ᠲᠥᠪ ᠤᠨ ᠤᠬᠠᠭᠤᠯᠬᠤ ᠬᠡᠯᠲᠡᠰ ᠬᠤᠸᠠᠩ ᠱᠢ ᠶᠠᠨ᠂ ᠮᠤᠤ ᠰᠢᠶᠠᠩ ᠯᠢᠨ ᠳᠤ ︽ᠴᠠᠭ ᠦᠶ᠎ᠡ ᠶᠢᠨ ᠬᠡᠪ ᠳᠠᠭᠤᠷᠢᠶᠠᠯ ︾ ᠴᠤᠯᠠ ᠣᠯᠭᠤᠪᠠ
ᠨᠡᠶᠢᠲᠡᠯᠡᠭᠰᠡᠨ ᠴᠠᠭ᠄
2020/12/24
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠲᠠᠶᠢᠨ ᠤ ᠢᠯᠡᠯᠲᠡ ᠶᠢ ᠲᠡᠮᠡᠴᠡᠨ ᠤᠯᠬᠤ ᠲᠠᠰᠢᠷᠠᠮ ᠳᠤ᠂ ᠲᠥᠪ ᠤᠨ ᠤᠬᠠᠭᠤᠯᠬᠤ ᠬᠡᠯᠲᠡᠰ ᠪᠦᠬᠦ ᠨᠡᠶᠢᠬᠡᠮ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠤᠨ ᠰᠢᠯᠢᠳᠡᠭ ᠨᠠᠮ ᠤᠨ ᠭᠡᠰᠢᠭᠦᠨ ᠺᠠᠳ᠋ᠷ ᠬᠤᠸᠠᠩ  ᠱᠢ ᠶᠠᠨ᠂ ᠮᠤᠤ ᠰᠢᠶᠠᠩ ᠯᠢᠨ ᠤ  ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠨᠡᠶᠢᠳᠡᠯᠡᠵᠦ᠂  ︽ᠴᠠᠭ ᠦᠶ᠎ᠡ ᠶᠢᠨ ᠬᠡᠪ ᠳᠠᠭᠤᠷᠢᠶᠠᠯ︾ ᠭᠡᠬᠦ ᠢᠷᠠᠭᠤ ᠠᠯᠳᠠᠷ ᠢ ᠤᠯᠭᠤᠪᠠ᠃        ᠬᠤᠸᠠᠩ ᠱᠢ ᠶᠠᠨ ᠠᠮᠢᠳᠤ ᠪᠠᠶᠢᠬᠤ ᠳᠠᠭᠠᠨ ᠬᠤᠨᠠᠨ ᠮᠤᠵᠢ ᠶᠢᠨ ᠵᠦᠵᠧᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠶᠠᠨ ᠯᠢᠩ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠪᠠ᠂ 2019 ᠣᠨ ᠤ 11 ᠰᠠᠷ᠎ᠠ ᠳᠤ ᠠᠯᠪᠠᠨ ᠶᠠᠪᠤᠳᠠᠯ ᠢᠶᠠᠷ ᠨᠠᠰᠤ ᠪᠠᠷᠠᠪᠠ᠃ ᠲᠤᠬᠠᠢ ᠶᠢᠨ ᠵᠢᠯ 56 ᠨᠠᠰᠣᠳᠠᠢ᠃ ᠲᠡᠷᠡ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ  ᠭᠦᠨᠵᠡᠭᠡᠶᠢᠷᠡᠵᠦ᠂ ᠠᠵᠢᠯ ᠤᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠶᠢᠰᠦᠨ ᠵᠢᠯ ᠢ ᠨᠢᠭᠡ ᠯᠡ ᠡᠳᠦᠷ  ᠮᠡᠳᠦ ᠦᠩᠭᠡᠷᠡᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠳᠠᠢᠯᠠᠯᠳᠤᠭᠠᠨ ᠤ ᠲᠠᠯᠠᠪᠤᠷ ᠲᠤ ᠠᠵᠢᠯᠯᠠᠨ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠂ ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠢᠯ ᠬᠢᠬᠦ ᠶᠢ ᠪᠣᠳᠤᠯᠬᠢᠯᠠᠵᠤ᠂ ᠠᠵᠢᠯ ᠦᠢᠯᠡᠰ ᠪᠦᠲᠦᠭᠡᠬᠦ ᠶᠢ ᠪᠣᠳᠤᠯᠬᠢᠯᠠᠨ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠰ ᠲᠤ ᠴᠦᠭᠦᠷᠦᠯ ᠦᠭᠡᠢ ᠴᠢᠷᠮᠠᠢᠵᠤ᠂ ᠶᠠᠨ ᠯᠢᠩ ᠰᠢᠶᠠᠨ ᠢ ᠬᠤᠨᠠᠨ ᠮᠤᠵᠢ ᠶᠢᠨ ᠠᠩᠬᠠᠳᠤᠭᠠᠷ ᠪᠦᠯᠦᠭ ᠤᠯᠤᠰ ᠤᠨ ᠲᠠᠰ ᠤᠨ ᠶᠠᠳᠠᠭᠤ ᠬᠦᠴᠢᠷᠲᠡᠢ ᠰᠢᠶᠠᠨ ᠠᠴᠠ ᠠᠩᠭᠢᠵᠢᠷᠠᠭᠤᠯᠤᠨ᠂ ᠶᠠᠳᠠᠭᠤ ᠬᠤᠴᠤᠷᠤᠩᠭᠤᠢ ᠳᠦᠷᠰᠦ ᠪᠠᠢᠳᠠᠯ ᠢ ᠬᠤᠪᠢᠷᠠᠭᠤᠯᠵᠤ᠂ ᠠᠵᠢᠯ ᠤᠨ ᠪᠣᠳᠠᠲᠤ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠶᠢᠨ ᠰᠠᠢᠨ ᠺᠠᠳ᠋ᠷ ᠤᠨ ᠪᠠᠷᠢᠮᠵᠢᠶ᠎ᠠ ᠶᠢ ᠦᠢᠯᠡᠳᠦᠯᠭᠡᠵᠢᠭᠦᠯᠵᠦ᠂ ᠰᠢᠷᠭᠠᠭᠤ ᠬᠠᠲᠠᠭᠤᠵᠢᠯᠲᠠᠢ ᠪᠠᠷ ᠪᠣᠳᠠᠲᠠᠢ ᠠᠵᠢᠯᠯᠠᠵᠤ ᠺᠠᠳ᠋ᠷ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠡᠷᠬᠢᠮ ᠨᠠᠨᠳᠢᠨ ᠠᠮᠢ ᠨᠠᠰᠤ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ  ᠢᠯᠡᠷᠡᠬᠦᠯᠵᠦ᠂ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾᠂ ︽ᠬᠤᠨᠠᠨ ᠮᠤᠵᠢ ᠶᠢᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾   ᠢᠶᠠᠷ ᠨᠡᠬᠡᠨ ᠦᠨᠡᠯᠡᠭᠳᠡᠵᠡᠢ᠃          ᠮᠤᠤ ᠰᠢᠶᠠᠩ ᠯᠢᠨ ᠣᠳᠣ ᠴᠦᠩᠴᠢᠩ ᠬᠤᠲᠠ ᠶᠢᠨ ᠡᠤ ᠱᠠᠨ ᠰᠢᠶᠠᠨ ᠤ ᠵᠦ ᠰᠢᠶᠠᠨ ᠰᠢᠶᠠᠩ ᠤᠨ ᠰᠢᠶᠠ ᠵᠤᠸᠠᠩ ᠲᠣᠰᠬᠤᠨ ᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ 43 ᠵᠢᠯ ᠤᠨ ᠲᠤᠷᠰᠢ ᠲᠡᠷᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠤᠶᠢᠳᠠ ᠪᠥᠭᠯᠡᠭᠦᠦ ᠠᠭᠤᠯᠠᠨ ᠲᠣᠰᠬᠤᠨ ᠢ ᠪᠠᠲᠤ ᠰᠠᠬᠢᠵᠤ᠂ ᠰᠢᠷᠭᠠᠭᠤ ᠠᠵᠢᠯᠯᠠᠵᠤ᠂ ᠲᠣᠰᠬᠤᠨ ᠤ ᠠᠷᠠᠳ ᠢ ᠳᠠᠭᠠᠭᠤᠯᠤᠨ ᠪᠣᠷᠣ ᠪᠦᠳᠦᠭᠦᠯᠢᠭ ᠠᠷᠭ᠎ᠠ ᠪᠠᠷ ᠠᠰᠬ᠎ᠠ ᠬᠠᠳᠠᠨ ᠳᠡᠭᠡᠷ᠎ᠡ ᠴᠢᠯᠠᠭᠤ ᠳᠡᠪᠢᠰᠴᠦ᠂ 7 ᠵᠢᠯ ᠤᠨ ᠲᠤᠷᠰᠢ 8 ᠺᠢᠯᠣᠮᠧᠲᠷ ᠤᠨ ᠬᠠᠳᠠ ᠶᠢ ᠳᠡᠪᠢᠰᠴᠦ ᠪᠠᠶᠢᠵᠠᠶ᠃ ᠲᠡᠷᠡ ︽ᠭᠤᠷᠪᠠᠨ ᠤᠨᠴᠠᠯᠢᠭ︾ ᠤᠨ ᠠᠵᠤ ᠠᠬᠤᠶ ᠶᠢ ᠪᠤᠶᠢᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠦᠨ᠂ ᠵᠠᠩ ᠳᠠᠳᠬᠠᠯ ᠢ ᠨᠢ ᠥᠭᠡᠷᠡᠴᠢᠯᠡᠬᠦ ᠶᠢ ᠠᠬᠢᠭᠤᠯᠵᠤ᠂ ᠢᠲᠡᠭᠡᠯ ᠵᠣᠷᠢᠭ ᠢ ᠨᠢ ᠬᠥᠪᠴᠢᠯᠡᠨ᠂ ᠬᠦᠬᠡᠮᠳᠦᠭ ᠠᠭᠤᠯᠠ ᠶᠢ ᠠᠯᠳᠠᠨ ᠠᠭᠤᠯᠠ ᠮᠥᠩᠭᠦᠨ ᠠᠭᠤᠯᠠ ᠪᠣᠯᠭᠠᠨ ᠬᠤᠪᠢᠷᠠᠭᠤᠯᠵᠤ᠂ ᠨᠤᠲᠤᠭ ᠤᠨ ᠠᠷᠠᠳ ᠤᠳ ᠢ ᠶᠠᠳᠠᠭᠤ ᠬᠦᠴᠢᠷᠳᠡᠯᠲᠡᠶ ᠬᠤᠴᠣᠷᠤᠩᠭᠤᠶ ᠳᠦᠷᠰᠦ ᠪᠠᠶᠢᠳᠠᠯ ᠢᠶᠠᠨ ᠬᠤᠪᠢᠷᠠᠭᠤᠯᠵᠤ᠂ ᠪᠠᠶᠠᠨ ᠴᠢᠨᠡᠭᠡᠯᠢᠭ ᠪᠣᠯᠪᠠᠰᠤᠨ ᠠᠮᠢᠳᠤᠷᠠᠯ ᠲᠠᠢ ᠪᠣᠯᠭᠠᠪᠠ᠃ ᠲᠡᠷᠡ ᠰᠢᠷᠭᠠᠭᠤ ᠬᠠᠲᠠᠭᠤᠵᠢᠯᠲᠠᠢ ᠭᠠᠷᠮᠠᠭᠠᠢ᠂ ᠬᠠᠯᠢᠯ ᠬᠠᠳᠠ ᠶᠢ ᠨᠡᠪᠲᠡᠷᠡᠭᠦᠯᠵᠦ᠂ ᠪᠡᠶ᠎ᠡ ᠪᠠᠷ ᠢᠶᠠᠨ ᠳᠠᠭᠠᠭᠤᠯᠤᠨ ᠵᠠᠮ ᠵᠠᠰᠠᠵᠦ᠂ ᠨᠠᠰᠤᠨ ᠲᠤᠷᠰᠢᠳᠠ ᠶᠠᠳᠠᠭᠤ ᠠᠴᠠ ᠠᠩᠭᠢᠵᠢᠷᠠᠬᠤ ᠵᠢᠷ ᠪᠦᠭᠡᠳ ᠠᠤᠭ᠎ᠠ ᠦᠢᠯᠡᠰ ᠢ ᠪᠦᠳᠦᠭᠡᠵᠦ᠂ ᠥᠷᠭᠡᠨ ᠣᠯᠠᠨ ᠠᠷᠠᠳ ᠲᠤ ᠪᠤᠶᠠᠨ ᠦᠢᠯᠡᠳᠴᠦ᠂ ᠠᠯᠳᠠᠷ ᠨᠡᠷ᠎ᠡ ᠨᠢ ᠪᠦᠬᠦ ᠤᠯᠤᠰ ᠤᠨ ᠡᠯ᠎ᠡ ᠭᠠᠵᠠᠷ ᠲᠤ ᠲᠠᠭᠤᠷᠢᠰᠴᠦ᠂  ᠨᠡᠶᠢᠲᠡ ᠤᠯᠠᠨ ᠤ ᠮᠠᠭᠲᠠᠭᠠᠯ ᠰᠠᠢᠰᠢᠶᠠᠯ ᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠠᠮ ᠤᠨ ᠭᠡᠰᠢᠭᠦᠨ ᠺᠠᠳ᠋ᠷ ᠤᠨ ᠭᠡᠷᠡᠯ ᠰᠠᠴᠤᠷᠠᠩᠭᠤᠢ ᠳᠠᠭᠤᠷᠢᠶᠠᠯ ᠪᠣᠯᠵᠤ᠂ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠩᠨᠠᠯ︾᠂ ︽ᠳᠤᠮᠳᠠᠳᠤ ᠤᠯᠤᠰ ᠤᠨ ᠰᠠᠶᠢᠨ ᠬᠥᠮᠦᠨ︾ ᠵᠡᠷᠭᠡ ᠢᠷᠠᠭᠤ ᠠᠯᠳᠠᠷ ᠤᠨ ᠴᠣᠯᠠ ᠬᠦᠷᠲᠡᠪᠡ᠃         ᠬᠤᠸᠠᠩ ᠱᠢ ᠶᠠᠨ᠂ ᠮᠤᠤ ᠰᠢᠶᠠᠩ ᠯᠢᠨ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠮᠡᠳᠡᠭᠡᠯᠡᠭᠰᠡᠨ ᠤ ᠳᠠᠷᠠᠭ᠎ᠠ᠂ ᠪᠥᠬᠦ ᠨᠡᠶᠢᠭᠡᠮ ᠳᠤ  ᠴᠢᠩᠭ᠎ᠠ ᠲᠤᠰᠬᠠᠯ ᠭᠠᠷᠴᠠᠶ᠃ ᠥᠷᠭᠡᠨ ᠣᠯᠠᠨ ᠺᠠᠳ᠋ᠷ ᠣᠯᠠᠨ ᠲᠦᠮᠡᠨ ᠤ ᠦᠵᠡᠬᠦ ᠪᠠᠷ᠂ ᠬᠤᠸᠠᠩ ᠱᠢ ᠶᠠᠨ᠂ ᠮᠤᠤ ᠰᠢᠶᠠᠩ ᠯᠢᠨ ᠨᠥᠬᠦᠷ ᠪᠣᠯ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠰᠢᠯᠢᠳᠡᠭ ᠲᠥᠯᠥᠭᠡᠯᠡᠭᠴᠢ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠰᠡᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠳᠠᠭᠤᠷᠢᠶᠠᠯ ᠵᠢᠱᠢᠶᠡᠴᠢ ᠪᠣᠯᠤᠨ᠎ᠠ᠃ ᠲᠡᠳᠡ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠪᠠ ᠠᠷᠠᠳ ᠤᠨ ᠠᠵᠢᠯ ᠦᠢᠯᠡᠰ ᠲᠤ ᠦᠨᠡᠨᠴᠢ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠢᠳᠡᠪᠬᠢᠲᠡᠢ ᠣᠷᠤᠯᠴᠠᠵᠤ᠂ ᠬᠥᠳᠡᠭᠡ ᠲᠣᠰᠭᠤᠨ ᠢ ᠬᠥᠭᠵᠢᠭᠦᠯᠦᠨ ᠮᠠᠨᠳᠤᠭᠤᠯᠬᠤ ᠶᠢ ᠴᠢᠷᠮᠠᠢᠨ ᠪᠡᠶᠡᠯᠡᠭᠦᠯᠵᠦ᠂ ᠶᠠᠳᠠᠭᠤ ᠬᠤᠴᠤᠷᠤᠩᠭᠤᠢ ᠳᠦᠷᠰᠦ ᠪᠠᠶᠢᠳᠠᠯ ᠢ ᠬᠤᠪᠢᠷᠠᠭᠤᠯᠵᠤ᠂ ᠵᠣᠯ ᠵᠢᠷᠭᠠᠯᠲᠤ ᠠᠮᠢᠳᠤᠷᠠᠯ ᠤᠨ ᠵᠠᠮ ᠢ ᠪᠠᠲᠤ ᠰᠠᠬᠢᠵᠤ᠂ ᠡᠷᠬᠢᠮ ᠳᠡᠭᠡᠳᠦ ᠬᠡᠪ ᠰᠤᠷᠲᠠᠯ ᠢᠶᠠᠷ ᠣᠯᠠᠨ ᠲᠦᠮᠡᠨ ᠤ ᠥᠷᠭᠡᠨ ᠳᠡᠯᠭᠡᠷ ᠢᠲᠡᠭᠡᠯ ᠢ ᠣᠯᠵᠤ᠂ ᠠᠷᠠᠳ ᠲᠦᠮᠡᠨ ᠤ ᠢᠲᠡᠭᠡᠯ ᠪᠢᠰᠢᠷᠡᠯ ᠢ ᠣᠯᠵᠤ᠂ᠦᠨᠡᠨᠴᠢ ᠰᠢᠳᠤᠷᠭᠤ ᠤᠯᠤᠰ ᠲᠥᠷᠥ ᠶᠢᠨ ᠬᠡᠪ ᠰᠤᠷᠲᠠᠯ᠂ ᠴᠢᠩᠭ᠋᠎ᠠ ᠬᠠᠷᠢᠭᠤᠴᠠᠯᠭ᠎ᠠ᠂ ᠦᠨᠡᠨᠴᠢ ᠰᠢᠳᠤᠷᠭᠤ᠂ ᠠᠷᠠᠳ ᠤᠨ ᠲᠥᠯᠥᠭᠡ ᠵᠢᠳᠬᠦᠬᠦ᠂ ᠡᠷᠬᠢᠮ ᠳᠡᠭᠡᠳᠦ ᠣᠶᠤᠨ ᠰᠠᠨᠠᠭᠠᠨ ᠤ ᠠᠬᠤᠶ ᠪᠠᠶᠢᠳᠠᠯ ᠢ ᠢᠯᠡᠷᠡᠭᠦᠯᠵᠡᠶ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠴᠠᠭ ᠦᠶ᠎ᠡ ᠶᠢᠨ ᠵᠢᠱᠢᠶᠡᠴᠢ ᠢᠶᠠᠷ ᠳᠠᠭᠤᠷᠢᠶᠠᠯ ᠪᠣᠯᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠ ᠪᠦᠯᠬᠦᠮᠳᠡᠵᠦ᠂ ︽ᠳᠥᠷᠪᠡᠨ ᠤᠬᠠᠮᠰᠠᠷ︾ ᠢ ᠴᠢᠩᠭᠠᠳᠭᠠᠵᠤ᠂ ︽ᠳᠥᠷᠪᠡᠨ ᠢᠲᠡᠭᠡᠯ︾ ᠢ ᠪᠠᠲᠤᠳᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠢᠭᠡ ᠰᠡᠳᠭᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠲᠡᠮᠡᠴᠡᠨ᠂ ᠰᠢᠨ᠎ᠡ ᠴᠠᠭ ᠦᠶ᠎ᠡ ᠶᠢᠨ ᠠᠭᠤᠤ ᠶᠡᠭᠡ ᠠᠶᠠᠨ ᠵᠠᠮ ᠳᠤ ︽ᠬᠤᠶᠠᠷ ᠶᠡᠭᠡ ᠭᠠᠢᠬᠠᠮᠰᠢᠭᠲᠤ ᠰᠢᠨ᠎ᠡ ᠬᠠᠭᠤᠳᠠᠰᠤ︾ ᠶᠢ ᠪᠢᠴᠢᠭᠯᠡᠵᠡᠭᠡᠶ᠎ᠡ ᠬᠡᠰᠡᠨ ᠪᠠᠶᠢᠨ᠎ᠠ᠃         ︽ᠴᠠᠭ ᠦᠶ᠎ᠡ ᠶᠢᠨ ᠬᠡᠪ ᠲᠠᠭᠤᠷᠢᠶᠠᠯ︾   ᠢ ᠨᠡᠶᠢᠲᠡᠯᠡᠭᠦ ᠶᠤᠰᠤᠯᠠᠯ ᠤᠨ ᠲᠤᠬᠠᠢ ᠶᠢᠨ ᠲᠠᠯᠠᠪᠠᠢ ᠳᠤ ︽ᠬᠤᠸᠠᠩ ᠱᠢ ᠶᠠᠨ᠂ ᠮᠤᠤ ᠰᠢᠶᠠᠩ ᠯᠢᠨ ᠤ ︿ᠴᠠᠭ ᠦᠶ᠎ᠡ ᠶᠢᠨ ᠬᠡᠪ ᠲᠠᠭᠤᠷᠢᠶᠠᠯ﹀ ᠢᠷᠠᠭᠤ ᠠᠯᠳᠠᠷ ᠣᠯᠭᠤᠬᠤ ᠲᠤᠬᠠᠢ ᠳᠤᠮᠲᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠬᠠᠭᠤᠯᠬᠤ ᠬᠡᠯᠲᠡᠰ ᠤᠨ ᠲᠣᠭᠲᠠᠭᠠᠯ︾ ᠢ ᠤᠩᠰᠢᠨ ᠨᠡᠶᠢᠲᠡᠯᠡᠵᠦ᠂ ᠬᠤᠸᠠᠩ ᠱᠢ ᠶᠠᠨ᠂ ᠮᠣᠤ ᠰᠢᠶᠠᠩ ᠯᠢᠨ ᠨᠦᠭᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠲᠤᠰᠬᠠᠭᠰᠠᠨ ᠣᠬᠤᠷ ᠹᠢᠯᠢᠮ ᠢ ᠨᠡᠪᠲᠡᠷᠡᠭᠦᠯᠪᠡ᠃ ᠲᠥᠪ ᠤᠨ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠨᠥᠬᠦᠳ ᠬᠤᠸᠠᠩ  ᠱᠢ ᠶᠠᠨ ᠨᠥᠬᠦᠷ ᠤᠨ ᠲᠥᠷᠥᠯ ᠰᠠᠳᠤᠨ ᠤ ᠲᠥᠯᠥᠭᠡᠯᠡᠭᠴᠢ᠂  ᠮᠤᠤ ᠰᠢᠶᠠᠩ ᠯᠢᠨ ᠨᠥᠬᠦᠷ ᠲᠤ ᠴᠠᠭ  ᠦᠶ᠎ᠡ ᠶᠢᠨ ᠳᠠᠭᠤᠷᠢᠶᠠᠯ ᠪᠣᠯᠤᠨ ᠦᠨᠡᠮᠯᠡᠯ ᠣᠯᠭᠤᠭᠰᠠᠨ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ᠂ ᠬᠤᠨᠠᠨ ᠮᠤᠵᠢ ᠶᠢᠨ ᠨᠠᠮ ᠤᠨ ᠬᠤᠷᠢᠶ᠎ᠠ᠂ ᠴᠦᠩᠴᠢᠩ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠴᠠᠭ ᠦᠶ᠎ᠡ ᠶᠢᠨ ᠬᠡᠪ ᠳᠠᠭᠤᠷᠢᠶᠠᠯ ᠤᠨ ᠲᠥᠷᠥᠯ ᠰᠠᠳᠤᠨ᠂ ᠬᠠᠮᠲᠤ ᠠᠵᠢᠯᠯᠠᠭᠴᠢ ᠪᠣᠯᠤᠨ ᠲᠤᠬᠠᠶ ᠶᠢᠨ ᠭᠠᠵᠠᠷ ᠤᠨ ᠺᠠᠳ᠋ᠷ ᠣᠯᠠᠨ ᠲᠦᠮᠡᠨ ᠤ ᠲᠥᠯᠥᠭᠡᠯᠡᠭᠴᠢᠳ ᠨᠡᠶᠢᠲᠡᠯᠡᠬᠦ ᠶᠣᠰᠣᠯᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号