ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠪᠠᠶᠠᠵᠢᠯ᠎ᠤᠨ ᠬᠤᠰᠢᠭᠤᠴᠢ   -   ᠪᠠᠶᠠᠵᠢᠯ᠎ᠤᠨ ᠬᠤᠰᠢᠭᠤᠴᠢ
【ᠪᠠᠶᠠᠵᠢᠯ᠎ᠤᠨ ᠬᠣᠰᠢᠭᠤᠴᠢ 】 ᠤᠶᠤᠨᠨᠠᠪᠴᠢ᠄ ᠡᠨᠡ ᠵᠢᠯ ᠢᠬᠡᠷ᠎ᠡ ᠬᠤᠷᠠᠭ᠎ᠠ ᠨᠠᠩ ᠣᠯᠠᠨ ᠪᠣᠯᠪᠠ
ᠨᠡᠶ᠋ᠢᠲᠡᠯᠡᠭᠰᠡᠨ ᠴᠠᠭ᠄ 2022-03-02

    ᠲᠥᠯ ᠲᠤᠰᠴᠤ ᠪᠣᠢ᠌ᠵᠢᠭᠤᠯᠬᠤ ᠪᠣᠯ ᠮᠠᠯᠴᠢᠳ᠎ᠤᠨ ᠵᠢᠯ ᠪᠦᠷᠢ ᠵᠢᠨ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠᠬᠢ ᠨᠢᠭᠡᠨ ᠲᠣᠮᠣ ᠶᠠᠪᠤᠳᠠᠯ ᠮᠥᠨ᠂ ᠲᠡᠷᠡ᠎ᠨᠢ ᠡᠷᠦᠬᠡ ᠪᠦᠷᠢ ᠵᠢᠨ ᠣᠷᠣᠯᠭ᠎ᠠ ᠵᠢᠨ ᠬᠢᠷᠢ ᠲᠦᠪᠰᠢᠨ᠎ᠲᠠᠢ ᠰᠢᠭᠤᠳ ᠬᠣᠯᠪᠣᠭᠳᠠᠵᠤ ᠪᠠᠢ᠌ᠳᠠᠭ᠃   ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤᠨ᠎ᠤ ᠤᠶᠤᠨᠨᠠᠪᠴᠢ ᠵᠢᠨ᠎ᠬᠢᠨ ᠡᠨᠡ ᠵᠢᠯ 20 ᠭᠠᠷᠤᠢ ᠢᠬᠡᠷ᠎ᠡ ᠬᠤᠷᠠᠭ᠎ᠠ ᠲᠤᠰᠴᠤ᠂ ᠬᠤᠷᠠᠭ᠎ᠠ ᠵᠢᠨ ᠨᠣᠷᠮ᠎ᠠ᠎ᠨᠢ 125%᠎ᠳᠤ ᠬᠦᠷᠴᠡᠢ᠃
    ᠡᠨᠡ ᠵᠢᠯ 58 ᠨᠠᠰᠤᠲᠠᠢ ᠤᠶᠤᠨᠨᠠᠪᠦᠴᠢ ᠪᠣᠯ ᠤᠷᠠᠳ᠎ᠤᠨ ᠳᠤᠮᠳᠠᠳᠤ ᠬᠣᠰᠢᠭᠤᠨ᠎ᠤ ᠰᠢᠨ᠎ᠡ ᠬᠤᠳᠳᠤᠭ ᠰᠤᠮᠤ ᠵᠢᠨ ᠰᠢᠷ᠎ᠠ ᠭᠠᠴᠠᠭ᠎ᠠ ᠵᠢᠨ ᠮᠠᠯᠴᠢᠨ ᠪᠣᠯᠣᠨ᠎ᠠ᠂ ᠲᠡᠳᠡᠨ᠎ᠤ ᠭᠡᠷ᠎ᠲᠤ 3700 ᠭᠠᠷᠤᠢ ᠮᠦ᠍ ᠪᠡᠯᠴᠢᠭᠡᠷ᠎ᠲᠠᠢ᠂ 300 ᠭᠠᠷᠤᠢ ᠬᠣᠨᠢ᠂ 10 ᠭᠠᠷᠤᠢ ᠦᠬᠡᠷ ᠲᠡᠵᠢᠭᠡᠵᠦ ᠪᠤᠢ᠃ ᠪᠢᠴᠢᠭᠴᠢ᠎ᠨᠢ ᠲᠡᠭᠦᠨ᠎ᠤ᠎ᠳᠤ ᠣᠴᠢᠬᠤ ᠦᠶ᠎ᠡ᠎ᠳᠤ ᠲᠡᠷᠡ ᠶᠠᠭ ᠡᠪᠡᠰᠦ ᠪᠣᠷᠳᠣᠭ᠎ᠠ ᠲᠡᠵᠢᠭᠡᠬᠦ᠂ ᠬᠤᠨᠢᠨ᠎ᠤ ᠬᠠᠰᠢᠶ᠎ᠠ᠎ᠪᠠᠨ ᠴᠡᠪᠡᠷᠯᠡᠬᠦ ᠵᠡᠷᠭᠡ᠎ᠪᠠᠷ ᠶᠠᠭ᠋ᠠᠷᠠᠯᠳᠤᠵᠤ ᠪᠠᠢ᠌ᠭᠰᠠᠨ ᠪᠥᠭᠡᠳ ᠠᠯᠢᠪᠠ ᠪᠦᠬᠦᠨ᠎ᠨᠢ ᠪᠦᠷ ᠲᠡᠶ᠋ᠢᠮᠦ ᠡᠮᠬᠢ ᠵᠠᠮᠪᠠᠷᠠᠭ᠎ᠠ᠎ᠲᠠᠢ ᠪᠠᠢ᠌ᠪᠠ᠃ ᠬᠤᠷᠠᠭ᠎ᠠ ᠢᠰᠢᠭᠡᠨ᠎ᠤ ᠪᠡᠶ᠎ᠡ ᠵᠢᠨ ᠪᠠᠢ᠌ᠳᠠᠯ᠎ᠨᠢ ᠵᠢᠭᠳᠡᠬᠡᠨ᠂ ᠦᠰᠦ᠎ᠨᠢ ᠬᠤᠷᠴᠠ ᠲᠤᠩᠭ᠋ᠠᠯᠠᠭ᠂ ᠤᠶᠤᠨᠨᠠᠪᠴᠢ ᠵᠢᠨ ᠴᠢᠷᠠᠢ᠎ᠳᠤ ᠬᠤᠷᠢᠶᠠᠯᠲᠠ ᠵᠢᠨ ᠢᠨᠢᠶᠡᠮᠰᠦᠭᠯᠡᠯ ᠪᠢᠯᠬᠠᠵᠤ ᠪᠠᠢ᠌ᠯ᠎ᠠ᠃
 《ᠥᠩᠭᠡᠷᠡᠭᠰᠡᠨ᠎ᠳᠤ ᠴᠥᠮ ᠨᠤᠲᠤᠭ᠎ᠤᠨ ᠬᠣᠨᠢ ᠲᠡᠵᠢᠭᠡᠵᠦ ᠪᠠᠢ᠌ᠵᠠᠢ᠂ ᠨᠤᠲᠤᠭ᠎ᠤᠨ ᠬᠣᠨᠢᠨ᠎ᠤ ᠣᠷᠣᠯᠭ᠎ᠠ᠎ᠨᠢ ᠲᠡᠶ᠋ᠢᠮᠦ ᠥᠨᠳᠥᠷ ᠪᠢᠰᠢ᠂ ᠬᠣᠨᠢᠨ ᠨᠣᠣᠰᠣ᠎ᠨᠢ ᠴᠦ᠍ ᠦᠨ᠎ᠡ ᠬᠦᠷᠬᠦ ᠦᠭᠡᠢ ᠪᠠᠢ᠌ᠪᠠ᠃ ᠨᠢᠳᠤᠨᠤᠨ ᠎ᠠᠴᠠ ᠡᠬᠢᠯᠡᠨ ᠨᠠᠷᠢᠨ ᠨᠣᠣᠰᠣᠲᠤ ᠬᠤᠴᠠᠨ᠎ᠤ ᠡᠭᠦᠯᠳᠡᠷ ᠰᠠᠢ᠌ᠵᠢᠷᠠᠭᠤᠯᠤᠭᠰᠠᠨ ᠎ᠠᠴᠠ ᠬᠤᠷᠠᠭ᠎ᠠ ᠢᠰᠢᠭᠡᠨ᠎ᠤ ᠦᠨ᠎ᠡ ᠴᠦ᠍ ᠥᠰᠴᠡᠢ᠃ ᠡᠨᠡ ᠵᠢᠯ ᠬᠣᠨᠢᠨ ᠰᠦᠷᠦᠭ ᠲᠠᠷᠭᠤ ᠰᠠᠢ᠌ᠲᠠᠢ ᠪᠣᠯᠵᠤ᠂ 