ ᠰᠢᠬᠠᠮ ᠥᠨᠳᠥᠷ ᠪᠣᠯᠪᠠ᠂ ᠨᠦᠬᠦᠬᠡ᠎ᠨᠢ ᠦᠷ᠎ᠡ ᠬᠡᠦᠬᠡᠳ᠎ᠲᠠᠢ᠎ᠪᠠᠨ ᠸᠢᠳᠢᠤ᠋᠎ᠪᠠᠷ ᠦᠷᠭᠦᠯᠵᠢ ᠵᠣᠭᠣᠭᠳᠠᠨ᠎ᠠ》 ᠭᠡᠵᠦ ᠪᠠᠶᠠᠷᠲᠠᠢ᠎ᠪᠠᠷ ᠬᠡᠯᠡᠪᠡ᠃
    ᠵᠢᠶᠠ ᠾᠧ ᠫᠢᠩ ᠲᠠᠷᠢᠬᠢᠨ᠎ᠳᠠᠭᠠᠨ ᠮᠡᠰᠡ ᠵᠠᠰᠠᠯ ᠬᠢᠭᠰᠡᠨ᠎ᠠᠴᠠ ᠭᠡᠷ ᠪᠦᠯᠢ ᠵᠢᠨ᠎ᠬᠢᠨ ᠬᠦᠴᠢᠷᠳᠡᠯ᠎ᠳᠤ ᠲᠤᠯᠭ᠋ᠠᠷᠠᠵᠠᠢ᠃ ᠲᠡᠷᠡ ᠬᠡᠳᠦᠢ᠌ᠪᠡᠷ 30 ᠭᠠᠷᠤᠢ ᠰᠠᠭᠤᠷᠢ 《123》 ᠵᠢᠮᠢᠰ᠎ᠤᠨ ᠮᠣᠳᠣ ᠳᠠᠷᠢᠭᠰᠠᠨ ᠪᠣᠯᠪᠠᠴᠤ ᠵᠢᠯ ᠪᠦᠷᠢ ᠵᠢᠨ ᠬᠤᠷᠢᠶᠠᠯᠲᠠ ᠵᠢᠨ ᠤᠯᠠᠷᠢᠯ ᠪᠣᠯᠬᠤ᠎ᠳᠤ ᠴᠥᠮ ᠪᠣᠷᠤᠯᠠᠭᠤᠯᠭ᠎ᠠ ᠵᠢᠨ ᠵᠠᠮ ᠦᠭᠡᠢ ᠪᠣᠯ ᠰᠠᠢ᠌ᠨ ᠦᠨ᠎ᠡ᠎ᠪᠠᠷ ᠬᠤᠳᠠᠯᠳᠤᠵᠤ ᠳᠡᠶ᠋ᠢᠯᠬᠦ ᠦᠭᠡᠢ᠎ᠠᠴᠠ ᠪᠣᠯᠵᠤ ᠰᠠᠨᠠᠭ᠎ᠠ ᠵᠣᠪᠠᠳᠠᠭ᠃ 《ᠰᠢᠶᠣᠣ ᠸᠠᠩ ᠱᠦᠵᠢ ᠨᠠᠳᠠ᠎ᠳᠤ ᠵᠢᠮᠢᠰ᠎ᠢ ᠵᠢᠨᠢᠩ᠎ᠳᠤ ᠠᠪᠠᠴᠢᠵᠤ ᠬᠤᠳᠠᠯᠳᠤᠭ᠋ᠠᠳ ᠨᠠᠢ᠌ᠵᠠ᠎ᠪᠠᠷ ᠵᠶ᠋ᠠᠨ ᠰᠠᠢ᠌ᠨ ᠦᠨ᠎ᠡ᠎ᠪᠠᠷ ᠬᠤᠳᠠᠯᠳᠤᠭᠤᠯᠪᠠ᠃ ᠨᠢᠳᠤᠨᠤᠨ ᠪᠢ ᠪᠠᠰᠠ 2 ᠮᠦ᠍ ᠵᠢᠮᠢᠰ ᠡᠷᠳᠡᠨᠢ ᠰᠢᠰᠢ ᠵᠢ ᠲᠤᠷᠰᠢᠨ ᠳᠠᠷᠢᠵᠠᠢ᠂ ᠸᠠᠩ ᠱᠦᠵᠢ ᠪᠠᠰᠠ ᠪᠣᠷᠤᠯᠠᠭᠤᠯᠭ᠎ᠠ ᠵᠢᠨ ᠵᠠᠮ᠎ᠢ ᠡᠷᠢᠵᠦ ᠥᠭᠭᠦᠭᠡᠳ 2000 ᠲᠥᠭᠥᠷᠢᠭ᠎ᠤᠨ ᠣᠷᠣᠯᠭ᠎ᠠ ᠣᠯᠵᠠᠢ》 ᠭᠡᠵᠦ ᠬᠡᠯᠡᠵᠡᠢ᠃ ᠰᠢᠨᠬᠤᠸᠠ ᠬᠣᠷᠢᠶᠠᠨ᠎ᠤ ᠪᠡᠭᠡᠵᠢᠩ᠎ᠤᠨ 1 ᠰᠠᠷ᠎ᠠ ᠵᠢᠨ 15 ᠎ᠤ ᠴᠠᠬᠢᠯᠭ᠋ᠠᠨ ᠮᠡᠳᠡᠭᠡ᠎ᠠᠴᠠ ᠭᠡᠵᠦ ᠵᠢᠭ᠋ᠠᠵᠤ ᠭᠠᠷᠭ᠋ᠠᠪᠠ᠃ ᠡᠨᠡ ᠤᠳᠠᠭ᠎ᠠ ᠵᠢᠨ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠪᠡᠭᠡᠵᠢᠩ᠎ᠤᠨ 1 ᠰᠠᠷ᠎ᠠ ᠵᠢᠨ 1 ᠎ᠤ ᠴᠠᠬᠢᠯᠭ᠋ᠠᠨ ᠮᠡᠳᠡᠭᠡ᠎ᠠᠴᠠ᠃ ᠵᠢᠶᠠ ᠾᠧ ᠫᠢᠩ ᠪᠠᠶᠠᠷᠯᠠᠭ᠋ᠠᠳ ᠠᠮᠠ᠎ᠪᠠᠨ ᠬᠠᠮᠬᠢᠵᠤ ᠴᠢᠳᠠᠬᠤ ᠦᠭᠡᠢ ᠪᠣᠯᠪᠠ᠃
    ᠰᠢᠶᠠ ᠾᠧᠢ ᠭᠧᠦ ᠲᠣᠰᠬᠣᠨ᠎ᠳᠤ ᠪᠠᠢ᠌ᠭ᠋ᠠᠯᠢ ᠵᠢᠨ ᠬᠠᠯᠠᠭᠤᠨ ᠷᠠᠰᠢᠶᠠᠨ᠎ᠲᠠᠢ ᠪᠠᠢ᠌ᠵᠤ᠂ ᠵᠢᠯ᠎ᠤᠨ ᠳᠦᠷᠪᠡᠨ ᠤᠯᠠᠷᠢᠯ᠎ᠳᠤ ᠲᠠᠰᠤᠷᠠᠯᠲᠠ ᠦᠭᠡᠢ ᠤᠷᠤᠰᠤᠨ᠎ᠠ᠃ ᠥᠩᠭᠡᠷᠡᠭᠰᠡᠨ ᠵᠢᠯ᠎ᠤᠳ᠎ᠲᠤ᠂ ᠲᠣᠰᠬᠣᠨ᠎ᠤ ᠠᠷᠠᠳ ᠥᠪᠡᠷ ᠵᠶ᠋ᠡᠨ ᠨᠢᠭᠡᠨ ᠵᠢᠵᠢᠭ ᠤᠰᠤᠨ ᠰᠤᠪᠠᠭ ᠵᠠᠰᠠᠵᠤ ᠤᠰᠤ ᠲᠠᠲᠠᠵᠤ ᠤᠰᠤᠯᠠᠭᠰᠠᠨ ᠪᠠᠢ᠌ᠨ᠎ᠠ᠃ ᠮᠠᠰᠢᠨ ᠮᠧᠬᠠᠨᠢᠭ ᠵᠶ᠋ᠠᠷ ᠠᠵᠢᠯᠯᠠᠭᠰᠠᠨ ᠦᠭᠡᠢ᠎ᠠᠴᠠ ᠪᠣᠯᠵᠤ᠂ ᠤᠰᠤᠨ ᠰᠤᠪᠠᠭ᠎ᠠᠴᠠ ᠭᠠᠷᠭ᠋ᠠᠭᠰᠠᠨ ᠤᠰᠤᠨ᠎ᠤ ᠶᠡᠬᠡᠩᠬᠢ ᠬᠡᠰᠡᠭ᠎ᠨᠢ ᠴᠥᠮ ᠨᠡᠪᠴᠢᠵᠦ ᠭᠣᠭᠣᠵᠢᠭᠰᠠᠨ᠎ᠠᠴᠠ ᠲᠣᠰᠬᠣᠨ᠎ᠤ ᠠᠷᠠᠳ ᠶᠡᠬᠡ ᠬᠡᠮᠵᠢᠶᠡᠨ᠎ᠤ ᠰᠦᠯᠢᠶᠥᠦ ᠪᠥᠰ ᠬᠤᠳᠠᠯᠳᠤᠨ ᠠᠪᠴᠤ ᠰᠤᠪᠠᠭ᠎ᠲᠤ ᠳᠡᠪᠢᠰᠦᠭᠰᠡᠨ ᠪᠣᠯᠪᠠᠴᠤ ᠲᠡᠭᠦᠨ᠎ᠤ ᠦᠢ᠍ᠯᠡᠳᠦᠯ᠎ᠨᠢ ᠲᠤᠩ ᠪᠠᠭ᠎ᠠ ᠪᠠᠢ᠌ᠪᠠ᠃
   《ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ》᠎ᠤᠨ ᠠᠵᠢᠯᠯᠠᠭ᠎ᠠ ᠵᠢ ᠥᠷᠨᠢᠭᠦᠯᠬᠦ ᠳᠤᠮᠳᠠ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ᠎ᠬᠢᠨ ᠤᠰᠤᠨ ᠰᠤᠪᠠᠭ ᠵᠠᠰᠠᠬᠤ ᠵᠢ 《ᠪᠢᠳᠡ ᠣᠯᠠᠨ ᠲᠦᠮᠡᠨ᠎ᠳᠤ ᠪᠣᠳᠠᠲᠠᠢ ᠠᠵᠢᠯ ᠬᠢᠵᠦ ᠥᠭᠬᠦ》 ᠲᠥᠷᠥᠯ ᠵᠦᠢ᠍ᠯ᠎ᠳᠤ ᠵᠢᠭᠰᠠᠭ᠋ᠠᠨ ᠣᠷᠣᠭᠤᠯᠵᠤ᠂ ᠬᠠᠭ᠋ᠠᠰ ᠵᠢᠯ ᠭᠠᠷᠤᠢ ᠵᠢᠨ ᠵᠣᠯᠭ᠋ᠠᠯᠴᠠᠭ᠎ᠠ ᠪᠠ ᠲᠥᠰᠥᠯ ᠲᠣᠭᠲᠠᠭ᠋ᠠᠬᠤ᠎ᠪᠠᠷ ᠳᠡᠮᠵᠢᠨ᠂ 110 ᠲᠦᠮᠡᠨ ᠲᠥᠭᠥᠷᠢᠭ᠎ᠤᠨ ᠪᠡᠯᠡ ᠣᠷᠣᠭᠤᠯᠵᠤ ᠲᠣᠰ ᠲᠣᠰᠬᠣᠨ᠎ᠳᠤ ᠳᠠᠮᠵᠢᠭᠤᠯᠬᠤ ᠬᠣᠭᠣᠯᠠᠢ ᠵᠢᠨ ᠤᠰᠤᠨ ᠰᠤᠪᠠᠭ ᠵᠠᠰᠠᠵᠤ᠂ ᠲᠤᠬᠠᠢ ᠵᠢᠨ ᠦᠶ᠎ᠡ᠎ᠳᠤ 796 ᠮᠦ᠍ ᠲᠠᠷᠢᠶᠠᠨ ᠭᠠᠵᠠᠷ᠎ᠢ ᠢᠯᠡᠭᠦᠦ ᠤᠰᠤᠯᠠᠵᠤ᠂ 3 ᠠᠢ᠌ᠯ ᠲᠣᠰᠬᠣᠨ᠎ᠤ ᠠᠷᠠᠳ᠎ᠲᠤ ᠠᠰᠢᠭ ᠬᠦᠷᠲᠡᠭᠡᠨ᠎ᠡ᠃
   《ᠡᠨᠡ ᠤᠳᠠᠭ᠎ᠠ ᠰᠢᠶᠣᠣ ᠸᠠᠩ ᠱᠦᠵᠢ ᠵᠢᠨ ᠴᠢᠷᠮᠠᠢ᠌ᠯᠭ᠎ᠠ᠎ᠪᠠᠷ ᠲᠦᠷᠦᠯ ᠵᠦᠢ᠍ᠯ᠎ᠤᠨ ᠪᠡᠯᠡ ᠮᠥᠩᠭᠥ ᠵᠢ ᠣᠯᠵᠤ᠂ ᠢᠷᠡᠬᠦ ᠵᠢᠯ᠎ᠤᠨ ᠬᠠᠪᠤᠷ ᠤᠰᠤᠨ ᠰᠤᠪᠠᠭ᠎ᠢ ᠰᠡᠯᠪᠢᠨ ᠵᠠᠰᠠᠬᠤ᠎ᠪᠠᠷ ᠪᠡᠯᠡᠳᠬᠡᠵᠦ ᠪᠠᠢ᠌ᠪᠠ᠂ ᠡᠨᠡ ᠬᠤᠭᠤᠴᠠᠭ᠋ᠠᠨ᠎ᠳᠤ᠂ ᠬᠠᠢ᠌ᠨ ᠬᠡᠮᠵᠢᠬᠦ ᠰᠠᠯᠠᠭ᠎ᠠ ᠮᠥᠴᠢᠷ᠎ᠤᠨ᠎ᠬᠢᠨ ᠴᠥᠮ ᠰᠢᠶᠣᠣ ᠸᠠᠩ ᠱᠦᠵᠢ ᠥᠪᠡᠷ ᠵᠶ᠋ᠡᠨ ᠵᠣᠭᠣᠰ ᠭᠠᠷᠭ᠋ᠠᠨ ᠪᠤᠰᠤᠳ᠎ᠢ ᠵᠠᠯᠠᠵᠤ ᠬᠣᠭᠣᠯᠠ ᠢᠳᠡᠭᠦᠯᠵᠡᠢ》ᠭᠡᠵᠦ ᠬᠡᠯᠡᠪᠡ᠃ 72 ᠨᠠᠰᠤᠲᠠᠢ ᠲᠣᠰᠬᠣᠨ᠎ᠤ ᠡᠮᠴᠢ ᠪᠠᠢ ᠭᠤᠸᠠᠩ ᠷᠧᠨ ᠨᠠᠰᠤᠲᠠᠨ ᠶᠠᠷᠢᠬᠤ ᠵᠢᠨ ᠳᠠᠭ᠋ᠠᠤ ᠨᠢᠯᠪᠤᠰᠤ᠎ᠪᠠᠨ ᠠᠷᠴᠢᠵᠤ ᠪᠠᠢ᠌ᠯ᠎ᠠ᠃
ᠠᠯᠠᠱ᠌ᠠ ᠲᠣᠰᠬᠣᠨ᠎ᠳᠤ ᠬᠦᠷᠦᠭᠰᠡᠨ᠎ᠤ ᠬᠣᠶᠠᠷ ᠵᠢᠯ᠎ᠳᠤ᠂ ᠸᠠᠩ ᠽᠦ᠍ ᠲᠣᠰᠬᠣᠨ᠎ᠤ᠎ᠪᠠᠨ ᠵᠠᠷᠤᠳᠠᠯ᠎ᠳᠤ ᠨᠡᠢ᠍ᠢ᠍ᠳᠡ 9 ᠲᠦᠮᠡ ᠭᠠᠷᠤᠢ ᠲᠥᠭᠥᠷᠢᠭ ᠵᠠᠷᠤᠴᠠᠭᠤᠯᠵᠠᠢ᠃ ᠡᠭᠦᠨ᠎ᠤ ᠲᠤᠬᠠᠢ ᠲᠡᠷᠡ᠄ 《ᠮᠢᠨᠤ ᠦᠵᠡᠬᠦ᠎ᠪᠠᠷ ᠲᠣᠰᠬᠣᠨ᠎ᠤ ᠠᠷᠠᠳ ᠬᠦᠴᠢᠷᠳᠡᠯ᠎ᠲᠠᠢ ᠪᠠᠢ᠌ᠨ᠎ᠠ! ᠮᠢᠨᠤ ᠪᠡᠷᠢ ᠴᠦ᠍ ᠡᠬᠢᠯᠡᠩᠭᠦᠲᠡ᠎ᠪᠠᠨ ᠤᠳᠤ ᠵᠢᠨ ᠣᠢ᠌ᠯᠠᠭ᠋ᠠᠯᠲᠠ ᠳᠡᠮᠵᠢᠯᠭᠡ ᠵᠢ ᠣᠢ᠌ᠯᠠᠭ᠋ᠠᠬᠤ ᠦᠭᠡᠢ ᠪᠠᠢ᠌ᠭᠰᠠᠨ᠎ᠠᠴᠠ᠎ᠪᠠᠨ ᠤᠳᠤ ᠦᠶ᠎ᠡ ᠵᠢᠨ ᠣᠢ᠌ᠯᠠᠭ᠋ᠠᠯᠲᠠ ᠳᠡᠮᠵᠢᠯᠭᠡ ᠵᠢ ᠣᠢ᠌ᠯᠠᠭ᠋ᠠᠵᠤ ᠮᠡᠳᠡᠭᠰᠡᠨ ᠦᠭᠡᠢ᠂ ᠭᠣᠣᠯ᠎ᠨᠢ ᠮᠢᠨᠤ ᠠᠪᠤ ᠡᠵᠢ ᠨᠠᠳᠠ᠎ᠳᠤ ᠭᠠᠭᠴᠠᠬᠠᠨ ᠬᠦᠦ᠎ᠲᠠᠢ ᠪᠠᠢ᠌ᠵᠤ᠂ ᠲᠦᠷᠦᠭᠦᠦ ᠬᠡᠳᠦᠨ ᠵᠢᠯ᠎ᠤᠨ ᠭᠡᠷ᠎ᠤᠨ ᠨᠤᠷᠠᠭ᠋ᠠᠵᠤ ᠨᠡᠭᠦᠯᠭᠡᠬᠦ ᠵᠣᠭᠣᠰ ᠵᠶ᠋ᠠᠨ ᠭᠠᠷᠭ᠋ᠠᠵᠤ ᠨᠠᠮᠠᠶ᠋ᠢ ᠳᠡᠮᠵᠢᠭᠰᠡᠨ᠎ᠠᠴᠠ ᠪᠣᠯᠤᠭᠰᠠᠨ ᠶᠤᠮ!》 ᠭᠡᠵᠦ ᠬᠡᠯᠡᠵᠡᠢ᠃ ᠡᠭᠦᠨ᠎ᠳᠤ ᠲᠡᠷᠡ᠄ 《ᠮᠢᠨᠤ ᠲᠣᠰᠬᠣᠨ᠎ᠤ ᠠᠷᠠᠳ᠎ᠤᠨ ᠬᠦᠴᠢᠷᠳᠡᠯ᠎ᠢ ᠪᠢ ᠦᠵᠡᠵᠦ ᠳᠡᠶ᠋ᠢᠯᠬᠦ ᠦᠭᠡᠢ!》 ᠭᠡᠵᠦ ᠬᠡᠯᠡᠪᠡ᠃
    ᠭᠠᠴᠠᠭ᠋ᠠᠨ᠎ᠤ ᠠᠷᠠᠳ᠎ᠲᠤ ᠠᠰᠢᠭ᠎ᠲᠠᠢ ᠯᠠ ᠶᠤᠮ ᠪᠣᠯ ᠸᠠᠩ ᠽᠧ ᠳᠠᠷᠤᠢ ᠣᠴᠢᠵᠤ ᠬᠢᠬᠦ ᠬᠡᠷᠡᠭᠲᠡᠢ᠃ ᠡᠳᠦᠭᠡ ᠠᠯᠠᠱ᠌ᠠ ᠲᠣᠰᠬᠣᠨ᠎ᠤ ᠬᠠᠮᠲᠤ ᠵᠢᠨ ᠠᠵᠤ ᠠᠬᠤᠢ ᠬᠦᠷ ᠬᠥᠭᠵᠢᠶᠡᠨ᠎ᠲᠠᠢ ᠪᠠᠢ᠌ᠨ᠎ᠠ᠄ 185.89 ᠲᠦᠮᠡᠨ ᠲᠥᠭᠥᠷᠢᠭ᠎ᠤᠨ ᠪᠡᠯᠡ ᠣᠷᠣᠭᠤᠯᠵᠤ ᠬᠡᠷᠡᠯ ᠴᠡᠨᠡᠭ᠎ᠤᠨ ᠴᠠᠬᠢᠯᠭ᠋ᠠᠨ ᠦᠷᠳᠡᠭᠡ ᠵᠢ ᠪᠠᠢ᠌ᠭᠤᠯᠵᠤ᠂ 2020 ᠣᠨ᠎ᠤ ᠰᠡᠭᠦᠯᠴᠢ᠎ᠪᠠᠷ ᠲᠣᠣᠷ᠎ᠲᠤ ᠨᠡᠢ᠌ᠯᠡᠭᠦᠯᠦᠨ ᠴᠠᠬᠢᠯᠭ᠋ᠠᠨ ᠭᠠᠷᠭ᠋ᠠᠵᠤ᠂ ᠵᠢᠯ᠎ᠤᠨ ᠣᠷᠣᠯᠭ᠎ᠠ᠎ᠨᠢ 40 ᠲᠦᠮᠡᠨ ᠲᠥᠭᠥᠷᠢᠭ᠎ᠲᠤ ᠬᠦᠷᠴᠡᠢ; ᠬᠤᠳᠠᠯᠳᠤᠨ ᠠᠪᠤᠭᠰᠠᠨ 2 ᠲᠣᠮᠣ ᠫᠧᠩ᠎ᠤᠨ ᠵᠢᠯ᠎ᠤᠨ ᠣᠷᠣᠯᠭ᠎ᠠ᠎ᠨᠢ 0.9 ᠲᠦᠮᠡᠨ ᠲᠥᠭᠥᠷᠢᠭ᠎ᠲᠤ ᠬᠦᠷᠴᠡᠢ᠃ ᠪᠡᠭᠡᠵᠢᠩ ᠥᠪᠥᠷ ᠮᠣᠩᠭᠣᠯ 35 ᠲᠦᠮᠡᠨ ᠲᠥᠭᠥᠷᠢᠭ᠎ᠢ ᠬᠠᠪᠰᠤᠷᠤᠨ ᠲᠡᠳᠬᠦᠵᠦ᠂ ᠲᠣᠰᠬᠣᠨ᠎ᠤ ᠠᠷᠠᠳ᠎ᠤᠨ ᠵᠥᠪᠯᠡᠯ 8.6 ᠲᠦᠮᠡᠨ ᠲᠥᠭᠥᠷᠢᠭ ᠭᠠᠷᠭ᠋ᠠᠵᠤ᠂ ᠨᠡᠶ᠋ᠢᠲᠡ 43.6 ᠲᠦᠮᠡᠨ ᠲᠥᠭᠥᠷᠢᠭ ᠣᠷᠣᠭᠤᠯᠵᠤ ᠨᠢᠭᠡ ᠢᠵᠢ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠴᠤ᠂ ᠨᠢᠳᠤᠨᠤᠨ 9 ᠲᠦᠮᠡᠨ ᠲᠥᠭᠥᠷᠢᠭ᠎ᠤᠨ ᠣᠷᠣᠯᠭ᠎ᠠ ᠣᠯᠵᠠᠢ ᠁

