ᠠᠵᠤ ᠦᠢᠯᠡᠰ ᠤᠨ ᠬᠡᠯᠬᠢᠶᠡᠵᠢᠯ ᠢᠶᠠᠷ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠵᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠬᠦᠯᠪᠡ — ᠥᠪᠥᠷ ᠮᠣᠩᠭᠤᠯ ᠤᠨ ᠲᠦᠩᠯᠢᠶᠣᠤ ᠬᠤᠳᠠ ᠶᠢᠨ ᠺᠠᠶᠢᠯᠦ ᠰᠢᠶᠠᠨ ᠤ ᠤᠯᠠᠭᠠᠨ ᠯᠠᠵᠤᠤ ᠶᠢᠨ ᠠᠵᠤ ᠦᠢᠯᠡᠰ ᠢᠶᠠᠷ ᠤᠨᠢᠨ ᠳᠡᠭᠡᠷ᠎ᠡ ᠨᠢ ᠶᠠᠳᠠᠭᠤ ᠶᠢ ᠳᠡᠳᠬᠦᠭᠰᠡᠨ ᠬᠡᠷᠡᠭ ᠤᠨ ᠵᠢᠱᠢᠶ᠎ᠡ
ᠨᠡᠶᠢᠲᠡᠯᠡᠭᠰᠡᠨ ᠴᠠᠭ᠄
2020/12/24
     ᠺᠠᠶᠢᠯᠦ ᠰᠢᠶᠠᠨ ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠪᠠᠷᠠᠭᠤᠨ ᠬᠡᠰᠡᠭ ᠲᠤ ᠪᠠᠶᠢᠷᠢᠯᠠᠵᠤ᠂ ᠵᠡᠬᠦᠨ ᠳᠠᠯ᠎ᠠ ᠪᠠᠷ ᠢᠶᠠᠨ ᠬᠤᠷᠴᠢᠨ ᠲᠣᠭᠤᠷᠢᠭ ᠲᠠᠢ ᠬᠥᠷᠰᠢ ᠵᠡᠷᠭᠡᠯᠡᠳᠡᠭᠡ ᠪᠠᠢᠵᠤ᠂ ᠪᠠᠷᠠᠭᠤᠨ ᠲᠠᠯ᠎ᠠ ᠪᠠᠷ ᠢᠶᠠᠨ ᠣᠩᠨᠢᠭᠤᠳ ᠬᠤᠰᠢᠭᠤ᠂ ᠠᠷᠤ ᠬᠤᠷᠴᠢᠨ ᠬᠤᠰᠢᠭᠤ ᠲᠠᠢ ᠵᠠᠬ᠎ᠠ ᠨᠡᠶᠢᠯᠡᠵᠦ᠂ ᠡᠮᠦᠨ᠎ᠡ ᠳᠠᠯ᠎ᠠ ᠪᠠᠷ ᠢᠶᠠᠨ ᠨᠠᠶ᠋ᠮᠠᠨ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠲᠠᠢ ᠵᠠᠯᠭᠠᠯᠳᠤᠵᠤ᠂ ᠬᠤᠢᠨ᠎ᠠ ᠳᠠᠯ᠎ᠠ ᠪᠠᠷ ᠢᠶᠠᠨ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠠᠭᠤᠯᠵᠠᠷ ᠲᠤ ᠪᠠᠢᠷᠢᠯᠠᠵᠤ ᠪᠠᠢᠳᠠᠭ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠡᠰ ᠤᠨ ᠶᠠᠳᠠᠭᠤ ᠬᠦᠴᠢᠷᠳᠡᠯᠲᠡᠢ ᠰᠢᠶᠠᠨ ᠪᠣᠯᠤᠨ᠎ᠠ᠃ ᠪᠦᠬᠦ ᠰᠢᠶᠠᠨ ᠤ ᠶᠡᠷᠦᠩᠬᠡᠶ ᠲᠠᠯᠠᠪᠠᠢ ᠨᠢ 4488 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠠᠵᠠᠷ ᠳᠣᠤᠷᠠᠬᠢ ᠤᠰᠤᠨ ᠤ ᠬᠠᠳᠠᠭᠠᠯᠠᠭᠳᠠᠴᠠ ᠡᠯᠪᠡᠭ ᠳᠡᠯᠪᠡᠭ ᠪᠠᠶᠢᠵᠤ᠂ ᠬᠢᠵᠠᠭᠠᠷ ᠳᠣᠲᠣᠷ᠎ᠠ ᠨᠢ ᠬᠤᠶᠠᠷ ᠤᠯᠤᠰ ᠤᠨ ᠵᠠᠮ᠂ ᠬᠤᠶᠠᠷ ᠲᠡᠮᠦᠷ ᠵᠠᠮ ᠥᠩᠭᠡᠷᠡᠵᠦ᠂ ᠵᠠᠮ ᠬᠠᠷᠢᠯᠴᠠᠭ᠎ᠠ ᠳᠥᠭᠦᠮ ᠪᠠᠢᠳᠠᠭ᠃ ᠬᠤᠷᠴᠢᠨ ᠤ ᠲᠠᠯ᠎ᠠ ᠨᠤᠲᠤᠭ ᠤᠨ ᠲᠠᠷᠢᠶᠠᠯᠠᠩ ᠤᠨ ᠪᠣᠯᠪᠠᠰᠤᠨ ᠤ ᠡᠬᠢ ᠡᠭᠦᠰᠦᠯ ᠪᠣᠯᠬᠤ ᠪᠥᠭᠡᠳ ᠲᠠᠷᠢᠮᠠᠯ ᠤᠨ ᠦᠶ᠋ᠯᠡᠰ ᠨᠡᠯᠢᠶᠡᠳ ᠬᠥᠭᠵᠢᠵᠡᠶ᠃      ᠺᠠᠶᠢᠯᠦ ᠰᠢᠶᠠᠨ ᠤᠯᠠᠭᠠᠨ ᠯᠠᠵᠤᠤ ᠳᠠᠷᠢᠭᠠᠳ 30 ᠭᠠᠷᠤᠢ ᠵᠢᠯ ᠪᠤᠯᠵᠤ ᠪᠤᠢ᠂ ᠳᠤᠮᠳᠠᠳᠤ ᠤᠯᠤᠰ ᠤᠨ ᠤᠮᠠᠷᠠᠲᠤ ᠶᠢᠨ ᠬᠠᠮᠤᠭ ᠤᠨ ᠲᠣᠮᠣ ᠬᠤᠰᠢᠭᠤ ᠰᠢᠶᠠᠨ ᠤ ᠤᠯᠠᠭᠠᠨ ᠯᠠᠵᠤᠤ ᠶᠢ ᠦᠢᠯᠡᠳᠪᠦᠷᠢᠯᠡᠵᠦ ᠲᠠᠷᠬᠠᠭᠠᠬᠤ ᠭᠠᠵᠠᠷ ᠪᠤᠯᠤᠨ᠎ᠠ᠃ ᠨᠢᠭᠡᠨᠲᠡ ︽ᠤᠯᠤᠰ ᠤᠨ ᠲᠡᠰ ᠤᠨ ᠭᠠᠳᠠᠭᠠᠳᠤ ᠳᠤ ᠭᠠᠷᠭᠠᠬᠤ ᠤᠯᠠᠭᠠᠨ ᠯᠠᠵᠤᠤ ᠶᠢᠨ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ︾ ᠪᠠ ︽ᠤᠯᠠᠭᠠᠨ ᠯᠠᠵᠤᠤ ᠪᠣᠬᠢᠷᠲᠤᠯ ᠦᠭᠡᠢ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠤᠯᠲᠠ ᠶᠢᠨ ᠰᠠᠭᠤᠷᠢᠨ ᠭᠠᠵᠠᠷ︾ ᠤᠨ ᠭᠡᠷᠡᠴᠢᠯᠡᠯᠲᠡ ᠪᠠᠷ ᠳᠠᠮᠵᠢᠨ᠂ ᠥᠪᠥᠷ ᠮᠣᠩᠭᠤᠯ ᠤᠨ ᠠᠩᠬᠠᠳᠠᠭᠴᠢ ᠤᠯᠤᠰ ᠤᠨ ᠲᠠᠰ ᠤᠨ ᠭᠠᠳᠠᠭᠠᠳᠤ ᠭᠠᠷᠭᠠᠯᠲᠠ ᠶᠢᠨ ᠤᠯᠠᠭᠠᠨ ᠯᠠᠵᠤᠤ ᠶᠢᠨ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠢᠭ ᠪᠣᠯᠤᠨ᠎ᠠ᠃ ︽ᠤᠯᠠᠭᠠᠨ ᠯᠠᠵᠤᠤ ᠶᠢᠨ ᠬᠤᠲᠠ︾ ᠭᠡᠵᠦ ᠠᠯᠳᠠᠷᠰᠢᠪᠠ᠃      ᠤᠢᠷ᠎ᠠ ᠶᠢᠨ ᠵᠢᠯ ᠳᠤ᠂ ᠺᠠᠶᠢᠯᠦ ᠰᠢᠶᠠᠨ ᠤᠯᠠᠭᠠᠨ ᠯᠠᠵᠤᠤ ᠶᠢᠨ ᠠᠵᠤ ᠦᠢᠯᠡᠰ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠬᠦᠭᠵᠢᠬᠦᠯᠬᠦ ᠶᠢ ᠠᠬᠢᠭᠤᠯᠬᠤ ᠳᠠᠪᠠᠭᠤᠯᠢᠭ ᠣᠨᠴᠠᠯᠢᠭᠲᠤ ᠠᠵᠤ ᠦᠢᠯᠡᠰ ᠪᠣᠯᠭᠠᠵᠤ᠂ ᠭᠤᠣᠯᠳᠠᠯᠭ᠎ᠠ ᠲᠠᠢ ᠲᠡᠳᠬᠦᠨ ᠪᠤᠵᠠᠭᠠᠢᠷᠠᠭᠤᠯᠵᠤ᠂ ᠤᠯᠠᠭᠠᠨ ᠯᠠᠵᠤᠤ ᠲᠠᠷᠢᠬᠤ ᠲᠠᠯᠠᠪᠠᠢ ᠶᠢ 60 ᠲᠦᠮᠡᠨ ᠮᠦ ᠳᠤ ᠲᠣᠭᠲᠠᠪᠤᠷᠢᠵᠢᠭᠤᠯᠪᠠ᠃ ᠵᠢᠯ ᠳᠤ 30 ᠳ᠋ᠦᠩᠰᠢᠭᠤᠷ ᠵᠢᠩ ᠯᠠᠵᠤᠤ ᠦᠢᠯᠡᠳᠪᠦᠷᠢᠯᠡᠵᠦ᠂ ᠭᠠᠷᠤᠯᠲᠠ ᠨᠢ ᠪᠦᠬᠦ ᠤᠯᠤᠰ ᠤᠨ 22% ᠢ ᠡᠵᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠲᠤᠯᠭᠠᠭᠤᠷᠢ ᠠᠵᠤ ᠦᠢᠯᠡᠰ ᠪᠣᠯᠪᠠ᠃ᠲᠦᠰᠦᠯ ᠬᠡᠷᠡᠭᠵᠢᠬᠦᠯᠬᠦ      ᠺᠠᠶᠢᠯᠦ ᠰᠢᠶᠠᠨ ᠤᠯᠠᠭᠠᠨ ᠯᠠᠵᠤᠤ ᠲᠠᠷᠢᠵᠤ᠂ ᠤᠯᠠᠭᠠᠨ ᠯᠠᠵᠤᠤ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠪᠲᠤᠯᠤᠯᠲᠠ ᠶᠢᠨ ᠴᠡᠭ ᠪᠣᠯᠭᠠᠵᠤ᠂ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ᠂ ᠠᠵᠤ ᠦᠢᠯᠡᠰ ᠤᠨ ᠤᠷᠲᠤᠳᠬᠠᠯ᠂ ᠠᠷᠭ᠎ᠠ ᠵᠠᠮ ᠤᠨ ᠰᠢᠨ᠎ᠡ ᠶᠢ ᠡᠭᠦᠳᠬᠦ ︽ᠲᠦᠷᠪᠡ ᠶᠢ ᠪᠣᠳᠠᠲᠠᠶᠢᠵᠢᠭᠤᠯᠬᠤ︾ ᠪᠠᠷ ᠳᠠᠮᠵᠢᠭᠤᠯᠤᠨ ᠤᠯᠠᠭᠠᠨ ᠯᠠᠵᠤᠤ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠠᠵᠤ ᠦᠢᠯᠡᠰ ᠤᠨ ᠬᠡᠯᠬᠢᠶᠡᠵᠢᠯ ᠳᠤ ᠣᠷᠣᠭᠤᠯᠵᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠬᠦᠯᠬᠦ ᠪᠠᠷ ᠪᠠᠢᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡ ᠶᠢ ᠪᠣᠳᠠᠲᠠᠶᠢᠵᠢᠭᠤᠯᠪᠠ᠃ ᠡᠯᠧᠺᠲᠷᠣᠨ ᠮᠡᠳᠡᠭᠡ ᠵᠠᠩᠭᠢ ᠶᠢᠨ ᠲᠠᠪᠴᠠᠩ ᠤᠨ ᠪᠦᠷᠬᠦᠴᠡ ᠶᠢᠨ ᠬᠡᠪᠴᠢᠶ᠎ᠡ ᠥᠷᠭᠡᠨ᠂ ᠮᠡᠳᠡᠭᠡ ᠵᠠᠩᠭᠢ ᠳᠠᠮᠵᠢᠭᠤᠯᠬᠤ ᠨᠢ ᠲᠦᠷᠭᠡᠨ ᠪᠠᠢᠳᠠᠭ ᠣᠨᠴᠠᠯᠢᠭ ᠢ ᠭᠦᠶ᠋ᠴᠡᠳ ᠪᠠᠳᠠᠷᠠᠭᠤᠯᠵᠤ᠂ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠦᠶ᠋ᠯᠡᠴᠢᠯᠡᠭᠡᠨ ᠤ ᠲᠠᠪᠴᠠᠩ ᠳᠤ ᠲᠦᠰᠢᠭᠯᠡᠨ ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠰᠣᠨᠢᠨ ᠮᠡᠳᠡᠭᠡ ᠶᠢ 50 ᠵᠤᠷᠪᠤᠰ ᠨᠡᠶᠢᠲᠡᠯᠡᠵᠡᠶ᠃ ᠬᠥᠷᠥᠰᠥᠨ ᠤ ᠴᠢᠭᠢᠭ ᠤᠨ ᠪᠠᠶᠢᠳᠠᠯ 8 ᠬᠤᠭᠤᠴᠠᠭ᠎ᠠ᠂ ᠡᠪᠡᠳᠴᠢᠨ ᠬᠤᠷᠣᠬᠠᠶ ᠶᠢᠨ ᠲᠣᠪᠴᠢ ᠮᠡᠳᠡᠭᠡ 13 ᠬᠤᠭᠤᠴᠠᠭ᠎ᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ 280 ᠬᠤᠭᠤᠴᠠᠭ᠎ᠠ ᠨᠡᠢᠳᠡᠯᠡᠪᠡ᠃ ᠵᠠᠰᠠᠭ ᠤᠨ ᠣᠷᠳᠣᠨ ᠨᠢ ᠠᠵᠤ ᠦᠢᠯᠡᠰ ᠤᠨ ᠵᠢᠭᠠᠨ ᠵᠢᠯᠣᠭᠤᠳᠤᠭᠴᠢ᠂ ᠨᠠᠮ ᠤᠨ ᠭᠡᠰᠢᠭᠦᠨ ᠺᠠᠳ᠋ᠷ ᠢ ᠰᠣᠩᠭᠤᠨ ᠲᠣᠮᠢᠯᠠᠵᠤ᠂ ᠬᠠᠪᠰᠤᠷᠤᠯᠴᠠᠭ᠎ᠠ ᠪᠠᠢᠭᠤᠯᠵᠤ᠂ ᠬᠤᠯᠪᠣᠭ᠎ᠠ ᠠᠪᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠳᠤ ᠤᠯᠠᠭᠠᠨ ᠯᠠᠵᠤᠤ ᠶᠢ ᠬᠤᠶᠠᠳᠠᠬᠢ ᠤᠳᠠᠭ᠎ᠠ ᠰᠢᠯᠵᠢᠭᠦᠯᠦᠨ ᠵᠠᠶᠢᠯᠠᠬᠤ᠂ ᠡᠪᠡᠳᠴᠢᠨ ᠢ ᠰᠡᠷᠬᠡᠢᠯᠡᠬᠦ ᠵᠡᠷᠭᠡ ᠪᠦᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠣᠯᠭ᠎ᠠ ᠪᠣᠯᠤᠨ ᠦᠶ᠋ᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠡᠷᠭᠡ ᠳᠣᠲᠣᠨᠣ ᠦᠶ᠋ᠯᠡᠴᠢᠯᠡᠭᠡ ᠬᠠᠩᠭᠠᠪᠠ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠲᠠᠷᠢᠬᠤ ᠮᠡᠷᠭᠡᠵᠢᠯ ᠪᠣᠯᠪᠠᠰᠤᠷᠠᠩᠭᠤᠶ ᠪᠤᠰᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠲᠡᠭᠰᠢ ᠦᠭᠡᠢ ᠪᠠᠢᠬᠤ ᠵᠡᠷᠭᠡ ᠠᠰᠠᠭᠤᠳᠠᠯ ᠢ ᠰᠢᠢᠳᠪᠦᠷᠢᠯᠡᠪᠡ᠃ ᠤᠯᠠᠭᠠᠨ ᠯᠠᠵᠤᠤ ᠲᠠᠷᠢᠬᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠠᠷᠢᠶᠠᠨ ᠳᠤᠮᠳᠠ ᠭᠦᠨᠵᠡᠭᠡᠶᠢᠷᠡᠨ ᠮᠡᠷᠭᠡᠵᠢᠯ ᠤᠨ ᠳᠡᠮᠵᠢᠯᠭᠡ ᠦᠵᠡᠭᠦᠯᠵᠦ᠂ ᠲᠤᠬᠠᠶ ᠶᠢᠨ ᠲᠠᠯᠠᠪᠠᠢ ᠳᠤ ᠯᠠᠵᠤᠤ ᠳᠠᠷᠢᠭᠰᠠᠨ ᠲᠠᠷᠢᠶᠠᠴᠢᠳ ᠢ ᠵᠢᠯᠣᠭᠤᠳᠤᠨ ᠦᠢᠯᠡᠳᠪᠦᠷᠢᠯᠡᠯ ᠤᠨ ᠶᠠᠪᠤᠴᠠ ᠳᠤ ᠲᠣᠬᠢᠶᠠᠯᠳᠤᠭᠰᠠᠨ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠶ᠋ᠳᠪᠦᠷᠢᠯᠡᠬᠦ ᠶᠢᠨ ᠬᠠᠮᠲᠤ᠂ ᠪᠦᠬᠦ ᠰᠢᠶᠠᠨ ᠤ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠤᠨ ᠶᠡᠭᠡ ᠬᠤᠷᠠᠯ ᠢ ᠬᠤᠷᠠᠯᠳᠤᠭᠤᠯᠵᠤ᠂ ᠮᠡᠷᠭᠡᠵᠢᠯᠲᠡᠳ ᠢ ᠤᠷᠢᠵᠤ ᠬᠠᠮᠤᠭ ᠰᠢᠨ᠎ᠡ ᠬᠠᠲᠠᠭᠠᠮᠠᠯ ᠯᠠᠵᠤᠤ ᠲᠠᠷᠢᠵᠤ ᠪᠤᠶᠢᠵᠢᠭᠤᠯᠬᠤ ᠮᠡᠷᠭᠡᠵᠢᠯ ᠪᠠ ᠮᠡᠳᠡᠯᠭᠡ ᠶᠢ     ᠨᠠᠷᠢᠨ ᠲᠠᠶᠢᠯᠪᠤᠷᠢᠯᠠᠭᠤᠯᠵᠤ᠂ ᠪᠦᠬᠦ ᠰᠢᠶᠠᠨ ᠤ ᠬᠠᠲᠠᠭᠠᠮᠠᠯ ᠯᠠᠵᠤᠤ ᠲᠠᠷᠢᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠪᠣᠳᠠᠲᠠᠶᠢᠵᠢᠭᠤᠯᠪᠠ᠃ ᠺᠠᠶᠢᠯᠦ ᠰᠢᠶᠠᠨ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠤᠯᠠᠭᠠᠨ ᠯᠠᠵᠤᠤ ᠶᠢᠨ ᠲᠠᠷᠢᠮᠠᠯ ᠤᠨ ᠡᠷᠦᠬᠡ ᠶᠢᠨ ᠤᠰᠤ ᠠᠷᠪᠢᠯᠠᠬᠤ ᠢᠨᠵᠧᠨᠧᠷᠢᠩ ᠢ ᠬᠥᠭᠵᠢᠭᠦᠯᠬᠦ ᠶᠢ ᠶᠡᠬᠡᠪᠡᠷ ᠵᠣᠷᠢᠭᠵᠢᠭᠤᠯᠵᠤ᠂ ︽ᠺᠠᠶᠢᠯᠦ ᠰᠢᠶᠠᠨ ᠤ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠶᠢ ᠪᠠᠬᠢᠵᠢᠭᠦᠯᠦᠨ ᠳᠡᠭᠡᠭᠰᠢᠯᠡᠭᠦᠯᠵᠦ ᠬᠦᠷᠢᠶ᠎ᠠ ᠬᠠᠰᠢᠶᠠᠨ ᠤ ᠠᠵᠤ ᠠᠬᠤᠶ ᠶᠢ ᠬᠥᠭᠵᠢᠭᠦᠯᠬᠦ ︽3 + X︾ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ ᠶᠠᠳᠠᠭᠤ ᠬᠦᠴᠢᠷᠳᠡᠯᠲᠡᠶ ᠡᠷᠦᠬᠡ ᠶᠢᠨ ︽ᠢᠮᠠᠬᠤ ᠭᠠᠵᠠᠷ︾ ᠢ ᠠᠰᠢᠭᠯᠠ ᠤᠯᠠᠭᠠᠨ ᠯᠠᠵᠤᠤ ᠶᠢᠨ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠡᠳ᠋ ᠤᠨ ᠵᠠᠰᠠᠭ ᠤᠨ ᠨᠥᠬᠦᠪᠥᠷᠢ ᠥᠭᠬᠦ᠂ ᠲᠥᠷᠥᠯ ᠵᠦᠶ᠋ᠯ ᠢ ᠬᠡᠯᠪᠠᠶᠢᠯᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤ ᠠᠷᠪᠢᠯᠠᠬᠤ ᠪᠠᠷᠢᠯᠭ᠎ᠠ ᠶᠢ ᠥᠪᠡᠷ ᠲᠡᠭᠡᠨ ᠪᠡᠯᠡᠳᠬᠡᠨ ᠪᠠᠶᠢᠭᠤᠯᠤᠭᠰᠠᠨ ᠯᠠᠵᠤᠤ ᠶᠢᠨ ᠲᠠᠷᠢᠶᠠᠴᠢᠳ ᠲᠤ ᠲᠥᠷᠥ ᠶᠢᠨ ᠪᠣᠳᠣᠯᠭ᠎ᠠ ᠶᠢᠨ ᠲᠡᠳᠬᠦᠮᠵᠢ ᠦᠵᠡᠬᠦᠯᠪᠡ᠃ ᠪᠦᠬᠦ ᠰᠢᠶᠠᠨ ᠤ ᠯᠠᠵᠤᠤ ᠶᠢᠨ ᠲᠠᠷᠢᠶᠠᠴᠢᠨ 50 ᠲᠦᠮᠡᠨ ᠮᠦ ᠤᠰᠤ ᠠᠷᠪᠢᠯᠠᠬᠤ ᠢᠨᠵᠧᠨᠧᠷᠢᠩ ᠢ ᠥᠪᠡᠰᠦᠪᠡᠨ ᠴᠤᠭᠯᠠᠭᠤᠯᠤᠨ ᠪᠦᠲᠦᠭᠡᠨ ᠪᠠᠢᠭᠤᠯᠪᠠ᠃ ᠺᠠᠶᠢᠯᠦ ᠰᠢᠶᠠᠨ ᠤ ᠵᠠᠰᠠᠭ ᠤᠨ ᠣᠷᠳᠣᠨ ᠠᠴᠠ ᠤᠯᠠᠭᠠᠨ ᠯᠠᠵᠤᠤ ᠲᠠᠷᠢᠬᠤ ᠶᠠᠳᠠᠭᠤ ᠬᠦᠴᠢᠷᠳᠡᠯᠲᠡᠶ ᠡᠷᠦᠬᠡ ᠪᠦᠷᠢ ᠳᠤ 1 — 3 ᠲᠦᠮᠡᠨ ᠲᠥᠭᠦᠷᠢᠭ ᠤᠨ ᠬᠦᠤ ᠦᠭᠡᠶ ᠵᠢᠭᠡᠯᠡᠯᠭᠡ ᠶᠢᠨ ᠲᠡᠳᠬᠦᠮᠵᠢ ᠤᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠤᠯᠠᠭᠠᠨ ᠯᠠᠵᠤᠤ ᠲᠠᠷᠢᠬᠤ ᠪᠡᠯᠡ ᠮᠥᠩᠭᠦ ᠳᠤᠲᠠᠭᠳᠠᠵᠤ ᠪᠠᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠪᠡ᠃      ᠠᠵᠤ ᠦᠢᠯᠡᠰ ᠢ ᠤᠷᠳᠤᠳᠬᠠᠨ ᠪᠤᠳᠠᠳᠠᠢᠵᠢᠭᠤᠯᠪᠠ᠃ ᠺᠠᠶᠢᠯᠦ ᠰᠢᠶᠠᠨ ᠤ ᠬᠢᠨ ᠤᠯᠠᠭᠠᠨ ᠯᠠᠵᠤᠤ ᠲᠠᠷᠢᠬᠤ᠂ ᠲᠡᠭᠦᠬᠦ᠂ ᠬᠤᠪᠢᠶᠠᠬᠤ᠂ ᠠᠴᠢᠵᠤ ᠲᠡᠭᠡᠭᠡᠪᠦᠷᠢᠯᠡᠬᠦ᠂ ᠪᠣᠷᠣᠯᠠᠭᠤᠯᠬᠤ᠂ ᠦᠶ᠋ᠯᠡᠳᠬᠦᠨ ᠢ ᠪᠣᠯᠪᠠᠰᠤᠷᠠᠭᠤᠯᠬᠤ ᠲᠠᠢ ᠤᠶᠠᠯᠳᠤᠭᠤᠯᠤᠨ ᠶᠡᠭᠡ ᠬᠡᠮᠵᠢᠶᠡᠨ ᠤ ᠬᠥᠮᠦᠨ ᠤ ᠬᠦᠴᠦᠨ ᠤ ᠪᠣᠳᠠᠲᠤ ᠪᠠᠶᠢᠳᠠᠯ ᠢ ᠬᠡᠷᠡᠭᠰᠡᠵᠦ᠂ ᠳᠤᠮᠳᠠᠳᠤ ᠤᠯᠤᠰ ᠤᠨ ᠤᠮᠠᠷᠠᠲᠤ ᠣᠷᠣᠨ ᠤ ᠬᠠᠮᠤᠭ ᠤᠨ ᠲᠣᠮᠣ ᠤᠯᠠᠭᠠᠨ ᠯᠠᠵᠤᠤ ᠲᠤᠰᠬᠠᠶ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ 128 ᠤᠯᠠᠭᠠᠨ ᠬᠠᠲᠠᠭᠠᠮᠠᠯ ᠯᠠᠵᠤᠤ ᠶᠢᠨ ᠲᠤᠰᠬᠠᠶ ᠬᠤᠷᠰᠢᠶ᠎ᠠ ᠶᠢ ᠳᠠᠩᠰᠠᠯᠠᠭᠤᠯᠤᠨ ᠪᠠᠶᠢᠭᠤᠯᠪᠠ᠂ ᠡᠭᠦᠨ ᠳᠤ᠂ ᠵᠢᠯ ᠤᠨ ᠪᠣᠷᠣᠯᠠᠭᠤᠯᠭ᠎ᠠ ᠨᠢ 50 ᠲᠦᠮᠡᠨ ᠵᠢᠩ ᠠᠴᠠ ᠬᠡᠲᠦᠷᠡᠭᠰᠡᠨ ᠬᠤᠷᠰᠢᠶ᠎ᠠ 30 ᠭᠠᠷᠤᠶ᠂ ᠦᠶ᠋ᠯᠡᠳᠬᠦᠨ ᠢ ᠬᠤᠷᠰᠢᠶ᠎ᠠ ᠪᠠᠷ ᠳᠠᠮᠵᠢᠭᠤᠯᠤᠨ ᠪᠣᠷᠣᠯᠠᠭᠤᠯᠪᠠᠯ 90% ᠠᠴᠠ ᠳᠡᠭᠡᠭᠰᠢ ᠳᠤ ᠬᠦᠷᠦᠨ᠎ᠡ︔ 21 ᠪᠠᠷᠢᠮᠵᠢᠶᠠᠵᠢᠭᠰᠠᠨ ᠬᠦᠢᠲᠡᠨ ᠬᠥᠮᠥᠷᠭᠡ ᠪᠠᠶᠢᠭᠤᠯᠵᠤ᠂ ᠵᠢᠯ ᠤᠨ ᠬᠦᠯᠳᠡᠬᠦᠦ ᠰᠢᠨ᠎ᠡ ᠰᠣᠷᠭᠤᠭ ᠪᠠᠶᠢᠯᠭᠠᠬᠤ ᠤᠯᠠᠭᠠᠨ ᠯᠠᠵᠤᠤ 10 