ᠪᠠᠶᠠᠵᠢᠯ ᠤᠨ ᠲᠠᠭᠠᠭᠤᠯᠤᠭᠴᠢ ᠪᠤᠯᠠᠭ ᠤᠨ ᠬᠢᠨ
ᠨᠡᠶᠢᠲᠡᠯᠡᠭᠰᠡᠨ ᠴᠠᠭ᠄
2020/12/24
     ᠤᠢᠢᠷ᠎ᠠ ᠠᠴᠠ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠶᠢᠨ ᠬᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠠ ᠶᠢ ᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠴᠢᠨᠠᠷ ᠴᠢᠨᠰᠠᠭ᠎ᠠ ᠶᠢ ᠪᠠᠬᠢᠵᠢᠬᠦᠯᠬᠦ ᠶᠢᠨ ᠲᠦᠯᠦᠭᠡ᠂ ᠭᠡᠰᠡᠭ ᠮᠠᠯᠴᠢᠨ ᠢᠶᠠᠨ ᠵᠤᠷᠢᠭᠵᠢᠭᠤᠯᠤᠨ ᠤᠯᠠᠮᠵᠢᠯᠠᠯᠳᠤ ᠮᠠᠯ ᠠᠵᠤ ᠠᠬᠤᠢ ᠶᠢᠨ ᠦᠢᠯᠡᠳᠪᠤᠷᠢᠯᠡᠯ ᠢᠶᠠᠨ ᠲᠠᠶᠠᠭᠳᠠᠵᠤ᠂ ᠪᠡᠶ᠎ᠠ ᠪᠠᠨ ᠲᠠᠭᠠᠭᠠᠵᠤ ᠦᠢᠯᠡᠰ ᠪᠤᠰᠬᠠᠬᠤ᠂ ᠪᠠᠶᠠᠵᠢᠯ ᠤᠨ ᠲᠠᠭᠠᠭᠤᠯᠤᠭᠴᠢ ᠪᠤᠯᠬᠤ ᠲᠠᠯ᠎ᠠ ᠪᠠᠷ ᠮᠠᠰᠢ ᠶᠡᠭᠡ ᠲᠠᠮᠵᠢᠯᠭᠡ ᠦᠵᠡᠬᠦᠯᠵᠤ᠂ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠪᠠ᠃ ᠪᠠᠶᠠᠨᠮᠠᠩᠬ᠎ᠠ ᠰᠤᠮᠤ ᠶᠢᠨ ᠳ᠋ᠠᠷᠢ ᠬᠠᠷᠠᠴᠢᠨ ᠭᠠᠴᠠᠭ᠎ᠠ ᠶᠢᠨ ᠮᠠᠯᠴᠢᠨ ᠪᠤᠯᠠᠭ ᠪᠦᠰᠡᠬᠦᠢ ᠲᠠᠢ ᠪᠠᠨ ᠬᠤᠶᠠᠭᠤᠯᠠ ᠪᠠᠶᠢᠭᠠᠯᠢᠯᠢᠭ ᠴᠠᠭᠠᠨ ᠢᠳᠡᠭᠡ ᠶᠢ ᠡᠳ᠋ᠰᠢᠬᠦᠯᠤᠨ ᠪᠤᠷᠤᠯᠠᠭᠤᠯᠵᠤ ᠨᠠᠯᠢᠶᠠᠳ ᠰᠠᠶᠢᠨ ᠦᠷ᠎ᠠ ᠠᠰᠢᠭ ᠤᠯᠵᠤ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ︽ᠲᠦᠷᠦᠬᠦᠴᠢ ᠭᠠᠯᠠᠭᠤ︾ ᠪᠤᠯᠤᠭᠰᠠᠨ ᠪᠠᠶᠢᠨ᠎ᠠ᠃       ᠪᠠᠶᠠᠨᠮᠠᠩᠬ᠎ᠠ ᠰᠤᠮᠤ ᠶᠢᠨ ᠳ᠋ᠠᠷᠢ ᠬᠠᠷᠠᠴᠢᠨ ᠭᠠᠴᠠᠭ᠎ᠠ ᠳᠤ᠂ ᠪᠤᠯᠠᠭ ᠤᠨ ᠡᠳ᠋ᠰᠢᠬᠦᠯᠦᠨ ᠪᠤᠷᠤᠯᠠᠭᠤᠯᠵᠤ ᠪᠠᠶᠢᠭ᠎ᠠ ᠴᠠᠭᠠᠨ ᠢᠳᠡᠭᠡ ᠨᠢ  ᠠᠮᠲᠠᠲᠠᠢ᠂ ᠰᠢᠮ᠎ᠠ ᠲᠠᠵᠢᠭᠡᠯ   ᠲᠠᠢ ᠵᠡᠷᠭᠡ ᠪᠠᠷ ᠢᠶᠠᠨ ᠨᠤᠳᠤᠭ ᠤᠰᠤᠨ ᠳᠠᠭᠠᠨ ᠠᠯᠳᠠᠷᠰᠢᠵᠠᠢ᠃ ᠪᠤᠯᠠᠭ ᠤᠨ ᠭᠡᠷ ᠲᠤ ᠬᠦᠷᠦᠬᠦᠯᠠᠷ᠂ ᠰᠦ ᠶᠢᠨ ᠦᠨᠦᠷ ᠰᠠᠩᠬᠢᠨᠠᠵᠤ᠂ ᠰᠠᠶ᠋ᠢᠬᠠᠨ ᠲᠤᠭᠤᠭᠠᠨ ᠠᠴᠠ ᠪᠠᠨ ᠭᠠᠷᠭᠠᠭᠰᠠᠨ ᠬᠠᠯᠠᠭᠤᠨ ᠬᠤᠷᠤᠳ᠂ ᠰᠢᠪ ᠰᠢᠷ᠎ᠠ ᠮᠦᠷᠳᠡᠭᠡᠨ ᠵᠤᠵᠠᠭᠠᠪᠳᠤᠷ ᠬᠠᠳᠠᠭᠠᠭᠰᠠᠨ ᠦᠷᠤᠮ᠎ᠠ ᠁ ᠵᠡᠷᠭᠡ ᠳᠤ ᠬᠤᠪᠳᠤᠭ ᠬᠦᠷᠴᠤ ᠬᠤᠭᠤᠯᠠᠢ ᠭᠤᠪᠤᠭᠤᠨᠠᠨ᠎ᠠ᠃ ︽ᠨᠠᠳᠠ ᠳᠤ ᠨᠢᠭᠡ ᠵᠢᠩ ᠰᠦ ᠰᠠᠪᠠᠯᠠᠭᠠᠳ ᠦᠭᠬᠦ ᠤᠤ︖ ᠪᠢ ᠬᠤᠶᠠᠷ ᠭᠡᠰᠡᠭ ᠬᠤᠷᠤᠳ ᠠᠪᠤᠶ᠎ᠠ ᠁︾ ᠬᠤᠯᠠ ᠤᠢᠢᠷ᠎ᠠ ᠶᠢᠨ ᠮᠠᠯᠴᠢᠨ ᠲᠠᠷᠢᠶᠠᠴᠢᠳ ᠴᠠᠭᠠᠨ ᠢᠳᠡᠭᠡ ᠬᠤᠳᠠᠯᠳᠤᠨ ᠠᠪᠤᠵᠠᠭᠠᠨ᠎ᠠ᠃ ᠶᠠᠷᠤ ᠨᠢ ᠪᠤᠯᠠᠭ ᠤᠨ ᠬᠢᠨ ᠠᠴᠠ ᠴᠠᠭᠠᠨ ᠢᠳᠡᠭᠡ ᠬᠤᠳᠠᠯᠳᠤᠨ ᠠᠪᠳᠠᠭ ᠪᠤᠤ ᠯᠢᠶᠠᠩ᠄ ︽ᠡᠳᠡᠨ ᠤ ᠴᠠᠭᠠᠨ ᠢᠳᠡᠭᠡ ᠴᠤᠯ ᠪᠠᠶᠢᠭᠠᠯᠢᠯᠢᠭ ᠮᠦᠷᠳᠡᠭᠡᠨ ᠢᠳᠡᠬᠦ ᠳᠤ ᠠᠮᠳᠠᠳᠠᠢ᠂ ᠰᠢᠮ᠎ᠠ ᠰᠠᠶᠢᠳᠠᠢ᠂ ᠲᠠᠷᠠᠴᠢᠯᠠᠨ ᠦᠨ᠎ᠠ ᠬᠠᠨᠭ᠍ᠰᠢ ᠨᠢ ᠬᠢᠮᠳᠠᠬᠠᠨ ᠪᠠᠶᠢᠵᠤ᠂ ᠮᠠᠨ ᠤ ᠭᠡᠷ ᠤᠨ ᠦᠷᠯᠦᠭᠡ ᠪᠦᠷᠢ ᠤᠤᠭᠤᠳᠠᠭ ᠰᠦ ᠶᠢ ᠬᠠᠨᠭ᠍ᠭᠠᠵᠤ ᠪᠠᠶᠢᠳᠠᠭ︾ ᠭᠡᠨ᠎ᠠ᠃      ᠪᠤᠯᠠᠭ ᠤᠨ ᠬᠢᠨ ᠭᠡᠳᠤᠨ ᠦᠶ᠎ᠠ ᠪᠠᠷ ᠪᠠᠷ ᠰᠠᠭᠠᠯᠢ ᠶᠢᠨ ᠦᠨᠢᠶ᠎ᠠ ᠠᠷᠠᠴᠢᠯᠠᠨ ᠲᠠᠵᠢᠭᠡᠵᠤ᠂ ᠴᠠᠭᠠᠨ ᠢᠳᠡᠭᠡ ᠡᠳ᠋ᠰᠢᠬᠦᠯᠤᠨ ᠪᠤᠷᠤᠯᠠᠭᠤᠯᠵᠤ ᠢᠷᠠᠵᠠᠢ᠃ ᠳ᠋ᠠᠷᠢ ᠬᠠᠷᠠᠴᠢᠨ ᠭᠠᠴᠠᠭᠠᠨ ᠤ ᠬᠢᠨ ᠰᠦ ᠶᠢᠨ ᠦᠢᠳᠡᠭᠡ ᠪᠠᠨ ᠭᠠᠳᠠᠭᠰᠢ ᠲᠠᠭᠠᠭᠠᠴᠢᠯᠠᠭᠤᠯᠬᠤ ᠭᠡᠰᠡᠨ ᠰᠤᠷᠠᠭ ᠢ ᠮᠡᠳᠡᠭᠰᠡᠨ ᠲᠠᠷᠦ᠋ᠢᠬᠠᠨ ᠪᠤᠯᠠᠭ ᠰᠦ ᠶᠢᠨ ᠦᠷᠳᠡᠭᠡ ᠶᠢ ᠲᠠᠭᠠᠭᠠᠴᠢᠯᠠᠨ ᠠᠪᠬᠤ ᠪᠠᠷ ᠪᠤᠯᠪᠠ᠃ ᠲᠠᠬᠦᠨ ᠤ ᠭᠡᠯᠡᠬᠦ ᠪᠠᠷ᠂ ᠰᠦ ᠶᠢᠨ ᠦᠷᠳᠡᠭᠡ ᠶᠢ ᠲᠠᠭᠠᠭᠠᠴᠢᠯᠠᠵᠤ ᠠᠪᠬᠤ ᠨᠢ ᠴᠠᠭᠠᠨ ᠢᠳᠡᠭᠡ ᠡᠳ᠋ᠰᠢᠬᠦᠯᠬᠦ ᠤᠯᠠᠮᠵᠢᠯᠠᠳᠤ ᠤᠷ᠎ᠠ ᠮᠡᠷᠭᠡᠰᠢᠯ ᠢᠶᠠᠨ ᠨᠠᠩ ᠰᠠᠶᠢᠳᠤᠷ ᠵᠠᠯᠭᠠᠮᠵᠢᠯᠠᠬᠤ ᠶᠢᠨ ᠬᠠᠮᠳᠤ ᠤᠷᠤᠯᠭ᠎ᠠ ᠪᠠᠨ ᠴᠤ ᠨᠡᠮᠡᠭᠳᠡᠬᠦᠯᠵᠤ ᠲᠠᠶᠢᠯᠤᠨ᠎ᠠ ᠭᠡᠰᠡᠨ ᠪᠤᠳᠤᠯ ᠳᠡᠭᠡᠨ ᠬᠦᠳᠦᠯᠦᠭᠳᠡᠵᠠᠢ ᠭᠡᠨ᠎ᠠ᠃ ᠤᠢᠢᠯᠠᠰ ᠪᠤᠰᠬᠠᠨ ᠪᠠᠶᠠᠵᠢᠬᠤ ᠵᠠᠮ ᠨᠢ ᠭᠡᠳᠦ᠋ᠢᠪᠡᠷ ᠬᠠᠳᠠᠭᠤᠵᠢᠯᠳᠠᠢ ᠭᠡᠳᠡᠭ ᠪᠤᠯᠪᠠᠴᠤ ᠪᠤᠯᠠᠭ ᠪᠦᠰᠡᠬᠦᠢ ᠲᠠᠢ ᠪᠠᠨ ᠬᠤᠶᠠᠭᠤᠯᠠ ᠶᠠᠷᠤ ᠨᠢ ᠬᠠᠯᠠᠰᠢᠷᠠᠵᠤ ᠦᠡᠭᠭᠡᠷᠡᠭᠡ ᠦᠭᠡᠢ᠃ ᠠᠩᠬ᠎ᠠ ᠡᠬᠢᠨ ᠳᠡᠭᠡᠨ ᠪᠤᠯᠠᠭ ᠤᠨ ᠬᠢᠨ ᠮᠢᠬᠠᠨ ᠦᠭᠡᠷ ᠭᠤᠤᠯᠯᠠᠨ ᠲᠠᠵᠢᠭᠡᠵᠤ ᠪᠠᠶᠢᠬᠰᠠᠨ ᠠᠴᠠ ᠭᠠᠳᠠᠨ᠎ᠠ 8 ᠰᠠᠭᠠᠯᠢ ᠶᠢᠨ ᠦᠨᠢᠶ᠎ᠠ ᠠᠷᠠᠴᠢᠯᠠᠵᠤ ᠪᠠᠶᠢᠭᠰᠠᠨ ᠠᠵᠢ᠃ ᠪᠤᠯᠠᠭ ᠪᠦᠰᠡᠬᠦᠢ ᠲᠠᠢ ᠪᠠᠨ ᠬᠤᠶᠠᠭᠤᠯᠠ 8 ᠰᠠᠭᠠᠯᠢ ᠶᠢᠨ ᠦᠨᠢᠶ᠎ᠠ ᠶᠢᠨ ᠢᠶᠠᠨ ᠰᠦ ᠪᠠᠷ ᠴᠠᠭᠠᠨ ᠢᠳᠡᠭᠡ ᠡᠳ᠋ᠰᠢᠬᠦᠯᠤᠨ ᠪᠤᠷᠤᠯᠠᠭᠤᠯᠤᠭᠠᠳ ᠦᠷ᠎ᠠ ᠠᠰᠢᠭ ᠬᠦᠷᠳᠡᠭᠰᠡᠨ ᠤ ᠲᠠᠷᠠᠭ᠎ᠠ᠂ ᠲᠠᠵᠢᠭᠡᠵᠤ ᠪᠠᠶᠢᠬᠰᠠᠨ ᠮᠢᠬᠠᠨ ᠦᠭᠡᠷ ᠢᠶᠠᠨ ᠬᠤᠳᠠᠯᠳᠤᠭᠠᠳ 20 ᠭᠠᠷᠤᠢ ᠰᠠᠭᠠᠯᠢ ᠶᠢᠨ ᠦᠨᠢᠶ᠎ᠠ ᠬᠤᠳᠠᠯᠳᠤᠨ ᠠᠪᠴᠠᠢ᠃ ᠡᠬᠦᠨ ᠤ ᠬᠠᠮᠳᠤ᠂ ᠪᠤᠯᠠᠭ ᠪᠦᠰᠡᠬᠦᠢ ᠲᠠᠢ ᠪᠠᠨ ᠬᠤᠶᠠᠭᠤᠯᠠ ᠤᠯᠠᠨ ᠤᠳᠠᠭ᠎ᠠ ᠭᠠᠳᠠᠨ᠎ᠠ ᠤᠷᠤᠨ ᠢᠶᠠᠷ ᠰᠤᠷᠤᠯᠴᠠᠨ᠂ ᠭᠡᠷ ᠲᠡᠭᠡᠨ ᠪᠤᠴᠠᠵᠤ ᠢᠷᠡᠭᠰᠡᠨ ᠤ ᠪᠠᠨ ᠲᠠᠷᠠᠭ᠎ᠠ ᠴᠠᠭᠠᠨ ᠢᠳᠡᠭᠡ ᠡᠳ᠋ᠰᠢᠬᠦᠯᠬᠦ ᠲᠤᠷᠰᠢᠯᠳᠠ ᠬᠢᠳᠡᠭ᠃ ᠬᠠᠯᠠᠰᠢᠷᠠᠯ ᠦᠭᠡᠢ ᠴᠢᠷᠮᠠᠶᠢᠯᠭ᠎ᠠ ᠶᠢᠨ ᠬᠤᠶᠢᠨ᠎ᠠ᠂ ᠪᠤᠯᠠᠭ ᠪᠦᠰᠡᠬᠦᠢ ᠲᠠᠢ ᠪᠠᠨ ᠬᠤᠶᠠᠭᠤᠯᠠ ᠦᠪᠡᠷᠰᠡᠳ ᠤᠨ ᠢᠶᠠᠨ ᠭᠡᠰᠡᠨ ᠮᠡᠷᠭᠡᠰᠢᠯ ᠲᠠᠢ ᠪᠤᠯᠵᠠᠢ᠃ ᠤᠳᠤ᠂ ᠪᠤᠯᠠᠭ ᠤᠨ ᠬᠢᠨ 35 ᠰᠠᠭᠠᠯᠢ ᠶᠢᠨ ᠦᠨᠢᠶ᠎ᠠ ᠲᠠᠢ ᠪᠤᠯᠵᠤ᠂ ᠡᠳᠤᠷ ᠲᠤ 800 ᠭᠠᠷᠤᠢ ᠵᠢᠩ ᠰᠦ ᠰᠠᠭᠠᠵᠤ᠂ ᠬᠤᠷᠤᠳ᠂ ᠬᠠᠳᠠᠭᠠᠠᠭᠰᠠᠨ ᠦᠷᠤᠮ᠎ᠠ᠂ ᠵᠦᠭᠡᠭᠡᠢ ᠵᠡᠷᠭᠡ 10 ᠭᠠᠷᠤᠢ ᠵᠦᠢᠯ ᠤᠨ ᠴᠠᠭᠠᠨ ᠢᠳᠡᠭᠡ ᠶᠢ ᠡᠳ᠋ᠰᠢᠬᠦᠯᠳᠡᠭ᠃ ᠪᠤᠯᠠᠭ ᠤᠨ ᠬᠢᠨ ᠤ ᠡᠶᠢᠨ ᠬᠦ ᠬᠤᠪᠢᠷᠠᠯᠳᠠ ᠨᠢ ᠰᠠᠭᠠᠯᠢ ᠶᠢᠨ ᠦᠨᠢᠶ᠎ᠠ ᠲᠠᠵᠢᠭᠡᠨ ᠠᠷᠠᠴᠢᠯᠠᠵᠤ ᠡᠳ᠋ᠰᠢᠬᠦᠯᠵᠤ ᠪᠤᠷᠤᠯᠠᠭᠤᠯᠤᠭᠰᠠᠨ ᠤ ᠦᠷ᠎ᠠ ᠳ᠋ᠦᠡᠭ ᠪᠤᠯᠬᠤ ᠶᠤᠮ᠃ ︽ᠮᠠᠨ ᠤ ᠤᠷᠤᠯᠭ᠎ᠠ ᠨᠠᠯᠢᠶᠠᠳ ᠵᠦᠭᠡᠷ ᠪᠠᠶᠢᠨ᠎ᠠ᠂ ᠲᠠᠭᠡᠬᠦᠯᠠᠷ ᠭᠠᠴᠠᠭᠠᠨ ᠤ ᠪᠠᠨ ᠶᠠᠳᠠᠭᠤ ᠬᠦᠴᠢᠷᠳᠠᠯᠳᠠᠢ ᠮᠠᠯᠴᠢᠨ ᠲᠠᠷᠢᠶᠠᠴᠢᠨ ᠢ ᠰᠦ ᠶᠢᠨ ᠦᠷᠳᠡᠭᠡ ᠳᠡᠭᠡᠨ ᠠᠵᠢᠯ ᠤᠯᠭᠤᠬᠤ ᠶᠤᠮ ᠤᠤ︖ ᠭᠡᠵᠤ ᠪᠤᠳᠤᠵᠤ ᠪᠠᠶᠢᠨ᠎ᠠ᠃ ᠲᠠᠷᠠᠴᠢᠯᠠᠨ ᠤᠢᠢᠷ᠎ᠠ ᠬᠠᠪᠢ ᠶᠢᠨ ᠮᠠᠯᠴᠢᠨ ᠲᠠᠷᠢᠶᠠᠴᠢᠨ ᠢᠶᠠᠨ ᠲᠠᠭᠠᠭᠤᠯᠵᠤ ᠰᠠᠭᠠᠯᠢ ᠶᠢᠨ ᠦᠨᠢᠶ᠎ᠠ ᠲᠠᠵᠢᠭᠡᠯᠭᠡᠵᠤ᠂ ᠲᠠᠳᠠᠨ ᠤ ᠲᠠᠵᠢᠭᠡᠭᠰᠡᠨ ᠰᠠᠭᠠᠯᠢ ᠶᠢᠨ ᠦᠨᠢᠶ᠎ᠠ ᠶᠢᠨ ᠰᠦ ᠶᠢ ᠨᠢᠭᠡᠳᠤᠯᠳᠠᠢ ᠬᠤᠳᠠᠯᠳᠤᠨ ᠠᠪᠳᠠᠭ ᠪᠤᠯ ᠤᠯᠠᠨ ᠢᠶᠠᠷ ᠢᠶᠠᠨ ᠪᠠᠶᠠᠵᠢᠴᠢᠬᠠᠨ᠎ᠠ︾ ᠭᠡᠵᠤ ᠪᠤᠯᠠᠭ ᠲᠠᠷᠠᠭᠠᠴᠢ ᠶᠢᠨ ᠪᠤᠳᠤᠯ ᠢᠶᠠᠨ ᠲᠤᠳᠤᠷᠠᠭᠤᠯᠵᠤ ᠲᠦᠯᠦᠪᠯᠡᠭᠡ ᠪᠠᠨ ᠲᠤᠭᠳᠠᠭᠠᠨ᠎ᠠ᠃ ᠡᠨᠡ ᠵᠢᠯ ᠪᠢᠳᠠ ᠦᠪᠡᠷᠰᠡᠳ ᠢᠶᠠᠨ ᠪᠠᠶᠠᠵᠢᠬᠰᠠᠨ ᠤ ᠰᠠᠭᠤᠷᠢᠨ ᠲᠡᠭᠡᠷ᠎ᠠ᠂ ᠪᠠᠶᠠᠵᠢᠯ ᠤᠨ ᠵᠤᠷ ᠢᠶᠠᠨ ᠨᠠᠩ ᠤᠯᠠᠨ ᠮᠠᠯᠴᠢᠨ ᠲᠠᠷᠢᠶᠠᠴᠢᠨ ᠳᠤ ᠤᠯᠠᠮᠵᠢᠯᠠᠵᠤ᠂ ᠮᠠᠯᠴᠢᠨ ᠲᠠᠷᠢᠶᠠᠴᠢᠨ ᠤᠯᠠᠨ ᠲᠦᠮᠡᠨ ᠢᠶᠠᠨ ᠲᠠᠭᠠᠭᠤᠯᠤᠨ ᠦᠷᠬᠦᠯᠵᠢᠯᠠᠨ ᠤᠷᠤᠯᠭ᠎ᠠ ᠪᠠᠨ ᠨᠠᠮᠡᠭᠳᠡᠬᠦᠯᠵᠤ ᠪᠠᠶᠠᠵᠢᠭᠤᠯᠬᠤ ᠪᠠᠷ ᠴᠢᠷᠮᠠᠶᠢᠨ᠎ᠠ᠃      ᠤᠳᠤ᠂ ᠪᠤᠯᠠᠭ ᠤᠨ ᠬᠢᠨ ᠪᠠᠶᠠᠵᠢᠯ ᠤᠨ ᠦᠢᠯᠡᠰ ᠨᠢ ᠤᠯᠠᠨ ᠪᠤᠵᠠᠭᠠᠢᠢᠷᠠᠵᠤ᠂ ᠠᠮᠢᠳᠤᠷᠠᠯ ᠨᠢ ᠴᠤ ᠴᠢᠨᠡᠭᠡᠯᠢᠭᠵᠢᠯ᠎ᠠ᠃ ᠭᠡᠪᠠᠴᠤ ᠪᠤᠯᠠᠭ ᠤᠨ ᠬᠢᠨ ᠶᠠᠳᠠᠭᠤ ᠬᠦᠴᠢᠷᠳᠠᠯᠳᠠᠢ ᠮᠠᠯᠴᠢᠨ ᠲᠠᠷᠢᠶᠠᠴᠢᠨ ᠢᠶᠠᠨ ᠪᠠᠶᠠᠵᠢᠭᠤᠯᠬᠤ ᠶᠤᠮ ᠭᠡᠵᠤ ᠭᠠᠴᠠᠭᠠᠨ ᠤ 7 ᠶᠠᠳᠠᠭᠤ ᠬᠦᠴᠢᠷᠳᠠᠯᠳᠠᠢ ᠡᠷᠤᠭᠡ ᠶᠢ ᠲᠠᠭᠠᠭᠤᠯᠤᠨ    ᠪᠠᠶᠠᠵᠢᠯ ᠤᠨ ᠵᠠᠮ ᠢᠶᠠᠷ ᠵᠠᠮᠨᠠᠭᠤᠯᠪᠠ᠃ ᠶᠠᠳᠠᠭᠤ ᠠᠴᠠ ᠠᠩᠬᠢᠵᠢᠷᠠᠭᠰᠠᠨ ᠪᠠᠶᠠᠨᠮᠠᠩᠬ᠎ᠠ ᠰᠤᠮᠤ ᠶᠢᠨ ᠳ᠋ᠠᠷᠢ ᠬᠠᠷᠠᠴᠢᠨ ᠭᠠᠴᠠᠭᠠᠨ ᠤ ᠰᠦ ᠶᠢᠨ ᠦᠷᠳᠡᠭᠡ ᠳᠤ ᠠᠵᠢᠯᠯᠠᠵᠤ ᠪᠠᠶᠢᠭ᠎ᠠ ᠡᠤ ᠶᠢᠨ ᠱᠠᠨ᠄ ︽ ᠨᠢᠳᠤᠨᠤᠨ  ᠵᠢᠯ   ᠤᠨ  3 ᠰᠠᠷ᠎ᠠ ᠠᠴᠠ ᠰᠦ ᠶᠢᠨ ᠦᠷᠳᠡᠭᠡ ᠳᠤ ᠢᠷᠠᠵᠤ ᠠᠵᠢᠯᠯᠠᠵᠠᠢ᠃ ᠡᠳᠤᠷ ᠲᠤ ᠰᠠᠭᠠᠯᠢ ᠶᠢᠨ ᠦᠨᠢᠶ᠎ᠠ ᠲᠠᠵᠢᠭᠡᠬᠦ᠂ ᠰᠦ ᠰᠠᠭᠠᠬᠤ ᠵᠡᠷᠭᠡ ᠠᠵᠢᠯ ᠬᠢᠵᠤ ᠪᠠᠶᠢᠬᠰᠠᠨ ᠢᠶᠠᠨ ᠤᠳᠤ ᠪᠠᠰᠠ ᠴᠠᠭᠠᠨ ᠢᠳᠡᠭᠡ ᠬᠢᠬᠦ ᠮᠡᠷᠭᠡᠵᠢᠯ ᠰᠤᠷᠴᠤ ᠪᠠᠶᠢᠨ᠎ᠠ᠂ ᠵᠢᠯ ᠤᠨ  ᠴᠠᠯᠢᠩ 4 ᠲᠦᠮᠡ ᠤᠷᠴᠢᠮ ᠪᠠᠶᠢᠵᠤ᠂ ᠠᠮᠢᠳᠤᠷᠠᠯ ᠡᠳᠤᠷ ᠠᠴᠠ ᠡᠳᠤᠷ ᠰᠠᠶᠢᠵᠢᠷᠠᠯ᠎ᠠ︾ ᠭᠡᠵᠤ ᠪᠠᠶᠠᠷᠳᠠᠶᠢᠬᠠᠨ ᠭᠡᠯᠡᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号