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠲᠣᠰᠬᠣᠨ᠎ᠳᠤ ᠰᠠᠭᠤᠬᠤ ᠵᠢᠨ ᠡᠷᠬᠢᠮ᠎ᠨᠢ ᠰᠡᠳᠬᠢᠯ᠎ᠳᠤ ᠪᠤᠢ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠬᠠᠢ᠌ᠷ᠎ᠠ ᠪᠢᠯᠬᠠᠭᠰᠠᠨ ᠸᠠᠩ ᠪᠢᠴᠢᠭᠡᠴᠢ ᠲᠤᠰᠬᠤᠨ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠯᠢᠦ ᠢᠦᠢ ᠴᠢᠩ᠄ ᠰᠢᠨ᠎ᠡ ᠵᠢᠯ᠎ᠤᠨ ᠰᠢᠨ᠎ᠡ ᠬᠠᠷᠠᠯᠲᠠ 《ᠱᠠᠪᠲᠠᠯ᠎ᠠ》᠎ᠤᠨ ᠤᠨᠠᠯᠲᠠ ᠡᠯᠪᠡᠭ ᠲᠡᠯᠪᠡᠭ
【ᠲᠣᠰᠬᠣᠨ᠎ᠳᠤ ᠰᠠᠭᠤᠬᠤ ᠴᠤᠭ ᠵᠢᠪᠬᠤᠭ᠎ᠠ 】 ᠲᠣᠰᠬᠣᠨ᠎ᠳᠤ ᠰᠠᠭᠤᠭ᠎ᠠ ᠺᠠᠳ᠋ᠷ ᠠᠷᠠᠳ᠎ᠤᠨ ᠰᠠᠨᠠᠭ᠋ᠠᠰᠢᠷᠠᠯ᠎ᠢ ᠲᠠᠢ᠍ᠢ᠍ᠯᠵᠤ ᠦᠢ᠍ᠯᠡ ᠠᠵᠢᠯᠯᠠᠭ᠎ᠠ᠎ᠪᠠᠷ ᠵᠶ᠋ᠠᠨ ᠠᠮᠠᠯᠠᠯᠲᠠ᠎ᠪᠠᠨ ᠦᠢ᠍ᠯᠡᠳᠦᠯᠭᠡᠵᠢᠭᠦᠯᠦᠨ᠎ᠡ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ》】 ᠸᠠᠩ ᠸᠸᠨ ᠯᠦᠩ᠄ ᠲᠣᠰᠬᠣᠨ᠎ᠳᠤ ᠰᠠᠭᠤᠬᠤ᠎ᠳᠤ᠎ᠪᠠᠨ ᠰᠡᠳᠬᠢᠯ ᠵᠢᠷᠦᠬᠡᠨ᠎ᠠᠴᠠ᠎ᠪᠠᠨ ᠰᠠᠭᠤᠭᠰᠠᠨ ᠨᠢᠭᠡᠳᠦᠭᠡᠷ ᠱᠦᠵᠢ
 
            