ᠲᠦᠮᠡᠨ ᠲᠣᠨ ᠪᠠᠶᠢᠵᠤ᠂ 9000 ᠲᠦᠮᠡᠨ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠪᠡ︔ ᠵᠢᠩ ᠱᠠᠨ ᠢᠳᠡᠭᠡᠨ᠂ ᠮᠧᠩ ᠵᠢᠶᠤᠤ ᠳ᠋ᠦ᠋ ᠵᠡᠷᠭᠡ ᠬᠠᠲᠠᠭᠠᠭᠰᠠᠨ ᠯᠠᠵᠤᠤ ᠪᠣᠯᠪᠠᠰᠤᠷᠠᠭᠤᠯᠬᠤ ᠠᠵᠤ ᠠᠬᠤᠶᠢᠯᠠᠯ 15 ᠶᠢ ᠣᠷᠣᠭᠤᠯᠵᠤ᠂ ᠵᠢᠯ ᠤᠨ ᠪᠣᠯᠪᠠᠰᠤᠷᠠᠭᠤᠯᠬᠤ ᠴᠢᠳᠠᠪᠤᠷᠢ 14 ᠲᠦᠮᠡᠨ ᠲᠣᠨ ᠳᠤ ᠬᠦᠷᠴᠦ᠂ ᠯᠠᠵᠤᠤ ᠶᠢᠨ ᠨᠤᠨᠲᠠᠭ᠂ ᠯᠠᠵᠤᠤ ᠶᠢᠨ ᠬᠡᠰᠡᠭ᠂ ᠯᠠᠵᠤᠤ ᠶᠢᠨ ᠢᠳᠡᠭᠡᠨ ᠵᠡᠷᠭᠡ ᠶᠢ 30 ᠭᠠᠷᠤᠢ ᠵᠦᠢᠯ ᠦᠢᠯᠡᠳᠪᠦᠷᠢᠯᠡᠵᠦ᠂ ᠪᠣᠷᠣᠯᠠᠭᠤᠯᠤᠯᠲᠠ ᠶᠢᠨ ᠣᠷᠣᠯᠭ᠎ᠠ 20 ᠳ᠋ᠦᠩᠰᠢᠭᠤᠷ ᠲᠥᠭᠦᠷᠢᠭ ᠢ ᠳᠠᠪᠠᠪᠠ ᠃ ᠣᠳᠣ ᠨᠢᠭᠡᠨᠲᠡ ︽ᠵᠠᠶᠢᠯᠠᠬᠤ᠂ ᠬᠤᠷᠢᠶᠠᠬᠤ᠂ ᠪᠣᠷᠣᠯᠠᠭᠤᠯᠬᠤ᠂ ᠨᠡᠮᠡᠬᠦ︾ ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠦᠳᠦᠬᠡᠨ ᠪᠠᠶᠢᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠪᠦᠬᠦᠨ ᠢᠶᠠᠷ ᠢᠶᠠᠨ ᠠᠵᠤ ᠦᠢᠯᠡᠰ ᠤᠨ ᠬᠡᠯᠬᠢᠶᠡᠵᠢᠯ ᠳᠤ ᠣᠷᠣᠬᠤ ᠶᠢ ᠦᠨᠡᠨ ᠬᠦ ᠪᠠᠲᠤᠯᠠᠵᠤ᠂ ᠤᠷᠤᠯᠭ᠎ᠠ ᠪᠠᠨ ᠨᠡᠮᠡᠭᠳᠡᠬᠦᠯᠵᠦ ᠪᠠᠶᠠᠵᠢᠬᠤ ᠶᠢ ᠪᠡᠶᠡᠯᠡᠬᠦᠯᠪᠡ᠃      ᠠᠷᠭ᠎ᠠ ᠵᠠᠮ ᠤᠨ ᠰᠢᠨ᠎ᠡ ᠡᠭᠦᠳᠦᠯᠲᠡ ᠶᠢ ᠪᠣᠳᠠᠲᠠᠶᠢᠵᠢᠭᠤᠯᠪᠠ᠃ ᠺᠠᠶᠢᠯᠦ ᠰᠢᠶᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠭᠤᠤᠯ ᠴᠢᠭᠯᠡᠯ ᠪᠤᠯᠭᠠᠵᠤ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠤᠨ ᠰᠢᠨ᠎ᠡ ᠶᠢ ᠡᠭᠦᠳᠴᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠣᠷᠣᠯᠭ᠎ᠠ ᠶᠢ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ ᠴᠢᠨᠡᠭᠡᠯᠢᠭᠵᠢᠭᠦᠯᠬᠦ ᠶᠢ ᠦᠨᠡᠨ ᠬᠦ ᠪᠠᠳᠤᠯᠠᠪᠠ᠃ ᠤᠷᠢᠳ ᠬᠤᠵᠢᠳ ︽ᠬᠤᠪᠢ ᠣᠷᠣᠭᠤᠯᠵᠤ ᠠᠰᠢᠭ ᠬᠤᠪᠢᠶᠠᠬᠤ︾ ᠵᠠᠭᠪᠤᠷ ᠢ ᠡᠭᠦᠳᠴᠦ᠂ ᠶᠠᠳᠠᠭᠤ ᠬᠦᠴᠢᠷᠳᠡᠯᠲᠡᠶ ᠡᠷᠦᠬᠡ ᠭᠠᠵᠠᠷ ᠰᠢᠷᠣᠶ ᠪᠠᠷ ᠬᠤᠪᠢ ᠣᠷᠣᠭᠤᠯᠵᠤ᠂ ︽ᠭᠠᠵᠠᠷ ᠰᠢᠷᠣᠶ ᠶᠢᠨ ᠡᠷᠭᠢᠯᠲᠡ ᠶᠢᠨ ᠮᠥᠩᠭᠦ + ᠬᠥᠯᠥᠰᠥᠨ ᠠᠵᠢᠯ ᠬᠢᠬᠦ ᠴᠠᠯᠢᠩ + ᠵᠢᠯ ᠤᠨ ᠡᠴᠦᠰ ᠲᠤ ᠠᠰᠢᠭ ᠬᠤᠪᠢᠶᠠᠷᠢᠯᠠᠬᠤ︾ ᠭᠤᠷᠪᠠᠳᠤᠭᠠᠷ ᠳᠠᠪᠬᠤᠷ ᠠᠰᠢᠭ ᠣᠷᠣᠯᠭ᠎ᠠ ᠣᠯᠵᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ︔ ︽ᠬᠤᠷᠰᠢᠶ᠎ᠠ + ᠶᠠᠳᠠᠭᠤ ᠬᠦᠴᠢᠷᠳᠡᠯᠲᠡᠶ ᠡᠷᠦᠬᠡ + ᠵᠠᠬᠢᠶᠠᠯᠠᠭ᠎ᠠ ᠶᠢᠨ ᠬᠠᠭᠤᠳᠠᠰᠤ︾ ᠶᠢᠨ ᠬᠡᠪ ᠵᠠᠭᠪᠤᠷ ᠢᠶᠠᠷ ᠤᠯᠠᠭᠠᠨ ᠯᠠᠵᠤᠤ ᠶᠢᠨ ᠬᠤᠷᠰᠢᠶ᠎ᠠ ᠨᠢ ᠶᠠᠳᠠᠭᠤ ᠬᠦᠴᠢᠷᠳᠡᠯᠲᠡᠶ ᠡᠷᠦᠬᠡ ᠶᠢ ᠵᠣᠬᠢᠶᠠᠨ ᠪᠠᠶᠢᠭᠤᠯᠤᠨ ᠤᠯᠠᠭᠠᠨ ᠯᠠᠵᠤᠤ ᠲᠠᠷᠢᠵᠤ᠂ ᠬᠠᠮᠠᠭᠠᠯᠠᠯᠲᠠ ᠶᠢᠨ ᠦᠨ᠎ᠡ ᠲᠠᠢ ᠵᠠᠬᠢᠶᠠᠯᠠᠭ᠎ᠠ ᠶᠢᠨ ᠬᠡᠯᠪᠡᠷᠢ ᠪᠠᠷ ᠬᠤᠷᠢᠶᠠᠨ ᠠᠪᠴᠤ᠂ ᠬᠦᠢᠲᠡᠨ ᠬᠥᠮᠥᠷᠭᠡ ᠳᠤ ᠬᠥᠮᠥᠷᠭᠡᠯᠡᠨ ᠬᠠᠳᠠᠭᠠᠯᠠᠵᠤ ᠤᠯᠠᠷᠢᠯ ᠵᠦᠷᠢᠬᠦᠯᠦᠨ ᠪᠣᠷᠣᠯᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ       ᠲᠣᠭᠲᠠᠭᠤᠨ ᠢᠶᠠᠷ ᠨᠡᠮᠡᠭᠳᠡᠬᠦᠯᠪᠡ︔ ︽ᠬᠤᠷᠰᠢᠶ᠎ᠠ + ᠶᠠᠳᠠᠭᠤ ᠶᠢ ᠲᠡᠳᠬᠦᠬᠦ ᠦᠶ᠋ᠯᠡᠳᠪᠦᠷᠢ ᠶᠢᠨ ᠲᠠᠰᠤᠭ + ᠶᠠᠳᠠᠭᠤ ᠬᠦᠴᠢᠷᠳᠡᠯᠲᠡᠶ ᠡᠷᠦᠬᠡ︾ ᠶᠢᠨ ᠬᠡᠪ ᠵᠠᠭᠪᠤᠷ ᠢᠶᠠᠷ ᠶᠠᠳᠠᠭᠤ ᠬᠦᠴᠢᠷᠳᠡᠯᠲᠡᠢ ᠲᠣᠰᠬᠤᠨ ᠳᠤ ︽ᠶᠠᠳᠠᠭᠤ ᠶᠢ ᠲᠡᠳᠬᠦᠬᠦ ᠲᠠᠰᠤᠭ︾ ᠪᠠᠶᠢᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠯᠠᠵᠤᠤ ᠲᠡᠭᠦᠬᠦ᠂ ᠳᠡᠰ ᠬᠤᠪᠢᠶᠠᠬᠤ᠂ ᠯᠠᠵᠤᠤ ᠶᠢᠨ ᠡᠰᠢ ᠶᠢ ᠠᠪᠬᠤ᠂ ᠲᠡᠭᠡᠭᠡᠪᠦᠷᠢᠯᠡᠬᠦ ᠵᠡᠷᠭᠡ ᠬᠥᠳᠡᠯᠮᠦᠷᠢ ᠦᠢᠯᠡᠴᠢᠯᠡᠭᠡ ᠳᠤ ᠤᠷᠤᠯᠴᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠵᠢᠯ ᠣᠯᠭᠤᠯᠲᠠ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠬᠦᠯᠪᠡ︔ ︽ᠺᠣᠮᠫᠠᠨᠢ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ︾ ᠶᠢᠨ ᠠᠰᠢᠭ ᠲᠤᠰᠠ ᠶᠢᠨ ᠬᠤᠯᠪᠣᠭᠠᠨ ᠤ ᠬᠡᠪ ᠵᠠᠭᠪᠤᠷ ᠢᠶᠠᠷ ᠤᠯᠠᠭᠠᠨ ᠯᠠᠵᠤᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠲᠠᠷᠢᠮᠠᠯ ᠤᠨ ᠲᠤᠰᠬᠠᠢ ᠬᠤᠷᠰᠢᠶ᠎ᠠ᠂ ᠶᠠᠳᠠᠭᠤ ᠬᠦᠴᠢᠷᠳᠡᠯᠲᠡᠢ ᠡᠷᠦᠬᠡ ᠲᠠᠢ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠶᠠᠳᠠᠭᠤ ᠬᠦᠴᠢᠷᠳᠡᠯᠲᠡᠢ ᠡᠷᠦᠬᠡ ᠳᠤ ᠦᠷ᠎ᠡ᠂ ᠴᠢᠬᠢ᠂ ᠣᠷᠭᠠᠨᠢᠭ ᠪᠣᠷᠳᠣᠭᠤᠷ ᠵᠡᠷᠭᠡ ᠦᠢᠯᠡᠳᠪᠦᠷᠢᠯᠡᠯ ᠤᠨ ᠬᠡᠷᠡᠭᠰᠡᠯ ᠬᠠᠩᠭᠠᠵᠤ᠂ ᠪᠠᠰᠠ ᠵᠠᠬ᠎ᠠ ᠳᠡᠯᠭᠡᠭᠦᠷ ᠤᠨ ᠦᠨ᠎ᠡ ᠠᠴᠠ 2-5% ᠤᠨ ᠥᠨᠳᠥᠷ ᠦᠨ᠎ᠡ ᠪᠠᠷ ᠪᠦᠲᠦᠭᠡᠭᠳᠡᠬᠦᠨ ᠢ ᠬᠤᠷᠢᠶᠠᠨ ᠬᠤᠳᠠᠯᠳᠤᠨ ᠠᠪᠬᠤ ᠶᠢ ᠬᠠᠷᠢᠭᠤᠴᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠤᠯᠠᠭᠠᠨ ᠯᠠᠵᠤᠤ ᠲᠠᠷᠢᠬᠤ ᠢᠳᠡᠪᠬᠢᠵᠢᠯ ᠢ ᠬᠥᠭᠵᠢᠭᠡᠵᠦ᠂ ᠣᠷᠣᠯᠭ᠎ᠠ ᠶᠢ ᠨᠢ ᠨᠡᠮᠡᠭᠳᠡᠬᠦᠯᠪᠡ᠃ᠠᠮᠵᠢᠯᠳᠠ ᠪᠦᠳᠦᠮᠵᠢ      ᠶᠠᠳᠠᠭᠤ ᠶᠢ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠄ ᠺᠠᠶᠢᠯᠦ ᠰᠢᠶᠠᠨ ᠤ ᠳᠠᠩᠰᠠᠯᠠᠨ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠡᠷᠦᠬᠡ 2014 ᠣᠨ ᠳᠤ 11002 ᠡᠷᠦᠬᠡ᠂ 34768 ᠬᠥᠮᠦᠨ ᠪᠠᠶᠢᠵᠠᠶ᠃ ᠤᠳᠤ ᠪᠤᠯᠬᠤ ᠳᠤ 5 ᠡᠷᠦᠬᠡ᠂ 11 ᠬᠥᠮᠦᠨ ᠯᠡ ᠪᠣᠯᠵᠣ᠂ ᠶᠠᠳᠠᠭᠤᠷᠠᠯ ᠤᠨ ᠨᠣᠷᠮ᠎ᠠ 10.4% ᠪᠠᠶᠢᠭᠰᠠᠨ ᠠᠴᠠ ᠪᠠᠨ ᠪᠠᠭᠤᠷᠠᠭᠠᠳ 0.003% ᠪᠣᠯᠪᠠ᠃ 2018 ᠣᠨ ᠤ ᠰᠡᠭᠦᠯᠴᠢ ᠪᠠᠷ᠂ ᠪᠦᠬᠦ ᠰᠢᠶᠠᠨ ᠤ 