ᠶᠠᠳᠠᠭᠤᠷᠠᠬᠤ ᠪᠠ ᠳᠠᠬᠢᠨ ᠶᠠᠳᠠᠭᠤᠷᠠᠬᠤ ᠠᠴᠠ ᠰᠡᠷᠬᠡᠶᠢᠯᠡᠬᠦ ᠶᠢ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2020/12/24
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠬᠠᠭᠠᠭᠰᠠᠨ ︹2020︺ 4 ᠲᠣᠭᠠᠲᠤᠡᠯ᠎ᠡ ᠠᠶᠢᠮᠠᠭ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ᠄      ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ︽ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠠᠶᠢᠭᠤᠯᠬᠤ ᠵᠢᠴᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠢᠯ ᠪᠠ ᠲᠣᠪᠤᠶᠢᠮ᠎ᠠ ᠠᠰᠠᠭᠤᠳᠠᠯ ᠢ ᠠᠩᠬᠠᠷᠤᠨ ᠰᠢᠶ᠋ᠳᠪᠦᠷᠢᠯᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠳᠠᠬᠢᠨ ᠶᠠᠳᠠᠭᠤᠷᠠᠬᠤ ᠪᠠ ᠶᠠᠳᠠᠭᠤᠷᠠᠬᠤ ᠳᠤ ᠬᠠᠪᠢᠳᠠᠭᠰᠠᠨ ᠡᠷᠦᠬᠡ ᠶᠢᠨ ᠶᠠᠳᠠᠭᠤᠷᠠᠬᠤ ᠶᠢ ᠰᠡᠷᠭᠡᠶᠢᠯᠡᠵᠦ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠴᠠ ᠰᠡᠷᠬᠡᠶᠢᠯᠡᠬᠦ ᠶᠢ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠶ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠥᠪ ᠠᠴᠠ ᠨᠢᠭᠡᠳᠦᠯᠲᠡᠶ ᠲᠥᠯᠥᠪᠯᠡᠬᠦ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠂ ᠠᠶᠢᠮᠠᠭ ᠬᠤᠲᠠ ᠬᠤᠰᠢᠭᠤ ᠰᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠷᠢᠮᠲᠠᠯᠠᠵᠤ᠂ ᠤᠨᠢᠨ ᠳᠡᠬᠡᠷ᠎ᠡ ᠨᠢ ᠶᠠᠳᠠᠭᠤ ᠶᠢ ᠲᠡᠳᠬᠦᠬᠦ ᠤᠨᠢᠨ ᠳᠡᠬᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠡᠭᠦᠷᠭᠡ ᠪᠣᠯᠭᠠᠵᠤ᠂    ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠭᠤᠣᠯ ᠭᠦᠢᠴᠡᠳᠬᠡᠯ ᠲᠤᠭ᠎ᠠ ᠶᠢᠨ ᠲᠣᠭᠤᠷᠢᠨ ᠳᠤ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ ᠪᠣᠯᠤᠨ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠴᠠ ᠰᠡᠷᠬᠡᠶᠢᠯᠡᠬᠦ ᠶᠢ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠢᠨᠠᠷ ᠰᠠᠶᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠶᠢ ᠪᠠᠲᠤᠯᠠᠨ᠎ᠠ᠃      ᠬᠤᠶᠠᠷ᠂ ᠦᠨᠳᠦᠰᠦᠨ ᠵᠠᠷᠴᠢᠮ      ︵ᠨᠢᠭᠡ︶ ᠤᠷᠢᠳ ᠢᠶᠠᠷ ᠬᠢᠨᠠᠨ ᠰᠢᠯᠭᠠᠬᠤ ᠪᠠ ᠳᠠᠷᠠᠭ᠎ᠠ ᠨᠢ ᠬᠠᠪᠰᠤᠷᠤᠨ ᠲᠡᠳᠬᠦᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠲᠠᠪᠤᠨ ᠱᠠᠲᠤ ᠬᠠᠮᠲᠤᠷᠠᠨ ᠬᠥᠳᠡᠯᠦᠯᠴᠡᠵᠦ ᠬᠢᠨᠠᠨ ᠰᠢᠯᠭᠠᠬᠤ ᠰᠢᠰᠲ᠋ᠧᠮ ᠪᠠ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠡᠲᠡᠭᠡᠳ ᠢ ᠴᠠᠭ ᠲᠤᠬᠠᠶ ᠳᠤᠨᠢ ᠬᠢᠨᠠᠨ ᠰᠢᠯᠭᠠᠵᠤ᠂ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠢᠶ᠋ᠭ᠎ᠠ ᠬᠥᠮᠦᠨ ᠠᠮᠠ ᠶᠢ ᠤᠷᠢᠳᠴᠢᠯᠠᠨ ᠢᠯᠡᠷᠡᠭᠦᠯᠬᠦ ᠶᠢᠨ ᠬᠠᠮᠲᠤ ᠢᠯᠭᠠᠨ ᠲᠠᠨᠢᠵᠤ᠂ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠲᠦᠭᠰᠢᠭᠦᠷᠢ ᠶᠢ ᠡᠵᠡᠮᠳᠡᠬᠦ ᠪᠣᠭᠤᠮᠲᠠ ᠪᠠᠨ ᠤᠷᠤᠭᠰᠢ ᠰᠢᠯᠵᠢᠭᠦᠯᠬᠦ ᠶᠢ ᠡᠵᠡᠮᠳᠡᠵᠦ᠂ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠳᠠᠬᠢᠨ ᠶᠠᠳᠠᠭᠤᠷᠠᠬᠤ᠂ ᠶᠠᠳᠠᠭᠤᠷᠠᠬᠤ ᠳᠤ ᠬᠠᠪᠢᠳᠠᠵᠤ ᠪᠠᠶᠢᠭ᠎ᠠ ᠬᠥᠮᠦᠨ ᠠᠮᠠ ᠶᠢᠨ ᠶᠠᠳᠠᠭᠤᠷᠠᠬᠤ ᠶᠢ ᠰᠡᠷᠭᠡᠶᠢᠯᠡᠨ᠎ᠡ᠃ ᠳᠠᠬᠢᠨ ᠶᠠᠳᠠᠭᠤᠷᠠᠭᠰᠠᠨ ᠪᠠ ᠰᠢᠨ᠎ᠡ ᠪᠠᠷ ᠶᠠᠳᠠᠭᠤᠷᠠᠭᠰᠠᠨ ᠡᠲᠡᠭᠡᠳ ᠢ ᠴᠠᠭ ᠲᠤᠬᠠᠶ ᠳᠤᠨᠢ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠡᠪᠴᠢᠶᠡᠨ ᠳᠤ ᠣᠷᠣᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠳᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠡᠲᠡᠭᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠤᠯᠠᠨ᠎ᠠ᠃       ︵ᠬᠤᠶᠠᠷ︶ ᠨᠡᠭᠡᠭᠡᠯᠲᠡ ᠬᠢᠬᠦ ᠮᠠᠶ᠋ᠢᠭ ᠤᠨ ᠬᠠᠪᠰᠤᠷᠤᠨ ᠲᠡᠳᠬᠦᠬᠦ ᠬᠢᠭᠡᠳ ᠪᠠᠲᠤᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠎ᠠ᠃ ᠬᠥᠮᠦᠨ ᠪᠠ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠶᠢ ᠣᠨᠣᠪᠴᠢᠲᠠᠶ ᠪᠠᠷ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ ᠬᠢᠨᠠᠨ ᠰᠢᠯᠭᠠᠬᠤ ᠡᠲᠡᠭᠡᠳ ᠲᠤ ᠭᠤᠤᠯᠳᠠᠭᠤ ᠨᠡᠭᠡᠭᠡᠨ ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠪᠴᠤ᠂ ᠠᠵᠤ ᠦᠶ᠋ᠯᠡᠰ ᠢ ᠬᠥᠭᠵᠢᠭᠦᠯᠬᠦ᠂ ᠰᠢᠯᠵᠢᠭᠦᠯᠦᠨ ᠠᠵᠢᠯ ᠣᠯᠭᠤᠬᠤ ᠶᠢ ᠳᠠᠮᠵᠢᠵᠤ᠂ ᠬᠥᠳᠡᠯᠮᠦᠷᠢᠯᠡᠬᠦ ᠪᠠᠷ ᠳᠠᠮᠵᠢᠨ ᠣᠷᠣᠯᠭ᠎ᠠ ᠶᠢ ᠨᠢ ᠨᠡᠮᠡᠭᠳᠡᠬᠦᠯᠵᠦ ᠪᠠᠶᠠᠵᠢᠭᠤᠯᠤᠨ᠎ᠠ᠃ ᠬᠥᠳᠡᠯᠮᠦᠷᠢᠯᠡᠬᠦ ᠴᠢᠳᠠᠪᠤᠷᠢ ᠦᠭᠡᠶ ᠬᠢᠨᠠᠨ ᠬᠡᠮᠵᠢᠬᠦ ᠡᠲᠡᠭᠡᠳ ᠲᠤ ᠶᠡᠷᠦᠩᠬᠡᠶᠢᠯᠡᠭᠰᠡᠨ ᠴᠢᠨᠠᠷᠲᠠᠶ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃      ︵ᠭᠤᠷᠪᠠ︶ ᠵᠠᠰᠠᠭ ᠤᠨ ᠣᠷᠳᠣᠨ ᠢᠶᠠᠷ ᠭᠤᠤᠯᠯᠠᠭᠤᠯᠬᠤ ᠬᠢᠭᠡᠳ ᠵᠠᠬ᠎ᠠ ᠳᠡᠯᠭᠡᠭᠦᠷ ᠪᠣᠯᠤᠨ ᠨᠡᠶᠢᠭᠡᠮ ᠤᠨ ᠬᠢᠨ ᠤ ᠣᠷᠣᠯᠴᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠎ᠠ᠃ ᠵᠠᠰᠠᠭ ᠤᠨ ᠣᠷᠳᠣᠨ᠂ ᠵᠠᠬ᠎ᠠ ᠳᠡᠯᠭᠡᠭᠦᠷ ᠪᠣᠯᠤᠨ ᠨᠡᠶᠢᠭᠡᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠪᠠ ᠨᠡᠶᠢᠭᠡᠮ ᠤᠨ ᠬᠠᠮᠵᠢᠯᠴᠠᠨ ᠬᠦᠴᠦᠯᠡᠬᠦ ᠶᠢ ᠬᠥᠲᠥᠯᠥᠨ ᠵᠢᠯᠣᠭᠤᠳᠴᠤ᠂ ᠤᠷᠢᠳᠠᠪᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠪᠠᠨ ᠳᠡᠮᠵᠢᠬᠦ᠂ ᠰᠠᠬᠢᠨ ᠪᠠᠷᠠᠭᠠᠯᠠᠵᠤ ᠬᠠᠷᠢᠯᠴᠠᠨ ᠬᠠᠪᠰᠤᠷᠤᠯᠴᠠᠬᠤ ᠶᠢ ᠵᠣᠷᠢᠭᠵᠢᠭᠤᠯᠵᠤ᠂ ᠶᠠᠳᠠᠭᠤᠷᠠᠬᠤ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ︵ᠳᠥᠷᠪᠡ︶ ᠭᠠᠳᠠᠨ᠎ᠠ ᠠᠴᠠ ᠬᠠᠪᠰᠤᠷᠤᠨ ᠲᠡᠳᠬᠦᠬᠦ ᠬᠢᠭᠡᠳ ᠣᠯᠠᠨ ᠲᠦᠮᠡᠨ ᠤ ᠭᠤᠤᠯ ᠴᠣᠭᠴᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠎ᠠ᠃ ᠭᠠᠳᠠᠨᠠᠬᠢ ᠬᠠᠪᠰᠤᠷᠤᠨ ᠲᠡᠳᠬᠦᠬᠦ ᠪᠠ ᠥᠪᠡᠷ ᠤᠨ ᠴᠢᠷᠮᠠᠶᠢᠯᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠵᠢᠯᠴᠢ ᠬᠥᠳᠡᠯᠮᠦᠷᠢᠴᠢ ᠪᠠᠷ ᠪᠠᠶᠠᠵᠢᠨ ᠴᠢᠨᠡᠭᠡᠯᠢᠭᠵᠢᠬᠦ ᠤᠳᠤᠷᠢᠳᠤᠮᠵᠢ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠪᠠ ᠬᠢᠨᠠᠨ ᠰᠢᠯᠭᠠᠬᠤ ᠡᠲᠡᠭᠡᠳ ᠤᠨ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠦᠵᠡᠯ ᠤᠬᠠᠮᠰᠠᠷ ᠢ ᠴᠢᠬᠤᠯᠠᠴᠢᠯᠠᠨ᠂ ᠥᠪᠡᠷ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃      ᠭᠤᠷᠪᠠ᠂ ᠬᠢᠨᠠᠨ ᠰᠢᠯᠭᠠᠬᠤ ᠡᠲᠡᠭᠡᠳ ᠪᠠ ᠬᠢᠨᠠᠨ ᠰᠢᠯᠭᠠᠬᠤ ᠭᠤᠤᠯ ᠴᠣᠭᠴᠠ      ︵ᠨᠢᠭᠡ︶ ᠬᠢᠨᠠᠨ ᠰᠢᠯᠭᠠᠬᠤ ᠡᠲᠡᠭᠡᠳ᠃ ᠬᠡᠷ ᠪᠦᠯᠢ ᠪᠠᠷ ᠨᠢᠭᠡᠴᠢ ᠪᠣᠯᠭᠠᠵᠤ᠂ ᠳᠠᠩᠰᠠᠯᠠᠨ ᠺᠠᠷᠲᠯᠠᠭᠰᠠᠨ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠪᠣᠯᠪᠠᠴᠤ ᠲᠣᠭᠲᠠᠭᠤᠨ ᠪᠤᠰᠤ ᠡᠷᠦᠬᠡ᠂ ᠣᠷᠣᠯᠭ᠎ᠠ ᠨᠢ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠠᠴᠠ ᠵᠢᠭᠠᠬᠠᠨ ᠥᠨᠳᠥᠷ ᠪᠠᠶᠢᠬᠤ ᠡᠷᠦᠬᠡ ᠳᠤ ᠬᠢᠨᠠᠨ ᠰᠢᠯᠭᠠᠯᠳᠠ ᠬᠢᠨ᠎ᠡ᠃      ︵ᠬᠤᠶᠠᠷ︶ ᠬᠢᠨᠠᠨ ᠰᠢᠯᠭᠠᠬᠤ ᠬᠦᠷᠢᠶ᠎ᠡ ᠬᠡᠪᠴᠢᠶ᠎ᠡ᠃ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠨᠢ ᠤᠯᠤᠰ ᠤᠨ ᠶᠠᠳᠠᠭᠤ ᠶᠢ ᠲᠡᠳᠬᠦᠬᠦ ᠪᠠᠷᠢᠮᠵᠢᠶ᠎ᠡ ᠶᠢᠨ 1.5 ᠳᠠᠬᠢᠨ ᠣᠷᠴᠢᠮ ᠠᠴᠠ ᠳᠤᠤᠷ᠎ᠠ ᠪᠠᠶᠢᠬᠤ ᠭᠡᠷ ᠪᠦᠯᠢ ᠵᠢᠴᠢ ᠡᠪᠡᠳᠴᠢᠨ᠂ ᠵᠡᠮᠳᠡᠭ᠂ ᠭᠠᠮᠰᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠤᠭᠰᠠᠨ ᠵᠠᠷᠤᠯᠭ᠎ᠠ ᠨᠢ ᠳᠡᠭᠡᠷ᠎ᠡ ᠵᠢᠯ ᠤᠨ ᠣᠷᠣᠯᠭ᠎ᠠ ᠠᠴᠠ ᠪᠠᠨ ᠢᠯᠡᠷᠬᠡᠢ ᠳᠠᠪᠠᠭᠰᠠᠨ ᠪᠤᠶᠤ ᠣᠷᠣᠯᠭ᠎ᠠ ᠨᠢ ᠶᠡᠭᠡ ᠪᠠᠷ ᠬᠠᠰᠤᠭᠳᠠᠭᠰᠠᠨ ᠬᠡᠷ ᠪᠦᠯᠢ ᠪᠤᠯᠤᠨ᠎ᠠ᠃ ᠬᠤᠰᠢᠭᠤ ᠰᠢᠶᠠᠨ ᠢᠶᠠᠷ ᠨᠢᠭᠡᠴᠢ ᠪᠣᠯᠭᠠᠨ ᠬᠢᠨᠠᠨ ᠰᠢᠯᠭᠠᠬᠤ ᠡᠲᠡᠭᠡᠳ ᠢ ᠲᠣᠭᠲᠠᠭᠠᠵᠤ᠂ ᠬᠢᠨᠠᠨ ᠰᠢᠯᠭᠠᠬᠤ ᠡᠲᠡᠭᠡᠳ ᠤᠨ ᠬᠡᠪᠴᠢᠶ᠎ᠡ ᠨᠢ ᠡᠩ ᠤᠨ ᠪᠠᠶᠢᠳᠠᠯ ᠳᠤ ᠶᠠᠳᠠᠭᠤ ᠶᠢ ᠲᠡᠳᠬᠦᠬᠦ ᠨᠡᠬᠡᠬᠡᠯᠳᠡ ᠬᠢᠬᠦ ᠮᠡᠳᠡᠭᠡ ᠵᠠᠩᠭᠢ ᠶᠢᠨ ᠰᠢᠰᠲ᠋ᠧᠮ ᠳᠠᠬᠢ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ 5% ᠣᠷᠴᠢᠮ ᠪᠣᠯᠤᠨ᠎ᠠ᠃      ︵ᠭᠤᠷᠪᠠ︶ ᠬᠢᠨᠠᠨ ᠰᠢᠯᠭᠠᠬᠤ ᠳᠡᠰ ᠳᠠᠷᠠᠭᠠᠯᠠᠯ᠃ ᠰᠢᠨ᠎ᠡ ᠪᠠᠷ ᠳᠤᠭᠳᠠᠭᠠᠭᠰᠨ ᠬᠢᠨᠠᠨ ᠰᠢᠯᠭᠠᠬᠤ ᠡᠲᠡᠭᠡᠳ ᠤᠨ ᠪᠣᠳᠠᠲᠠᠶ ᠳᠡᠰ ᠳᠠᠷᠠᠭᠠᠯᠠᠯ ᠪᠤᠯ ᠮᠠᠯᠴᠢᠨ ᠳᠠᠷᠢᠶᠠᠴᠢᠨ ᠡᠷᠦᠬᠡ ᠭᠤᠶᠤᠴᠢᠯᠠᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠠᠶᠢᠯᠴᠢᠯᠠᠨ ᠲᠣᠭᠤᠷᠢᠨ ᠪᠠᠶᠢᠴᠠᠭᠠᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠷᠢᠴᠠᠭᠤᠯᠵᠤ᠂ ᠰᠤᠮᠤ ᠰᠢᠶᠠᠩ ᠪᠠᠯᠭᠠᠰᠤ ᠬᠢᠨᠠᠨ ᠬᠠᠷᠭᠤᠭᠤᠯᠵᠤ᠂ ᠬᠤᠰᠢᠭᠤ ᠰᠢᠶᠠᠨ ᠨᠤᠲᠠᠯᠠᠵᠤ᠂ ᠶᠠᠳᠠᠭᠤ ᠶᠢ ᠲᠡᠳᠬᠦᠵᠦ ᠨᠡᠬᠡᠬᠡᠯᠳᠡ ᠬᠢᠬᠦ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠬᠢᠨᠠᠨ ᠰᠢᠯᠭᠠᠬᠤ ᠬᠠᠷᠢᠭᠤᠴᠠᠯᠭ᠎ᠠ ᠡᠭᠦᠷᠭᠡᠯᠡᠭᠴᠢ ᠶᠢ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠶᠢᠨ ᠬᠠᠮᠲᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠲᠠᠢ ᠬᠢᠨᠠᠨ ᠰᠢᠯᠭᠠᠬᠤ ᠡᠲᠡᠭᠡᠳ ᠲᠤ ᠬᠠᠨᠳᠤᠯᠭ᠎ᠠ ᠲᠠᠢ ᠬᠠᠪᠰᠤᠷᠤᠨ ᠲᠡᠳᠬᠦᠬᠦ ᠶᠢ ᠥᠷᠨᠢᠭᠦᠯᠦᠨ᠎ᠡ᠃      ︵ᠳᠥᠷᠪᠡ︶ ᠬᠢᠨᠠᠨ ᠰᠢᠯᠭᠠᠬᠤ ᠭᠤᠤᠯ ᠴᠣᠭᠴᠠ᠃ ᠬᠢᠨᠠᠨ ᠰᠢᠯᠭᠠᠬᠤ ᠭᠤᠤᠯ ᠴᠣᠭᠴᠠ ᠨᠢ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠨᠢ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢᠨ ᠠᠵᠢᠯᠲᠠᠨ ᠵᠢᠴᠢ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠶᠢᠨ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠪᠤᠯᠭᠠᠨ᠎ᠠ᠃      ᠳᠥᠷᠪᠡ᠂ ᠬᠢᠨᠠᠨ ᠰᠢᠯᠭᠠᠬᠤ ᠠᠭᠤᠯᠭ᠎ᠠ      ᠬᠢᠨᠠᠨ ᠰᠢᠯᠭᠠᠬᠤ ᠡᠲᠡᠭᠡᠳ ᠤᠨ ᠭᠡᠷ ᠪᠦᠯᠢ ᠶᠢᠨ ᠣᠷᠣᠯᠭ᠎ᠠ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠᠶᠢᠳᠠᠯ ᠳᠤ ᠴᠠᠭ ᠲᠤᠬᠠᠶ ᠳᠤᠨᠢ ᠬᠢᠨᠠᠨ ᠰᠢᠯᠭᠠᠯᠳᠠ ᠬᠢᠬᠦ ᠪᠠᠷ ᠳᠠᠮᠵᠢᠭᠤᠯᠤᠨ᠂ ᠬᠢᠨᠠᠨ ᠰᠢᠯᠭᠠᠬᠤ ᠡᠲᠡᠭᠡᠳ ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃      ︵ᠨᠢᠭᠡ︶ ᠣᠷᠣᠯᠭ᠎ᠠ ᠶᠢ ᠬᠢᠨᠠᠨ ᠰᠢᠯᠭᠠᠬᠤ     ᠤᠯᠠᠷᠢᠯ ᠪᠦᠷᠢ ᠶᠢᠨ ᠰᠡᠭᠦᠯᠴᠢ ᠪᠠᠷ ᠬᠢᠨᠠᠨ ᠰᠢᠯᠭᠠᠬᠤ ᠡᠲᠡᠭᠡᠳ ᠤᠨ ᠭᠡᠷ ᠪᠦᠯᠢ ᠶᠢᠨ ᠠᠵᠢᠯ ᠣᠯᠵᠤ ᠬᠦᠴᠦ ᠶᠠᠪᠤᠭᠰᠠᠨ ᠪᠠᠶᠢᠳᠠᠯ᠂ ᠨᠢᠭᠡᠨᠲᠡ ᠬᠤᠳᠠᠯᠳᠤᠭᠰᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠣᠷᠣᠯᠭ᠎ᠠ ᠶᠢᠨ ᠪᠠᠶᠢᠳᠠᠯ᠂ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠮᠠᠯ ᠤᠨ ᠤᠨᠳᠤᠷᠤᠯᠲᠠ ᠶᠢᠨ ᠪᠠᠶᠢᠳᠠᠯ᠂ ᠨᠡᠶᠢᠭᠡᠮ ᠤᠨ ᠪᠠᠲᠤᠯᠠᠭ᠎ᠠ ᠶᠢᠨ ᠪᠠᠶᠢᠳᠠᠯ ᠵᠡᠷᠭᠡ ᠶᠢ ᠬᠢᠨᠠᠨ ᠰᠢᠯᠭᠠᠨ᠎ᠠ᠃ ᠣᠷᠣᠯᠭ᠎ᠠ ᠨᠢ ᠪᠠᠷᠢᠮᠵᠢᠶ᠎ᠠ ᠳᠤ ᠬᠦᠷᠬᠦ ᠦᠭᠡᠢ ᠪᠤᠶᠤ ᠢᠯᠡᠳᠲᠡ ᠪᠠᠭᠤᠷᠠᠭᠰᠠᠨ᠂ ᠢᠷᠡᠯᠲᠡ ᠨᠢ ᠲᠣᠭᠲᠠᠭᠤᠨ ᠪᠤᠰᠤ᠂ ᠪᠦᠲᠦᠴᠡ ᠨᠢ ᠵᠦᠶ ᠵᠣᠬᠢᠰ ᠦᠭᠡᠢ ᠵᠡᠷᠭᠡ ︽ᠬᠤᠶᠠᠷ ᠲᠤ ᠵᠣᠪᠠᠭ᠋ᠤ ᠦᠭᠡᠢ ᠪᠠᠢᠶ᠋ᠬᠤ︾ ᠶᠢ ᠨᠥᠯᠥᠭᠡᠯᠡᠬᠦ ᠲᠦᠭᠰᠢᠭᠦᠷᠢ ᠣᠷᠣᠰᠢᠵᠤ ᠪᠠᠶᠢᠬᠤ ᠡᠰᠡᠬᠦ ᠶᠢ ᠤᠷᠢᠳᠴᠢᠯᠠᠨ ᠮᠠᠭᠠᠳᠯᠠᠯᠳᠠ ᠬᠢᠨ᠎ᠡ᠃      ︵ᠬᠤᠶᠠᠷ︶ ᠵᠠᠷᠤᠯᠭ᠎ᠠ ᠶᠢ ᠬᠢᠨᠠᠨ ᠬᠡᠮᠵᠢᠬᠦ      1. ᠭᠡᠷ ᠪᠦᠯᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠶ ᠵᠠᠷᠤᠯᠭ᠎ᠠ ᠶᠢᠨ ᠪᠠᠶᠢᠳᠠᠯ ᠢ ᠬᠢᠨᠠᠨ ᠰᠢᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠵᠠᠷᠤᠯᠭ᠎ᠠ ᠨᠡᠮᠡᠭᠳᠡᠬᠦ ᠪᠠ ᠣᠷᠣᠯᠭ᠎ᠠ ᠪᠠᠭᠤᠷᠠᠬᠤ ᠲᠦᠭᠰᠢᠭᠦᠷᠢ ᠶᠢ ᠵᠠᠳᠠᠯᠤᠨ ᠮᠠᠭᠠᠳᠯᠠᠨ᠎ᠠ᠃      2. ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠠᠲᠠᠭᠤ ᠵᠠᠷᠤᠯᠭ᠎ᠠ ᠪᠣᠯᠤᠨ ᠥᠷᠢ ᠥᠭᠴᠡᠭᠡ ᠶᠢᠨ ᠪᠠᠶᠢᠳᠠᠯ ᠢ ᠬᠢᠨᠠᠨ ᠰᠢᠯᠭᠠᠵᠤ᠂ ᠤᠷᠲᠤ ᠬᠤᠭᠤᠴᠠᠭ᠎ᠠ ᠪᠠᠷ ᠡᠪᠡᠳᠴᠢᠯᠡᠭᠰᠡᠨ ᠪᠤᠶᠤ ᠭᠡᠨᠡᠳᠲᠡ ᠶᠢᠨ ᠬᠦᠨᠳᠦ ᠡᠪᠡᠳᠴᠢᠨ ᠤ ᠡᠮ ᠡᠮᠨᠡᠯᠭᠡ ᠶᠢᠨ ᠵᠠᠷᠤᠯᠭ᠎ᠠ ᠶᠢᠨ ᠳᠠᠷᠤᠭᠠᠰᠤ ᠬᠡᠲᠦ ᠬᠦᠨᠳᠦ ᠪᠠᠢᠶ᠋ᠬᠤ ᠪᠠ ᠰᠤᠷᠭᠠᠨ ᠬᠥᠮᠦᠵᠢᠯ ᠤᠨ ᠵᠠᠷᠤᠯᠭ᠎ᠠ ᠢᠯᠠᠩᠭᠤᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠨ ᠬᠥᠮᠦᠵᠢᠯ ᠤᠨ ᠵᠠᠷᠤᠯᠭ᠎ᠠ ᠶᠢᠨ ᠳᠠᠷᠤᠭᠠᠰᠤ ᠬᠦᠨᠳᠦ ᠪᠠᠶᠢᠬᠤ᠂ ᠥᠷᠢ ᠥᠭᠴᠡᠭᠡ ᠶᠢ ᠠᠷᠢᠯᠭᠠᠬᠤ ᠴᠢᠳᠠᠯ ᠦᠭᠡᠢ ᠪᠠᠶᠢᠬᠤ ᠵᠡᠷᠭᠡ ︽ᠬᠤᠶᠠᠷ ᠲᠤ ᠵᠣᠪᠠᠭ᠋ᠤ ᠦᠭᠡᠢ ᠪᠠᠶᠢᠬᠤ︾ ᠲᠦᠭᠰᠢᠭᠦᠷᠢ ᠶᠢ ᠴᠠᠭ ᠲᠤᠬᠠᠶ ᠳᠤᠨᠢ ᠢᠯᠡᠷᠡᠬᠦᠯᠦᠨ᠎ᠡ᠃      ︵ᠭᠤᠷᠪᠠ︶ ᠠᠶᠤᠯ ᠦᠭᠡᠶ ᠤᠰᠤ ᠤᠮᠳᠠ ᠵᠢᠴᠢ ︽ᠭᠤᠷᠪᠠᠨ ᠪᠠᠲᠤᠯᠠᠭ᠎ᠠ︾ ᠶᠢᠨ ᠬᠢᠨᠠᠨ ᠰᠢᠯᠭᠠᠯᠳᠠ      ᠠᠶᠤᠯ ᠦᠭᠡᠢ ᠤᠰᠤ ᠤᠮᠳᠠ ᠶᠢᠨ ᠪᠠᠶᠢᠳᠠᠯ ᠤᠨ ᠬᠤᠪᠢᠷᠠᠯᠲᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠠ ᠶᠢᠨ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠭᠰᠠᠨ ᠪᠠᠶᠢᠳᠠᠯ᠂ ᠭᠡᠷ ᠪᠦᠯᠢ ᠶᠢᠨ ᠪᠦᠷᠢᠯᠳᠦᠬᠦᠨ ᠤ ᠡᠪᠡᠳᠴᠢᠯᠡᠭᠰᠡᠨ ᠪᠠᠶᠢᠳᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠪᠠᠶᠢᠳᠠᠯ᠂ ᠠᠶᠤᠯ ᠦᠭᠡᠢ ᠣᠷᠣᠨ ᠰᠠᠭᠤᠴᠠ ᠶᠢᠨ ᠪᠠᠶᠢᠳᠠᠯ ᠤᠨ ᠬᠤᠪᠢᠷᠠᠯᠲᠠ ᠵᠡᠷᠭᠡ ᠲᠦᠭᠰᠢᠭᠦᠷᠢ ᠶᠢ ᠬᠢᠨᠠᠨ ᠰᠢᠯᠭᠠᠨ᠎ᠠ᠃      ︵ ᠲᠦᠷᠪᠡ︶ ᠠᠵᠤ ᠦᠢᠯᠡᠰ ᠤᠨ ᠠᠵᠢᠯ ᠣᠯᠭᠤᠯᠲᠠ ᠶᠢ ᠬᠢᠨᠠᠨ ᠰᠢᠯᠭᠠᠬᠤ     1.ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠪᠠᠶᠢᠭᠠᠯᠢ ᠶᠢᠨ ᠭᠠᠮᠰᠢᠭ᠂ ᠠᠵᠤ ᠦᠶ᠋ᠯᠡᠰ ᠤᠨ ᠰᠣᠩᠭᠤᠯᠲᠠ ᠵᠦᠶ ᠵᠣᠬᠢᠰ ᠦᠭᠡᠶ᠂ ᠡᠵᠡᠩᠨᠡᠯᠲᠡ ᠨᠢ ᠮᠠᠭᠤ᠂ ᠵᠠᠬ᠎ᠠ ᠳᠡᠯᠭᠡᠭᠦᠷ ᠤᠨ ᠬᠡᠯᠪᠡᠯᠳᠡ ᠵᠡᠷᠭᠡ ᠠᠴᠠ ᠪᠣᠯᠵᠤ ᠠᠵᠤ ᠦᠶ᠋ᠯᠡᠰ ᠤᠨ ᠬᠥᠭᠵᠢᠯᠲᠡ ᠢᠯᠠᠭᠳᠠᠬᠤ ᠲᠦᠭᠰᠢᠭᠦᠷᠢ ᠶᠢ ᠬᠢᠨᠠᠨ ᠰᠢᠯᠭᠠᠨ᠎ᠠ᠃      2. ᠠᠵᠢᠯ ᠬᠢᠵᠦ ᠠᠵᠢᠯ ᠣᠯᠭᠤᠬᠤ ᠶᠠᠪᠤᠴᠠ ᠳᠤ ᠣᠷᠣᠰᠢᠵᠤ ᠪᠠᠶᠢᠭ᠎ᠠ ᠠᠵᠢᠯ ᠣᠯᠭᠤᠬᠤ ᠠᠵᠢᠯ ᠤᠨ ᠪᠠᠶᠢᠷᠢ ᠪᠠᠭᠠᠰᠤᠭᠰᠠᠨ᠂ ᠬᠥᠳᠡᠯᠮᠦᠷᠢᠯᠡᠬᠦ ᠴᠢᠳᠠᠪᠤᠷᠢ ᠪᠠᠭᠤᠷᠠᠭᠰᠠᠨ ᠵᠡᠷᠭᠡ ᠠᠴᠠ ᠪᠣᠯᠵᠤ ᠠᠵᠢᠯ ᠠᠯᠳᠠᠬᠤ ᠲᠦᠭᠰᠢᠭᠦᠷᠢ ᠳᠤ ᠬᠢᠨᠠᠯᠳᠠ ᠬᠢᠨ᠎ᠡ᠃      ᠲᠠᠪᠤ᠂ ᠬᠢᠨᠠᠨ ᠰᠢᠯᠭᠠᠬᠤ ᠠᠷᠭ᠎ᠠ ᠮᠠᠶ᠋ᠢᠭ      ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠬᠢᠨᠠᠨ ᠰᠢᠯᠭᠠᠬᠤ ᠠᠷᠭ᠎ᠠ ᠮᠠᠶ᠋ᠢᠭ ᠢ ᠠᠪᠴᠤ ᠂ ᠬᠢᠨᠠᠨ ᠬᠡᠮᠵᠢᠬᠦ ᠡᠲᠡᠭᠡᠳ ᠢ ᠤᠯᠠᠷᠢᠯ ᠪᠦᠷᠢ ᠨᠢᠭᠡ ᠤᠳᠠᠭ᠎ᠠ ᠬᠢᠨᠠᠨ ᠰᠢᠯᠭᠠᠨ᠎ᠠ᠃      ︵ᠨᠢᠭᠡ︶ ᠲᠤᠬᠠᠶᠢᠯᠠᠭᠰᠠᠨ ᠠᠵᠢᠯ ᠤᠨ ᠰᠢᠰᠲ᠋ᠧᠮ ᠢ ᠠᠰᠢᠭᠯᠠ ᠲᠤᠭ᠎ᠠ ᠪᠠᠷᠢᠮᠲᠠ ᠳᠤ ᠬᠥᠳᠡᠯᠦᠩᠭᠦᠶ ᠬᠢᠨᠠᠨ ᠰᠢᠯᠭᠠᠯᠳᠠ ᠬᠢᠨ᠎ᠡ᠃ ᠡᠯ᠎ᠡ ᠱᠠᠲᠤᠨ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠳ ᠪᠦᠬᠦ ᠤᠯᠤᠰ ᠤᠨ ᠶᠠᠳᠠᠭᠤ ᠶᠢ ᠲᠡᠳᠬᠦᠬᠦ ᠨᠡᠬᠡᠬᠡᠯᠳᠡ ᠶᠢᠨ ᠮᠡᠳᠡᠭᠡ ᠵᠠᠩᠭᠢ ᠶᠢᠨ ᠰᠢᠰᠲ᠋ᠧᠮ ᠪᠣᠯᠤᠨ ᠥᠪᠡᠷᠲᠡᠭᠡᠨ ᠵᠠᠰᠠᠬᠤ ᠣᠷᠣᠨ ᠤ ᠤᠨᠢᠨ ᠳᠡᠬᠡᠷ᠎ᠡ ᠨᠢ ᠶᠠᠳᠠᠭᠤ ᠶᠢ ᠲᠡᠳᠬᠦᠬᠦ ᠲᠣᠮᠣ ᠲᠤᠭ᠎ᠠ ᠪᠠᠷᠢᠮᠲᠠ ᠶᠢᠨ ᠲᠠᠪᠴᠠᠩ ᠢ ᠠᠰᠢᠭᠯᠠ᠂ ᠬᠢᠨᠠᠨ ᠰᠢᠯᠭᠠᠬᠤ ᠡᠲᠡᠭᠡᠳ ᠤᠨ ᠣᠷᠣᠯᠭ᠎ᠠ ᠪᠣᠯᠤᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠲᠤᠭ᠎ᠠ ᠪᠠᠷᠢᠮᠲᠠ ᠶᠢᠨ ᠮᠡᠳᠡᠭᠡ ᠵᠠᠩᠭᠢ ᠳᠤ ᠬᠥᠳᠡᠯᠦᠩᠭᠦᠶ ᠬᠢᠨᠠᠨ ᠰᠢᠯᠭᠠᠯᠳᠠ ᠬᠢᠨ᠎ᠡ᠃ ᠬᠢᠨᠠᠨ ᠬᠡᠮᠵᠢᠬᠦ ᠡᠲᠡᠭᠡᠳ ᠤᠨ ᠣᠷᠣᠯᠭ᠎ᠠ ᠶᠢᠨ ᠪᠦᠲᠦᠴᠡ ᠪᠠ ᠲᠣᠭᠲᠠᠪᠤᠷᠢᠲᠤ ᠴᠢᠨᠠᠷ᠂ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠦᠷᠲᠡᠬᠦ ᠵᠦᠶ ᠵᠣᠬᠢᠰᠲᠠᠶ ᠪᠠᠶᠢᠳᠠᠯ ᠳᠤ ᠭᠤᠤᠯᠳᠠᠯᠭ᠎ᠠ ᠲᠠᠢ ᠵᠠᠳᠠᠯᠤᠯᠲᠠ ᠬᠢᠵᠦ᠂ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠠᠮᠵᠢᠨ ᠣᠷᠣᠰᠢᠵᠤ ᠮᠡᠳᠡᠬᠦ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠡᠷᠢᠨ᠎ᠡ᠃      ︵ᠬᠤᠶᠠᠷ︶ ᠱᠠᠳᠤ ᠬᠤᠪᠢᠶᠠᠨ ᠲᠤᠭ᠎ᠠ ᠪᠠᠷᠢᠮᠲᠠ ᠶᠢ ᠬᠠᠷᠢᠴᠠᠭᠤᠯᠤᠨ ᠬᠠᠷᠭᠤᠭᠤᠯᠤᠨ᠎ᠠ᠃ ᠬᠤᠰᠢᠭᠤ ᠰᠢᠶᠠᠨ ᠱᠠᠲᠤ ᠬᠤᠪᠢᠶᠠᠨ ᠬᠠᠷᠢᠴᠠᠭᠤᠯᠬᠤ ᠠᠷᠭ᠎ᠠ ᠶᠢ ᠠᠪᠴᠤ᠂ ᠬᠢᠨᠠᠨ ᠰᠢᠯᠭᠠᠭᠰᠠᠨ ᠡᠲᠡᠭᠡᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠯᠦᠭᠡ ᠲᠣᠭᠲᠠᠮᠠᠯ ᠬᠤᠭᠤᠴᠠᠭ᠎ᠠ ᠲᠠᠢ ᠪᠠᠷ ᠬᠠᠷᠢᠴᠠᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠨ ᠵᠡᠷᠭᠡ ᠪᠠᠶᠢᠳᠠᠯ ᠢ ᠡᠵᠡᠮᠰᠢᠵᠦ᠂ ᠡᠮ ᠡᠮᠨᠡᠯᠭᠡ ᠶᠢᠨ ᠳᠠᠭᠠᠳᠬᠠᠯ ᠲᠤᠰᠢᠶᠠᠭᠰᠠᠨ ᠦᠭᠡᠢ᠂ ᠦᠨᠳᠦᠰᠦᠨ ᠵᠦᠶ᠋ᠯ ᠢᠶᠠᠷ ᠡᠷᠦᠬᠡ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠦᠭᠡᠢ ᠵᠡᠷᠭᠡ ᠪᠠᠶᠢᠳᠠᠯ ᠳᠤ ᠵᠠᠳᠠᠯᠤᠯᠲᠠ ᠬᠢᠵᠦ ᠰᠡᠷᠡᠮᠵᠢᠯᠡᠭᠦᠯᠬᠦ ᠬᠡᠷᠡᠭᠲᠡᠶ᠃      ︵ᠭᠤᠷᠪᠠ︶ ᠲᠤᠬᠠᠶ ᠶᠢᠨ ᠭᠠᠵᠠᠷ ᠲᠤᠨᠢ ᠬᠢᠨᠠᠨ ᠰᠢᠯᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠬᠤᠶᠠᠷ ᠲᠠᠯ᠎ᠠ ᠪᠠᠷ ᠢᠶᠠᠨ ᠬᠢᠨᠠᠨ ᠬᠡᠮᠵᠢᠬᠦ ᠠᠷᠭ᠎ᠠ ᠮᠠᠶ᠋ᠢᠭ ᠢ ᠠᠪᠬᠤ ᠬᠡᠷᠡᠭᠲᠡᠶ᠂ ᠨᠢᠭᠡ ᠳᠤ ᠬᠢᠨᠠᠨ ᠬᠡᠮᠵᠢᠬᠦ ᠡᠲᠡᠭᠡᠳ ᠨᠢ ᠬᠢᠨᠠᠨ ᠬᠡᠮᠵᠢᠬᠦ ᠭᠤᠤᠯ ᠴᠣᠭᠴᠠ ᠳᠤ ᠭᠡᠷ ᠪᠦᠯᠢ ᠶᠢᠨ ᠴᠢᠬᠤᠯᠠ ᠶᠡᠭᠡ ᠬᠤᠪᠢᠷᠠᠯᠲᠠ ᠭᠠᠷᠤᠭᠰᠠᠨ ᠠᠴᠠ ᠪᠣᠯᠵᠤ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠ ᠣᠷᠣᠯᠭ᠎ᠠ ᠶᠢᠨ ᠬᠠᠮᠢᠶ᠎ᠠ ᠪᠦᠬᠦᠢ ᠪᠠᠶᠢᠳᠠᠯ ᠢ ᠲᠤᠰᠬᠠᠬᠤ ᠬᠡᠷᠡᠭᠲᠡᠶ᠃ ᠬᠤᠶᠠᠷ ᠲᠤ ᠰᠤᠮᠤ ᠰᠢᠶᠠᠩ ᠪᠠᠯᠭᠠᠰᠤ ᠠᠴᠠ ᠬᠢᠨᠠᠨ ᠬᠡᠮᠵᠢᠬᠦ ᠭᠤᠤᠯ ᠴᠣᠭᠴᠠ ᠶᠢ ᠵᠣᠬᠢᠶᠠᠨ ᠪᠠᠶᠢᠭᠤᠯᠵᠤ᠂ ᠤᠯᠠᠷᠢᠯ ᠪᠦᠷᠢ ᠬᠢᠨᠠᠨ ᠬᠡᠮᠵᠢᠬᠦ ᠡᠲᠡᠭᠡᠳ ᠤᠨ ︽ᠬᠤᠶᠠᠷ ᠲᠤ ᠵᠣᠪᠠᠭ᠋ᠤ ᠦᠭᠡᠢ ᠂ ᠭᠤᠷᠪᠠ ᠶᠢ ᠪᠠᠲᠤᠯᠠᠬᠤ︾ ᠵᠢᠴᠢ ᠣᠷᠣᠯᠭ᠋ ᠠ ᠶᠢᠨ ᠪᠠᠢᠳᠠᠯ ᠳᠤ ᠬᠢᠨᠠᠨ ᠬᠡᠮᠵᠢᠯᠲᠡ ᠬᠢᠨ᠎ᠡ᠃ ᠶᠠᠳᠠᠭᠤᠷᠠᠬᠤ ᠠᠶᠤᠯ ᠲᠦᠭᠰᠢᠭᠦᠷᠢ ᠶᠢᠨ ᠴᠡᠭ ᠢ ᠴᠠᠭ ᠲᠤᠬᠠᠶ ᠳᠤᠨᠢ ᠢᠯᠡᠷᠡᠭᠦᠯᠦᠨ᠎ᠡ᠃ ᠬᠢᠨᠠᠨ ᠰᠢᠯᠭᠠᠬᠤ ᠡᠲᠡᠭᠡᠳ ᠤᠨ ᠲᠤᠰᠬᠠᠭᠰᠠᠨ ᠪᠠ ᠡᠷᠦᠬᠡ ᠳᠤ ᠬᠦᠷᠴᠦ ᠬᠢᠨᠠᠨ ᠰᠢᠯᠭᠠᠭᠰᠠᠨ ᠪᠠᠶᠢᠳᠠᠯ ᠲᠠᠢ ᠤᠶᠠᠯᠳᠤᠭᠤᠯᠵᠤ᠂ ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠬᠢᠨᠠᠨ ᠬᠡᠮᠵᠢᠭᠰᠡᠨ ᠡᠲᠡᠭᠡᠳ ᠤᠨ ᠬᠤᠪᠢᠷᠠᠯᠲᠠ ᠲᠠᠢ ᠮᠡᠳᠡᠭᠡ ᠵᠠᠩᠭᠢ ᠶᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤᠨᠢ ᠰᠢᠨᠡᠳᠬᠡᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠳᠤ ᠲᠣᠬᠢᠷᠠᠭᠤᠯᠤᠯᠲᠠ ᠬᠢᠵᠦ᠂ ᠲᠡᠷᠡᠴᠢᠯᠡᠨ ᠲᠦᠭᠰᠢᠭᠦᠷᠢ ᠶᠢᠨ ᠳᠡᠰ ᠢ ᠤᠷᠢᠳᠴᠢᠯᠠᠨ ᠰᠡᠷᠡᠮᠵᠢᠯᠡᠭᠦᠯᠬᠦ ᠬᠡᠪᠴᠢᠶᠡᠨ ᠳᠤ ᠤᠷᠤᠭᠤᠯᠤᠨ ᠮᠠᠭᠠᠳᠯᠠᠯᠳᠠ ᠬᠢᠨ᠎ᠡ᠃      ᠵᠢᠷᠭᠤᠭ᠎ᠠ᠂ ᠰᠡᠷᠡᠮᠵᠢᠯᠡᠭᠦᠯᠬᠦ ᠠᠷᠭ᠎ᠠ ᠮᠠᠶ᠋ᠢᠭ      ︵ᠨᠢᠭᠡ︶ ᠱᠠᠳᠤ ᠬᠤᠪᠢᠶᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ᠥᠪᠡᠷᠲᠡᠭᠡᠨ ᠵᠠᠰᠠᠬᠤ ᠣᠷᠣᠨ ᠲᠣᠮᠣ ᠳ᠋ᠠᠶᠢᠲ᠋ᠠ ᠶᠢᠨ ᠲᠠᠪᠴᠠᠩ ᠳᠡᠭᠡᠷ᠎ᠡ ᠨᠢᠭᠡᠳᠦᠯᠲᠡᠶ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠬᠦ ᠬᠡᠰᠡᠭ ᠨᠡᠮᠡᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢᠨ ᠬᠦᠨᠳᠦ ᠨᠣᠴᠢᠲᠠᠶ ᠬᠡᠮᠵᠢᠶ᠎ᠡ ᠶᠢ ᠦᠨᠳᠦᠰᠦᠯᠡᠨ ᠬᠢᠨᠠᠨ ᠰᠢᠯᠭᠠᠬᠤ ᠡᠲᠡᠭᠡᠳ ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ 3 ᠳᠡᠰ ᠬᠤᠪᠢᠶᠠᠵᠤ᠂ ᠲᠥᠷᠥᠯ ᠬᠤᠪᠢᠶᠠᠨ ᠬᠠᠮᠢᠶᠠᠷᠬᠤ᠃      1. ᠤᠯᠠᠭᠠᠨ ᠥᠩᠭᠡ ᠶᠢᠨ ᠰᠡᠷᠡᠮᠵᠢᠯᠡᠭᠦᠯᠦᠯ᠃ ᠭᠤᠤᠯᠳᠠᠭᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠵᠤ᠂ ᠠᠳᠠᠯᠢ ᠬᠤᠭᠤᠴᠠᠭᠠᠨ ᠤ ᠭᠡᠷ ᠪᠦᠯᠢ ᠶᠢᠨ ᠣᠷᠣᠯᠭ᠎ᠠ ᠢᠯᠡᠳᠲᠡ ᠪᠠᠭᠠᠰᠴᠤ᠂ ᠡᠪᠡᠳᠴᠢᠨ ᠡᠮᠭᠡᠭ᠂ ᠭᠠᠶ ᠭᠠᠮᠰᠢᠭ᠂ ᠪᠠᠶᠢᠭᠠᠯᠢ ᠶᠢᠨ ᠭᠠᠮᠰᠢᠭ᠂ ᠰᠤᠷᠭᠠᠭᠤᠯᠢ ᠵᠡᠷᠭᠡ ᠣᠨᠴᠠᠭᠠᠶ ᠰᠢᠯᠲᠠᠭᠠᠨ ᠠᠴᠠ ᠪᠣᠯᠵᠣ ᠨᠡᠯᠢᠶᠡᠳ ᠶᠡᠭᠡ ᠵᠠᠷᠤᠯᠭ᠎ᠠ ᠭᠠᠷᠴᠤ᠂ ᠬᠡᠷ ᠪᠦᠯᠢ ᠶᠢᠨ ᠣᠷᠣᠯᠭ᠎ᠠ ᠶᠢᠨ ᠵᠢᠱᠢᠯᠲᠡ ᠨᠢ ᠶᠠᠳᠠᠭᠤ ᠬᠦᠴᠢᠷᠳᠡᠯ ᠢ ᠢᠯᠭᠠᠬᠤ ᠪᠠᠷᠢᠮᠵᠢᠶ᠎ᠠ ᠠᠴᠠ ᠳᠣᠤᠷ᠎ᠠ ᠪᠣᠯᠤᠭᠰᠠᠨ ᠪᠤᠶᠤ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠨᠢ ᠪᠦᠲᠦᠮᠵᠢᠲᠡᠶ ᠪᠠᠲᠤᠯᠠᠭ᠎ᠠ ᠥᠬᠡᠶ ᠪᠤᠯᠤᠭᠰᠠᠨ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ ᠪᠠ ᠶᠠᠳᠠᠭᠤᠷᠠᠯ ᠳᠤ ᠬᠠᠪᠢᠳᠠᠭᠰᠠᠨ ᠡᠷᠦᠬᠡ ᠪᠤᠯᠤᠨ᠎ᠠ᠃      2. ᠰᠢᠷ᠎ᠠ ᠥᠩᠭᠡ ᠶᠢᠨ ᠰᠡᠷᠡᠮᠵᠢᠯᠡᠭᠦᠯᠦᠯ᠃ ᠡᠭᠦᠨ ᠳᠤ ᠭᠤᠣᠯᠳᠠᠭᠤ ᠬᠡᠰᠡᠭ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠠᠳᠠᠯ ᠦᠢᠯᠡᠰ ᠪᠦᠲᠦᠭᠡᠬᠦ ᠴᠢᠳᠠᠪᠤᠷᠢ ᠦᠭᠡᠢ᠂ ᠣᠷᠳᠣ ᠬᠤᠭᠤᠴᠠᠭ᠎ᠠ ᠪᠠᠷ ᠲᠣᠭᠲᠠᠪᠤᠷᠢᠲᠠᠶ ᠠᠵᠢᠯ ᠣᠯᠵᠤ ᠳᠡᠶᠢᠯᠬᠦ ᠥᠬᠡᠶ᠂ ᠲᠣᠭᠲᠠᠭᠤᠨ ᠣᠷᠣᠯᠭ᠎ᠠ ᠶᠢᠨ ᠢᠷᠡᠯᠲᠡ ᠥᠬᠡᠶ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠪᠠ ᠶᠠᠳᠠᠭᠤᠷᠠᠯ ᠳᠤ ᠬᠠᠪᠢᠳᠠᠭᠰᠠᠨ ᠡᠷᠦᠬᠡ᠃      3. ᠬᠥᠬᠡ ᠥᠩᠭᠡ ᠶᠢᠨ ᠰᠡᠷᠡᠮᠵᠢᠯᠡᠭᠦᠯᠦᠯ᠃ ᠡᠭᠦᠨ ᠳᠤ ᠭᠤᠤᠯᠳᠠᠭᠤ ᠡᠪᠡᠳᠴᠢᠨ ᠵᠡᠷᠭᠡ ᠰᠢᠯᠲᠠᠭᠠᠨ ᠠᠴᠠ ᠪᠤᠯᠵᠤ ᠬᠥᠳᠡᠯᠮᠦᠷᠢᠯᠡᠬᠦ ᠴᠢᠳᠠᠪᠤᠷᠢ ᠪᠠᠨ ᠲᠦᠷ ᠠᠯᠳᠠᠵᠤ᠂ ᠣᠷᠣᠯᠭ᠎ᠠ ᠶᠢᠨ ᠢᠷᠡᠯᠲᠡ ᠨᠢ ᠲᠣᠭᠲᠠᠭᠤᠨ ᠪᠤᠰᠤ ᠪᠠᠶᠢᠬᠤ︔ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠦᠢᠯᠡᠰ ᠪᠤᠰᠬᠠᠬᠤ ᠰᠡᠳᠬᠢᠮᠵᠢ ᠲᠣᠳᠣᠷᠬᠠᠢ ᠦᠭᠡᠢ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠪᠠ ᠶᠠᠳᠠᠭᠤᠷᠠᠯ ᠳᠤ ᠬᠠᠪᠢᠳᠠᠭᠰᠠᠨ ᠡᠷᠦᠬᠡ ᠪᠣᠯᠤᠨ᠎ᠠ᠃      ︵ᠬᠤᠶᠠᠷ︶ ᠬᠢᠨᠠᠨ ᠰᠢᠯᠭᠠᠬᠤ ᠡᠲᠡᠭᠡᠳ ᠤᠨ ᠬᠥᠳᠡᠯᠦᠯ ᠪᠠᠶᠢᠳᠠᠯ ᠤᠨ ᠬᠠᠮᠢᠶᠠᠷᠤᠯᠲᠠ      1. ᠲᠡᠰ ᠤᠨ ᠬᠥᠳᠡᠯᠦᠩᠭᠦᠶ ᠬᠠᠮᠢᠶᠠᠷᠤᠯᠲᠠ᠃ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠪᠠᠷ ᠳᠠᠮᠵᠢᠨ᠂ ᠬᠢᠨᠠᠨ ᠰᠢᠯᠭᠠᠬᠤ ᠡᠲᠡᠭᠡᠳ ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢᠨ ᠵᠡᠷᠭᠡ ᠳᠡᠰ ᠲᠤ ᠬᠥᠳᠡᠯᠦᠩᠭᠦᠶ ᠬᠠᠮᠢᠶᠠᠷᠤᠯᠲᠠ ᠬᠢᠨ᠎ᠡ᠃ ᠵᠠᠷᠤᠯᠭ᠎ᠠ ᠨᠢ ᠦᠷᠭᠦᠯᠵᠢᠯᠡᠨ ᠨᠡᠮᠡᠭᠳᠡᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠦᠷᠭᠦᠯᠵᠢᠯᠡᠨ ᠨᠡᠮᠡᠭᠳᠡᠭᠰᠡᠨ ᠪᠠᠶᠢᠪᠠᠯ᠂ ᠲᠣᠮᠣ ᠳ᠋ᠠᠶᠢᠲ᠋ᠠ ᠶᠢᠨ ᠲᠠᠪᠴᠠᠩ ᠨᠢ ᠤᠷᠢᠳᠴᠢᠯᠠᠨ ᠰᠡᠷᠡᠮᠵᠢᠯᠡᠭᠦᠯᠬᠦ ᠳᠡᠰ ᠢ ᠳᠡᠭᠡᠭᠰᠢᠯᠡᠭᠦᠯᠬᠦ ᠶᠢᠨ ᠬᠠᠮᠲᠤ ᠦᠨᠳᠦᠰᠦᠨ ᠱᠠᠲᠤᠨ ᠳᠤ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠬᠦ ᠶᠢ ᠰᠠᠨᠠᠭᠤᠯᠤᠨ᠎ᠠ᠃ ᠬᠠᠪᠰᠤᠷᠤᠨ ᠲᠡᠳᠬᠦᠬᠦ ᠪᠠ ᠲᠣᠰ ᠪᠡᠶ᠎ᠡ ᠶᠢᠨ ᠬᠥᠭᠵᠢᠯᠲᠡ ᠶᠢᠨ ᠠᠮᠢᠳᠤᠷᠠᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠦᠷᠭᠦᠯᠵᠢᠯᠡᠨ ᠪᠠᠭᠤᠷᠠᠭᠰᠠᠨ ᠪᠠᠶᠢᠪᠠᠯ᠂ ᠲᠣᠮᠣ ᠳ᠋ᠠᠶᠢᠲ᠋ᠠ ᠶᠢᠨ ᠲᠠᠪᠴᠠᠩ ᠨᠢ ᠤᠷᠢᠳᠴᠢᠯᠠᠨ ᠰᠡᠷᠡᠮᠵᠢᠯᠡᠭᠦᠯᠬᠦ ᠳᠡᠰ ᠢ ᠪᠠᠭᠤᠷᠠᠭᠤᠯᠤᠨ᠎ᠠ᠃ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠠᠷᠢᠯᠤᠭᠰᠠᠨ ᠪᠠᠶᠢᠪᠠᠯ᠂ ᠲᠣᠮᠣ ᠳ᠋ᠠᠶᠢᠲ᠋ᠠ ᠶᠢᠨ ᠲᠠᠪᠴᠠᠩ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠨ᠎ᠠ᠃     2. ᠬᠢᠨᠠᠨ ᠰᠢᠯᠭᠠᠬᠤ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ ᠪᠣᠯᠤᠨ ᠣᠨ ᠤ ᠶᠠᠳᠠᠭᠤ ᠬᠦᠴᠢᠷᠳᠡᠯᠲᠡᠶ ᠳᠡᠳᠬᠦᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠲᠠᠢ ᠤᠶᠠᠯᠳᠤᠭᠤᠯᠤᠨ᠂ ᠬᠢᠵᠢᠭ ᠤᠨ ᠨᠥᠯᠥᠭᠡ ᠠᠴᠠ ᠪᠤᠶᠤ ᠪᠤᠰᠤᠳ ᠰᠢᠯᠲᠠᠭᠠᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠰᠢᠨ᠎ᠡ ᠪᠠᠷ ᠪᠤᠢ ᠪᠣᠯᠤᠭᠰᠠᠨ ᠮᠠᠯᠵᠢᠬᠤ ᠲᠠᠷᠢᠶᠠᠯᠠᠬᠤ ᠡᠷᠦᠬᠡ ᠪᠣᠯᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠴᠠᠭ ᠲᠤᠬᠠᠶ ᠳᠤᠨᠢ ᠬᠢᠨᠠᠨ ᠰᠢᠯᠭᠠᠬᠤ ᠡᠲᠡᠭᠡᠳ ᠪᠣᠯᠭᠠᠨ ᠢᠯᠭᠠᠨ ᠳᠠᠨᠢᠵᠤ᠂ ᠬᠢᠨᠠᠨ ᠰᠢᠯᠭᠠᠵᠤ ᠰᠡᠷᠡᠮᠵᠢᠯᠡᠭᠦᠯᠬᠦ ᠬᠡᠪᠴᠢᠶᠡᠨ ᠳᠤ ᠣᠷᠣᠭᠤᠯᠬᠤ ᠶᠢᠨ ᠬᠠᠮᠲᠤ ᠬᠠᠨᠳᠤᠯᠭ᠎ᠠ ᠲᠠᠢ ᠬᠠᠪᠰᠤᠷᠤᠨ ᠳᠡᠳᠬᠦᠨ᠎ᠠ᠃      ᠳᠣᠯᠤᠭ᠎ᠠ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ      ︵ᠨᠢᠭᠡ︶ ᠠᠵᠤ ᠦᠶ᠋ᠯᠡᠰ ᠢᠶᠠᠷ ᠬᠠᠪᠰᠤᠷᠤᠨ ᠲᠡᠳᠬᠦᠨ᠎ᠡ᠃ ᠠᠵᠤ ᠦᠢᠯᠡᠰ ᠢ ᠬᠥᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠬᠢᠨᠠᠨ ᠰᠢᠯᠭᠠᠬᠤ ᠡᠲᠡᠭᠡᠳ ᠲᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠳᠡᠮ ᠬᠦᠤ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠳᠤ ᠣᠷᠣᠭᠤᠯᠤᠨ ᠳᠡᠮᠵᠢᠯᠭᠡ ᠦᠵᠡᠭᠦᠯᠵᠦ᠂ ᠳᠠᠭᠠᠭᠤᠯᠤᠭᠴᠢ ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ᠂ ᠶᠠᠳᠠᠭᠤ ᠬᠦᠴᠢᠷᠳᠡᠯᠲᠡᠶ ᠲᠣᠰᠬᠤᠨ ᠤ ᠠᠵᠢᠯ ᠦᠶ᠋ᠯᠡᠰ ᠴᠤᠭᠴᠠᠯᠠᠵᠤ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ ᠵᠡᠷᠭᠡ ᠶᠢ ᠳᠠᠶᠢᠴᠢᠯᠠᠨ ᠦᠶ᠋ᠯᠡᠳᠪᠦᠷᠢᠯᠡᠯ ᠢ ᠨᠢ ᠬᠥᠭᠵᠢᠭᠦᠯᠦᠨ᠎ᠡ᠃     ︵ᠬᠤᠶᠠᠷ︶ ᠠᠵᠢᠯ ᠣᠯᠭᠤᠯᠲᠠ ᠪᠠᠷ ᠬᠠᠪᠰᠤᠷᠤᠨ ᠲᠡᠳᠬᠦᠨ᠎ᠡ᠃ ᠬᠥᠳᠡᠯᠮᠦᠷᠢᠯᠡᠬᠦ ᠴᠢᠳᠠᠪᠤᠷᠢ ᠲᠠᠢ ᠬᠢᠨᠠᠨ ᠰᠢᠯᠭᠠᠬᠤ ᠡᠲᠡᠭᠡᠳ ᠲᠤ ᠰᠦᠶ᠋ᠳᠬᠡᠯ ᠬᠤᠷᠢᠶᠠᠬᠤ ᠦᠭᠡᠶ ᠪᠠᠷ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠬᠠᠩᠭᠠᠵᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠤᠷᠢᠳᠠᠪᠠᠷ ᠲᠣᠬᠢᠷᠠᠭᠤᠯᠵᠤ᠂ ᠬᠥᠳᠡᠯᠮᠦᠷᠢ ᠦᠶ᠋ᠯᠡᠴᠢᠯᠡᠭᠡ ᠪᠠᠷ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠᠷ ᠳᠠᠮᠵᠢᠭᠤᠯᠤᠨ᠂ ᠲᠡᠳᠡᠨ ᠢ ᠬᠠᠪᠰᠤᠷᠴᠤ ᠪᠠᠶᠢᠭᠠᠳ ᠰᠢᠯᠵᠢᠭᠦᠯᠦᠨ ᠠᠵᠢᠯ ᠣᠯᠭᠤᠵᠤ᠂ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ ᠤᠨ ᠠᠵᠢᠯ ᠣᠯᠭᠤᠯᠲᠠ ᠶᠢ ᠵᠣᠷᠢᠭᠵᠢᠭᠤᠯᠤᠨ᠎ᠠ᠃ ᠶᠠᠳᠠᠭᠤ ᠶᠢ ᠲᠡᠳᠬᠦᠬᠦ ᠦᠶ᠋ᠯᠡᠳᠪᠦᠷᠢ ᠶᠢᠨ ᠲᠠᠰᠤᠭ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠲᠤᠰ ᠭᠠᠵᠠᠷ ᠤᠨ ᠤᠢᠢᠷ᠎ᠠ ᠬᠠᠪᠢ ᠳᠠᠭᠠᠨ ᠠᠵᠢᠯ ᠤᠯᠬᠤ ᠲᠣᠬᠢᠶᠠᠯ ᠢ ᠥᠷᠭᠡᠳᠬᠡᠨ ᠲᠥᠪᠬᠢᠨᠡᠭᠦᠯᠵᠦ ᠠᠵᠢᠯ ᠣᠯᠭᠤᠨ᠎ᠠ᠃ ᠬᠢᠨᠠᠨ ᠰᠢᠯᠭᠠᠬᠤ ᠡᠲᠡᠭᠡᠳ ᠤᠨ ᠬᠥᠳᠡᠭᠡ ᠲᠣᠰᠬᠤᠨ ᠤ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠬᠢᠵᠦ ᠠᠵᠢᠯ ᠣᠯᠵᠤ ᠣᠷᠣᠯᠭ᠎ᠠ ᠶᠢ ᠨᠢ ᠨᠡᠮᠡᠭᠳᠡᠬᠦᠯᠦᠨ᠎ᠡ᠃      ︵ᠭᠤᠷᠪᠠ︶ ᠶᠡᠷᠦᠩᠬᠡᠶᠢᠯᠡᠨ ᠪᠠᠲᠤᠯᠠᠨ᠎ᠠ᠃ ᠬᠥᠳᠡᠯᠮᠦᠷᠢᠯᠡᠬᠦ ᠴᠢᠳᠠᠪᠤᠷᠢ ᠦᠭᠡᠢ ᠬᠢᠨᠠᠨ ᠰᠢᠯᠭᠠᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ ᠤᠨ ᠳᠠᠭᠠᠳᠬᠠᠯ ᠪᠣᠯᠤᠨ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠶᠡᠷᠦᠩᠬᠡᠶᠢᠯᠡᠭᠰᠡᠨ ᠴᠢᠨᠠᠷᠲᠠᠶ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠲᠤᠯᠠᠪᠠᠰᠤ ᠵᠣᠬᠢᠬᠤ ᠪᠦᠬᠦᠨ ᠢ ᠪᠠᠲᠤᠯᠠᠬᠤ ᠶᠢ ᠦᠨᠡᠨ ᠬᠦ ᠪᠠᠲᠤᠯᠠᠨ᠎ᠠ᠃ ᠡᠪᠡᠳᠴᠢᠨ ᠡᠮᠬᠡᠭ᠂ ᠵᠡᠮᠳᠡᠭ᠂ ᠭᠠᠮᠰᠢᠭ ᠠᠴᠠ ᠪᠣᠯᠵᠤ ᠰᠠᠨᠠᠮᠰᠠᠷ ᠦᠭᠡᠢ ᠳᠠᠬᠢᠨ ᠶᠠᠳᠠᠭᠤᠷᠠᠬᠤ ᠪᠤᠶᠤ ᠶᠠᠳᠠᠭᠤᠷᠠᠭᠰᠠᠨ ᠭᠡᠷ ᠪᠦᠯᠢ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠵᠡᠮᠳᠡᠭᠴᠦᠳ᠂ ᠭᠠᠶ ᠭᠠᠮᠰᠢᠭ᠂ ᠲᠦᠷ ᠴᠠᠭ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠲᠡᠳᠡᠨ ᠤ ᠦᠨᠳᠦᠰᠦᠨ ᠠᠮᠢᠳᠤᠷᠠᠯ ᠢ ᠪᠠᠳᠤᠯᠠᠨ᠎ᠠ᠃      ︵ᠲᠦᠷᠪᠡ︶ ᠢᠳᠡᠬᠡᠯ ᠵᠤᠷᠢᠭ ᠪᠠ ᠤᠶᠤᠨ ᠤᠬᠠᠭᠠᠨ ᠢ ᠳᠡᠳᠬᠦᠨ᠎ᠡ᠃ ᠬᠢᠨᠠᠨ ᠰᠢᠯᠭᠠᠬᠤ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠪᠠ ᠠᠵᠢᠯ ᠣᠯᠭᠤᠯᠲᠠ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠬᠢᠨᠠᠨ ᠬᠡᠮᠵᠢᠬᠦ ᠡᠲᠡᠭᠡᠳ ᠲᠤ ᠡᠳ᠋ ᠪᠣᠳᠠᠰ ᠤᠨ ᠱᠠᠩᠨᠠᠯ ᠪᠠ ᠤᠶᠤᠨ ᠰᠠᠨᠠᠭᠠᠨ ᠤ ᠵᠣᠷᠢᠭᠵᠢᠭᠤᠯᠤᠯ ᠦᠵᠡᠭᠦᠯᠬᠦ ᠶᠢ ᠬᠠᠶᠢᠨ ᠰᠦᠪᠡᠭᠴᠢᠯᠡᠨ᠎ᠡ᠃ ᠲᠣᠰᠬᠤᠨ ᠤ ᠰᠤᠷᠲᠠᠯ ᠪᠣᠯᠪᠠᠰᠤᠨ ᠤ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠦᠶ᠋ᠯᠡᠳᠦᠯ ᠢ ᠪᠠᠳᠠᠷᠠᠭᠤᠯᠵᠤ᠂ ᠨᠠᠰᠤᠲᠠᠨ ᠢᠶᠠᠨ ᠠᠴᠢᠯᠠᠨ ᠲᠡᠵᠢᠭᠡᠬᠦ᠂ ᠵᠡᠮᠳᠡᠭᠴᠦᠳ ᠢ ᠠᠰᠠᠷᠠᠨ ᠲᠡᠵ ᠢᠬᠦ ᠶᠢ ᠰᠠᠨᠠᠭᠠᠴᠢᠯᠠᠬᠤ ᠬᠡᠷᠡᠭᠲᠡᠶ᠃      ︵ᠲᠠᠪᠤ︶ ᠪᠤᠰᠤᠳ ᠪᠠᠶᠢᠳᠠᠯ ᠢᠶᠠᠷ ᠬᠠᠪᠰᠤᠷᠤᠨ ᠲᠡᠳᠬᠦᠨ᠎ᠡ᠃ ᠡᠯ᠎ᠡ ᠭᠠᠵᠠᠷ ᠤᠨ ᠬᠢᠨ ᠤ ᠬᠠᠪᠰᠤᠷᠤᠨ ᠲᠡᠳᠬᠦᠬᠦ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ︽ᠶᠠᠳᠠᠭᠤ ᠬᠦᠴᠢᠷᠳᠡᠯ ᠠᠴᠠ ᠰᠡᠷᠭᠡᠶᠢᠯᠡᠨ ᠬᠠᠮᠠᠭᠠᠯᠠᠬᠤ︾ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠵᠤ᠂ ᠨᠡᠶᠢᠭᠡᠮ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠬᠢᠨᠠᠨ ᠰᠢᠯᠭᠠᠬᠤ ᠡᠲᠡᠭᠡᠳ ᠲᠤ ᠳᠠᠭᠠᠳᠬᠠᠯ ᠬᠤᠳᠠᠯᠳᠤᠨ ᠠᠪᠴᠤ᠂ ᠠᠮᠢᠳᠤᠷᠠᠯ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠴᠠᠭ ᠲᠤ ᠬᠠᠶ ᠳᠤᠨᠢ ᠠᠷᠢᠯᠭᠠᠬᠤ ᠬᠡᠷᠡᠭᠲᠡᠶ᠃ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ ᠠᠵᠢᠯ ᠳᠤ ᠣᠷᠣᠯᠴᠠᠭᠤᠯᠵᠤ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠪᠠ ᠵᠠᠬᠢᠶᠠᠯᠠᠭ᠎ᠠ ᠶᠢᠨ ᠲᠠᠷᠢᠶᠠᠯᠠᠩ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠵᠦ᠂ ᠬᠢᠨᠠᠨ ᠰᠢᠯᠭᠠᠬᠤ ᠡᠲᠡᠭᠡᠳ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠵᠠᠮ ᠢ ᠥᠷᠭᠡᠳᠬᠡᠵᠦ᠂ ᠬᠢᠨᠠᠨ ᠰᠢᠯᠭᠠᠬᠤ ᠡᠲᠡᠭᠡᠳ ᠤᠨ ᠣᠷᠣᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃       ᠨᠠᠢᠮᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠰᠢᠨ᠎ᠡ ᠪᠠᠷ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠬᠢᠨ ᠠᠨ ᠬᠡᠮᠵᠢᠬᠦ ᠠᠵᠢᠯ ᠢ ᠳᠡᠭᠡᠰᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ᠂ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠠᠵᠢᠯ ᠤᠨ ᠢᠳᠡᠪᠬᠢᠵᠢᠯ ᠢ ᠭᠦᠶ᠋ᠴᠡᠳ ᠳᠠᠶᠢᠴᠢᠯᠠᠵᠤ᠂ ᠬᠢᠨᠠᠨ ᠰᠢᠯᠭᠠᠬᠤ ᠡᠲᠡᠭᠡᠳ ᠲᠤ ᠡᠳᠦᠷ ᠲᠤᠲᠤᠮ ᠤᠨ ᠬᠢᠨᠠᠨ ᠰᠢᠯᠭᠠᠬᠤ ᠠᠵᠢᠯ ᠢ ᠲᠤᠰᠬᠠᠶ ᠬᠥᠮᠦᠨ ᠢᠶᠠᠷ ᠪᠣᠳᠠᠲᠠᠶ ᠬᠠᠷᠢᠭᠤᠴᠠᠭᠤᠯᠬᠤ ᠶᠢ ᠦᠨᠡᠨᠬᠦ ᠪᠠᠳᠤᠯᠠᠨ᠎ᠠ᠃ ᠬᠢᠨᠠᠨ ᠰᠢᠯᠭᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠰᠢᠯᠭᠠᠬᠤ ᠵᠠᠷᠤᠳᠠᠯ ᠪᠣᠯᠤᠨ ᠠᠯᠪᠠᠨ ᠠᠵᠢᠯ ᠤᠨ ᠪᠡᠯᠡᠳᠬᠡᠮᠵᠢ ᠶᠢ ᠪᠠᠲᠤᠯᠠᠵᠤ᠂ ᠬᠢᠨᠠᠨ ᠬᠡᠮᠵᠢᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠳᠤᠯᠠᠨ᠎ᠠ᠃     ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠠᠶᠢᠮᠠᠭ ᠬᠤᠲᠠ ᠬᠤᠰᠢᠭᠤ ᠰᠢᠶᠠᠨ ᠨᠠᠶᠢᠳᠠᠪᠤᠷᠢᠵᠢᠭᠤᠯᠤᠨ ᠠᠳᠬᠤᠬᠤ ᠠᠵᠢᠯ ᠤᠨ ᠲᠣᠭᠲᠠᠴᠠ ᠶᠣᠰᠣᠭᠠᠷ᠂ ᠡᠯ᠎ᠡ ᠬᠤᠰᠢᠭᠤ ᠰᠢᠶᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠪᠠᠶᠢᠴᠠᠭᠠᠨ ᠬᠠᠷᠭᠤᠭᠤᠯᠬᠤ᠂ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ᠂ ᠬᠥᠳᠡᠯᠦᠩᠭᠦᠶ ᠪᠠᠷ ᠬᠠᠮᠢᠶᠠᠷᠬᠤ᠂ ᠬᠥᠳᠡᠯᠦᠩᠭᠦᠶ ᠪᠠᠷ ᠬᠢᠨᠠᠨ ᠰᠢᠨᠵᠢᠬᠦ ᠵᠡᠷᠭᠡ ᠠᠵᠢᠯ ᠢ ᠰᠠᠶᠢᠲᠤᠷ ᠬᠢᠨ᠎ᠠ᠃ ᠬᠥᠳᠡᠭᠡ ᠲᠣᠰᠬᠤᠨ ᠤ ᠬᠤᠶᠠᠷ ᠱᠠᠲᠤᠨ ᠤ ᠬᠢᠨ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠵᠡᠷᠭᠡ ᠬᠢᠨᠠᠨ ᠰᠢᠯᠭᠠᠬᠤ ᠠᠵᠢᠯᠲᠠᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ ᠪᠠᠶᠢᠴᠠᠭᠠᠵᠤ ᠣᠶᠢᠯᠠᠭᠠᠨ ᠵᠢᠭᠰᠠᠭᠠᠵᠤ᠂ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ ᠢ ᠴᠢᠩᠳᠠᠯᠠᠵᠤ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠰᠠᠶᠢᠲᠤᠷ ᠠᠳᠬᠤᠨ᠎ᠠ᠃ ᠨᠥᠬᠦᠴᠡᠯ ᠳᠤ ᠨᠡᠶᠢᠴᠡᠬᠦ ᠬᠥᠮᠦᠨ ᠠᠮᠠ ᠶᠢ ᠴᠠᠭ ᠲᠤᠬᠠᠶ ᠳᠤᠨᠢ ᠣᠯᠵᠤ ᠮᠡᠳᠡᠨ᠂ ᠴᠠᠭ ᠲᠤᠬᠠᠶ ᠳᠤᠨᠢ ᠤᠷᠤᠭᠤᠯᠵᠤ᠂ ᠴᠠᠭ ᠲᠤᠬᠠᠶ ᠳᠤᠨᠢ ᠬᠠᠪᠰᠤᠷᠤᠨ ᠳᠡᠳᠬᠦᠨ᠎ᠠ᠃ ᠡᠯ᠎ᠡ ᠱᠠᠲᠤᠨ ᠤ ᠶᠠᠳᠠᠭᠤ ᠶᠢ ᠲᠡᠳᠬᠦᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠳᠤᠭ᠎ᠠ ᠪᠠᠷᠢᠮᠳᠠ ᠪᠠᠨ ᠬᠠᠮᠳᠤ ᠪᠠᠷ ᠡᠳ᠋ᠯᠡᠬᠦ ᠶᠢ ᠴᠢᠩᠭᠠᠳᠬᠠᠵᠤ᠂ ᠵᠠᠷᠤᠯᠭ᠎ᠠ ᠨᠢ ᠬᠡᠳᠦ ᠨᠡᠮᠡᠭᠳᠡᠵᠦ ᠪᠠᠶᠢᠬᠤ ᠪᠠ ᠤᠷᠤᠯᠭ᠎ᠠ ᠨᠢ ᠭᠡᠨᠡᠳᠳᠡ ᠪᠠᠷ ᠪᠠᠭᠤᠷᠠᠵᠤ ᠪᠠᠶᠢᠭ᠎ᠠ ᠬᠡᠷ ᠪᠦᠯᠢ ᠳᠤ ᠴᠠᠭ ᠳᠤᠬᠠᠢ ᠳᠤᠨᠢ ᠤᠷᠢᠳᠴᠢᠯᠡᠨ ᠰᠡᠷᠡᠮᠵᠢᠯᠡᠬᠦᠯᠦᠨ᠎ᠡ᠃      ︵ᠭᠤᠷᠪᠠ︶ ᠪᠣᠯᠪᠠᠰᠤᠷᠠᠯ ᠤᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠱᠠᠲᠤ ᠬᠤᠪᠢᠶᠠᠨ ᠪᠣᠯᠪᠠᠰᠤᠷᠠᠭᠤᠯᠬᠤ ᠬᠢᠭᠡᠳ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠢᠨᠠᠨ ᠰᠢᠯᠭᠠᠬᠤ ᠡᠩᠨᠡᠭᠡᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ᠂ ᠬᠤᠰᠢᠭᠤ ᠰᠢᠶᠠᠨ ᠤ ᠬᠢᠨᠠᠨ ᠰᠢᠯᠭᠠᠬᠤ ᠠᠵᠢᠯ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠳᠤ ᠴᠢᠭᠯᠡᠭᠦᠯᠦᠨ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠥᠷᠨᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠭᠤᠯᠤᠯ ᠤᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ ᠪᠣᠯᠤᠨ ᠬᠠᠪᠰᠤᠷᠤᠨ ᠲᠡᠳᠬᠦᠬᠦ ᠺᠠᠳ᠋ᠷ ᠢ ᠪᠣᠯᠪᠠᠰᠤᠷᠠᠭᠤᠯᠬᠤ ᠠᠵᠢᠯ ᠢ ᠲᠤᠰ ᠲᠤᠰ ᠥᠷᠨᠢᠭᠦᠯᠵᠦ᠂ ᠬᠢᠨᠠᠨ ᠬᠡᠮᠵᠢᠬᠦ ᠠᠵᠢᠯᠲᠠᠨ ᠤ ᠲᠥᠷᠥ ᠶᠢᠨ ᠪᠣᠳᠣᠯᠭ᠎ᠠ ᠶᠢᠨ ᠡᠵᠡᠮᠳᠡᠬᠦ ᠴᠢᠳᠠᠪᠤᠷᠢ ᠪᠣᠯᠤᠨ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠬᠡᠭᠰᠢᠯᠡᠬᠦᠯᠦᠨ᠎ᠡ᠃       ︵ᠳᠥᠷᠪᠡ︶ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠬᠢᠨᠠᠨ ᠰᠢᠯᠭᠠᠬᠤ ᠡᠲᠡᠭᠡᠳ ᠤᠨ ᠬᠢᠨᠠᠨ ᠬᠡᠮᠵᠢᠭᠰᠡᠨ ᠦᠷ᠎ᠡ ᠳ᠋ᠦᠩ ᠢ ᠴᠠᠭ ᠲᠤᠬᠠᠶ ᠳᠤᠨᠢ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠬᠠᠷᠢᠭᠤ ᠲᠤᠰᠬᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠲᠣᠭᠲᠠᠭᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠨᠠᠨ ᠬᠡᠮᠵᠢᠭᠰᠡᠨ ᠡᠲᠡᠭᠡᠳ ᠤᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠳᠤ ᠴᠢᠭᠯᠡᠭᠦᠯᠦᠨ ᠪᠦᠲᠦᠮᠵᠢᠲᠡᠶ ᠬᠠᠪᠰᠤᠷᠤᠨ ᠲᠡᠳᠬᠦᠵᠦ᠂ ᠦᠨᠳᠦᠰᠦᠨ ᠠᠮᠢᠳᠤᠷᠠᠯ ᠨᠥᠯᠥᠭᠡᠯᠡᠭᠳᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠳᠡᠬᠦᠨ ᠤ ᠬᠢ ᠶᠠᠳᠠᠭᠤᠷᠠᠯ ᠠᠴᠠ ᠰᠡᠷᠬᠡᠶᠢᠯᠡᠨ᠎ᠡ               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠬᠦ ᠨᠡᠬᠡᠬᠡᠯᠳᠡ ᠶᠢᠨ ᠤᠳᠤᠷᠢᠳᠬᠤ ᠳᠤᠭᠤᠶᠢᠯᠠᠩ                                   2020 ᠣᠨ ᠤ 4 ᠰᠠᠷ᠎ᠠ ᠶᠢᠨ 24 ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号