︽ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ  ᠨᠠᠢᠮᠠᠨ ᠵᠦᠢᠯ  ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠭᠳᠡᠯ
ᠨᠡᠶᠢᠲᠡᠯᠡᠭᠰᠡᠨ ᠴᠠᠭ᠄
2020/12/24
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠬᠦ ᠨᠡᠬᠡᠬᠡᠯᠳᠡ ᠶᠢᠨ ᠤᠳᠤᠷᠢᠳᠬᠤ ᠳᠤᠭᠤᠶᠢᠯᠠᠩ ︹2020︺13 ᠲᠣᠭᠠᠲᠤᠡᠯ᠎ᠡ ᠠᠶᠢᠮᠠᠭ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠳᠤ᠄ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ︽ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ︾ ᠶᠢ ᠵᠥ᠋ᠪᠰᠢᠶᠡᠷᠡᠵᠦ᠂ ᠡᠳᠦᠭᠡ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ       2020 ᠣᠨ ᠤ 7 ᠰᠠᠷ᠎ᠠ ᠶᠢᠨ 5 ᠤ ᠡᠳᠦᠷ      ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ  ᠵᠦᠢᠯ ᠤᠨ ᠠᠷᠭ᠎ᠠ ᠬᠡᠮᠵᠢᠶ᠎ᠡ      ᠨᠠᠮ ᠤᠨ ᠠᠷᠪᠠᠨ  ᠨᠠᠶᠢᠮᠠᠳᠤᠭᠠᠷ  ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ  ᠰᠢᠯᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠢᠢᠯᠠᠩ ︹ 2020 ︺ 6 ᠲᠣᠭᠠᠲᠤ︶ ᠢ ᠦᠨᠳᠦᠰᠦᠯᠡᠨ᠂ ᠤᠨᠢᠨ ᠳᠡᠬᠡᠷ᠎ᠡ ᠨᠢ ᠶᠠᠳᠠᠭᠤ ᠶᠢ ᠲᠡᠳᠬᠦᠬᠦ ᠤᠨᠢᠨ ᠳᠡᠬᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠲᠣᠭᠲᠠᠴᠠ ᠶᠢᠨ ᠰᠢᠨ᠎ᠡ ᠶᠢ ᠡᠭᠦᠳᠴᠦ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠶᠡᠷᠦᠩᠬᠡᠶ ᠰᠢᠪᠳᠤᠯᠤᠯᠳᠠ ᠬᠢᠬᠦ᠂  ᠰᠢᠢᠳᠪᠦᠷᠢᠳᠤ ᠲᠠᠶᠢᠯᠠᠯᠳᠤᠭᠠᠨ ᠤ ᠰᠢᠢᠳᠪᠦᠷᠢᠳᠤ ᠢᠯᠠᠯᠲᠠ ᠣᠯᠬᠤ ᠱᠠᠲᠤᠨ ᠳᠤ ᠣᠷᠣᠵᠤ᠂ ᠰᠡᠭᠦᠯ ᠬᠤᠷᠢᠶᠠᠬᠤ ᠱᠠᠲᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠪᠦᠬᠦ ᠲᠠᠯ᠎ᠠ ᠪᠠᠷ ᠢᠯᠠᠯᠲᠠ ᠣᠯᠬᠤ ᠶᠢᠨ ᠲᠦᠯᠦᠬᠡ᠂ 2020 ᠣᠨ ᠠᠴᠠ ᠰᠡᠭᠦᠯᠡᠷᠬᠢ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠣᠳᠣᠯᠭ᠎ᠠ ᠶᠢᠨ ᠰᠢᠯᠵᠢᠯᠲᠡ ᠶᠢᠨ ᠬᠤᠭᠤᠴᠠᠭᠠᠨ ᠳᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠠᠷᠢᠴᠠᠩᠭᠤᠶ ᠶᠠᠳᠠᠭᠤ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠵᠡᠷᠭᠡ ᠪᠠᠷ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ  ᠨᠠᠢᠮᠠᠨ  ᠵᠦᠢᠯ ᠤᠨ ᠠᠷᠭ᠎ᠠ ᠬᠡᠮᠵᠢᠶ᠎ᠡ ᠶᠢ ᠣᠨᠴᠠᠭᠠᠶᠢᠯᠠᠨ ᠲᠣᠭᠲᠠᠭᠠᠪᠠ᠃      ᠨᠢᠭᠡ᠂ ᠬᠥᠳᠡᠯᠦᠩᠭᠦᠶ ᠬᠢᠨᠠᠯᠳᠠ ᠬᠠᠮᠢᠶᠠᠷᠤᠯᠲᠠ ᠶᠢ ᠴᠢᠩᠭᠠᠳᠬᠠᠨ᠎ᠠ      ᠬᠢᠨᠡᠯᠳᠡ ᠬᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠨᠢᠭᠡᠴᠢ ᠨᠦᠭᠦᠳ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠭᠤᠤᠯᠳᠠᠯᠭ᠎ᠠ ᠲᠠᠢ ᠬᠢᠨᠠᠯᠳᠠ ᠬᠢᠬᠦ ᠡᠷᠦᠬᠡ᠂ ᠶᠠᠳᠠᠭᠤᠷᠠᠯ ᠳᠤ ᠬᠠᠪᠢᠳᠠᠵᠤ ᠪᠠᠶᠢᠭ᠎ᠠ ᠡᠷᠦᠬᠡ ᠪᠣᠯᠤᠨ ᠭᠡᠷ ᠪᠦᠯᠢ ᠶᠢᠨ ᠣᠷᠣᠯᠭ᠎ᠠ ᠭᠡᠨᠡᠳᠲᠡ ᠬᠠᠰᠤᠭᠳᠠᠭᠰᠠᠨ ᠪᠤᠶᠤ ᠵᠠᠷᠤᠯᠭ᠎ᠠ ᠨᠢ ᠭᠡᠨᠡᠳᠲᠡ ᠨᠡᠮᠡᠭᠳᠡᠭᠰᠡᠨ ᠮᠠᠯᠵᠢᠬᠤ ᠲᠠᠷᠢᠶᠠᠯᠠᠬᠤ ᠡᠷᠦᠬᠡ ᠲᠤ ᠬᠥᠳᠡᠯᠦᠩᠭᠦᠶ ᠬᠢᠨᠠᠯᠳᠠ ᠬᠢᠬᠦ ᠪᠠᠨ ᠴᠢᠩᠭᠠᠳᠬᠠᠬᠤ ᠬᠡᠷᠡᠭᠲᠡᠶ᠃ ᠬᠤᠪᠢ ᠬᠥᠮᠦᠨ ᠭᠤᠶᠤᠴᠢᠯᠠᠨ ᠮᠡᠳᠡᠭᠦᠯᠬᠦ᠂ ᠮᠥᠷᠳᠡᠨ ᠰᠤᠷᠪᠤᠯᠵᠢᠯᠠᠬᠤ᠂ ᠰᠢᠰᠲ᠋ᠧᠮ ᠤᠨ ᠮᠡᠳᠡᠭᠡ ᠵᠠᠩᠭᠢ ᠶᠢ ᠬᠠᠷᠢᠴᠠᠭᠤᠯᠬᠤ ᠠᠷᠭ᠎ᠠ ᠵᠠᠮ ᠢᠶᠠᠷ ᠳᠠᠮᠵᠢᠭᠤᠯᠤᠨ᠂ ᠳᠠᠬᠢᠨ ᠶᠠᠳᠠᠭᠤᠷᠠᠵᠤ ᠮᠡᠳᠡᠬᠦ ᠡᠯ᠎ᠡ ᠵᠦᠶ᠋ᠯ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢᠨ ᠬᠠᠮᠲᠤ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠪᠠᠶᠢᠬᠤ ᠳᠤ ᠨᠢ ᠳᠤᠳᠤᠷᠬᠠᠢᠢᠯᠠᠯᠳᠠ ᠬᠢᠵᠦ᠂ ᠲᠦᠭᠰᠢᠭᠦᠷᠢ ᠲᠠᠢ ᠪᠠᠶᠢᠬᠤ ᠴᠡᠭ ᠤᠨ ᠬᠤᠪᠢᠷᠠᠯᠲᠠ ᠶᠢᠨ ᠪᠠᠶᠢᠳᠠᠯ ᠵᠴᠠᠭ ᠲᠤᠬᠠᠶ ᠲᠤᠨᠢ ᠬᠢᠨᠠᠯᠳᠠ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠬᠡᠷᠡᠭᠲᠡᠶ᠃      ᠮᠠᠭᠠᠳᠯᠠᠯᠳᠠ ᠬᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠬᠢᠨ ᠣᠷᠣᠯᠴᠠᠭᠰᠠᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠠᠮᠲᠤᠷᠠᠭᠰᠠᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠳᠠᠬᠢᠨ ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠷᠦᠬᠡ ᠳᠠᠷᠠᠭᠠᠯᠠᠨ ᠵᠠᠳᠠᠯᠤᠨ ᠰᠤᠳᠤᠯᠤᠨ ᠮᠠᠭᠠᠳᠯᠠᠵᠤ᠂ ᠳᠠᠬᠢᠨ ᠶᠠᠳᠠᠭᠤᠷᠠᠬᠤ ᠲᠦᠭᠰᠢᠭᠦᠷᠢ ᠶᠢ ᠪᠤᠢ ᠪᠣᠯᠤᠭᠰᠠᠨ ᠰᠢᠯᠲᠠᠭᠠᠨ ᠢ ᠦᠨᠳᠦᠰᠦᠯᠡᠵᠦ ᠰᠢᠶ᠋ᠳᠪᠦᠷᠢᠯᠡᠬᠦ ᠲᠥᠰᠦᠯ ᠲᠣᠭᠲᠠᠭᠠᠵᠤ᠂ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠨ᠂ ᠠᠵᠤ  ᠦᠢᠯᠡᠰ᠂ ᠠᠵᠢᠯ ᠣᠯᠭᠤᠯᠲᠠ᠂ ᠶᠡᠷᠦᠩᠬᠡᠶᠢᠯᠡᠭᠰᠡᠨ ᠪᠠᠲᠤᠯᠠᠭ᠎ᠠ᠂ ᠡᠷᠴᠢ ᠵᠣᠷᠢᠭ ᠢ ᠲᠡᠳᠬᠦᠬᠦ ᠣᠶᠤᠨ ᠤᠬᠠᠭᠠ ᠨᠢ ᠲᠡᠳᠬᠦᠬᠦ ᠵᠢᠴᠢ ᠪᠤᠰᠤᠳ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠤᠨ᠎ᠠ᠃ᠬᠠᠷᠢᠯᠴᠠᠬᠤ  ᠦᠢᠯᠡᠴᠢᠯᠡᠬᠡᠨ ᠤ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠤᠰᠬᠠᠶ ᠬᠥᠮᠦᠨ ᠭᠠᠷᠭᠠᠵᠤ᠂ ᠬᠠᠪᠰᠤᠷᠤᠨ ᠲᠡᠳᠬᠦᠬᠦ ᠬᠢᠨᠠᠯᠳᠠ ᠬᠢᠬᠦ ᠡᠲᠡᠭᠡᠳ ᠲᠠᠢ ᠬᠠᠷᠢᠯᠴᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠢᠳᠠᠪᠤᠷᠢᠵᠢᠭᠤᠯᠬᠤ᠂ ᠬᠠᠪᠰᠤᠷᠤᠨ ᠲᠡᠳᠬᠦᠬᠦ ᠡᠲᠡᠭᠡᠳ ᠤᠨ  ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠬᠠᠪᠰᠤᠷᠤᠨ ᠲᠡᠳᠬᠦᠬᠦ ᠠᠬᠢᠴᠠ ᠳᠤ ᠬᠢᠨᠠᠯᠳᠠ ᠬᠢᠵᠦ᠂ ᠳᠠᠬᠢᠨ ᠶᠠᠳᠠᠭᠤᠷᠠᠬᠤ ᠬᠦᠴᠦᠨ ᠵᠦᠶ᠋ᠯ ᠢ ᠪᠠᠭᠠᠰᠬᠠᠬᠤ ᠶᠢᠨ ᠬᠠᠮᠲᠤ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃      ᠬᠤᠶᠠᠷ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠤᠨ᠎ᠠ      ᠦᠨᠳᠦᠰᠦᠨ ᠡᠮᠴᠢᠯᠡᠭᠡᠨ ᠤ ᠲᠥᠷᠥ ᠶᠢᠨ ᠪᠣᠳᠣᠯᠭ᠎ᠠ ᠶᠢ ᠳᠤᠭᠳᠠᠪᠤᠷᠢᠵᠢᠭᠤᠯᠤᠨ᠎ᠠ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠢ ᠬᠤᠰᠢᠭᠤ ᠰᠢᠶᠠᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠦᠷᠬᠦᠯᠵᠢᠯᠡᠬᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠢᠶᠠᠨ ᠤ ᠬᠡᠪᠴᠢᠶᠡᠨ ᠳᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠵᠤ ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠶ᠋ᠳᠬᠡᠯ ᠲᠤᠰᠢᠶᠠᠬᠤ︾ ᠪᠠ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠤᠳᠤᠬᠤ ᠲᠣᠭᠲᠠᠴᠠ ᠶᠢ ᠪᠠᠬᠢᠵᠢᠭᠦᠯᠦᠨ᠎ᠡ᠃ ᠤᠳᠠᠭᠠᠨ ᠴᠢᠨᠠᠷᠲᠠᠶ ᠡᠪᠡᠳᠴᠢᠨ ᠤ ᠭᠡᠷ᠎ᠡ ᠳᠤᠭᠳᠠᠨ ᠦᠶ᠋ᠯᠡᠴᠢᠯᠡᠬᠦ ᠶᠢ ᠦᠷᠭᠦᠯᠵᠢᠯᠡᠨ ᠠᠬᠢᠭᠤᠯᠵᠤ᠂ ᠭᠡᠷ᠎ᠡ ᠳᠤᠭᠳᠠᠨ ᠦᠢᠯᠡᠴᠢᠯᠡᠬᠦ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠦᠨ᠂ ᠤᠳᠠᠭᠠᠨ ᠴᠢᠨᠠᠷᠳᠠᠢ ᠡᠪᠡᠳᠴᠢᠨ ᠲᠠᠢ ᠡᠪᠡᠳᠴᠢᠲᠡᠨ ᠤ ᠡᠮ ᠬᠤᠳᠠᠯᠳᠤᠨ ᠠᠪᠬᠤ᠂ ᠲᠠᠩᠰᠠ ᠲᠠᠶᠢᠯᠬᠤ ᠳᠤ ᠳᠥᠭᠦᠮ ᠳᠥᠲᠡ  ᠦᠢᠯᠡᠴᠢᠯᠡᠭᠡ ᠬᠠᠩᠭᠠᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠯᠲᠠ ᠪᠣᠯᠤᠨ ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ  ᠦᠢᠯᠡᠴᠢᠯᠡᠬᠡᠨ ᠤ ᠲᠣᠤᠷ ᠴᠡᠭ ᠢ ᠲᠣᠭᠲᠠᠪᠤᠷᠢᠵᠢᠭᠤᠯᠤᠨ ᠪᠠᠬᠢᠵᠢᠭᠦᠯᠵᠦ᠂ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ  ᠦᠢᠯᠡᠴᠢᠯᠡᠭᠡ  ᠶᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠦᠨ᠎ᠡ᠃      ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠳᠤᠯᠠᠬᠤ ᠬᠠᠮᠳᠤᠷᠠᠨ ᠪᠠᠳᠤᠯᠠᠵᠤ ᠬᠠᠮᠲᠤᠷᠠᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠨᠠᠷᠢᠯᠢᠭ ᠣᠨᠣᠴᠠᠲᠠᠶ ᠪᠠᠷ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠡᠬᠡ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠤᠷᠭᠠᠨ ᠬᠥᠮᠦᠵᠢᠯ ᠭᠥᠷᠳᠡᠬᠦ ᠴᠢᠳᠠᠪᠤᠷᠢ ᠲᠠᠢ ᠰᠤᠷᠭᠠᠭᠤᠯᠢ ᠶᠢᠨ ᠨᠠᠰᠤᠨ ᠤ ᠰᠤᠷᠤᠭᠴᠢᠳ ᠤᠨ ᠶᠠᠳᠠᠭᠤ ᠬᠦᠴᠢᠷᠳᠡᠯᠲᠡᠶ ᠠᠴᠠ ᠪᠣᠯᠵᠣ ᠰᠤᠷᠤᠯᠭ᠎ᠠ ᠪᠠᠨ ᠳᠣᠷᠭᠤᠨ ᠵᠣᠭᠰᠣᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ︽ᠬᠤᠷ᠎ᠠ ᠪᠣᠷᠣᠭᠠᠨ ᠤ ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠳᠤᠮᠳᠠᠳᠤ ᠵᠡᠷᠭᠡ ᠶᠢᠨ ᠮᠡᠷᠭᠡᠵᠢᠯ ᠴᠢᠳᠠᠪᠤᠷᠢ ᠶᠢᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠰᠤᠷᠤᠭᠴᠢᠳ ᠲᠤ ᠲᠤᠰᠠᠯᠠᠮᠵᠢ ᠦᠵᠡᠭᠦᠯᠬᠦ ᠶᠢ ᠪᠦᠬᠦᠨ ᠢ ᠬᠠᠮᠤᠷᠤᠭᠤᠯᠬᠤ ᠬᠡᠷᠡᠭᠲᠡᠶ᠃ ᠨᠥᠬᠦᠴᠡᠯ ᠳᠤ ᠨᠡᠶᠢᠴᠡᠬᠦ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠪᠣᠯᠤᠨ ᠰᠤᠷᠭᠠᠭᠤᠯᠢ ᠳᠤ ᠪᠠᠶᠢᠭ᠎ᠠ ᠰᠤᠷᠤᠭᠴᠢ   ᠳᠤ  ᠰᠤᠷᠤᠭᠴᠢ ᠶᠢᠨ ᠢᠷᠡᠯᠲᠡ ᠶᠢᠨ ᠭᠠᠵᠠᠷ  ᠳᠤ ᠬᠢ ᠢᠲᠡᠭᠡᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ  ᠵᠢᠬᠡᠯᠡᠯᠬᠡ ᠬᠡᠷᠡᠭᠲᠡᠶ᠃ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠠᠭᠠᠷ ᠰᠤᠷᠤᠭᠴᠢ ᠡᠯᠰᠡᠬᠦ ᠲᠥᠯᠥᠪᠯᠡᠭᠡ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠥᠯᠥᠪᠯᠡᠭᠡ ᠨᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠠᠴᠠ ᠰᠤᠷᠤᠭᠴᠢ ᠡᠯᠰᠡᠬᠦ ᠪᠠᠷ ᠭᠤᠤᠯᠳᠠᠯᠭ᠎ᠠ ᠪᠣᠯᠭᠠᠨ᠎ᠠ᠃ ᠤᠯᠤᠰ ᠤᠨ ᠰᠤᠷᠭᠠᠨ ᠬᠥᠮᠦᠵᠢᠯ ᠤᠨ ᠶᠠᠮᠤᠨ ᠠᠴᠠ ᠮᠠᠨ ᠤ ᠣᠷᠣᠨ ᠳᠤ ᠪᠠᠭᠤᠯᠭᠠᠭᠰᠠᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠬᠠᠨᠳᠤᠭᠤᠯᠤᠭᠰᠠᠨ ᠲᠤᠰᠬᠠᠶ ᠵᠦᠶ᠋ᠯ ᠢᠶᠠᠷ ᠰᠤᠷᠤᠭᠴᠢ ᠡᠯᠰᠡᠬᠦ ᠲᠥᠯᠥᠪᠯᠡᠭᠡ ᠪᠣᠯᠤᠨ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠠᠬᠢᠶᠠᠯᠠᠭ᠎ᠠ ᠪᠠᠷ ᠬᠠᠨᠳᠤᠯᠭ᠎ᠠ ᠲᠠᠢ ᠪᠠᠷ ᠰᠦᠶ᠋ᠳᠬᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠰᠤᠷᠤᠭᠴᠢ ᠡᠯᠰᠡᠬᠦ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ ᠲᠣᠬᠢᠷᠠᠭᠤᠯᠬᠤ ᠬᠡᠷᠡᠭᠲᠡᠶ᠃ ᠪᠦᠬᠦ ᠣᠷᠣᠨ ᠤ ᠶᠡᠭᠡ ᠳᠡᠬᠡᠳᠤ ᠰᠤᠷᠭᠠᠭᠤᠯᠢ ᠶᠢᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠲᠡᠭᠦᠰᠬᠦ ᠰᠤᠷᠤᠭᠴᠢᠳ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠲᠡᠭᠦᠰᠬᠦ ᠰᠤᠷᠤᠭᠴᠢᠳ ᠲᠤ ᠠᠵᠢᠯ ᠣᠯᠭᠤᠭᠰᠠᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠂ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠣᠯᠵᠤ ᠦᠢᠯᠡᠰ ᠪᠤᠰᠬᠠᠬᠤ ᠶᠢ ᠬᠠᠪᠰᠤᠷᠤᠨ ᠲᠡᠳᠬᠦᠬᠦ ᠲᠥᠯᠥᠪᠯᠡᠭᠡ ᠳᠤ ᠣᠷᠣᠭᠤᠯᠵᠤ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠡᠳᠡᠨ ᠤ ᠠᠵᠢᠯ ᠣᠯᠵᠤ ᠦᠢᠯᠡᠰ ᠪᠤᠰᠬᠠᠬᠤ ᠶᠢ ᠬᠠᠪᠰᠤᠷᠤᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠨᠢ ᠶᠠᠳᠠᠭᠤ ᠬᠦᠴᠢᠷᠳᠡᠯᠲᠡᠶ ᠭᠡᠷ ᠪᠦᠯᠢ ᠲᠡᠭᠦᠰᠦᠭᠰᠡᠨ ᠰᠤᠷᠤᠭᠴᠢᠳ ᠤᠨ ᠮᠡᠳᠡᠭᠡ ᠵᠠᠩᠭᠢ ᠶᠢᠨ ᠡᠬᠡ ᠳᠠᠩᠰᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ᠂ ᠠᠵᠢᠯ ᠣᠯᠭᠤᠯᠲᠠ ᠶᠢᠨ ᠪᠠᠶᠢᠳᠠᠯ᠂ ᠠᠵᠢᠯ ᠣᠯᠭᠤᠬᠤ ᠮᠡᠷᠭᠡᠵᠢᠯ ᠵᠡᠷᠭᠡ ᠲᠠᠯ᠎ᠠ ᠶᠢᠨ ᠲᠤᠰᠬᠠᠶ ᠬᠠᠪᠰᠤᠷᠤᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠡᠷᠢᠬᠦ ᠬᠦᠰᠡᠯ ᠢ ᠨᠢ ᠦᠨᠳᠦᠰᠦᠯᠡᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠣᠨᠣᠪᠴᠢᠲᠠᠶ ᠪᠠᠷ ᠳᠠᠨᠢᠯᠴᠠᠭᠤᠯᠤᠨ᠎ᠠ᠃       ᠣᠷᠣᠨ ᠰᠠᠭᠤᠴᠠ᠂ ᠤᠰᠤ ᠤᠮᠳᠠ ᠶᠢᠨ ᠤᠰᠤᠨ ᠤ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠭᠡᠷ ᠪᠦᠯᠢ ᠰᠢᠨ᠎ᠡ ᠪᠠᠷ ᠭᠠᠷᠤᠭᠰᠠᠨ ᠣᠷᠣᠨ ᠰᠠᠭᠤᠴᠠ ᠪᠠ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠠᠴᠠ ᠪᠤᠯᠵᠤ ᠳᠠᠬᠢᠨ ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠵᠦ ᠬᠠᠪᠰᠤᠷᠤᠨ ᠲᠡᠳᠬᠦᠬᠦ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ ᠃ ᠨᠠᠰᠤᠲᠠᠨ ᠠᠰᠠᠷᠠᠬᠤ ᠬᠦᠷᠢᠶᠡᠯᠡᠩ᠂ ᠬᠠᠮᠲᠤ ᠨᠡᠶᠢᠲᠡ ᠶᠢᠨ ᠲᠦᠷᠢᠶᠡᠰᠦᠨ ᠭᠡᠷ᠂ ᠵᠣᠯ ᠵᠢᠷᠭᠠᠯ ᠤᠨ ᠬᠦᠷᠢᠶᠡᠯᠡᠩ ᠵᠡᠷᠭᠡ ᠠᠷᠭ᠎ᠠ ᠶᠢ ᠦᠬᠡᠷᠡᠴᠢᠯᠡᠨ ᠰᠡᠯᠪᠢᠨ ᠵᠠᠰᠠᠵᠤ ᠲᠦᠪᠬᠢᠨᠡᠬᠦᠯᠬᠦ ᠠᠷᠭ᠎ᠠ ᠬᠡᠮᠵᠢᠶ᠎ᠠ ᠠᠪᠴᠤ᠂ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠳᠠᠬᠢ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠤᠷᠢᠳᠠᠪᠠᠷ ᠲᠣᠭᠲᠠᠴᠠ ᠪᠠᠶᠢᠭᠤᠯᠵᠤ ᠳᠠᠷᠠᠭ᠎ᠠ ᠨᠢ ᠪᠠᠷᠢᠯᠭ᠎ᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠪᠠᠷᠢᠯᠭ᠎ᠠ ᠶᠢᠨ ᠥᠮᠴᠢᠯᠡᠬᠦ ᠡᠷᠬᠡ ᠪᠠ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠵᠤ᠂ ᠵᠦᠶ ᠵᠣᠬᠢᠰᠲᠠᠶ ᠤᠰᠤᠨ ᠤ ᠦᠨ᠎ᠡ ᠪᠠ ᠲᠥᠯᠥᠪᠦᠷᠢ ᠲᠠᠢ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠠᠵᠢᠯᠲᠠᠨ ᠪᠣᠯᠤᠨ ᠵᠠᠷᠤᠳᠠᠯ ᠢ ᠨᠠᠶᠢᠳᠠᠪᠤᠷᠢᠵᠢᠭᠤᠯᠬᠤ᠂ ᠢᠨᠵᠧᠨᠧᠷᠢᠩ ᠢ ᠦᠷᠭᠦᠯᠵᠢᠯᠡᠨ ᠡᠵᠡᠩᠨᠡᠵᠦ ᠠᠵᠢᠯᠯᠠᠭᠤᠯᠬᠤ ᠶᠢ ᠠᠬᠢᠭᠤᠯᠤᠨ᠎ᠠ᠃ ᠤᠰᠤ ᠬᠠᠩᠭᠠᠬᠤ ᠲᠠᠷᠠᠬᠠᠶ ᠪᠤᠲᠠᠷᠬᠠᠶ ᠡᠷᠦᠬᠡ ᠶᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠰᠤ ᠬᠠᠩᠭᠠᠬᠤ ᠲᠥᠬᠦᠭᠡᠷᠦᠮᠵᠢ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠤᠰᠤ ᠬᠠᠩᠭᠠᠬᠤ ᠪᠡᠯᠡᠳᠬᠡᠮᠵᠢ ᠲᠦᠬᠦᠬᠡᠷᠦᠮᠵᠢ ᠶᠢᠨ ᠬᠡᠷᠡᠭᠯᠡᠬᠦ ᠬᠤᠭᠤᠴᠠᠭ᠎ᠠ ᠶᠢ ᠤᠷᠲᠤᠳᠬᠠᠬᠤ ᠬᠡᠷᠡᠭᠲᠡᠶ᠃ ᠪᠠᠶᠢᠭᠠᠯᠢ ᠶᠢᠨ ᠭᠠᠶ ᠭᠠᠮᠰᠢᠭ ᠠᠴᠠ ᠪᠣᠯᠵᠤ ᠤᠰᠤ ᠬᠠᠩᠭᠠᠬᠤ ᠲᠦᠬᠦᠬᠡᠷᠦᠮᠵᠢ ᠬᠦᠨᠳᠦ ᠨᠣᠴᠢᠲᠠᠶ ᠡᠪᠳᠡᠭᠳᠡᠭᠰᠡᠨ ᠪᠤᠯ ᠬᠤᠰᠢᠭᠤ ᠰᠢᠶᠠᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠰᠢᠶ᠋ᠳᠪᠦᠷᠢᠯᠡᠵᠦ᠂ ᠶᠠᠳᠠᠭᠠᠤ ᠬᠦᠴᠢᠷᠳᠡᠯᠲᠡᠶ ᠡᠷᠦᠬᠡ ᠶᠢᠨ ᠤᠰᠤ ᠤᠮᠳᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ᠂ ᠶᠠᠳᠠᠭᠤ ᠶᠢ ᠲᠡᠳᠬᠦᠬᠦ ᠠᠵᠤ ᠦᠶ᠋ᠯᠡᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ       ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠵᠤ  ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠶᠠᠳᠠᠭᠤ ᠶᠢ ᠲᠡᠳᠬᠦᠬᠦ ᠭᠤᠣᠯᠯᠠᠭᠴᠢ ᠠᠵᠤ ᠦᠢᠯᠡᠰ ᠢ ᠪᠤᠢ ᠪᠤᠯᠭᠠᠬᠤ ᠪᠠ ᠳᠡᠮᠵᠢᠬᠦ ᠶᠢ ᠦᠷᠭᠦᠯᠵᠢᠯᠡᠨ ᠴᠢᠩᠭᠠᠳᠬᠠᠵᠤ᠂ ᠣᠷᠭᠠᠨᠢᠭ ᠪᠣᠷᠳᠣᠭᠤᠷ ᠢ ᠣᠷᠣᠯᠠᠭᠤᠯᠬᠤ᠂ ᠤᠰᠤ ᠠᠷᠪᠢᠯᠠᠬᠤ ᠮᠡᠷᠭᠡᠵᠢᠯ ᠤᠨ ᠵᠢᠱᠢᠶ᠎ᠡ ᠦᠵᠡᠭᠦᠯᠬᠦ᠂ ᠡᠭᠡᠯᠵᠢᠯᠡᠨ ᠲᠠᠷᠢᠬᠤ ᠪᠠ ᠥᠨᠵᠢᠭᠦᠯᠦᠨ ᠲᠠᠷᠢᠬᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ  ᠠᠰᠢᠭᠯᠠᠬᠤ᠂ ᠮᠠᠯ ᠵᠢᠭᠦᠷᠲᠡᠨ ᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠶ᠋ᠯ ᠢ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠠᠶᠢᠯᠭᠡᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠨᠢᠭᠡ ᠲᠣᠰᠬᠤᠨ ᠨᠢᠭᠡ ᠲᠥᠷᠥᠯ ᠵᠦᠢᠯ︾ ᠤᠨ ᠬᠥᠭᠵᠢᠯᠲᠡ ᠶᠢ ᠭᠦᠨᠵᠡᠭᠡᠶ ᠠᠬᠢᠭᠤᠯᠵᠤ᠂ ᠨᠥᠬᠦᠴᠡᠯ ᠲᠠᠢ ᠬᠤᠰᠢᠭᠤ ᠰᠢᠶᠠᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶ᠋ᠯᠡᠰ ᠢ ᠠᠭᠤᠰᠤᠯᠴᠠᠭᠤᠯᠤᠨ ᠬᠥᠭᠵᠢᠭᠦᠯᠦᠭᠰᠡᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠳᠠᠮᠵᠢᠵᠤ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠦᠨ᠎ᠡ᠃ ᠠᠵᠤ  ᠦᠢᠯᠡᠰ ᠢ ᠬᠥᠭᠵᠢᠭᠦᠯᠬᠦ ᠨᠥᠬᠦᠴᠡᠯ ᠲᠠᠢ ᠬᠢᠨᠠᠯᠳᠠ ᠬᠢᠵᠦ ᠪᠠᠶᠢᠭ᠎ᠠ ᠡᠲᠡᠭᠡᠳ ᠤᠨ ᠦᠶ᠋ᠯᠡᠳᠪᠦᠷᠢᠯᠡᠯ ᠡᠵᠡᠩᠨᠡᠯᠲᠡ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠳᠡᠮᠵᠢᠯᠭᠡ ᠬᠠᠩᠭᠠᠵᠤ᠂ ᠳᠠᠭᠠᠭᠤᠯᠤᠭᠴᠢ ᠠᠵᠤ ᠠᠬᠤᠶᠢᠯᠠᠯ᠂ ᠲᠤᠰᠬᠠᠶ ᠬᠤᠷᠰᠢᠶ᠎ᠠ᠂ ᠪᠠᠶᠠᠵᠢᠯ ᠤᠨ ᠳᠠᠭᠠᠭᠤᠯᠤᠭᠴᠢ ᠶᠢ ᠳᠠᠶᠢᠴᠢᠯᠠᠨ  ᠦᠢᠯᠡᠳᠪᠦᠷᠢᠯᠡᠯ ᠢ ᠨᠢ ᠬᠦᠭᠵᠢᠬᠦᠯᠵᠦ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠳᠡᠢ ᠡᠷᠦᠬᠡ ᠶᠢᠨ ᠨᠢᠬᠡᠨ ᠳᠤᠭᠳᠠᠭᠤᠨ ᠠᠵᠤ ᠦᠢᠯᠡᠰ ᠤᠨ ᠤᠷᠤᠯᠭ᠎ᠠ ᠶᠢᠨ ᠲᠦᠷᠦᠯ ᠵᠦᠢᠯ ᠲᠠᠢ ᠪᠠᠶᠢᠬᠤ ᠶᠢ ᠪᠠᠳᠤᠯᠠᠨ᠎ᠠ᠃      ᠬᠦᠷᠢᠶᠡᠨ ᠬᠠᠰᠢᠶᠠᠨ ᠤ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠨᠥᠬᠦᠴᠡᠯ ᠪᠦᠷᠢᠳᠦᠭᠰᠡᠨ ᠬᠤᠰᠢᠭᠤ ᠰᠢᠶᠠᠨ ᠪᠦᠬᠦᠨ ᠴᠥᠮ ᠲᠤᠬᠠᠶ ᠶᠢᠨ ᠭᠠᠵᠠᠷ ᠤᠨ ᠶᠠᠳᠠᠭᠤ ᠶᠢ ᠲᠡᠳᠬᠦᠬᠦ ᠭᠤᠤᠯᠯᠠᠬᠤ ᠠᠵᠤ ᠦᠢᠯᠡᠰ ᠤᠨ ᠲᠣᠭᠤᠷᠢᠨ ᠳᠤ ᠲᠥᠯᠥᠪᠵᠢᠭᠦᠯᠭᠡ ᠶᠢ ᠰᠠᠶᠢᠲᠤᠷ ᠬᠢᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠡᠷᠦᠬᠡ ᠶᠢᠨ ᠬᠦᠷᠢᠶᠡᠨ ᠬᠠᠰᠢᠶᠠᠨ ᠤ ᠠᠵᠤ ᠠᠬᠤᠶ ᠶᠢ ᠬᠥᠭᠵᠢᠭᠦᠯᠦᠭᠰᠡᠨ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ︽ᠲᠣᠪᠶᠤᠭ ᠤᠨ ᠬᠡᠯᠪᠡᠷᠢ︾ ᠶᠢᠨ ᠨᠥᠬᠦᠪᠥᠷᠢ ᠶᠢ ᠰᠢᠭᠤᠳ ᠡᠷᠦᠬᠡ ᠳᠤ ᠬᠦᠷᠭᠡᠬᠦ ᠵᠠᠭᠪᠤᠷ ᠢ ᠪᠠᠷᠢᠮᠲᠠᠯᠠᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠵᠢᠭ ᠲᠠᠷᠢᠮᠠᠯ᠂ ᠵᠢᠵᠢᠭ ᠲᠡᠵᠢᠭᠡᠨ ᠦᠷᠡᠵᠢᠭᠦᠯᠬᠦ᠂ ᠵᠢᠵᠢᠭ ᠭᠠᠷ ᠤᠷᠠᠯᠠᠯ᠂ ᠵᠢᠵᠢᠭ ᠠᠷᠠᠯᠵᠢᠶ᠎ᠠ᠂ ᠵᠢᠵᠢᠭ ᠡᠯᠧᠺᠲᠷᠣᠨ ᠬᠤᠳᠠᠯᠳᠤᠭ᠎ᠠ᠂ ᠵᠢᠵᠢᠭ  ᠦᠢᠯᠡᠳᠬᠡᠯ ᠵᠡᠷᠭᠡ ︽ᠣᠬᠤᠷ ᠮᠦᠷᠳᠡᠬᠡᠨ ᠲᠦᠷᠬᠡᠨ︾ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠵᠢᠵᠢᠭ ᠠᠵᠤ  ᠦᠢᠯᠡᠰ ᠢ ᠬᠥᠭᠵᠢᠭᠦᠯᠬᠦ ᠶᠢ ᠬᠥᠲᠥᠯᠦᠨ ᠵᠢᠯᠣᠭᠤᠳᠴᠤ ᠲᠡᠳᠬᠦᠨ ᠳᠡᠮᠵᠢᠨ᠎ᠡ᠃      ᠪᠠᠶᠠᠵᠢᠯ ᠤᠨ ᠳᠠᠭᠠᠭᠤᠯᠤᠭᠴᠢ ᠶᠢ ᠢᠳᠡᠪᠬᠢᠲᠡᠶ ᠪᠠᠷ ᠬᠦᠮᠦᠵᠢᠬᠦᠯᠦᠨ᠎ᠡ᠃ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠪᠠ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠤᠨ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ᠂ ᠲᠤᠬᠠᠶ ᠶᠢᠨ ᠭᠠᠵᠠᠷ ᠲᠤᠨᠢ ᠲᠡᠳᠬᠦᠨ ᠬᠦᠮᠦᠵᠢᠬᠦᠯᠬᠦ᠂ ᠨᠤᠲᠤᠭ ᠲᠠᠭᠠᠨ ᠪᠤᠴᠠᠵᠤ ᠦᠶ᠋ᠯᠡᠰ ᠪᠤᠰᠬᠠᠬᠤ ᠶᠢ ᠬᠥᠲᠥᠯᠥᠨ ᠵᠢᠯᠣᠭᠤᠳᠬᠤ᠂ ᠴᠢᠳᠠᠪᠤᠷᠢᠲᠠᠨ ᠤ ᠪᠤᠴᠠᠵᠤ ᠢᠷᠡᠬᠦ ᠶᠢ ᠳᠡᠮᠵᠢᠬᠦ ᠵᠡᠷᠭᠡ ᠠᠷᠭ᠎ᠠ ᠬᠡᠮᠵᠢᠶ᠎ᠡ ᠠᠪᠴᠤ᠂ ᠶᠠᠳᠠᠭᠤ ᠬᠦᠴᠢᠷᠳᠡᠯᠲᠡᠶ ᠲᠣᠰᠬᠤᠨ ᠨᠢᠭᠡᠪᠦᠷᠢ ᠳᠤ 3 — 5 ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠵᠦ᠂ ᠲᠡᠳᠡᠨ ᠤ ᠦᠵᠡᠯ ᠰᠠᠨᠠᠭ᠎ᠠ ᠳᠠᠨᠢᠯᠳᠠ᠂ ᠪᠡᠯᠡ ᠮᠥᠩᠭᠦ ᠮᠡᠷᠭᠡᠵᠢᠯ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠵᠡᠷᠭᠡ ᠲᠠᠯ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠣᠷᠣᠨ ᠵᠠᠶ ᠶᠢ ᠥᠷᠭᠡᠳᠬᠡᠨ᠎ᠡ᠃      ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ ᠭᠤᠤᠯᠳᠠᠭᠤ ᠶᠠᠳᠠᠭᠤ ᠶᠢ ᠲᠡᠳᠬᠦᠬᠦ ᠠᠵᠤ ᠦᠶ᠋ᠯᠡᠰ ᠢ ᠬᠥᠭᠵᠢᠭᠦᠯᠬᠦ ᠳᠤ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠢᠶᠠᠷ ᠶᠠᠳᠠᠭᠤ ᠶᠢ ᠲᠡᠳᠬᠦᠬᠦ  ᠬᠦᠭᠵᠢᠯᠳᠡ ᠶᠢᠨ ᠰᠠᠭᠤᠷᠢ ᠮᠥᠩᠭᠦ ᠶᠢ ᠠᠵᠤ ᠦᠶ᠋ᠯᠡᠰ ᠤᠨ ᠰᠠᠭᠤᠷᠢ ᠶᠢ ᠪᠠᠬᠢᠵᠢᠭᠦᠯᠬᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠳᠡᠮᠵᠢᠬᠦ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ ᠳᠤ ᠭᠤᠤᠯᠳᠠᠯᠭ᠎ᠠ ᠲᠠᠢ ᠬᠡᠷᠡᠭᠯᠡᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠳᠠᠭᠠᠭᠤᠯᠤᠭᠴᠢ ᠠᠵᠤ ᠠᠬᠤᠶᠢᠯᠠᠯ᠂ ᠬᠠᠮᠳᠤᠷᠠᠭᠰᠠᠨ ᠵᠣᠬᠢᠶᠠᠨ ᠪᠠᠶᠢᠭᠤᠯᠤᠯᠲᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠨ ᠪᠤᠵᠠᠭᠠᠢᠢᠷᠠᠬᠤ ᠶᠢ ᠦᠷᠭᠦᠯᠵᠢᠯᠡᠨ ᠳᠠᠮᠵᠢᠨ᠎ᠠ᠃ ᠵᠠᠬᠢᠶᠠᠯᠠᠭ᠎ᠠ ᠶᠢᠨ ᠦᠢᠯᠡᠳᠪᠦᠷᠢᠯᠡᠯ᠂ ᠭᠠᠵᠠᠷ ᠰᠢᠷᠣᠢ ᠶᠢ ᠰᠢᠯᠵᠢᠭᠦᠯᠬᠦ᠂ ᠠᠵᠢᠯ ᠣᠯᠵᠤ ᠬᠦᠴᠦ ᠶᠠᠪᠤᠬᠤ᠂ ᠦᠢᠯᠡᠳᠪᠦᠷᠢᠯᠡᠯ ᠢᠶᠠᠨ ᠨᠠᠶᠢᠳᠠᠨ ᠬᠠᠮᠢᠶᠠᠷᠤᠭᠤᠯᠬᠤ᠂ ᠣᠷᠣᠯᠠᠨ ᠲᠠᠷᠢᠶᠠᠯᠠᠬᠤ ᠣᠷᠣᠯᠠᠨ ᠲᠠᠷᠢᠬᠤ᠂ ᠬᠤᠪᠢ ᠣᠷᠣᠭᠤᠯᠤᠨ ᠬᠤᠷᠰᠢᠬᠤ᠂ ᠡᠳ᠋ ᠬᠥᠷᠥᠩᠭᠡ ᠲᠦᠷᠢᠶᠡᠰᠦᠯᠡᠬᠦ ᠵᠡᠷᠭᠡ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠭᠠᠭᠤᠯᠬᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠬᠢᠭᠡᠳ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠬᠤ ᠭᠤᠤᠯ ᠴᠣᠭᠴᠠ ᠯᠤᠭ᠎ᠠ ᠲᠣᠭᠲᠠᠭᠤᠨ ᠠᠰᠢᠭ ᠲᠤᠰᠠ ᠵᠨᠢ ᠬᠤᠯᠪᠣᠭᠠᠯᠠᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃     ᠲᠠᠷᠢᠶᠠᠯᠠᠩ ᠮᠠᠯ ᠠᠵᠤ ᠠᠬᠤᠢ ᠶᠢᠨ  ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠵᠣᠬᠢᠴᠠᠩᠭᠤᠶ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠳᠪᠦᠷᠢᠯᠡᠯ ᠤᠨ ᠡᠮᠦᠨᠡᠬᠢ ᠳᠤᠮᠳᠠ ᠳᠠᠷᠠᠭᠠᠬᠢ ᠦᠢᠯᠡᠴᠢᠯᠡᠭᠡ ᠶᠢ ᠴᠢᠩᠭᠠᠳᠬᠠᠵᠤ᠂ ᠰᠠᠶᠢᠨ ᠡᠭᠦᠯᠳᠡᠷ ᠰᠣᠩᠭᠤᠨ ᠪᠤᠶᠢᠵᠢᠭᠤᠯᠬᠤ᠂ ᠰᠠᠶᠢᠨ ᠠᠷᠭ᠎ᠠ ᠶᠢ ᠳᠡᠯᠭᠡᠷᠡᠭᠦᠯᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂  ᠦᠢᠯᠡᠳᠬᠦᠨ ᠢ ᠰᠤᠳᠤᠯᠤᠨ ᠨᠡᠭᠡᠭᠡᠬᠦ ᠵᠡᠷᠭᠡ ᠮᠡᠷᠭᠡᠵᠢᠯ ᠤᠨ ᠦᠶ᠋ᠯᠡᠴᠢᠯᠡᠭᠡ ᠶᠢ  ᠶᠡᠭᠡ   ᠪᠠᠷ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃      ᠨᠡᠶᠢᠭᠡᠮ ᠤᠨ ᠬᠢᠨ ᠢ ᠳᠠᠶᠢᠴᠢᠯᠠᠨ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢ ᠥᠷᠨᠢᠭᠦᠯᠦᠨ᠎ᠡ᠃ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ︾ ᠶᠢᠨ ᠦᠷ᠎ᠡ ᠪᠦᠲᠦᠭᠡᠯ ᠢ ᠪᠠᠬᠢᠵᠢᠭᠦᠯᠵᠦ᠂  ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠯᠴᠠᠭᠤᠯᠬᠤ ᠶᠢ ᠴᠢᠩᠭᠠᠳᠬᠠᠨ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠲᠣᠭᠲᠠᠭᠤᠨ ᠠᠷᠭ᠎ᠠ ᠵᠠᠮ ᠢ ᠪᠠᠶᠢᠭᠤᠯᠤᠨ᠎ᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠲᠤᠰᠬᠠᠶ ᠯᠠᠩᠭᠦᠶ᠂ ᠲᠤᠰᠬᠠᠶ ᠣᠷᠣᠨ᠂ ᠲᠤᠰᠬᠠᠶ ᠣᠷᠳᠣᠨ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠬᠦᠬᠦ ᠦᠶ᠋ᠯᠡᠳᠬᠦᠨ ᠬᠤᠳᠠᠯᠳᠤᠨ ᠠᠪᠬᠤ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠠᠵᠢᠯᠯᠠᠭ᠎ᠠ ᠳᠤ ᠣᠷᠣᠯᠴᠠᠬᠤ ᠳᠤ ᠳᠥᠭᠦᠮ ᠨᠥᠬᠦᠴᠡᠯ ᠬᠠᠩᠭᠠᠨ᠎ᠠ᠃ ᠶᠠᠳᠠᠭᠤ ᠶᠢ ᠲᠡᠳᠬᠦᠬᠦ ᠪᠦᠳᠦᠬᠡᠭᠳᠡᠬᠦᠨ ᠤ ᠠᠯᠪᠠᠨ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ ᠪᠠ ᠨᠡᠶᠢᠭᠡᠮ ᠲᠣᠭᠤᠷᠢᠭ ᠲᠤ ᠣᠷᠣᠭᠤᠯᠬᠤ ︽ᠲᠠᠪᠤ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠪᠰᠠᠷ ᠤᠨ ᠭᠦᠶ᠋ᠯᠭᠡᠭᠡᠨ ᠤ ᠭᠤᠭᠴᠤᠭ᠎ᠠ ᠶᠢ ᠴᠦᠬᠡᠳᠬᠡᠵᠦ᠂ ᠰᠢᠭᠤᠳ ᠬᠠᠩᠭᠠᠬᠤ ᠰᠢᠭᠤᠳ ᠪᠣᠷᠣᠯᠠᠭᠤᠯᠬᠤ ᠶᠢ ᠰᠠᠭᠠᠳ ᠦᠭᠡᠢ ᠨᠡᠪᠲᠡᠷᠡᠭᠦᠯᠵᠦ᠂ ᠶᠠᠳᠠᠭᠤ ᠶᠢ ᠲᠡᠳᠬᠦᠬᠦ ᠪᠦᠳᠦᠬᠡᠭᠳᠡᠬᠦᠨ ᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ᠠᠯᠪᠠᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ ᠶᠢᠨ ᠣᠷᠣᠯᠴᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠱᠠᠲᠤᠨ ᠤ ᠲᠥᠰᠦᠪ ᠤᠨ ᠨᠢᠭᠡᠴᠢ᠂ ᠡᠯ᠎ᠡ ᠲᠣᠭᠤᠷᠢᠭ ᠤᠨ ᠰᠢᠭᠤᠳ ᠬᠠᠷᠢᠶ᠎ᠠ ᠠᠵᠤ ᠠᠬᠤᠶᠢᠯᠠᠯ ᠤᠳ ᠲᠤᠰ ᠨᠢᠭᠡᠴᠢ ᠶᠢᠨ ᠢᠶᠠᠨ ᠬᠤᠭᠤᠯᠠᠨ ᠭᠡᠷ ᠤᠨ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠬᠤᠳᠠᠯᠳᠤᠨ ᠠᠪᠬᠤ ᠶᠡᠷᠦᠩᠬᠡᠶ ᠲᠤᠭ᠎ᠠ ᠶᠢᠨ 30% ᠣᠷᠴᠢᠮ ᠢ ᠤᠷᠢᠳᠴᠢᠯᠠᠨ ᠦᠯᠡᠳᠡᠭᠡᠵᠦ ᠶᠠᠳᠠᠭᠤ ᠶᠢ ᠲᠡᠳᠬᠦᠬᠦ ᠪᠦᠳᠦᠬᠡᠭᠳᠡᠬᠦᠨ ᠢ ᠬᠠᠨᠳᠤᠯᠭ᠎ᠠ ᠲᠠᠢ ᠬᠤᠳᠠᠯᠳᠤᠨ ᠠᠪᠬᠤ ᠬᠡᠷᠡᠭᠲᠡᠶ᠃       ᠳᠥᠷᠪᠡ᠂ ᠠᠵᠢᠯ ᠣᠯᠭᠤᠵᠤ  ᠦᠢᠯᠡᠰ ᠪᠤᠰᠬᠠᠬᠤ ᠠᠷᠭ᠎ᠠ ᠵᠠᠮ ᠢ ᠥᠷᠭᠡᠳᠬᠡᠨ᠎ᠡ       ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠪᠣᠯᠤᠨ ᠠᠵᠢᠯ ᠣᠯᠭᠤᠬᠤ ᠪᠤᠯᠪᠠᠰᠤᠷᠠᠯ ᠤᠨ ᠦᠶ᠋ᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠨᠤᠭᠤᠳ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ᠂ ᠬᠥᠯᠥᠰᠥᠨ ᠠᠵᠢᠯᠴᠢᠨ ᠤ ᠠᠵᠢᠯ ᠣᠯᠵᠤ ᠦᠢᠯᠡᠰ ᠪᠤᠰᠬᠠᠬᠤ ᠦᠢᠯᠡᠴᠢᠯᠡᠭᠡ ᠵᠡᠷᠭᠡ ᠰᠢᠰᠲ᠋ᠧᠮ ᠢ ᠨᠢᠭᠡᠳᠦᠯᠲᠡᠶ ᠲᠥᠯᠥᠪᠯᠡᠨ ᠨᠡᠶᠢᠳᠬᠡᠵᠦ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠪᠠ ᠠᠵᠢᠯ ᠣᠯᠭᠤᠯᠲᠠ ᠶᠢᠨ ᠪᠣᠯᠪᠠᠰᠤᠷᠠᠯ ᠤᠨ  ᠦᠢᠯᠡᠴᠢᠯᠡᠬᠡᠨ  ᠤ ᠲᠠᠪᠴᠠᠩ ᠢ ᠪᠠᠶᠢᠭᠤᠯᠵᠤ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠣᠯᠵᠤ ᠦᠢᠯᠡᠰ ᠪᠤᠰᠬᠠᠬᠤ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠵᠤ  ᠦᠢᠯᠡᠰ ᠪᠤᠰᠬᠠᠬᠤ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠬᠦ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠪᠣᠯᠪᠠᠰᠤᠷᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠬᠠᠶ ᠶᠢᠨ ᠭᠠᠵᠠᠷ ᠤᠨ ᠠᠵᠢᠯ ᠮᠡᠷᠭᠡᠵᠢᠯ ᠤᠨ ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠳᠠᠭᠠᠭᠤᠯᠤᠭᠴᠢ ᠠᠵᠤ ᠠᠬᠤᠶᠢᠯᠠᠯ ᠵᠡᠷᠭᠡ ᠪᠠᠶᠢᠭᠤᠯᠤᠮᠵᠢ ᠶᠢ ᠨᠠᠶᠢᠳᠠᠯᠠᠵᠤ᠂ ᠬᠤᠰᠢᠭᠤ ᠰᠢᠶᠠᠨ ᠢᠶᠠᠷ ᠨᠢᠬᠡᠴᠢ ᠪᠤᠯᠭᠠᠭᠰᠠᠨ ᠠᠵᠢᠯ ᠤᠯᠭᠤᠯᠳᠠ ᠶᠢᠨ ᠪᠤᠯᠪᠠᠰᠤᠷᠠᠯ ᠤᠨ ᠰᠠᠭᠤᠷᠢᠨ ᠢ ᠡᠷᠢᠯᠬᠢᠯᠡᠵᠦ᠂ ᠪᠤᠯᠪᠠᠰᠤᠷᠠᠯ ᠤᠨ ᠴᠢᠳᠠᠪᠤᠷᠢ ᠬᠦᠷᠦᠯᠴᠡᠬᠦ ᠦᠬᠡᠢ᠂ ᠪᠤᠯᠪᠠᠰᠤᠷᠠᠯ ᠤᠨ ᠶᠠᠰᠤ ᠴᠢᠨᠠᠷ ᠦᠨᠳᠦᠷ ᠪᠢᠰᠢ ᠪᠠ ᠪᠤᠯᠪᠠᠰᠤᠷᠠᠯ ᠤᠨ ᠠᠭᠤᠯᠭ᠎ᠠ ᠨᠢ ᠳᠤᠬᠢᠷᠠᠬᠤ ᠦᠬᠡᠢ ᠠᠰᠠᠭᠤᠳᠠᠯ ᠢ ᠰᠢᠢᠳᠪᠦᠷᠢᠯᠡᠨ᠎ᠡ᠃ ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ ᠳᠤ ᠪᠤᠯᠪᠠᠰᠤᠷᠠᠯ ᠬᠦ᠋ᠷᠳᠡᠬᠡᠬᠦ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠵᠦ᠂ ᠪᠤᠯᠪᠠᠰᠤᠷᠠᠯ ᠬᠦᠷᠳᠡᠬᠦ ᠪᠤᠳᠤᠯ ᠲᠠᠢ ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ ᠳᠤ ᠬᠠᠨᠳᠤᠯᠠᠭ᠎ᠠ ᠲᠠᠢ ᠪᠤᠯᠪᠠᠰᠤᠷᠠᠯ ᠬᠦᠷᠳᠡᠬᠡᠵᠦ᠂ ︽ᠪᠤᠯᠪᠠᠰᠤᠷᠠᠯ ᠬᠦᠷᠳᠡᠬᠦ ᠴᠢᠬᠤᠯᠠ ᠲᠠᠢ ᠳᠤᠨᠢ ᠪᠤᠯᠪᠠᠰᠤᠷᠠᠯ ᠬᠦᠷᠳᠡᠬᠡᠵᠦ᠂ ᠪᠤᠯᠪᠠᠰᠤᠷᠠᠯ ᠬᠦᠷᠳᠡᠬᠡᠵᠦ ᠴᠢᠳᠠᠬᠤ ᠶᠢᠨ ᠬᠢᠷᠢ ᠪᠠᠷ ᠪᠤᠯᠪᠠᠰᠤᠷᠠᠯ ᠬᠦᠷᠳᠡᠬᠡᠨ᠎ᠡ︾᠃      ᠤᠯᠠᠨ ᠠᠷᠭ᠎ᠠ ᠵᠠᠮ ᠢᠶᠠᠷ ᠠᠵᠢᠯ ᠤᠯᠭᠤᠯᠳᠠ ᠶᠢ ᠦᠷᠬᠡᠳᠬᠡᠨ᠎ᠡ᠃ ᠬᠦᠳᠡᠯᠮᠦᠷᠢ ᠦᠢᠯᠡᠴᠢᠯᠡᠭᠡ ᠶᠢ ᠵᠤᠯᠭᠠᠯᠴᠠᠭᠤᠯᠬᠤ ᠳᠠᠪᠴᠠᠩ ᠢ ᠪᠠᠬᠢᠵᠢᠬᠦᠯᠵᠦ᠂ ᠤᠷᠤᠨ ᠤ ᠳᠤᠳᠤᠨ᠎ᠠ ᠭᠠᠳᠠᠨ᠎ᠠ ᠶᠢᠨ ᠬᠦᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠤᠷᠤᠨ ᠪᠦᠰᠡ ᠠᠯᠤᠰᠯᠠᠭᠰᠠᠨ᠂ ᠪᠠᠶᠢᠩᠭᠤᠵᠢᠭᠰᠠᠨ ᠠᠵᠢᠯ ᠤᠨ ᠪᠠᠶᠢᠷᠢ ᠶᠢᠨ ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠪᠠ ᠨᠡᠶᠢᠳᠡᠯᠡᠬᠦ ᠳᠤᠭᠳᠠᠴᠠ ᠶᠢ ᠪᠠᠶᠢᠭᠤᠯᠵᠤ᠂ ᠬᠦᠳᠡᠯᠮᠦᠷᠢ ᠦᠢᠯᠡᠴᠢᠯᠡᠭᠡ ᠶᠢ ᠵᠤᠯᠭᠠᠴᠠᠭᠤᠯᠬᠤ ᠪᠠᠷ ᠠᠵᠢᠯ ᠤᠯᠭᠤᠯᠳᠠ ᠶᠢ ᠰᠢᠯᠵᠢᠬᠦᠯᠬᠦ ᠶᠢ ᠪᠡᠶᠡᠯᠡᠬᠦᠯᠦᠨ᠎ᠡ᠃ ᠳᠠᠷᠢᠮᠠᠯ ᠳᠡᠵᠢᠬᠡᠪᠦᠷᠢ ᠶᠢᠨ ᠰᠠᠭᠤᠷᠢᠨ᠂ ᠠᠵᠤ ᠦᠢᠯᠡᠰ ᠤᠨ ᠬᠦᠷᠢᠶᠡᠯᠡᠩ ᠳᠤᠭᠤᠷᠢᠭ᠂ ᠬᠦᠳᠡᠭᠡ ᠳᠤᠰᠬᠤᠨ ᠤ ᠵᠢᠭᠤᠯᠴᠢᠯᠠᠯ᠂ ᠶᠠᠳᠠᠭᠤ ᠶᠢ ᠳᠡᠳᠬᠦᠬᠦ ᠦᠢᠯᠡᠳᠪᠦᠷᠢᠯᠡᠯ ᠤᠨ ᠳᠠᠰᠤᠭ᠂ ᠨᠡᠶᠢᠬᠡᠮ ᠳᠤᠭᠤᠷᠢᠭ ᠤᠨ ᠦᠢᠯᠡᠳᠪᠦᠷᠢ ᠵᠡᠷᠬᠡ ᠳᠤ ᠨᠠᠶᠢᠳᠠᠵᠤ᠂ ᠶᠠᠳᠠᠭᠤ ᠬᠦᠴᠢᠷᠳᠡᠯᠳᠡᠢ ᠬᠦᠳᠡᠯᠮᠦᠷᠢ ᠬᠦᠴᠦᠨ ᠤ ᠬᠡᠷ ᠲᠡᠭᠡᠨ ᠰᠠᠭᠤᠵᠤ ᠠᠵᠢᠯ ᠤᠯᠬᠤ ᠪᠠ ᠤᠢᠢᠷ᠎ᠠ ᠬᠠᠪᠢ ᠳᠠᠭᠠᠨ ᠠᠵᠢᠯ ᠤᠯᠬᠤ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠠᠮᠢ ᠠᠬᠤᠢ ᠪᠠᠷ ᠶᠠᠳᠠᠭᠤ ᠶᠢ ᠳᠡᠳᠬᠦᠬᠦ᠂ ᠪᠤᠯᠪᠠᠰᠤᠨ ᠬᠤᠳᠠ ᠶᠢ ᠪᠠᠶᠢᠭᠤᠯᠬᠤ  ᠢᠨᠵᠧᠨᠧᠷᠢᠩ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠵᠡᠷᠬᠡ ᠲᠠᠢ ᠤᠶᠠᠯᠳᠤᠭᠤᠯᠵᠤ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠶᠠᠳᠠᠭᠤ ᠶᠢ ᠳᠡᠳᠬᠦᠬᠦ ᠠᠵᠢᠯ ᠤᠨ ᠪᠠᠶᠢᠷᠢ ᠶᠢ ᠵᠦᠢ ᠵᠤᠬᠢᠰᠳᠠᠢ ᠨᠡᠬᠡᠬᠡᠵᠦ᠂ ᠵᠠᠬ᠎ᠠ ᠳᠡᠯᠬᠡᠬᠦᠷ ᠢᠶᠠᠷ ᠳᠠᠮᠵᠢᠵᠤ ᠠᠵᠢᠯ ᠤᠯᠬᠤ ᠳᠤ ᠬᠦᠴᠢᠷ ᠶᠠᠳᠠᠭᠤ ᠬᠦᠴᠢᠷᠳᠡᠯᠳᠡᠢ ᠤᠯᠠᠨ ᠲᠦᠮᠡᠨ ᠤ ᠠᠵᠢᠯ ᠤᠯᠭᠤᠯᠳᠠ ᠶᠢᠨ ᠠᠰᠠᠭᠤᠳᠠᠯ ᠢ ᠤᠷᠢᠳ ᠢᠶᠠᠷ ᠰᠢᠢᠳᠪᠦᠷᠢᠯᠡᠨ᠎ᠡ᠃       ᠲᠠᠪᠤ᠂ ᠶᠡᠷᠦᠩᠬᠡᠶᠢᠯᠡᠭᠰᠡᠨ ᠪᠠᠳᠤᠯᠭ᠎ᠠ ᠶᠢᠨ ᠠᠷᠭ᠎ᠠ ᠬᠡᠮᠵᠢᠶ᠎ᠠ ᠶᠢ ᠳᠡᠬᠦᠯᠳᠡᠷᠵᠢᠬᠦᠯᠦᠨ᠎ᠡ      ᠳᠠᠬᠢᠨ ᠶᠠᠳᠠᠭᠤᠷᠠᠬᠤ ᠶᠢ ᠰᠡᠷᠬᠡᠶᠢᠯᠡᠬᠦ ᠠᠵᠢᠯ ᠤᠨ ᠪᠡᠯᠡᠳᠬᠡᠯ ᠲᠦᠰᠦᠯ ᠢ ᠪᠠᠶᠢᠭᠤᠯᠤᠨ ᠪᠦᠷᠢᠨᠰᠢᠬᠦᠯᠦᠨ᠎ᠡ᠃ ᠡᠯ᠎ᠡ ᠬᠤᠰᠢᠭᠤ ᠰᠢᠶᠠᠨ ᠮᠠᠯᠵᠢᠬᠤ ᠲᠠᠷᠢᠶᠠᠯᠠᠬᠤ ᠣᠷᠣᠨ ᠤ ᠶᠠᠳᠠᠭᠤᠷᠠᠯ ᠳᠤ ᠬᠠᠪᠢᠳᠠᠭᠰᠠᠨ ᠡᠷᠦᠬᠡ ᠪᠠ ᠶᠠᠳᠠᠭᠤ ᠠᠴᠠ ᠠᠩᠭᠢᠵᠢᠷᠠᠭᠤᠯᠬᠤ ᠭᠤᠤᠯᠳᠠᠯᠭ᠎ᠠ ᠲᠠᠢ ᠬᠢᠨᠠᠯᠳᠠ ᠬᠢᠵᠦ ᠪᠠᠶᠢᠭ᠎ᠠ ᠡᠷᠦᠬᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠲᠥᠰᠦᠯ ᠲᠣᠭᠲᠠᠭᠠᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠶᠠᠳᠠᠭᠤᠷᠠᠯ ᠳᠤ ᠬᠠᠪᠢᠳᠠᠭᠰᠠᠨ ᠡᠷᠦᠬᠡ ᠪᠠ ᠶᠠᠳᠠᠭᠤ ᠠᠴᠠ ᠠᠩᠭᠢᠵᠢᠷᠠᠭᠤᠯᠬᠤ ᠬᠢᠨᠠᠯᠳᠠ ᠬᠢᠵᠦ ᠪᠠᠶᠢᠭ᠎ᠠ ᠡᠷᠦᠬᠡ ᠳᠤ ᠨᠠᠷᠢᠯᠢᠭ ᠤᠨᠤᠪᠴᠢᠳᠠᠢ ᠶᠠᠳᠠᠭᠤ ᠶᠢ ᠰᠡᠷᠭᠡᠶᠢᠯᠡᠬᠦ ᠳᠠᠭᠠᠳᠬᠠᠯ ᠬᠤᠳᠠᠯᠳᠤᠨ ᠠᠪᠬᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠮᠥᠩᠭᠦ ᠪᠠᠶᠢᠭᠤᠯᠬᠤ ᠵᠡᠷᠭᠡ ᠣᠯᠠᠨ ᠵᠦᠶ᠋ᠯ ᠤᠨ ᠬᠡᠯᠪᠡᠷᠢ ᠮᠠᠶ᠋ᠢᠭ ᠢᠶᠠᠷ᠂ ᠡᠪᠡᠳᠴᠢᠨ ᠠᠴᠠ ᠪᠣᠯᠵᠤ᠂ ᠭᠠᠮᠰᠢᠭ ᠠᠴᠠ ᠪᠣᠯᠵᠤ᠂  ᠦᠢᠯᠡᠳᠪᠦᠷᠢᠯᠡᠯ ᠡᠵᠡᠩᠨᠡᠯᠲᠡ ᠮᠠᠭᠤ ᠪᠠᠶᠢᠬᠤ ᠪᠠ ᠭᠡᠨᠡᠳᠲᠡ ᠡᠭᠦᠰᠬᠦ ᠬᠡᠷᠡᠭ ᠵᠡᠷᠭᠡ ᠬᠦᠴᠦᠨ ᠵᠦᠶ᠋ᠯ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠨ᠎ᠠ᠃      ᠶᠡᠷᠦᠩᠬᠡᠶᠢᠯᠡᠨ ᠪᠠᠲᠤᠯᠠᠵᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠶᠢᠨ ᠳᠦᠷᠢᠮ ᠵᠢᠴᠢ ᠨᠡᠶᠢᠭᠡᠮ ᠤᠨ ᠬᠠᠪᠰᠤᠷᠤᠨ ᠲᠡᠳᠬᠦᠬᠦ᠂ ᠨᠡᠶᠢᠭᠡᠮ ᠤᠨ ᠠᠵᠢᠯ ᠳᠤ ᠬᠦᠴᠦᠨ ᠨᠡᠮᠡᠷᠢᠯᠡᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠵᠦ᠂ ᠬᠥᠳᠡᠯᠮᠦᠷᠢ ᠬᠦᠴᠦᠨ ᠦᠭᠡᠢ ᠪᠤᠶᠤ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠠᠴᠠ ᠪᠤᠯᠵᠤ ᠶᠠᠳᠠᠭᠤ ᠬᠦᠴᠢᠷᠳᠡᠯᠲᠡᠶ ᠪᠤᠯᠤᠭᠰᠠᠨ ᠬᠥᠮᠦᠨ ᠠᠮᠠ ᠳᠤ ᠦᠨᠳᠦᠰᠦᠨ ᠵᠦᠶ᠋ᠯ ᠢ ᠪᠠᠲᠤᠯᠠᠬᠤ ᠪᠠᠲᠤᠯᠠᠭ᠎ᠠ ᠬᠠᠩᠭᠠᠨ᠎ᠠ᠃ ᠮᠠᠯᠵᠢᠬᠤ ᠲᠠᠷᠢᠶᠠᠯᠠᠬᠤ ᠣᠷᠣᠨ ᠳᠠᠬᠢ ᠨᠠᠮ ᠤᠨ ᠡᠯ᠎ᠡ ᠵᠦᠶ᠋ᠯ ᠤᠨ ᠬᠠᠷᠠᠭᠠᠯᠵᠠᠯ ᠤᠨ ᠨᠥᠬᠦᠪᠥᠷᠢ ᠶᠢᠨ ᠪᠡᠯᠡ ᠮᠥᠩᠭᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠲᠣᠭᠲᠠᠭᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠣᠷᠣᠯᠭ᠎ᠠ ᠶᠢ ᠦᠨᠡᠨᠬᠦ ᠪᠠᠳᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠬᠢᠭᠡᠳ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠡᠰ ᠳᠠᠷᠠᠭᠠᠯᠠᠯ ᠶᠣᠰᠣᠭᠠᠷ ᠪᠦᠬᠦᠨ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠳᠡᠳᠬᠦᠨ ᠳᠡᠮᠵᠢᠮᠡᠷ ᠠᠵᠢᠯ ᠦᠬᠡᠢ᠂ ᠶᠠᠳᠠᠭᠤ ᠠᠴᠠ ᠠᠩᠭᠢᠵᠢᠷᠠᠬᠤ ᠴᠢᠳᠠᠯ ᠦᠭᠡᠶ︾ ᠵᠡᠮᠳᠡᠭᠴᠦᠳ᠂ ᠥᠨᠥᠴᠢᠨ ᠪᠡᠯᠪᠡᠰᠦᠨ ᠨᠠᠰᠤᠲᠠᠨ ᠵᠡᠷᠭᠡ ᠶᠠᠳᠠᠭᠤ ᠬᠦᠴᠢᠷᠳᠡᠯᠲᠡᠶ ᠬᠥᠮᠦᠨ ᠠᠮᠠ ᠳᠤ ᠦᠨᠳᠦᠰᠦᠨ ᠪᠠᠲᠤᠯᠠᠭ᠎ᠠ ᠤᠯᠭᠤᠵᠤ᠂ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠲᠦᠷ ᠴᠠᠭ ᠤᠨ ᠠᠪᠤᠷᠠᠨ ᠲᠤᠰᠠᠯᠠᠬᠤ ᠂ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠎ᠠ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ ᠴᠢᠳᠠᠪᠤᠷᠢᠲᠠᠨ᠂ ᠲᠥᠷᠥᠯ ᠵᠦᠶ᠋ᠯ᠂ ᠪᠡᠯᠡ ᠮᠥᠩᠭᠦ᠂ ᠡᠬᠢ ᠪᠠᠶᠠᠯᠢᠭ ᠢ ᠠᠪᠤᠷᠠᠨ ᠲᠤᠰᠠᠯᠠᠬᠤ ᠡᠲᠡᠭᠡᠳ ᠲᠡᠰᠢ ᠬᠡᠯᠪᠠᠶᠢᠯᠭᠡᠨ᠎ᠡ᠃ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠨᠢᠭᠦᠯᠡᠰᠦᠩᠭᠦᠶ ᠶᠢᠨ ᠲᠥᠷᠥᠯ ᠵᠦᠶ᠋ᠯ᠂ ᠲᠤᠰᠬᠠᠶ ᠵᠦᠶ᠋ᠯ ᠤᠨ ᠠᠪᠤᠷᠠᠨ ᠲᠤᠰᠠᠯᠠᠬᠤ ᠰᠠᠭᠤᠷᠢ ᠮᠥᠩᠭᠦ ᠪᠠᠶᠢᠭᠤᠯᠬᠤ ᠶᠢ ᠳᠡᠮᠵᠢᠵᠦ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠬᠠᠨᠳᠢᠪᠯᠠᠬᠤ ᠶᠢ ᠥᠷᠨᠢᠭᠦᠯᠦᠨ᠎ᠡ᠃ ᠡᠯ᠎ᠡ ᠲᠥᠷᠥᠯ ᠤᠨ ᠨᠡᠶᠢᠭᠡᠮ ᠤᠨ ᠠᠵᠢᠯ ᠤᠨ ᠪᠠᠶᠢᠭᠤᠯᠤᠮᠵᠢ᠂ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠪᠦᠯᠬᠦᠮ ᠨᠡᠶᠢᠲᠡ᠂ ᠨᠡᠶᠢᠭᠡᠮ ᠤᠨ ᠬᠠᠶᠢᠷ᠎ᠠ ᠬᠠᠯᠠᠮᠵᠢ ᠶᠢᠨ ᠬᠥᠮᠦᠰ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠨ᠎ᠡ᠃ ︽ᠳᠤᠮᠳᠠᠳᠤ ᠤᠯᠤᠰ ᠤᠨ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ︾ ᠶᠢᠨ ᠲᠠᠪᠴᠠᠩ ᠢ ᠭᠦᠢᠴᠡᠳ ᠠᠰᠢᠭᠯᠠ᠂ ᠲᠥᠷᠥ ᠶᠢᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠺᠠᠳ᠋ᠷ᠂ ᠠᠵᠢᠯᠲᠠᠨ ᠠᠵᠢᠯᠴᠢᠨ ᠢ ᠳᠠᠶᠢᠴᠢᠯᠠᠨ ᠬᠠᠶᠢᠷ᠎ᠠ ᠬᠠᠯᠠᠮᠵᠢ ᠦᠵᠡᠬᠦᠯᠬᠦ ᠬᠥᠮᠦᠰ ᠢᠶᠠᠷ ᠳᠠᠩᠰᠠᠯᠠᠭᠤᠯᠵᠤ᠂ ᠶᠠᠳᠠᠭᠤ ᠬᠦᠴᠢᠷᠳᠡᠯ ᠤᠨ ᠬᠡᠷᠡᠭᠴᠡᠭᠡ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠪᠰᠤᠷᠤᠯᠭ᠎ᠠ ᠦᠵᠡᠭᠦᠯᠵᠦ᠂ ᠣᠨᠴᠠᠭᠠᠢ ᠬᠦᠴᠢᠷᠳᠡᠯ ᠳᠤ ᠣᠯᠠᠨ ᠢᠶᠠᠷ ᠢᠶᠠᠨ ᠴᠤᠭᠯᠠᠭᠤᠯᠵᠤ ᠬᠠᠨᠳᠢᠪᠯᠠᠨ᠎ᠠ᠃      ᠵᠢᠷᠭᠤᠭ᠎ᠠ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ  ᠦᠢᠯᠡᠳᠦᠯ ᠢ ᠪᠠᠳᠠᠷᠠᠭᠤᠯᠤᠨ᠎ᠠ      ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ᠂ ᠡᠳ᠋ ᠬᠥᠷᠥᠩᠭ ᠶᠢ ᠪᠦᠷᠢᠳᠬᠡᠨ ᠬᠢᠨᠠᠨ ᠬᠠᠷᠭᠤᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠥᠮᠴᠢᠯᠡᠬᠦ ᠡᠷᠬᠡ ᠶᠢ ᠲᠣᠳᠣᠷᠬᠠᠶᠢᠯᠠᠨ᠂ ᠡᠬᠡ ᠲᠠᠩᠰᠠ ᠶᠢ ᠪᠦᠷᠢᠨᠰᠢᠭᠦᠯᠵᠦ᠂ ᠬᠠᠮᠢᠶᠠᠷᠤᠯᠲᠠ ᠶᠢ ᠵᠢᠷᠤᠮᠵᠢᠭᠤᠯᠤᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ᠂ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠭᠠᠵᠠᠷ ᠣᠷᠣᠨ ᠤ ᠬᠠᠷᠢᠴᠠᠩᠭᠤᠶ ᠶᠠᠳᠠᠭᠤ ᠬᠦᠴᠢᠷᠳᠡᠯ ᠢ ᠰᠢᠶ᠋ᠳᠪᠦᠷᠢᠯᠡᠬᠦ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠢᠨᠠᠯᠳᠠ ᠬᠢᠵᠦ ᠪᠠᠶᠢᠭ᠎ᠠ ᠡᠷᠦᠬᠡ᠂ ᠶᠠᠳᠠᠭᠤᠷᠠᠯ ᠳᠤ ᠬᠠᠪᠢᠳᠠᠭᠰᠠᠨ ᠡᠷᠦᠬᠡ ᠵᠡᠷᠭᠡ ᠬᠠᠷᠢᠴᠠᠩᠭᠤᠶ ᠶᠠᠳᠠᠭᠤ ᠬᠦᠴᠢᠷᠳᠡᠯᠲᠡᠶ ᠬᠥᠮᠦᠰ ᠤᠨ ᠦᠨᠳᠦᠰᠦᠨ  ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠳᠤ ᠬᠡᠷᠡᠭᠯᠡᠨ᠎ᠡ᠃ ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠪᠡᠯᠡ ᠮᠥᠩᠭᠦ ᠪᠠᠷ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠶᠠᠳᠠᠭᠤ ᠶᠢ ᠲᠡᠳᠬᠦᠬᠦ ᠲᠤᠰᠬᠠᠶ ᠠᠵᠢᠯᠲᠠᠨ ᠪᠠ ᠮᠡᠳᠡᠭᠡ ᠵᠠᠩᠭᠢ ᠶᠢᠨ ᠠᠵᠢᠯᠳᠠᠨ ᠢ ᠤᠷᠢᠨ ᠬᠡᠷᠡᠭᠯᠡᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯᠯᠠᠬᠤ ᠬᠦᠴᠦᠨ ᠢ ᠲᠡᠭᠦᠯᠳᠡᠷᠵᠢᠭᠦᠯᠦᠨ᠎ᠡ᠃      ᠶᠠᠳᠠᠭᠤ ᠶᠢ ᠲᠡᠳᠬᠦᠬᠦ ᠪᠠᠯᠠ ᠮᠥᠩᠭᠦ ᠡᠳ᠋ ᠬᠥᠷᠥᠩᠭᠡ ᠶᠢᠨ ᠡᠵᠡᠩᠨᠡᠯᠲᠡ ᠬᠡᠷᠡᠭᠯᠡᠯᠲᠡ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠬᠢᠨᠠᠨ ᠬᠠᠮᠢᠶᠠᠷᠴᠤ ᠰᠢᠶ᠋ᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠬᠡᠷᠡᠭᠯᠡᠯᠲᠡ ᠳᠤ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠪᠠᠨ ᠲᠣᠳᠣᠷᠬᠠᠶᠢᠯᠠᠵᠤ᠂ ᠡᠵᠡᠩᠨᠡᠯᠲᠡ ᠶᠢᠨ ᠳᠡᠰ ᠳᠠᠷᠠᠭᠠᠯᠠᠯ ᠢ ᠵᠢᠷᠤᠮᠵᠢᠭᠤᠯᠵᠤ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠠᠷᠠᠳᠴᠢᠯᠠᠯ ᠢᠶᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ᠂ ᠳᠡᠭᠡᠳᠦ ᠱᠠᠲᠤᠨ ᠠᠴᠠ ᠬᠢᠨᠠᠨ ᠵᠥᠪᠰᠢᠶᠡᠷᠡᠬᠦ᠂ ᠠᠯᠪᠠᠨ ᠵᠠᠷ ᠢ ᠵᠠᠷᠯᠠᠨ ᠨᠡᠶᠢᠲᠡᠯᠡᠬᠦ᠂ ᠵᠥᠪᠳᠡᠯᠴᠡᠬᠡᠷ ᠢᠶᠠᠷ ᠬᠦᠯᠢᠶᠡᠰᠦᠯᠡᠬᠦ ᠵᠠᠷᠴᠢᠮ ᠢ ᠪᠠᠷᠢᠮᠲᠠᠯᠠᠵᠤ᠂ ᠭᠠᠴᠠᠭ᠎ᠠ ᠲᠣᠰᠬᠤᠨ ᠤ ᠬᠠᠮᠲᠤ ᠨᠢᠬᠡᠴᠢ ᠶᠢᠨ ᠥᠪᠡᠰᠦᠪᠡᠨ ᠡᠵᠡᠩᠨᠡᠬᠦ᠂ ᠳᠠᠭᠠᠭᠠᠴᠢᠯᠠᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠡᠵᠡᠩᠨᠡᠬᠦ ᠪᠤᠶᠤ ᠬᠤᠷᠰᠢᠶ᠎ᠠ᠂ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠤᠯ ᠴᠣᠭᠴᠠ ᠳᠤ ᠣᠷᠣᠭᠤᠯᠬᠤ ᠡᠵᠡᠩᠨᠡᠯᠲᠡ ᠶᠢᠨ ᠴᠢᠨᠠᠷᠲᠠᠶ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠰᠢᠭ ᠣᠷᠣᠯᠭ᠎ᠠ ᠨᠢ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠬᠥᠮᠦᠨ ᠢ ᠬᠠᠪᠰᠤᠷᠤᠨ ᠲᠡᠳᠬᠦᠬᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠭᠠᠷᠭᠠᠬᠤ᠂ ᠱᠠᠩᠨᠠᠯ ᠨᠥᠬᠦᠪᠥᠷᠢ ᠣᠯᠭᠤᠬᠤ᠂ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠠᠴᠠ ᠭᠠᠳᠠᠨ᠎ᠠ᠂ ᠵᠢᠱᠢᠶ᠎ᠡ ᠦᠵᠡᠭᠦᠯᠦᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠᠷ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠳ ᠢ ᠳᠠᠶᠢᠴᠢᠯᠠᠨ ᠳᠠᠪᠠᠭᠤᠯᠢᠭ ᠣᠨᠴᠠᠯᠢᠭᠲᠤ ᠠᠵᠤ  ᠦᠢᠯᠡᠰ ᠢ ᠬᠥᠭᠵᠢᠭᠦᠯᠬᠦ ᠳᠤ ᠭᠤᠤᠯᠳᠠᠯᠭ᠎ᠠ ᠲᠠᠢ ᠬᠡᠷᠡᠭᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢ ᠠᠬᠢᠭᠤᠯᠤᠨ᠎ᠠ᠃ ︽ᠠᠰᠢᠭ ᠬᠦᠷᠲᠡᠬᠦ ᠡᠷᠬᠡ ᠪᠣᠯᠤᠨ ᠬᠠᠮᠢᠶᠠᠷᠴᠤ ᠬᠠᠮᠠᠭᠠᠯᠠᠬᠤ ᠡᠷᠬᠡ ᠶᠢ ᠬᠠᠷᠢᠯᠴᠠᠨ ᠤᠶᠠᠯᠳᠤᠭᠤᠯᠬᠤ︾ ᠵᠠᠷᠴᠢᠮ ᠶᠣᠰᠣᠭᠠᠷ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠵᠣᠬᠢᠬᠤ ᠥᠮᠴᠢᠯᠡᠬᠦ ᠡᠷᠬᠡ ᠶᠢᠨ ᠭᠤᠤᠯ ᠴᠣᠭᠴᠠ ᠠᠴᠠ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠭᠴᠢ ᠶᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠲᠥᠷᠥᠯ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠳᠠᠭᠠᠭᠠᠴᠢᠯᠠᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠡᠵᠡᠩᠨᠡᠬᠦ ᠪᠤᠶᠤ ᠬᠤᠷᠰᠢᠶ᠎ᠠ᠂ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠤᠯ ᠴᠣᠭᠴᠠ ᠳᠤ ᠣᠷᠣᠭᠤᠯᠤᠭᠰᠠᠨ ᠪᠣᠯ᠂ ᠭᠡᠷ᠎ᠡ ᠶᠢᠨ  ᠵᠦᠢᠯ ᠵᠤᠷᠪᠤᠰ ᠢᠶᠠᠷ ᠳᠠᠮᠵᠢᠭᠤᠯᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠨᠢᠭᠡᠴᠢ ᠪᠣᠯᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠳᠤᠳᠤᠷᠬᠠᠢᠢᠯᠠᠨ᠎ᠠ᠃ ᠥᠮᠴᠢᠯᠡᠬᠦ ᠡᠷᠬᠡ ᠶᠢᠨ ᠥᠮᠴᠢᠯᠡᠭᠴᠢ ᠪᠠ ᠬᠠᠮᠢᠶ᠎ᠠ ᠪᠦᠬᠦᠢ ᠬᠢᠨᠠᠨ ᠬᠠᠮᠢᠶᠠᠷᠬᠤ ᠭᠤᠣᠯ ᠴᠣᠭᠴᠠ ᠨᠢ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠶᠢᠨ ᠪᠠᠶᠢᠳᠠᠯ ᠢ ᠦᠨᠳᠦᠰᠦᠯᠡᠨ᠂ ᠬᠠᠤᠯᠢ ᠲᠣᠭᠲᠠᠭᠠᠯ ᠳᠤ ᠨᠡᠶᠢᠴᠡᠭᠰᠡᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠰᠢᠶ᠋ᠳᠪᠦᠷᠢᠯᠡᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠰᠢᠢᠳᠪᠦᠷᠢᠯᠡᠬᠡᠳ ᠤᠯᠤᠭᠰᠠᠨ ᠣᠷᠣᠯᠭ᠎ᠠ ᠶᠢ ᠭᠤᠤᠯᠳᠠᠭᠤ ᠶᠠᠳᠠᠭᠤ ᠶᠢ ᠲᠡᠳᠬᠦᠬᠦ ᠰᠢᠨ᠎ᠡ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠶᠠᠳᠠᠭᠤ ᠶᠢ ᠲᠡᠳᠬᠦᠬᠦ ᠰᠢᠨ᠎ᠡ ᠡᠳ᠋ ᠬᠥᠷᠥᠩᠭᠡ ᠶᠢ ᠪᠤᠢ ᠪᠣᠯᠭᠠᠨ᠎ᠠ᠃      ᠳᠣᠯᠤᠭ᠎ᠠ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠭᠦᠨᠵᠡᠭᠡᠶ ᠠᠭᠤᠯᠤᠭᠳᠠᠬᠤᠨ ᠢ ᠪᠠᠶᠠᠯᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠳᠡᠰ ᠢ ᠦᠨᠡᠯᠡᠨ ᠲᠣᠭᠲᠠᠭᠠᠬᠤ ᠢᠲᠡᠭᠡᠮᠵᠢ ᠣᠯᠭᠤᠬᠤ ᠠᠵᠢᠯ ᠢ ᠥᠷᠭᠡᠨ ᠢᠶᠠᠷ ᠥᠷᠨᠢᠭᠦᠯᠵᠦ᠂ ᠢᠲᠡᠭᠡᠮᠵᠢᠲᠦ ᠬᠡᠷᠡᠭᠯᠡᠭᠴᠢ ᠳᠤ ᠮᠥᠩᠭᠦᠨ ᠬᠦᠢᠯᠬᠡᠬᠡᠨ᠂ ᠠᠵᠢᠯ ᠣᠯᠭᠤᠯᠲᠠ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ᠂ ᠦᠨᠡᠨᠴᠢ ᠢᠲᠡᠭᠡᠮᠵᠢ ᠪᠠᠷ ᠬᠥᠲᠥᠯᠥᠨ ᠵᠢᠯᠣᠭᠤᠳᠬᠤ ᠬᠥᠮᠦᠵᠢᠯ ᠢ ᠴᠢᠩᠭᠠᠳᠬᠠᠵᠤ᠂ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠳᠤ ᠦᠨᠡᠨᠴᠢ ᠢᠲᠡᠭᠡᠮᠵᠢᠲᠡᠶ ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃ ︽ᠤᠯᠠᠭᠠᠨᠮᠥ᠋ᠴᠢᠷ +︾᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ ᠵᠡᠷᠭᠡ ᠡᠷᠴᠢ ᠵᠤᠷᠢᠭ ᠣᠶᠤᠨ ᠤᠬᠠᠭᠠᠨ ᠬᠤᠶᠠᠷ ᠢ ᠲᠡᠳᠬᠦᠬᠦ ᠵᠠᠭᠪᠤᠷ ᠢ ᠠᠪᠴᠤ᠂ ᠦᠵᠡᠯ ᠰᠠᠨᠠᠭ᠎ᠠ᠂ ᠰᠣᠶᠣᠯ᠂ ᠶᠣᠰᠣ ᠮᠣᠷᠠᠯ᠂ ᠬᠠᠤᠯᠢ ᠴᠠᠭᠠᠵᠠ ᠪᠠ ᠠᠴᠢ ᠬᠠᠷᠢᠭᠤᠯᠠᠬᠤ ᠬᠥᠮᠦᠵᠢᠯ ᠢ ᠴᠢᠩᠭᠠᠳᠬᠠᠵᠤ᠂ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠬᠠᠶᠢᠷᠠᠯᠠᠬᠤ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃      ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠦᠨ᠎ᠡ᠃ ᠰᠣᠶᠣᠯ ᠢᠶᠠᠷ ᠶᠠᠳᠠᠭᠤ ᠶᠢ ᠲᠡᠳᠬᠦᠬᠦ ︽ᠠᠷᠪᠠ ᠶᠢ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯᠴᠢᠨ ᠳᠠᠷᠢᠶᠠᠴᠢᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠬᠡᠭᠰᠢᠯᠡᠬᠦᠯᠦᠨ᠎ᠡ᠃ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠦᠢᠯᠡᠳᠦᠯ ᠢ ᠪᠠᠳᠠᠷᠠᠭᠤᠯᠵᠤ᠂ ᠶᠡᠭᠡ ᠬᠡᠮᠵᠢᠶᠡᠨ ᠤ ᠪᠣᠭᠲᠣᠯᠠᠬᠤ ᠪᠡᠯᠡᠭ᠂  ᠠᠮᠢᠳᠤ ᠰᠡᠷᠡᠬᠦᠨ ᠳᠤᠨᠢ ᠠᠴᠢᠯᠠᠬᠤ ᠦᠬᠡᠢ ᠨᠠᠰᠤ ᠪᠠᠷᠠᠭᠰᠠᠨ ᠤ ᠳᠠᠷᠠᠭ᠎ᠠ ᠬᠦᠨᠳᠤ ᠪᠠᠷ ᠤᠷᠤᠰᠢᠭᠤᠯᠬᠤ᠂ ᠦᠷ᠎ᠡ ᠬᠡᠦᠬᠡᠳ ᠨᠢ ᠨᠠᠰᠤᠲᠠᠨ ᠢᠶᠠᠨ ᠠᠰᠠᠷᠠᠨ ᠲᠡᠵᠢᠭᠡᠬᠦ ᠦᠭᠡᠶ ᠵᠡᠷᠭᠡ ᠠᠰᠠᠭᠤᠳᠠᠯ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ᠂ ᠬᠠᠤᠯᠢ ᠳᠦᠷᠢᠮ᠂ ᠶᠣᠰᠣ ᠮᠣᠷᠠᠯ ᠢᠶᠠᠷ ᠵᠠᠰᠠᠬᠤ ᠵᠡᠷᠭᠡ ᠣᠯᠠᠨ ᠵᠦᠶ᠋ᠯ ᠤᠨ ᠠᠷᠭ᠎ᠠ ᠵᠠᠮ ᠢᠶᠠᠷ ᠳᠠᠮᠵᠢᠭᠤᠯᠤᠨ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠤᠢ ᠪᠤᠯᠭᠠᠨ᠎ᠠ᠃ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠪᠡᠶ᠎ᠡ ᠪᠠᠨ ᠳᠠᠭᠠᠭᠠᠵᠤ ᠶᠠᠳᠠᠭᠤ ᠠᠴᠠ ᠠᠩᠭᠢᠵᠢᠷᠠᠬᠤ ᠬᠠᠪᠰᠤᠷᠤᠨ ᠲᠡᠳᠬᠦᠬᠦ ᠵᠠᠭᠪᠤᠷ ᠢ ᠰᠢᠨᠡᠴᠢᠯᠡᠵᠦ᠂  ᠦᠢᠯᠡᠳᠪᠦᠷᠢᠯᠡᠯ ᠳᠤ ᠱᠠᠩᠨᠠᠵᠤ ᠨᠥᠬᠦᠪᠥᠷᠢᠯᠡᠬᠦ᠂ ᠬᠥᠳᠡᠯᠮᠦᠷᠢ  ᠦᠢᠯᠡᠴᠢᠯᠡᠭᠡ ᠳᠤ ᠨᠥᠬᠦᠪᠥᠷᠢ ᠥᠭᠬᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠣᠭᠲᠠᠴᠠ ᠶᠢ ᠨᠡᠩ ᠢᠯᠡᠭᠦᠤ ᠬᠡᠷᠡᠭᠯᠡᠵᠦ᠂ ᠶᠠᠳᠠᠭᠤ ᠬᠦᠴᠢᠷᠳᠡᠯᠲᠡᠶ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠶ᠋ᠯᠡᠳᠪᠦᠷᠢᠯᠡᠯ ᠪᠠ ᠠᠵᠢᠯ ᠣᠯᠭᠤᠬᠤ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠤᠨ᠎ᠠ᠃ ᠢᠯᠡᠷᠡᠯ ᠪᠠᠶᠢᠳᠠᠯ ᠢᠶᠠᠷ ᠬᠤᠷᠠᠮᠳᠤᠭᠤᠯᠤᠭᠰᠠᠨ ᠬᠤᠪᠢ ᠰᠤᠯᠢᠬᠤ᠂ ᠬᠤᠷᠠᠮᠳᠤᠭᠤᠯᠤᠭᠰᠠᠨ ᠬᠤᠪᠢ ᠪᠠᠷ ᠡᠳ᠋ ᠪᠣᠳᠠᠰ ᠰᠣᠯᠢᠬᠤ ︽ᠬᠠᠶᠢᠷ᠎ᠠ ᠬᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠬᠡᠲᠦ ᠳᠡᠯᠭᠡᠭᠦᠷ︾ ᠵᠡᠷᠭᠡ ᠬᠠᠪᠰᠤᠷᠤᠨ ᠲᠡᠳᠬᠦᠬᠦ ᠠᠷᠭ᠎ᠠ ᠪᠠᠷᠢᠯ ᠢ ᠳᠡᠯᠭᠡᠷᠡᠭᠦᠯᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠪᠣᠳᠠᠰ ᠤᠨ ᠱᠠᠩᠨᠠᠯ ᠪᠠ ᠣᠶᠤᠨ ᠰᠠᠨᠠᠭᠠᠨ ᠤ ᠵᠣᠷᠢᠭᠵᠢᠭᠤᠯᠤᠯ ᠣᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃        ᠨᠠᠶᠢᠮᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠢᠰᠲ᠋ᠧᠮ ᠢ ᠲᠣᠭᠲᠠᠪᠤᠷᠢᠵᠢᠭᠤᠯᠤᠨ᠎ᠠ᠃ ᠶᠠᠳᠠᠭᠤ ᠬᠦᠴᠢᠷᠳᠡᠯ ᠠᠴᠠ ᠤᠬᠤᠷᠢᠨ ᠭᠠᠷᠤᠭᠰᠠᠨ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ᠂ ᠬᠤᠰᠢᠭᠤ ᠰᠢᠶᠠᠨ ᠳᠤ ᠰᠠᠭᠤᠭ᠎ᠠ ᠠᠵᠢᠯ ᠤᠨ ᠶᠡᠷᠦᠩᠬᠡᠶ ᠠᠩᠭᠢ᠂ ᠲᠣᠰᠬᠤᠨ ᠳᠤ ᠰᠠᠭᠤᠭ᠎ᠠ ᠠᠵᠢᠯ ᠤᠨ ᠠᠩᠭᠢ᠂ ᠨᠢᠭᠡᠳᠦᠭᠡᠷ ᠱᠦᠵᠢ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠡᠭᠦᠷᠭᠡᠯᠡᠭᠴᠢ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ ᠭᠤᠤᠯᠳᠠᠯᠭ᠎ᠠ ᠪᠠᠨ ᠰᠢᠯᠵᠢᠭᠦᠯᠬᠦ᠂ ᠬᠦᠴᠦᠨ ᠴᠢᠳᠠᠯ ᠢᠶᠠᠨ ᠪᠠᠭᠤᠷᠠᠭᠤᠯᠬᠤ ᠵᠡᠷᠭᠡ ᠦᠵᠡᠭᠳᠡᠯ ᠭᠠᠷᠬᠤ ᠶᠢ ᠰᠡᠷᠬᠡᠶᠢᠯᠡᠨ᠎ᠡ᠃      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠶ᠋ᠯᠡᠳᠦᠯ ᠢ ᠪᠠᠳᠠᠷᠠᠭᠤᠯᠤᠨ᠎ᠠ᠃ ᠲᠤᠷᠤᠢ ᠪᠠᠭᠤᠷᠠᠶ ᠰᠤᠯᠠ ᠵᠠᠳᠠᠭᠠᠶ ᠪᠠ ᠬᠠᠮᠲᠤ ᠶᠢᠨ ᠠᠵᠤ ᠠᠬᠤᠶ ᠪᠠᠭᠤᠷᠠᠶ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠦᠷᠭᠦᠯᠵᠢᠯᠡᠨ ᠨᠢᠭᠡᠳᠦᠭᠡᠷ ᠱᠦᠵᠢ ᠲᠣᠮᠢᠯᠠᠨ ᠰᠠᠭᠤᠯᠭᠠᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠢ ᠰᠣᠩᠭᠤᠨ ᠲᠣᠮᠢᠯᠠᠬᠤ᠂ ᠬᠠᠮᠢᠶᠠᠷᠬᠤ᠂ ᠰᠢᠯᠭᠠᠨ ᠬᠢᠨᠠᠬᠤ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠤᠢᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠠᠵᠢᠯ ᠬᠢᠬᠦ ᠵᠣᠭᠤᠰ ᠦᠭᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号