ᠲᠥᠪ ᠤᠨ ᠤᠬᠠᠭᠤᠯᠬᠤ ᠬᠡᠯᠲᠡᠰ  ᠵᠠᠩ ᠬᠦᠢ ᠮᠧᠶ ᠳᠤ ︽ᠴᠠᠭ ᠦᠶ᠎ᠡ ᠶᠢᠨ ᠬᠡᠪ ᠲᠤᠭᠤᠷᠢᠶᠠᠯ ︾ ᠶᠢᠨ ᠴᠣᠯᠠ ᠶᠢ ᠣᠯᠭᠤᠪᠠ
ᠨᠡᠶᠢᠲᠡᠯᠡᠭᠰᠡᠨ ᠴᠠᠭ᠄
2020/12/24
ᠲᠥᠪ ᠤᠨ ᠤᠬᠠᠭᠤᠯᠬᠤ ᠬᠡᠯᠲᠡᠰ ᠂ ᠶᠦᠨᠨᠠᠨ ᠮᠤᠵᠢ ᠶᠢᠨ ᠯᠢ ᠵᠢᠶᠠᠩ ᠬᠤᠲᠠ ᠶᠢᠨ ᠬᠤᠸᠠ ᠫᠢᠩ ᠤᠨ ᠦᠬᠢᠳ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠳᠠᠷᠤᠭ᠎ᠠ ᠵᠠᠩ ᠬᠦᠢ ᠮᠸᠢ ᠳᠤ ︽ᠴᠠᠭ ᠦᠶ᠎ᠡ ᠶᠢᠨ ᠬᠡᠪ ᠲᠤᠭᠤᠷᠢᠶᠠᠯ︾ ᠶᠢᠨ ᠴᠤᠯᠠ ᠶᠢ ᠣᠯᠭᠤᠬᠤ ᠪᠠᠷ ᠲᠣᠭᠲᠠᠪᠠ᠃ 63 ᠨᠠᠰᠤᠲᠠᠶ ᠵᠠᠩ ᠬᠦᠢ ᠮᠧᠶ᠂ ᠶᠦᠨᠨᠡᠨ ᠤ ᠪᠠᠷᠠᠭᠤᠨ ᠬᠡᠰᠡᠭ ᠤᠨ ᠶᠠᠳᠠᠭᠤ ᠬᠦᠴᠢᠷᠳᠡᠯᠳᠡᠢ ᠠᠭᠤᠯᠠᠷᠬᠠᠭ ᠣᠷᠣᠨ ᠤ ᠰᠤᠷᠭᠠᠨ ᠬᠥᠮᠦᠵᠢᠯ ᠤᠨ ᠦᠢᠯᠡᠰ ᠲᠤ ᠬᠡᠳᠦᠨ ᠠᠷᠪᠠᠨ ᠵᠢᠯ ᠴᠢᠷᠮᠠᠶᠢᠨ ᠵᠢᠳᠬᠦᠵᠦ᠂ 12 ᠵᠢᠯ ᠤᠨ ᠡᠮᠦᠨ᠎ᠡ ᠪᠦᠬᠦ ᠤᠯᠤᠰ ᠤᠨ ᠠᠩᠬᠠᠳᠤᠭᠠᠷ ᠰᠦᠢᠳᠬᠡᠯ ᠬᠤᠷᠢᠶᠠᠬᠤ ᠦᠭᠡᠶ ᠦᠬᠢᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠡᠭᠦᠳᠦᠨ ᠪᠠᠶᠢᠭᠤᠯᠵᠤ᠂ ᠣᠳᠣ ᠪᠣᠯᠲᠠᠯ᠎ᠠ 1800 ᠶᠠᠳᠠᠭᠤ ᠬᠦᠴᠢᠷᠳᠡᠯᠲᠡᠶ ᠬᠡᠦᠬᠡᠨ ᠰᠤᠷᠤᠭᠴᠢ  ᠶᠢᠨ  ᠶᠡᠭᠡ ᠰᠤᠷᠭᠠᠭᠤᠯᠢ ᠳᠤ ᠤᠷᠤᠬᠤ ᠬᠦᠰᠡᠯ ᠢ ᠪᠡᠶᠡᠯᠡᠬᠦᠯᠵᠦ᠂ ᠠᠭᠤᠯᠠᠷᠬᠠᠭ ᠤᠷᠤᠨ ᠳᠠᠬᠢ ᠰᠤᠷᠭᠠᠨ ᠬᠥᠮᠦᠵᠢᠯ ᠤᠨ ᠭᠠᠶᠢᠬᠠᠮᠰᠢᠭ ᠢ ᠡᠭᠦᠳᠴᠡᠶ᠃ ︽ᠨᠢᠭᠡ ᠬᠡᠦᠬᠡᠨ ᠭᠤᠷᠪᠠᠨ ᠦᠶ᠎ᠡ ᠶᠢᠨ ᠬᠥᠮᠦᠰ ᠢ ᠨᠥᠯᠥᠭᠡᠯᠡᠨ᠎ᠡ᠃︾  ᠵᠠᠩ ᠬᠦᠢ ᠮᠸᠢ ᠬᠡᠯᠡᠭᠰᠡᠨ ᠨᠢ᠂ ᠬᠡᠷᠪᠡ ᠰᠤᠶᠤᠯ ᠲᠠᠢ᠂ ᠬᠠᠷᠢᠭᠤᠴᠠᠯᠭ᠎ᠠ ᠲᠠᠢ ᠡᠵᠢ ᠶᠢ ᠬᠦᠮᠦᠵᠢᠭᠦᠯᠭᠦ ᠳᠤ ᠬᠦᠷᠪᠡᠯ᠂  ᠠᠭᠤᠯᠠᠷᠬᠠᠭ ᠤᠷᠤᠨ ᠳᠠᠬᠢ ᠬᠡᠦᠭᠡᠳ ᠰᠤᠷᠤᠯᠭ᠎ᠠ ᠪᠠᠨ ᠲᠤᠷᠭᠤᠨ ᠵᠤᠭᠰᠤᠬᠤ ᠦᠬᠡᠢ ᠮᠦᠷᠳᠡᠭᠡᠨ ᠦᠨᠦᠴᠢᠷᠡᠬᠦ ᠦᠭᠡᠢ ᠶᠤᠨ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号