100%᠎ᠪᠠᠷ ᠬᠤᠷᠠᠭ᠎ᠠ ᠲᠤᠰᠴᠤ᠂ 20 ᠭᠠᠷᠤᠢ ᠢᠬᠡᠷ᠎ᠡ ᠬᠡᠦᠬᠡᠳ ᠣᠷᠣᠵᠤ᠂ 90 ᠭᠠᠷᠤᠢ ᠬᠣᠨᠢᠨ᠎ᠤ ᠳᠣᠲᠣᠷᠠᠬᠢ 20 ᠭᠠᠷᠤᠢ᠎ᠨᠢ ᠢᠬᠡᠷ᠎ᠡ ᠬᠡᠦᠬᠡᠳ ᠣᠷᠣᠵᠤ᠂ 100%᠎ᠪᠠᠷ ᠢᠬᠡᠷ᠎ᠡ ᠬᠡᠦᠬᠡᠳ ᠵᠶ᠋ᠡᠨ ᠬᠠᠮᠠᠭ᠋ᠠᠯᠠᠵᠤ ᠴᠢᠳᠠᠵᠠᠢ》   ᠭᠡᠵᠦ ᠤᠶᠤᠨᠨᠠᠪᠴᠢ ᠬᠡᠯᠡᠪᠡ᠃
    ᠲᠠᠷᠢᠶᠠᠴᠢᠳ ᠨᠠᠮᠤᠷ᠎ᠤᠨ ᠬᠤᠷᠢᠶᠠᠯᠲᠠ ᠵᠢ ᠦᠵᠡᠵᠦ᠂ ᠮᠠᠯᠴᠢᠳ ᠲᠥᠯ ᠲᠣᠰᠬᠤ ᠵᠢ ᠦᠵᠡᠳᠡᠭ᠃ ᠤᠶᠤᠨᠨᠠᠪᠴᠢ ᠮᠠᠯ ᠮᠠᠯᠵᠢᠬᠤ᠎ᠳᠠᠭᠠᠨ ᠮᠠᠯ ᠪᠡᠯᠴᠢᠭᠡᠷ᠎ᠢ ᠲᠡᠩᠴᠡᠭᠦᠷᠢᠲᠡᠢ ᠪᠠᠢ᠌ᠯᠭ᠋ᠠᠬᠤ ᠵᠢ ᠪᠠᠷᠢᠮᠲᠠᠯᠠᠵᠤ᠂ ᠬᠤᠨᠢᠨ ᠮᠢᠬᠠᠨ᠎ᠤ ᠵᠠᠬ᠎ᠠ ᠳᠡᠯᠭᠡᠭᠦᠷ᠎ᠤᠨ ᠪᠠᠢ᠌ᠳᠠᠯ᠎ᠢ ᠠᠵᠢᠭᠯᠠᠵᠤ᠂ ᠤᠯᠠᠮᠵᠢᠯᠠᠯᠲᠤ ᠮᠠᠯ ᠬᠠᠷᠢᠭᠤᠯᠬᠤ ᠦᠵᠡᠯᠲᠡ᠎ᠪᠠᠨ ᠬᠤᠪᠢᠷᠠᠭᠤᠯᠵᠤ᠂ ᠰᠢᠨ᠎ᠡ ᠡᠭᠦᠯᠳᠡᠷ᠎ᠢ ᠣᠷᠣᠭᠤᠯᠤᠨ ᠰᠠᠢ᠌ᠵᠢᠷᠠᠭᠤᠯᠬᠤ᠎ᠪᠠᠷ ᠲᠤᠷᠰᠢᠵᠤ᠂ ᠪᠦᠬᠦᠯᠢ ᠴᠣᠭᠴᠠ ᠵᠢᠨ ᠦᠷ᠎ᠡ ᠠᠰᠢᠭ ᠵᠶ᠋ᠠᠨ ᠳᠡᠭᠡᠭᠰᠢᠯᠡᠭᠦᠯᠵᠡᠢ᠃ ᠶᠡᠬᠡ ᠪᠠᠭ᠎ᠠ ᠮᠠᠯ᠎ᠤᠨ ᠠᠮᠤᠷ ᠲᠦᠪᠰᠢᠨ ᠵᠶ᠋ᠡᠷ ᠡᠪᠦᠯ ᠬᠠᠪᠤᠷ᠎ᠢ ᠥᠩᠭᠡᠷᠡᠭᠦᠯᠬᠦ ᠵᠢ ᠪᠠᠲᠤᠯᠠᠬᠤ ᠵᠢᠨ ᠲᠥᠯᠥᠭᠡ᠂ ᠲᠡᠷᠡ 6 ᠲᠦᠮᠡᠨ ᠲᠥᠭᠥᠷᠢᠭ᠎ᠤᠨ ᠡᠪᠡᠰᠦ ᠪᠣᠷᠳᠣᠭ᠎ᠠ ᠪᠡᠯᠡᠳᠬᠡᠵᠦ᠂ ᠨᠢᠳᠤᠨᠤᠨ᠎ᠤ ᠡᠪᠦᠯ᠎ᠤᠨ 11 ᠰᠠᠷ᠎ᠠ᠎ᠠᠴᠠ ᠡᠬᠢᠯᠡᠨ ᠶᠡᠬᠡ ᠪᠠᠭ᠎ᠠ ᠬᠣᠨᠢ ᠲᠡᠵᠢᠭᠡᠵᠦ᠂ ᠰᠠᠭᠤᠷᠢ ᠡᠮ᠎ᠡ ᠬᠤᠨᠢᠨ᠎ᠤ ᠪᠡᠶ᠎ᠡ ᠵᠢᠨ ᠲᠠᠷᠭᠤ ᠬᠦᠴᠦ ᠵᠢ ᠪᠠᠲᠤᠯᠠᠵᠤ᠂ ᠡᠨᠡ ᠵᠢᠯ᠎ᠤᠨ ᠬᠤᠷᠠᠭ᠎ᠠ ᠵᠢᠨ ᠤᠨᠠᠯᠲᠠ ᠵᠢᠨ ᠨᠤᠷᠮ᠎ᠠ 125%᠎ᠳᠤ ᠬᠦᠷᠴᠦ᠂ ᠥᠪᠡᠷ᠎ᠤᠨ ᠨᠢᠭᠡ ᠵᠢᠯ᠎ᠤᠨ ᠰᠢᠷᠭ᠋ᠠᠭᠤ ᠬᠥᠳᠡᠯᠮᠦᠷᠢ᠎ᠳᠡᠭᠡᠨ ᠬᠠᠨᠤᠮᠵᠢᠲᠠᠢ ᠬᠠᠷᠢᠭᠤᠯᠲᠠ ᠥᠭᠴᠡᠢ᠃  

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
【ᠨᠢᠭᠡᠳᠦᠭᠡᠷ ᠱᠦᠵᠢ ᠵᠢᠨ ᠴᠣᠭ ᠵᠢᠪᠬᠤᠭ᠎ᠠ】 ᠠᠭᠤᠳᠠᠮ᠎ᠤᠨ ᠰᠢᠨ᠎ᠡ ᠵᠢᠯ᠎ᠤᠨ ᠪᠠᠷᠠᠯᠠᠯ
【ᠶᠠᠳᠠᠭᠤ᠎ᠠᠴᠠ ᠠᠩᠭᠢᠵᠢᠷᠠᠭᠰᠠᠨ ᠦᠯᠢᠭᠡᠷ】 ᠾᠧ ᠯᠢ ᠫᠢᠩ᠄ ᠦᠬᠡᠷ ᠲᠡᠵᠢᠭᠡᠬᠦ 《ᠪᠠᠶᠠᠵᠢᠯ᠎ᠤᠨ ᠰᠤᠳᠤᠷ》᠎ᠢ ᠠᠮᠢᠳᠤᠯᠢᠭ ᠵᠶ᠋ᠠᠷ ᠤᠩᠰᠢᠨ᠎ᠠ
【ᠪᠠᠶᠠᠵᠢᠯ᠎ᠤᠨ ᠬᠣᠰᠢᠭᠤᠴᠢ】 ᠪᠠᠶᠠᠵᠢᠯ᠎ᠤᠨ 《ᠤᠷᠢᠬᠠᠨ ᠬᠠᠪᠤᠷ》 ᠵᠦᠭ ᠨᠢᠰᠪᠡ
【ᠦᠨᠳᠦᠰᠦᠨ ᠱᠠᠲᠤᠨ᠎ᠤ ᠴᠤᠭ ᠵᠢᠪᠬᠤᠭ᠎ᠠ】 ᠲᠣᠰᠬᠣᠨ᠎ᠤ ᠠᠷᠠᠳ《ᠦᠢ᠍ᠯᠡᠳᠬᠦᠨ᠎ᠤ ᠦᠷᠳᠡᠭ》᠎ᠲᠠᠢ ᠲᠣᠰᠬᠣᠨ᠎ᠤ ᠳᠦᠷᠰᠦ ᠪᠠᠢ᠌ᠳᠠᠯ᠎ᠨᠢ 《ᠥᠩᠭᠡ ᠵᠢᠰᠦ》᠎ᠪᠠᠷ ᠨᠡᠮᠡᠭᠳᠡᠵᠡᠢ
【ᠨᠢᠭᠡᠳᠦᠭᠡᠷ ᠱᠦᠵᠢ ᠵᠢᠨ ᠴᠤᠭ ᠵᠢᠪᠬᠤᠭ᠎ᠠ】 ᠸᠠᠩ ᠲᠢᠩ ᠴᠢᠨ ᠮᠠᠰᠢ 《ᠠᠵᠢᠯᠴᠢ》
 
            