ᠰᠦᠨ ᠭᠧᠨ ᠵᠤ᠋ ᠶᠢᠨ ᠢᠳᠡᠭᠡᠯ ᠵᠤᠷᠢᠭ
ᠨᠡᠶᠢᠲᠡᠯᠡᠭᠰᠡᠨ ᠴᠠᠭ᠄
2020/12/24
     ᠡᠨᠡ ᠵᠢᠯ ᠤᠨ ᠬᠠᠨᠭ᠍ᠰᠢ ᠠᠴᠠ ᠡᠮᠤᠨ᠎ᠠ ᠶᠠᠪᠤᠭᠳᠠᠭᠰᠠᠨ ᠵᠠᠯᠠᠶᠢᠳ ᠬᠤᠰᠢᠭᠤᠨ ᠤ ᠠᠯᠳᠠᠷᠳᠤ ᠰᠤᠮᠤ ᠶᠢᠨ ᠶᠠᠳᠠᠭᠤ ᠬᠦᠴᠢᠷᠳᠠᠯ ᠲᠠᠢ ᠤᠯᠠᠨ ᠲᠦᠮᠡᠨ ᠤ ᠲᠠᠷᠢᠵᠤ ᠠᠷᠠᠴᠢᠯᠠᠬᠤ ᠲᠠᠵᠢᠭᠡᠨ ᠦᠷᠡᠵᠢᠬᠦᠯᠬᠦ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠬᠤᠭᠤᠴᠠᠭᠠᠨ ᠳᠤ ᠰᠦᠨ ᠭᠧᠨ ᠵᠤ᠋ ᠲᠠᠢ ᠠᠩᠬ᠎ᠠ ᠤᠳᠠᠭ᠎ᠠ ᠠᠭᠤᠯᠵᠠᠭᠰᠠᠨ ᠶᠤᠮ᠃ ᠲᠠᠷᠢ ᠲᠡᠭᠰᠢᠭᠡᠨ ᠮᠦᠷᠳᠡᠭᠡᠨ ᠴᠡᠪᠡᠷ ᠴᠡᠮᠴᠡᠭᠡᠷ ᠡᠮᠤᠰᠦᠭᠰᠡᠨ ᠪᠦᠭᠡᠳ ᠠᠮᠠᠪᠴᠢ ᠵᠡᠬᠦᠵᠤ ᠪᠤᠯᠪᠠᠰᠤᠷᠠᠯ ᠤᠨ ᠬᠢᠴᠢᠶᠠᠯ ᠢᠶᠠᠨ ᠬᠢᠨᠠᠭᠤᠷ ᠰᠤᠨᠤᠰᠬᠤ ᠪᠠᠷ ᠵᠢᠷᠭᠤᠭᠠᠨ ᠵᠢᠯ ᠤᠨ ᠡᠮᠤᠨᠡᠬᠢ ᠦᠰᠤ ᠭᠡᠵᠢᠭᠡ ᠨᠢ ᠪᠤᠷᠵᠠᠶᠢᠵᠤ᠂ ᠡᠮᠤᠰᠭᠡᠯ ᠬᠤᠪᠴᠠᠰᠤ ᠨᠢ ᠤᠨᠵᠠᠶᠢᠭᠰᠠᠨ ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠠᠯ ᠲᠠᠢ ᠰᠦᠨ ᠭᠧᠨ ᠵᠤ᠋ ᠭᠡᠪᠠᠯ ᠢᠳᠡᠭᠡᠵᠤ ᠶᠠᠳᠠᠮᠠᠷ ᠡ︕       4 ᠰᠠᠷ᠎ᠠ ᠶᠢᠨ 18 ᠤ ᠡᠳᠤᠷ᠂ ᠰᠦᠨ ᠭᠧᠨ ᠵᠤ᠋ ᠶᠢᠨ ᠬᠢᠨ ᠳᠤ ᠬᠦᠷᠤᠬᠦᠯᠠᠷ᠂ ᠲᠠᠷᠠ ᠮᠠᠯ ᠤᠨ ᠫᠸᠡᠭ ᠳᠡᠭᠡᠨ ᠦᠨᠢᠶ᠎ᠠ ᠲᠤᠭᠤᠯ ᠢᠶᠠᠨ ᠲᠡᠵᠢᠭᠡᠵᠤ ᠪᠠᠶᠢᠵᠠᠢ᠃ ︽ᠨᠢᠭᠡ ᠲᠤᠯᠤᠭᠠᠢ᠂ ᠬᠤᠶᠠᠷ ᠲᠤᠯᠤᠭᠠᠢ ᠁︾ ᠰᠦᠨ ᠭᠧᠨ ᠵᠤ᠋ ᠲᠤᠭᠤᠯ ᠢᠶᠠᠨ ᠲᠤᠭᠠᠯᠠᠬᠤ ᠳᠤᠨᠢ ᠬᠠᠴᠠᠷ ᠲᠤ ᠨᠢ ᠪᠠᠶᠠᠷ ᠤᠨ ᠢᠨᠢᠶᠠᠳᠤ ᠲᠤᠳᠤᠷᠠᠨ᠎ᠠ᠃ ︽ᠡᠨᠡ ᠬᠤᠶᠠᠷ ᠡᠳᠤᠷ ᠰᠢᠶᠠᠩ ᠲᠤᠰᠬᠤᠨ ᠬᠤᠶᠠᠷ ᠱᠠᠳᠤᠨ ᠤ ᠬᠢᠨ ᠪᠠᠯᠴᠢᠭᠡᠷᠯᠡᠬᠦᠯᠬᠦ ᠶᠢ ᠵᠤᠭᠰᠤᠭᠠᠬᠤ ᠲᠤᠬᠠᠢ ᠤᠬᠠᠭᠤᠯᠭ᠎ᠠ ᠬᠢᠵᠤ ᠪᠠᠶᠢᠨ᠎ᠠ᠂ ᠪᠢ ᠤᠷᠢᠳᠠᠪᠡᠷ ᠭᠡᠳᠤᠨ ᠡᠳᠤᠷ ᠦᠨᠢᠶ᠎ᠠ ᠲᠤᠭᠤᠯ ᠢᠶᠠᠨ ᠬᠠᠰᠢᠶᠠᠯᠠᠵᠤ ᠲᠠᠵᠢᠭᠡᠭᠰᠡᠨ ᠪᠠᠶᠢᠬᠤᠪ︕ ᠡᠪᠡᠰᠤ ᠪᠤᠷᠳᠤᠭ᠎ᠠ ᠡᠯᠪᠡᠭ ᠪᠠᠶᠢᠬᠤᠯᠠᠷ ᠰᠠᠨᠠᠭᠠᠰᠢᠷᠠᠬᠤ ᠶᠠᠪᠤᠳᠠᠯ ᠠᠯᠠᠭ᠎ᠠ ᠳ᠋ᠠ᠂ ᠬᠠᠰᠢᠯᠠ ᠤᠨᠢᠨ ᠲᠡᠭᠡᠷ᠎ᠠ ᠨᠢ ᠶᠠᠳᠠᠭᠤ ᠶᠢ ᠲᠠᠳᠬᠦᠬᠦ ᠲᠦᠷᠦ ᠶᠢᠨ ᠪᠤᠳᠤᠯᠭ᠎ᠠ ᠰᠠᠶᠢᠨ᠂ ᠦᠨᠤᠳᠤᠷ ᠤᠨ ᠪᠠᠶᠠᠨ ᠴᠢᠨᠡᠭᠡᠯᠢᠭ ᠠᠮᠢᠳᠤᠷᠠᠯ ᠢ ᠠᠪᠴᠢᠷᠠᠵᠤ ᠦᠭᠬᠦᠯ᠎ᠠ︾ ᠭᠡᠵᠤ 53 ᠨᠠᠰᠤᠳᠠᠢ ᠰᠦᠨ ᠭᠧᠨ ᠵᠤ᠋ ᠢᠳᠡᠭᠡᠯ ᠲᠠᠬᠦᠯᠳᠡᠷ ᠭᠡᠯᠡᠨ᠎ᠠ᠃      ᠰᠦᠨ ᠭᠧᠨ ᠵᠤ᠋ ᠭᠡᠵᠤ ᠵᠠᠯᠠᠶᠢᠳ ᠬᠤᠰᠢᠭᠤᠨ ᠤ ᠠᠯᠳᠠᠷᠳᠤ ᠰᠤᠮᠤ ᠶᠢᠨ ᠬᠠᠷ᠎ᠠ ᠠᠭᠤᠯᠠ ᠭᠠᠴᠠᠭ᠎ᠠ ᠶᠢᠨ ᠬᠦᠮᠤᠨ᠂ ᠪᠦᠰᠡᠬᠦᠢ ᠵᠠᠩ ᠬᠤᠸᠠ ᠨᠢ ᠭᠡᠷᠤᠬᠦ ᠴᠢᠨᠠᠷᠳᠠᠢ ᠦᠶ᠎ᠠ ᠭᠡᠰᠢᠬᠦᠤ ᠶᠢᠨ ᠦᠷᠪᠢᠰᠤᠯ ᠳᠤ ᠨᠡᠷᠪᠡᠭᠳᠡᠭᠰᠡᠨ ᠪᠤᠯᠬᠤᠷ ᠬᠦᠨᠳᠤ ᠬᠦᠳᠡᠯᠮᠤᠷᠢ ᠳᠤ ᠤᠷᠤᠯᠴᠠᠵᠤ ᠲᠠᠶᠢᠯᠬᠦ ᠦᠭᠡᠢ᠂ ᠭᠡᠤᠭᠡᠨ ᠨᠢ ᠪᠠᠰᠠ ᠰᠤᠷᠭᠠᠭᠤᠯᠢ ᠳᠤ ᠰᠤᠷᠤᠯᠴᠠᠵᠤ ᠪᠠᠶᠢᠬᠤᠯᠠᠷ 2014 ᠤᠨ ᠳᠤ ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠠᠯ ᠲᠠᠢ ᠡᠷᠤᠭᠡ ᠶᠢᠨ ᠡᠩᠨᠡᠭᠡ ᠳᠤ ᠵᠢᠬᠰᠠᠭᠠᠭᠳᠠᠭᠰᠠᠨ ᠪᠠᠶᠢᠨ᠎ᠠ᠃ ︽ᠲᠤᠬᠠᠢ ᠶᠢᠨ ᠦᠶ᠎ᠠ ᠳᠤ ᠠᠵᠤ ᠦᠢᠯᠡᠰ ᠤᠨ ᠬᠦᠭᠵᠢᠯᠳᠠ ᠳᠤ ᠢᠳᠡᠭᠡᠯ ᠠᠨᠠᠢ᠂ ᠬᠠᠮᠤᠭ ᠬᠦᠴᠢᠷᠳᠠᠯ ᠲᠠᠢ ᠦᠶ᠎ᠠ ᠳᠤ ᠰᠢᠳᠤ ᠪᠠᠨ ᠵᠠᠭᠤᠨ ᠲᠠᠰᠪᠤᠷᠢᠯᠡᠵᠤ᠂ ᠠᠮᠢᠳᠤᠷᠠᠯ ᠮᠠᠰᠢ ᠬᠦᠴᠢᠷᠳᠠᠢ ᠪᠠᠶᠢᠭᠰᠠᠨ︾ ᠭᠡᠵᠤ ᠰᠦᠨ ᠭᠧᠨ ᠵᠤ᠋ ᠦᠡᠭᠭᠡᠷᠡᠭᠰᠡᠨ ᠢᠶᠠᠨ ᠡᠷᠬᠢᠴᠡᠬᠦᠯᠤᠨ ᠭᠡᠯᠡᠨ᠎ᠠ᠃ ᠰᠦᠨ ᠭᠧᠨ ᠵᠤ᠋ ᠶᠢᠨ ᠬᠢᠨ ᠰᠢᠶᠠᠩ ᠲᠤᠰᠬᠤᠨ ᠤ ᠬᠤᠶᠠᠷ ᠱᠠᠳᠤᠨ ᠤ ᠵᠢᠯᠤᠭᠤᠳᠤᠯᠭ᠎ᠠ ᠪᠠ ᠵᠤᠷᠢᠭᠵᠢᠭᠤᠯᠤᠯ ᠲᠤᠤᠷ᠎ᠠ᠂ ᠤᠨᠢᠨ ᠲᠡᠭᠡᠷ᠎ᠠ ᠨᠢ ᠶᠠᠳᠠᠭᠤ ᠶᠢ ᠲᠠᠳᠬᠦᠬᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠪᠠᠷ ᠲᠠᠮᠵᠢᠨ᠂ ᠭᠡᠤᠭᠡᠨ ᠨᠢ ᠦᠪᠤᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠡᠯᠰᠡᠭᠳᠡᠵᠤ᠂ ᠵᠢᠯ ᠪᠦᠷᠢ ᠰᠤᠷᠭᠠᠨ ᠬᠦᠮᠦᠵᠢᠯ ᠤᠨ ᠨᠦᠬᠦᠪᠤᠷᠢ ᠬᠦᠷᠳᠡᠭᠡᠵᠤ ᠪᠠᠶᠢᠳᠠᠭ᠃ ᠵᠠᠬᠢᠶᠠᠯᠠᠭ᠎ᠠ ᠶᠢᠨ ᠭᠡᠯᠪᠡᠷᠢ ᠶᠢᠨ ᠠᠵᠤ ᠦᠢᠯᠡᠰ ᠢᠶᠠᠷ ᠶᠠᠳᠠᠭᠤ ᠶᠢ ᠲᠠᠳᠬᠦᠬᠦ ᠪᠠᠷ ᠲᠠᠮᠵᠢᠭᠤᠯᠤᠨ ᠰᠦᠨ ᠭᠧᠨ ᠵᠤ᠋ ᠶᠢᠨ ᠬᠢᠨ 4 ᠦᠨᠢᠶ᠎ᠠ ᠬᠤᠪᠢᠶᠠᠨ ᠤᠯᠵᠠᠢ᠃ ᠡᠬᠦᠨ ᠳᠤ ᠰᠦᠨ ᠭᠧᠨ ᠵᠤ᠋ ᠪᠦᠰᠡᠬᠦᠢ ᠲᠠᠢ ᠪᠠᠨ ᠬᠤᠶᠠᠭᠤᠯᠠ ᠨᠠᠷᠢᠨ ᠨᠢᠮᠪᠠᠢ ᠠᠷᠠᠴᠢᠯᠠᠨ ᠲᠠᠵᠢᠭᠡᠭᠰᠡᠨ ᠤ ᠬᠤᠪᠢ ᠳᠤ᠂ ᠤᠳᠤ 4 ᠦᠨᠢᠶ᠎ᠠ ᠨᠢ 23 ᠪᠤᠯᠤᠨ ᠦᠷᠡᠵᠢᠵᠤ᠂ ᠪᠦᠬᠦ ᠲᠤᠰᠬᠤᠨ ᠤ ᠦᠨᠢᠶ᠎ᠠ ᠲᠡᠵᠢᠭᠡᠬᠦ ᠲᠠᠭᠠᠭᠤᠯᠤᠭᠴᠢ ᠪᠤᠯᠤᠭᠰᠠᠨ ᠪᠠᠶᠢᠨ᠎ᠠ᠃ ︽ᠰᠦᠨᠢ ᠶᠢᠨ ᠵᠡᠬᠦᠳᠤᠨ ᠤ ᠤᠷᠤᠬᠤ ᠦᠭᠡᠢ︾᠂ ︽ᠠᠮᠠᠷᠬᠠᠨ ᠶᠠᠪᠤᠳᠠᠯ ᠪᠢᠰᠢ︾᠂ ︽ᠨᠠᠮ ᠲᠠᠭᠠᠨ ᠲᠠᠯᠠᠷᠬᠠᠨ᠎ᠠ︾ ᠡᠳᠡᠭᠡᠷ ᠨᠢ ᠡᠳᠡᠭᠡᠷ ᠵᠢᠯ ᠳᠤ ᠲᠠᠬᠦᠨ ᠤ ᠭᠡᠯᠡᠭᠰᠡᠨ ᠬᠠᠮᠤᠭ ᠤᠯᠠᠨ ᠦᠭᠡ ᠪᠤᠯᠬᠤ ᠠᠵᠢ᠃      ︽ᠡᠬᠢᠯᠠᠩᠬᠦᠳᠠ ᠦᠨᠢᠶ᠎ᠠ ᠲᠠᠵᠢᠭᠡᠬᠦ ᠲᠠᠯ᠎ᠠ ᠪᠠᠷ ᠲᠤᠷᠰᠢᠯᠭ᠎ᠠ ᠭᠡᠵᠤ ᠪᠠᠶᠢᠬᠤ ᠦᠭᠡᠢ᠂ ᠪᠤᠳᠤᠯ ᠰᠡᠳᠬᠢᠯ ᠳᠡᠭᠡᠨ ᠮᠠᠰᠢ ᠲᠦᠪᠡᠭᠳᠡᠵᠤ ᠪᠠᠶᠢᠬᠰᠠᠨ᠃ ᠰᠡᠬᠦᠯᠠᠷ ᠨᠢ ᠰᠢᠶᠠᠩ ᠲᠤᠰᠬᠤᠨ ᠤ ᠬᠤᠶᠠᠷ ᠱᠠᠳᠤᠨ ᠤ ᠺᠠᠳ᠋ᠷᠴᠤᠳ ᠮᠠᠨ ᠤ ᠭᠡᠷ ᠲᠤ ᠢᠷᠡᠵᠤ ᠵᠢᠭᠠᠨ ᠵᠢᠯᠤᠭᠤᠳᠤᠭᠰᠠᠨ ᠪᠦᠭᠡᠳ ᠰᠤᠮᠤ ᠶᠢᠨ ᠮᠠᠯ ᠠᠵᠤ ᠠᠬᠤᠢ ᠶᠢᠨ ᠦᠷᠳᠡᠭᠡ ᠪᠠ ᠠᠵᠢᠯ ᠤᠢᠢᠯᠡᠰ ᠤᠨ ᠵᠢᠭᠠᠨ ᠵᠢᠯᠤᠭᠤᠳᠤᠭᠴᠢ ᠦᠷᠬᠦᠯᠵᠢ ᠭᠡᠷ ᠢᠶᠠᠷ ᠢᠷᠡᠵᠤ ᠵᠢᠭᠠᠨ ᠵᠢᠯᠤᠭᠤᠳᠤᠯᠭ᠎ᠠ ᠬᠢᠳᠡᠭ᠃ ᠰᠤᠮᠤ ᠠᠴᠠ ᠡᠷᠬᠢᠯᠡᠭᠰᠡᠨ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠳᠤ ᠠᠩᠬᠢ ᠳᠤ ᠪᠢ ᠬᠤᠭᠤᠴᠠᠭ᠎ᠠ ᠪᠤᠯᠭᠠᠨ ᠤᠷᠤᠯᠴᠠᠭᠠᠳ ᠮᠠᠰᠢ ᠤᠯᠠᠨ ᠮᠡᠷᠭᠡᠵᠢᠯ ᠡᠵᠡᠮᠰᠢᠭᠰᠡᠨ ᠰᠢᠤ᠂ ᠤᠳᠤ ᠬᠠᠷᠢᠨ ᠠᠶᠢᠯ ᠰᠠᠭᠠᠬᠠᠯᠳᠠ ᠶᠢᠨ ᠬᠢᠨ ᠢᠶᠠᠨ ᠵᠢᠭᠠᠨ ᠵᠢᠯᠤᠭᠤᠳᠬᠤ ᠪᠤᠯᠤᠭᠰᠠᠨ ᠰᠢᠤ︾ ᠭᠡᠵᠤ ᠰᠦᠨ ᠭᠧᠨ ᠵᠤ᠋ ᠭᠡᠯᠡᠬᠦ ᠶᠢᠨ ᠲᠠᠭᠠᠤ ᠮᠠᠯ ᠤᠨ ᠫᠸᠡᠭ ᠢᠶᠠᠨ ᠠᠷᠢᠭᠤᠳᠬᠠᠨ᠎ᠠ᠃      ᠰᠦᠨ ᠭᠧᠨ ᠵᠤ᠋ ᠦᠪᠡᠷ ᠤᠨ ᠴᠢᠷᠮᠠᠶᠢᠯᠭ᠎ᠠ ᠪᠠᠷ ᠢᠶᠠᠨ ᠬᠤᠷᠠᠮᠳᠤᠭᠤᠯᠤᠭᠰᠠᠨ ᠦᠨᠢᠶ᠎ᠠ ᠲᠠᠵᠢᠭᠡᠬᠦ ᠮᠠᠷᠭᠡᠵᠢᠯ ᠪᠠ ᠨᠠᠷᠢᠯᠢᠵᠢᠭᠤᠯᠤᠭᠰᠠᠨ ᠬᠠᠮᠢᠶᠠᠷᠤᠯᠳᠠ ᠪᠠᠷ ᠲᠠᠮᠵᠢᠨ᠂ ᠲᠠᠬᠦᠨ ᠤ ᠭᠡᠷ ᠪᠦᠯᠢ ᠶᠢᠨ ᠬᠢᠨ ᠤ ᠵᠢᠯ ᠲᠤᠮᠳᠠᠴᠢ ᠶᠢᠨ ᠴᠡᠪᠡᠷ ᠤᠷᠤᠯᠭ᠎ᠠ ᠨᠢ 2014 ᠤᠨ ᠳᠤ 2780 ᠲᠦᠬᠦᠷᠢᠭ ᠪᠠᠶᠢᠭᠰᠠᠨ ᠠᠴᠠ ᠪᠠᠨ 2019 ᠤᠨ ᠪᠤᠯᠬᠤ ᠳᠤ 13938.93 