54 ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠡᠭᠦᠨ ᠳᠤ ᠤᠯᠠᠭᠠᠨ ᠯᠠᠵᠤᠤ ᠶᠢᠨ ᠠᠵᠤ ᠦᠢᠯᠡᠰ ᠪᠣᠯ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠤᠨᠴᠠᠯᠢᠭᠳᠤ ᠭᠤᠣᠯᠯᠠᠭᠴᠢ ᠠᠵᠤ ᠦᠢᠯᠡᠰ ᠪᠣᠯᠤᠨ᠎ᠠ᠃ ᠪᠦᠬᠦ ᠰᠢᠶᠠᠨ ᠤ 2000 ᠭᠠᠷᠤᠶ ᠶᠠᠳᠠᠭᠤ ᠬᠦᠴᠢᠷᠳᠡᠯᠲᠡᠶ ᠡᠷᠦᠬᠡ ᠤᠯᠠᠭᠠᠨ ᠯᠠᠵᠤᠤ ᠶᠢᠨ ᠠᠵᠤ ᠦᠶ᠋ᠯᠡᠰ ᠲᠤ ᠲᠦᠰᠢᠭᠯᠡᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠵᠦ᠂ ᠡᠷᠦᠬᠡ ᠶᠢᠨ ᠵᠢᠯ ᠤᠨ ᠳᠤᠮᠳᠠᠴᠢ ᠣᠷᠣᠯᠭ᠎ᠠ ᠨᠢ 10000 ᠲᠥᠭᠦᠷᠢᠭ ᠠᠴᠠ ᠳᠡᠭᠡᠭᠰᠢ ᠪᠠᠶᠢᠵᠤ᠂ ︽ᠨᠢᠭᠡ ᠦᠶ᠋ᠯᠡᠰ ᠢᠶᠠᠷ ᠳᠠᠶᠢᠴᠢᠯᠠᠵᠤ᠂ ᠲᠦᠮᠡᠨ ᠬᠥᠮᠦᠨ ᠶᠠᠳᠠᠭᠤ ᠠᠴᠠ ᠠᠩᠭᠢᠵᠢᠷᠠᠭᠰᠠᠨ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃      ᠠᠵᠤ ᠦᠶ᠋ᠯᠡᠰ ᠤᠨ ᠦᠷ᠎ᠡ ᠠᠰᠢᠭ ᠢ ᠳᠡᠬᠡᠭᠰᠢᠯᠡᠬᠦᠯᠪᠡ᠄ ᠺᠠᠶᠢᠯᠦ ᠰᠢᠶᠠᠨ ᠤ ᠤᠯᠠᠭᠠᠨ ᠯᠠᠵᠤᠤ ᠲᠠᠷᠢᠬᠤ ᠦᠶ᠋ᠯᠡᠰ 60 ᠲᠦᠮᠡᠨ ᠮᠦ ᠪᠣᠯᠤᠨ ᠬᠦᠭᠵᠢᠵᠦ᠂ ᠪᠦᠬᠦ ᠤᠯᠤᠰ ᠤᠨ ᠲᠠᠷᠢᠬᠤ ᠲᠠᠯᠠᠪᠠᠢ ᠶᠢᠨ 15% ᠶᠢ ᠡᠵᠡᠯᠡᠵᠦ᠂ ᠦᠶ᠋ᠯᠡᠳᠬᠦᠨ ᠨᠢ ᠧᠦ᠋ᠷᠣᠫᠠ ᠲᠢᠪ᠂ ᠵᠡᠭᠦᠨ ᠡᠮᠦᠨᠡᠲᠦ ᠠᠽᠢᠶ᠎ᠠ ᠵᠡᠷᠭᠡ 10 ᠭᠠᠷᠤᠶ ᠤᠯᠤᠰ ᠪᠣᠯᠤᠨ ᠭᠠᠵᠠᠷ ᠣᠷᠣᠨ ᠳᠤ ᠪᠣᠷᠣᠯᠠᠭᠤᠯᠤᠭᠳᠠᠵᠤ᠂ ᠲᠤᠬᠠᠶ ᠶᠢᠨ ᠭᠠᠵᠠᠷ ᠤᠨ ᠢᠳᠡᠭᠡᠨ ᠪᠣᠯᠪᠠᠰᠤᠷᠠᠭᠤᠯᠬᠤ ᠦᠶ᠋ᠯᠡᠰ᠂ ᠪᠠᠷᠠᠭᠠᠨ ᠤ ᠭᠦᠶ᠋ᠯᠭᠡᠭᠡᠨ ᠤ ᠦᠶ᠋ᠯᠡᠰ᠂ ᠪᠠᠭᠤᠳᠠᠯ ᠤᠨ ᠢᠳᠡᠭᠡᠨ ᠤᠮᠳᠠᠭᠠᠨ ᠤ ᠦᠶ᠋ᠯᠡᠰ᠂ ᠯᠠᠵᠤᠤ ᠪᠤᠯᠪᠠᠰᠤᠷᠠᠭᠤᠯᠵᠤ ᠭᠠᠳᠠᠭᠠᠳᠤ ᠳᠤ ᠭᠠᠷᠭᠠᠬᠤ ᠦᠶ᠋ᠯᠡᠰ ᠢ ᠲᠠᠢᠴᠢᠯᠠᠵᠤ᠂ ︽ᠤᠯᠠᠭᠠᠨ ᠦᠩᠬᠡ ᠶᠢᠨ ᠠᠵᠤ ᠦᠶ᠋ᠯᠡᠰ︾ ᠤᠨ ᠺᠠᠶᠢᠯᠦ ᠶᠢᠨ ᠨᠡᠷᠡᠲᠦ ᠲᠡᠮᠳᠡᠭ ᠢ ᠡᠭᠦᠳᠴᠡᠶ᠃      ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ᠄ ᠤᠯᠠᠭᠠᠨ ᠯᠠᠵᠤᠤ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠠᠪᠤᠴᠠ ᠳᠤ᠂ ᠺᠠᠶᠢᠯᠦ ᠰᠢᠶᠠᠨ ︽ᠬᠠᠭᠤᠴᠢᠨ ᠲᠠᠷᠢᠶᠠᠯᠠᠩ ᠢᠶᠠᠷ ᠲᠠᠷᠢᠶᠠᠯᠠᠩ ᠢ ᠬᠥᠭᠵᠢᠭᠦᠯᠬᠦ︾ ᠤᠯᠠᠮᠵᠢᠯᠠᠯᠲᠤ ᠣᠶᠢᠯᠠᠭᠠᠭᠳᠠᠬᠤᠨ ᠠᠴᠠ ᠭᠠᠷᠳᠠᠵᠤ᠂ ᠤᠳᠤ ᠦᠶ᠎ᠡ ᠶᠢᠨ ᠠᠵᠤ ᠦᠶ᠋ᠯᠡᠳᠪᠦᠷᠢ ᠶᠢᠨ ᠰᠡᠳᠬᠢᠬᠦᠶ ᠪᠠ ᠬᠠᠮᠢᠶᠠᠷᠤᠯᠲᠠ ᠶᠢᠨ ᠵᠠᠭᠪᠤᠷ ᠢᠶᠠᠷ ᠤᠯᠠᠭᠠᠨ ᠯᠠᠵᠤᠤ ᠶᠢᠨ ᠠᠵᠤ ᠦᠶ᠋ᠯᠡᠰ ᠢ ᠬᠥᠭᠵᠢᠭᠦᠯᠦᠨ᠎ᠡ᠃ ᠤᠯᠠᠭᠠᠨ ᠯᠠᠵᠤᠤ ᠲᠠᠷᠢᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ︽ᠳ᠋ᠦᠩ ᠹᠠᠩ ᠬᠤᠩ 1 ᠲᠦᠮᠡᠨ ᠮᠥ ᠪᠣᠬᠢᠷᠲᠤᠯ ᠥᠬᠡᠶ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ ᠪᠠᠶᠢᠭᠤᠯᠪᠠ᠃ ᠬᠦᠯᠡᠮᠵᠢ ᠶᠢᠨ ᠴᠢᠬᠢ ᠪᠤᠶᠢᠵᠢᠭᠤᠯᠬᠤ᠂ ᠤᠰᠤᠨ ᠪᠣᠷᠳᠣᠭᠤᠷ ᠢ ᠨᠡᠢᠯᠡᠬᠦᠯᠦᠨ ᠪᠦᠷᠬᠦᠭᠦᠯ ᠤᠨ ᠳᠣᠤᠷ᠎ᠠ ᠳᠤᠰᠤᠯᠭᠠᠨ ᠤᠰᠤᠯᠠᠬᠤ᠂ ᠬᠥᠳᠡᠭᠡ ᠠᠵᠤ ᠠᠬᠤᠶ ᠶᠢᠨ ᠪᠤᠳᠠᠰ ᠤᠨ ᠬᠦᠢᠯᠬᠡᠬᠡᠨ ᠤ ᠰᠦᠯᠵᠢᠶ᠎ᠡ ᠶᠢᠨ ‍ᠣᠶᠤᠨᠴᠢ ᠲᠠᠪᠴᠠᠩ ᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠭᠠᠨ ᠯᠠᠵᠤᠤ ᠶᠢ ᠰᠢᠨᠵᠢᠯᠡᠬᠦ     ᠤᠬᠠᠭᠠᠨᠴᠢ ᠪᠠᠷ ᠲᠠᠷᠢᠬᠤ᠂ ᠦᠢᠯᠡᠳᠪᠦᠷᠢᠯᠡᠯ ᠤᠨ ᠪᠦᠬᠦ ᠶᠠᠪᠤᠴᠠ ᠶᠢ ᠮᠥᠷᠳᠡᠵᠦ ᠪᠣᠯᠬᠤ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠵᠠᠭᠪᠤᠷ ᠢ ᠪᠦᠷᠢᠯᠳᠦᠭᠦᠯᠪᠡ᠃ ︽ᠳ᠋ᠤ᠋ᠤ ᠳ᠋ᠧ ᠬᠤᠩ︾᠂ ︽ᠪᠧᠢ ᠰᠢᠩ︾ ᠰᠢᠷᠢᠰ 10 ᠭᠠᠷᠤᠶ ᠵᠦᠶ᠋ᠯ ᠤᠨ ᠪᠡᠶ᠎ᠡ ᠪᠠᠨ ᠳᠠᠭᠠᠭᠠᠭᠰᠠᠨ ᠨᠠᠷᠠᠲᠤ ᠲᠡᠮᠳᠡᠭᠲᠦ ᠤᠯᠠᠭᠠᠨ ᠯᠠᠵᠤᠤ ᠶᠢᠨ ᠦᠷ᠎ᠡ ᠶᠢ ᠪᠤᠶᠢᠵᠢᠭᠤᠯᠵᠤ᠂ ︽ᠤᠷᠠᠨ ᠲᠣᠭᠤᠭᠠᠴᠢ ᠪᠦᠰᠡᠭᠦᠶ︾᠂ ︽ᠷᠧᠨ ᠡᠾᠧ ᠵᠠᠢ︾ ᠵᠡᠷᠭᠡ ᠨᠠᠷᠠᠲᠤ ᠲᠡᠮᠳᠡᠭᠲᠦ ᠶᠢ ᠡᠭᠦᠳᠪᠡ᠃ ᠤᠯᠤᠰ ᠤᠨ ᠤᠯᠠᠭᠠᠨ ᠯᠠᠵᠤᠤ ᠲᠠᠷᠢᠬᠤ ᠶᠡᠷᠦᠩᠬᠡᠶᠢᠯᠡᠭᠰᠡᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠵᠤ᠂ ᠳ᠋ᠦᠩ ᠹᠠᠩ ᠬᠤᠩ ᠲᠦᠮᠡᠨ ᠮᠦ ᠶᠢᠨ ᠪᠣᠬᠢᠷᠲᠤᠯ ᠦᠭᠡᠶ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠤᠯᠠᠭᠠᠨ ᠯᠠᠵᠤᠤ ᠶᠢᠨ ᠠᠵᠤ ᠦᠶ᠋ᠯᠡᠰ ᠤᠨ ᠬᠡᠪᠴᠢᠶᠡᠵᠢᠯ᠂ ᠪᠠᠷᠢᠮᠵᠢᠶᠠᠵᠢᠯ᠂ ᠨᠡᠷ᠎ᠡ ᠳᠡᠮᠳᠡᠭᠴᠢᠯᠡᠯᠳᠡ ᠶᠢ ᠪᠡᠶᠡᠯᠡᠬᠦᠯᠪᠡ᠃ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠬᠡᠬᠡᠵᠦ᠂ ᠺᠠᠶᠢᠯᠦ ᠰᠢᠶᠠᠨ ᠤ ᠤᠯᠠᠭᠠᠨ ᠯᠠᠵᠤᠤ ᠶᠢᠨ ᠠᠵᠤ ᠦᠶ᠋ᠯᠡᠰ ᠤᠨ ᠦᠶ᠋ᠯᠡᠳᠬᠦᠨ ︿ᠰᠢᠨ᠎ᠡ ᠠᠵᠤ ᠠᠬᠤᠶ ᠶᠢᠨ ᠬᠥᠭᠵᠢᠯᠲᠡ ᠪᠣᠯᠤᠨ ᠬᠤᠪᠢᠰᠬᠠᠯ ᠤᠨ ᠡᠷᠳᠡ ᠴᠢᠯᠦᠬᠡᠯᠡᠭᠳᠡᠭᠰᠡᠨ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ — 2018 ᠣᠨ ᠤ ᠶᠠᠳᠠᠭᠤ ᠶᠢ ᠲᠡᠳᠬᠦᠬᠦ ᠡᠳᠦᠷ ᠤᠨ ᠶᠠᠷᠢᠯᠴᠠᠭᠠᠨ ᠤ ᠲᠠᠪᠴᠠᠩ ᠤᠨ ᠵᠡᠷᠭᠡᠴᠡᠭᠡ ᠶᠠᠷᠢᠯᠴᠠᠭᠠᠨ ᠤ ᠲᠠᠪᠴᠠᠩ ᠪᠣᠯᠤᠨ ︽ᠨᠢᠭᠡ ᠰᠢᠶᠠᠨ ᠨᠢᠭᠡ ᠲᠥᠷᠥᠯ ᠲᠡᠮᠳᠡᠭ︾ ᠤᠨ ᠨᠡᠷᠡᠲᠦ ᠲᠡᠮᠳᠡᠭᠲᠦ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠬᠠᠷᠢᠭᠤ ᠮᠡᠳᠡᠭᠦᠯᠬᠦ ᠪᠠ ᠵᠣᠬᠢᠴᠠᠭᠤᠯᠤᠨ ᠠᠬᠢᠭᠤᠯᠬᠤ ᠬᠤᠷᠠᠯ ᠳᠡᠭᠡᠷ᠎ᠡ ᠲᠦᠷᠦᠭᠦᠤ ᠪᠦᠯᠦᠭ ︽ᠨᠢᠭᠡ ᠰᠢᠶᠠᠨ ᠨᠢᠭᠡ ᠲᠥᠷᠥᠯ ᠲᠡᠮᠳᠡᠭ︾ ᠤᠨ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠨᠡᠷᠡᠲᠦ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢᠶᠠᠷ ᠰᠣᠩᠭᠤᠭᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号