ᠲᠦᠬᠦᠷᠢᠭ ᠪᠤᠯᠵᠤ᠂ ᠶᠠᠳᠠᠭᠤ ᠠᠴᠠ ᠠᠩᠬᠢᠵᠢᠷᠠᠭᠰᠠᠨ ᠢᠶᠠᠷ ᠪᠠᠷᠠᠬᠤ ᠦᠭᠡᠢ ᠲᠤᠰᠬᠤᠨ ᠳᠠᠭᠠᠨ ᠲᠠᠵᠢᠭᠡᠵᠤ ᠦᠷᠡᠵᠢᠬᠦᠯᠬᠦ ᠲᠠᠭᠠᠭᠤᠯᠤᠭᠴᠢ ᠡᠷᠤᠭᠡ ᠭᠡᠵᠤ ᠠᠯᠳᠠᠷᠰᠢᠬᠰᠠᠨ ᠪᠠᠶᠢᠨ᠎ᠠ᠃ 2019 ᠤᠨ ᠤ ᠰᠡᠬᠦᠯᠴᠢ ᠪᠤᠯᠳᠠᠯ᠎ᠠ᠂ ᠠᠯᠳᠠᠷᠳᠤ ᠰᠤᠮᠤ ᠶᠢᠨ ᠬᠠᠷ᠎ᠠ ᠠᠭᠤᠯᠠ ᠭᠠᠴᠠᠭ᠎ᠠ ᠶᠢᠨ 36 ᠡᠷᠤᠭᠡ 106 ᠬᠦᠮᠤᠨ ᠶᠠᠳᠠᠭᠤ ᠠᠴᠠ ᠠᠩᠬᠢᠵᠢᠷᠠᠵᠤ᠂ ᠪᠦᠬᠦ ᠲᠤᠰᠬᠤᠨ ᠢᠶᠠᠷ ᠢᠶᠠᠨ ᠶᠠᠳᠠᠭᠤ ᠠᠴᠠ ᠠᠩᠬᠢᠵᠢᠷᠠᠭᠰᠠᠨ ᠪᠠᠶᠢᠨ᠎ᠠ᠃      ︽ᠬᠠᠳᠠᠭᠤᠵᠢᠯᠳᠠᠢ ᠠᠵᠢᠯᠯᠠᠳᠠᠭ ᠯᠠ ᠪᠤᠯ ᠦᠪᠡᠷ ᠤᠨ ᠬᠤᠶᠠᠷ ᠭᠠᠷ ᠢᠶᠠᠷ ᠢᠶᠠᠨ ᠶᠠᠳᠠᠭᠤ ᠠᠴᠠ ᠠᠩᠬᠢᠵᠢᠷᠠᠨ ᠪᠠᠶᠠᠨ ᠴᠢᠨᠡᠭᠡᠯᠢᠭ ᠠᠮᠢᠳᠤᠷᠠᠯ ᠡᠳ᠋ᠯᠡᠵᠤ ᠪᠤᠯᠤᠨ᠎ᠠ᠂ ᠨᠠᠮ ᠤᠨ ᠬᠤᠷᠢᠶ᠎ᠠ ᠵᠠᠰᠠᠭ ᠤᠨ ᠤᠷᠳᠤᠨ᠂ ᠲᠤᠰᠬᠤᠨ ᠳᠤ ᠰᠠᠭᠤᠭ᠎ᠠ ᠶᠠᠳᠠᠭᠤ ᠶᠢ ᠲᠠᠳᠬᠦᠬᠦ ᠠᠵᠢᠯᠯᠠᠬᠤ ᠠᠩᠬᠢ ᠶᠢᠨ ᠬᠠᠶᠢᠷ᠎ᠠ ᠬᠠᠯᠠᠮᠵᠢᠯᠠᠯ ᠪᠠ ᠬᠠᠪᠰᠤᠷᠤᠯᠭ᠎ᠠ ᠲᠠᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠭᠡᠵᠤ ᠰᠦᠨ ᠭᠧᠨ ᠵᠤ᠋ ᠪᠠᠶᠠᠷᠳᠠᠶᠢᠬᠠᠨ ᠭᠡᠯᠡᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号