ᠰᠢ ᠶᠢᠨ ᠫᠢᠩ ᠠᠶᠤᠯᠬᠦᠢ ᠤᠢᠢᠯᠡᠳᠪᠤᠷᠢᠯᠡᠯ ᠤᠨ ᠠᠵᠢᠯ ᠳᠤ ᠴᠢᠬᠤᠯᠠ ᠵᠢᠭᠠᠪᠤᠷᠢ ᠦᠭᠴᠦ ᠠᠮᠤᠷ ᠲᠦᠪᠰᠢᠨ ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ ᠪᠤᠢ ᠪᠤᠯᠭᠠᠵᠤ ᠠᠶᠤᠯᠬᠦᠢ ᠤᠢᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ ᠠᠷᠠᠳ ᠤᠯᠠᠨ ᠤ ᠠᠮᠢ ᠨᠠᠰᠦ ᠡᠳ᠋ ᠬᠦᠷᠤᠩᠬᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠭᠡᠷᠡᠭᠳᠠᠢ ᠬᠡᠵᠦ ᠴᠢᠬᠤᠯᠠᠴᠢᠯᠠᠪᠠ ᠯᠢ ᠺᠧ ᠴᠢᠶᠠᠩ ᠴᠤᠬᠤᠯᠠᠪᠤᠷᠢ ᠦᠭᠴᠠᠢ
ᠨᠡᠶᠢᠲᠡᠯᠡᠭᠰᠡᠨ ᠴᠠᠭ᠄
2020/4/13
      ᠰᠢᠨᠬᠤᠸᠠ ᠬᠤᠷᠢᠶᠠᠨ ᠤ ᠪᠡᠬᠡᠵᠢᠩ ᠤᠨ 4 ᠰᠠᠷ᠎ᠠ ᠶᠢᠨ 10 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ᠠᠶᠤᠯᠬᠦᠢ ᠤᠢᠢᠯᠡᠳᠪᠤᠷᠢᠯᠡᠯ ᠤᠨ ᠠᠵᠢᠯ ᠳᠤ ᠴᠢᠬᠤᠯᠠ ᠵᠢᠭᠠᠪᠤᠷᠢ ᠦᠭᠬᠦ ᠳᠡᠭᠡᠨ᠂ ᠤᠳᠤᠬᠠᠨ ᠳᠤ ᠪᠦᠬᠦ ᠤᠯᠤᠰ ᠢᠶᠠᠷ ᠢᠶᠠᠨ ᠠᠵᠢᠯ ᠢᠶᠠᠨ ᠰᠡᠷᠬᠦᠬᠡᠵᠤ ᠤᠢᠢᠯᠡᠳᠪᠤᠷᠢᠯᠡᠯ ᠢᠶᠠᠨ ᠰᠡᠷᠬᠦᠬᠡᠵᠤ ᠪᠠᠶᠢᠨ᠎ᠠ᠂ ᠠᠶᠤᠯᠬᠦᠢ ᠤᠢᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠤᠷᠤᠨ ᠬᠤᠪᠢᠶᠠᠵᠦ ᠲᠦᠷᠤᠯ ᠬᠤᠪᠢᠶᠠᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠪᠠ ᠬᠠᠤᠯᠢ ᠭᠡᠷᠡᠭᠵᠢᠬᠦᠯᠤᠯᠳᠠ ᠶᠢ ᠴᠢᠩᠭᠠᠳᠬᠠᠵᠤ᠂ ᠠᠵᠤ ᠠᠬᠤᠢᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠠᠶᠤᠯᠬᠦᠢ ᠤᠢᠢᠯᠡᠳᠪᠤᠷᠢᠯᠡᠯ ᠤᠨ ᠬᠤᠷᠢᠭ᠎ᠠ ᠱᠤᠭᠤᠮ ᠢ ᠪᠠᠳᠤ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠭᠡᠷᠡᠭᠳᠠᠢ ᠬᠡᠵᠤ ᠴᠢᠬᠤᠯᠠᠴᠢᠯᠠᠪᠠ᠃      ᠰᠢ ᠶᠢᠨ ᠫᠢᠩ᠂ 2019 ᠤᠨ ᠤ ᠪᠠᠶᠢᠳᠠᠯ ᠠᠴᠠ ᠦᠵᠡᠬᠦ ᠳᠤ᠂ ᠪᠦᠬᠦ ᠤᠯᠤᠰ ᠤᠨ ᠠᠶᠤᠯᠬᠦᠢ ᠤᠢᠢᠯᠡᠳᠪᠤᠷᠢᠯᠡᠯ ᠤᠨ ᠠᠳᠡᠯ ᠤᠨ ᠶᠠᠷᠤᠩᠬᠡᠢ ᠬᠡᠮᠵᠢᠶ᠎ᠠ᠂ ᠨᠡᠯᠢᠶᠡᠳ ᠶᠡᠭᠡ ᠠᠳᠡᠯ ᠪᠤᠯᠤᠨ ᠤᠨᠴᠠ ᠶᠡᠭᠡ ᠠᠳᠡᠯ ᠵᠡᠷᠭᠡ ︽ᠭᠤᠷᠪᠠᠨ ᠠᠳᠡᠯ ᠦᠷᠬᠦᠯᠵᠢᠯᠠᠨ ᠪᠠᠭᠤᠷᠠᠵᠤ︾᠂ ᠠᠶᠤᠯᠬᠦᠢ ᠤᠢᠢᠯᠡᠳᠪᠤᠷᠢᠯᠡᠯ ᠤᠨ ᠪᠠᠶᠢᠳᠠᠯ ᠴᠢᠨᠠᠬᠰᠢᠳᠠ ᠰᠠᠶᠢᠵᠢᠷᠠᠪᠠ᠂ ᠬᠡᠪᠡᠴᠤ ᠠᠶᠤᠯ ᠲᠦᠭᠰᠢᠬᠦᠷᠢ ᠶᠢᠨ ᠬᠡᠮ ᠰᠤᠭᠤᠬ ᠮᠦᠨ ᠬᠦ ᠮᠠᠰᠢ ᠤᠯᠠᠨ ᠪᠠᠶᠢᠵᠤ᠂ ᠡᠨᠡ ᠲᠠᠯ᠎ᠠ ᠪᠠᠷ ᠶᠡᠭᠡ ᠬᠡᠮᠵᠢᠶᠠᠨ ᠤ ᠠᠵᠢᠯ ᠬᠢᠬᠦ ᠴᠢᠬᠤᠯᠠᠳᠠᠢ ᠪᠠᠶᠢᠨ᠎ᠠ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠠᠮᠢ ᠨᠠᠰᠤ ᠲᠠᠶᠢᠱᠠᠨ ᠠᠭᠤᠯᠠ ᠠᠴᠠ ᠬᠦᠨᠳᠤ ᠶᠤᠮ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠤ ᠬᠢᠨ ᠠᠶᠤᠯᠬᠦᠢ ᠤᠢᠢᠯᠡᠳᠪᠤᠷᠢᠯᠡᠯ ᠢ ᠴᠢᠬᠤᠯᠠ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ ᠪᠤᠢ ᠪᠤᠯᠭᠠᠬᠤ ᠬᠡᠷᠡᠭᠲᠡᠢ᠂ ᠶᠠᠭᠠᠬᠢᠬᠰᠠᠨ ᠴᠤ ᠵᠦᠪᠭᠡᠨ ᠬᠦᠭᠵᠢᠯᠳᠠ ᠶᠢ ᠴᠢᠬᠤᠯᠠᠴᠢᠯᠠᠭᠠᠳ ᠠᠮᠤᠷ ᠲᠦᠪᠰᠢᠨ ᠢ ᠬᠠᠶᠢᠬᠤᠷᠬᠤ ᠦᠬᠡᠢ ᠪᠠᠶᠢᠵᠤ ᠪᠤᠯᠬᠤ ᠦᠬᠡᠢ᠂ ᠨᠡᠩ ᠴᠤ ᠠᠮᠤᠷ ᠲᠦᠪᠰᠢᠨ ᠢ ᠬᠠᠮᠢᠶ᠎ᠠ ᠦᠬᠡᠢ ᠶᠠᠪᠤᠳᠠᠯ ᠢᠶᠠᠷ ᠦᠵᠡᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠭᠠᠷᠭᠠᠵᠦ ᠪᠤᠯᠬᠤ ᠦᠬᠡᠢ᠃ ᠠᠶᠤᠯᠬᠦᠢ ᠤᠢᠢᠯᠡᠳᠪᠤᠷᠢᠯᠡᠯ ᠤᠨ ᠠᠳᠡᠯ ᠤᠨ ᠭᠤᠤᠯ ᠤᠨᠴᠠᠯᠢᠬ ᠪᠤᠯᠤᠨ ᠲᠤᠪᠤᠶᠢᠮ᠎ᠠ ᠠᠰᠠᠭᠤᠳᠠᠯ ᠳᠤ ᠴᠢᠭᠯᠡᠬᠦᠯᠤᠨ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠶᠤᠯ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠨ᠂ ᠠᠳᠡᠯ ᠤᠨ ᠬᠡᠮ ᠰᠤᠭᠤᠬ ᠢ ᠦᠨᠳᠤᠰᠤᠨ ᠠᠴᠠ ᠨᠢ ᠠᠷᠢᠯᠭᠠᠵᠤ᠂ ᠬᠦᠨᠳᠤ ᠤᠨᠴᠠ ᠶᠡᠭᠡ ᠠᠳᠡᠯ ᠭᠠᠷᠬᠤ ᠶᠢ ᠪᠦᠳᠤᠮᠵᠢᠳᠠᠢ ᠬᠤᠷᠢᠬᠯᠠᠬᠤ ᠭᠡᠷᠡᠭᠳᠠᠢ ᠬᠡᠵᠤ ᠴᠢᠬᠤᠯᠠᠴᠢᠯᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠷᠤᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠤ᠂ ᠤᠳᠤᠬᠠᠨ ᠳᠤ ᠪᠦᠬᠦ ᠤᠯᠤᠰ ᠢᠶᠠᠷ ᠢᠶᠠᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠢᠯ ᠢᠶᠠᠨ ᠰᠡᠷᠬᠦᠬᠡᠵᠤ ᠤᠢᠢᠯᠡᠳᠪᠤᠷᠢᠯᠡᠯ ᠢᠶᠠᠨ ᠰᠡᠷᠬᠦᠬᠡᠬᠦ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠬᠤ ᠵᠠᠩᠬᠢᠯᠠᠭ᠎ᠠ ᠶᠢᠨ ᠬᠤᠭᠤᠴᠠᠭᠠᠨ ᠳᠤ ᠤᠷᠤᠭᠠᠳ ᠪᠠᠶᠢᠨ᠎ᠠ᠃ ᠠᠶᠤᠯᠬᠦᠢ ᠤᠢᠢᠯᠡᠳᠪᠤᠷᠢᠯᠡᠯ ᠤᠨ ᠤᠬᠠᠮᠰᠠᠷ ᠪᠤᠯᠤᠨ ᠠᠵᠢᠯ ᠢᠶᠠᠨ ᠦᠴᠤᠬᠡᠨ ᠴᠤ ᠰᠤᠯᠠᠷᠠᠭᠤᠯᠵᠤ ᠪᠤᠯᠬᠤ ᠦᠬᠡᠢ᠃ ᠡᠯ᠎ᠠ ᠭᠠᠵᠠᠷ ᠤᠷᠤᠨ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ ᠪᠤᠢ ᠪᠤᠯᠭᠠᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠡᠯ᠎ᠠ ᠬᠦᠷᠢᠶ᠎ᠠ ᠡᠯ᠎ᠠ ᠭᠤᠬᠴᠤᠭ᠎ᠠ ᠶᠢᠨ ᠠᠶᠤᠯᠬᠦᠢ ᠤᠢᠢᠯᠡᠳᠪᠤᠷᠢᠯᠡᠯ ᠤᠨ ᠬᠡᠮ ᠰᠤᠭᠤᠬ ᠢ ᠬᠦᠨᠵᠡᠬᠡᠢ ᠵᠢᠬᠰᠠᠭᠠᠨ ᠪᠠᠶᠢᠴᠠᠭᠠᠵᠦ᠂ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠶᠢ ᠪᠦᠬᠦ ᠲᠠᠯ᠎ᠡ ᠪᠠᠷ ᠦᠷᠨᠢᠬᠦᠯᠵᠤ᠂ ᠰᠢᠰᠲ᠋ᠧᠮ ᠲᠠᠢ ᠪᠠᠷ ᠵᠠᠰᠠᠬᠤ᠂ ᠤᠨᠤᠴᠠᠳᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠬᠦ ᠶᠢ ᠪᠠᠷᠢᠮᠳᠠᠯᠠᠵᠤ᠂ ᠠᠶᠤᠯᠳᠠᠢ ᠬᠢᠮᠢ ᠶᠢᠨ ᠪᠤᠳᠠᠰ᠂ ᠠᠭᠤᠷᠬᠠᠢ᠂ ᠵᠠᠮ ᠬᠠᠷᠢᠯᠴᠠᠭ᠎ᠠ ᠲᠡᠭᠡᠭᠡᠪᠤᠷᠢ᠂ ᠠᠵᠤ ᠦᠢᠯᠡᠳᠪᠤᠷᠢ ᠶᠢᠨ ᠬᠦᠷᠢᠶᠠᠯᠠᠩ᠂ ᠬᠤᠳᠠ ᠶᠢᠨ ᠪᠦᠳᠦᠭᠡᠨ ᠪᠠᠶᠢᠭᠤᠯᠤᠯᠳᠠ᠂ ᠠᠶᠤᠯᠳᠠᠢ ᠬᠠᠶᠠᠬᠳᠠᠮᠠᠯ ᠪᠤᠳᠠᠰ ᠵᠡᠷᠭᠡ ᠭᠤᠤᠯᠳᠠᠯᠭ᠎ᠠ ᠲᠠᠢ ᠬᠦᠷᠢᠶᠠᠨ ᠳᠠᠬᠢ ᠠᠮᠤᠷ ᠲᠦᠪᠰᠢᠨ ᠤ ᠴᠡᠭᠴᠡᠯᠡᠨ ᠵᠠᠰᠠᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠪᠤᠳᠠᠳᠤ ᠦᠷ᠎ᠡ ᠪᠦᠳᠦᠮᠵᠢ ᠭᠠᠷᠭᠠᠬᠤ ᠶᠢ ᠪᠠᠳᠤᠯᠠᠬᠤ ᠭᠡᠷᠡᠭᠳᠠᠢ︔ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠪᠤᠯᠤᠨ ᠬᠠᠮᠢᠶᠡᠷᠤᠯᠳᠠ ᠶᠢᠨ ᠲᠦᠷᠢᠮ ᠤᠨ ᠰᠢᠰᠲ᠋ᠧᠮ᠂ ᠭᠡᠮ ᠰᠤᠭᠤᠭ ᠢ ᠵᠢᠬᠰᠠᠭᠠᠨ ᠪᠠᠶᠢᠴᠠᠭᠠᠵᠤ ᠵᠠᠰᠠᠬᠤ ᠪᠠ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠦᠷᠭᠡᠳᠭᠡᠨ ᠪᠠᠶᠢᠭᠤᠯᠤᠨ ᠪᠦᠷᠢᠨᠰᠢᠬᠦᠯᠵᠤ᠂ ᠬᠢᠨᠠᠯᠳᠠ ᠬᠠᠮᠢᠶᠠᠷᠤᠯᠳᠠ ᠬᠠᠤᠯᠢ ᠭᠡᠷᠡᠭᠵᠢᠬᠦᠯᠦᠯᠲᠠ ᠪᠤᠯᠤᠨ ᠠᠮᠤᠷ ᠲᠦᠪᠰᠢᠨ ᠤ ᠦᠢᠯᠡᠴᠢᠯᠡᠭᠡ ᠶᠢ ᠴᠢᠩᠭᠠᠳᠬᠠᠵᠤ᠂ ᠬᠦᠨᠳᠤ ᠤᠨᠴᠠ ᠶᠡᠭᠡ ᠠᠳᠠᠯ ᠡᠬᠦᠰᠬᠦ ᠶᠢ ᠡᠷᠡᠰ ᠬᠤᠷᠢᠬᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠤᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠪᠦᠬᠦ ᠤᠯᠤᠰ ᠤᠨ ᠠᠶᠤᠯᠬᠦᠢ ᠦᠢᠯᠡᠳᠪᠤᠷᠢᠯᠡᠯ ᠤᠨ ᠲᠧᠯᠸᠢᠰ ᠤᠳᠠᠰᠤ ᠬᠤᠷᠠᠯ 10 ᠤ ᠡᠳᠦᠷ ᠪᠡᠭᠡᠵᠢᠩ ᠳᠤ ᠬᠤᠷᠠᠯᠳᠤᠵᠤ᠂ ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠯᠢ ᠺᠧ ᠴᠢᠶᠠᠩ ᠤᠨ ᠴᠤᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠨᠢᠳᠤᠨᠤᠨ ᠠᠴᠠ ᠨᠠᠭᠠᠰᠢᠬᠢ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠢ ᠵᠠᠷᠯᠡᠨ ᠮᠡᠳᠡᠭᠳᠡᠭᠰᠡᠨ ᠪᠦᠭᠡᠳ ᠤᠳᠤᠬᠠᠨ ᠤ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠭᠦ ᠠᠮᠤᠷ ᠲᠦᠪᠰᠢᠨ ᠤ ᠰᠡᠷᠭᠡᠶᠢᠯᠡᠬᠦ ᠠᠵᠢᠯ ᠢ ᠨᠢᠭᠡᠳᠦᠯᠳᠠᠢ ᠲᠦᠯᠦᠪᠵᠢᠬᠦᠯᠤᠨ ᠰᠠᠶᠢᠳᠤᠷ ᠬᠢᠬᠦ᠂ ᠪᠦᠬᠦ ᠤᠯᠤᠰ ᠤᠨ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠬᠦ ᠲᠤᠬᠠᠢ ᠪᠠᠶᠢᠷᠢᠯᠠᠭᠤᠯᠤᠯᠳᠠ ᠬᠢᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠤᠷᠢᠯᠡᠯ ᠤᠨ ᠵᠦᠪᠯᠡᠯ ᠤᠨ ᠡᠷᠬᠢᠯᠡᠭᠴᠢ ᠯᠢᠤ ᠾᠧ᠂ ᠲᠦᠷᠦ ᠶᠢᠨ ᠶᠠᠪᠤᠳᠠᠯ ᠤᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠤᠷᠢᠯᠡᠯ ᠤᠨ ᠵᠦᠪᠯᠡᠯ ᠤᠨ ᠲᠡᠳ᠋ ᠡᠷᠬᠢᠯᠡᠭᠴᠢ ᠸᠠᠩ ᠶᠦᠩ᠂ ᠵᠤᠤ ᠺᠧ ᡁᠢ ᠬᠤᠷᠠᠯ ᠳᠤ ᠤᠷᠤᠯᠴᠠᠵᠠᠢ᠃      ᠬᠤᠷᠠᠯ ᠠᠴᠠ᠂ ᠶᠡᠷᠤᠩᠭᠡᠢ ᠱᠦᠵᠢ ᠰᠢ ᠶᠢᠨ ᠫᠢᠩ ᠤᠨ ᠠᠶᠤᠯᠬᠦᠢ ᠦᠢᠯᠡᠳᠪᠤᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠢ ᠺᠧ ᠴᠢᠶᠠᠩ ᠤᠨ ᠴᠤᠬᠤᠯᠠᠪᠤᠷᠢ ᠶᠢᠨ ᠱᠠᠭᠠᠷᠳᠠᠯᠭ᠎ᠠ ᠶᠤᠰᠤᠭᠠᠷ᠂ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠠᠮᠤᠷ ᠲᠦᠪᠰᠢᠨ ᠤ ᠰᠡᠷᠭᠡᠶᠢᠯᠡᠬᠦ ᠠᠵᠢᠯ ᠢ ᠪᠤᠳᠠᠳᠠᠢ ᠠᠳᠬᠤᠨ ᠨᠠᠷᠢᠯᠢᠭ ᠠᠳᠬᠤᠬᠤ ᠭᠡᠷᠡᠭᠳᠠᠢ᠃ ᠠᠳᠡᠯ ᠡᠭᠦᠰᠬᠦ ᠭᠡᠮ ᠰᠤᠭᠤᠭ ᠢ ᠦᠨᠳᠤᠰᠤᠨ ᠠᠴᠠ ᠨᠢ ᠠᠷᠢᠯᠭᠠᠬᠤ ᠶᠢᠨ ᠲᠤᠭᠤᠷᠢᠨ ᠳᠤ᠂ ᠪᠦᠬᠦ ᠤᠯᠤᠰ ᠲᠤ ᠠᠶᠤᠯᠬᠦᠢ ᠦᠢᠯᠡᠳᠪᠤᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠬᠦ ᠭᠡᠷᠡᠭᠳᠠᠢ᠃ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠰᠠᠭᠤᠳᠠᠯ ᠢ ᠰᠢᠢᠳᠪᠤᠷᠢᠯᠡᠬᠦ᠂ ᠠᠵᠤ ᠠᠬᠤᠢᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠴᠡᠭᠴᠡᠯᠡᠨ ᠵᠠᠰᠠᠬᠤ ᠶᠢᠨ ᠵᠠᠩᠭᠢᠯᠠᠭ᠎ᠠ ᠪᠤᠯᠭᠠᠵᠤ᠂ ᠠᠶᠤᠯᠬᠦᠢ ᠦᠢᠯᠡᠳᠪᠤᠷᠢᠯᠡᠯ ᠤᠨ ᠬᠠᠤᠯᠢ ᠭᠡᠷᠡᠭᠵᠢᠬᠦᠯᠬᠦ ᠰᠢᠰᠲ᠋ᠧᠮ ᠢ ᠤᠯᠠᠮ ᠴᠢᠨᠠᠬᠰᠢᠳᠠ ᠲᠡᠬᠦᠯᠳᠡᠷᠵᠢᠬᠦᠯᠵᠤ᠂ ᠰᠠᠭᠤᠷᠢ ᠪᠠᠳᠤᠯᠠᠭ᠎ᠠ ᠶᠢᠨ ᠴᠢᠳᠠᠪᠤᠷᠢ ᠪᠠᠨ ᠲᠡᠭᠡᠭᠰᠢᠯᠡᠬᠦᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠪᠠᠨ ᠴᠢᠩᠭᠠᠳᠬᠠᠵᠤ᠂ ᠠᠶᠤᠯᠬᠦᠢ ᠦᠢᠯᠡᠳᠪᠤᠷᠢᠯᠡᠯ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠴᠢᠨᠡᠭᠡᠯᠢᠭ ᠨᠠᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠳᠤ ᠲᠤᠬᠳᠠᠭᠤᠨ ᠠᠶᠤᠯᠬᠦᠢ ᠦᠢᠯᠡᠳᠪᠤᠷᠢᠯᠡᠯ ᠤᠨ ᠤᠷᠴᠢᠨ ᠢ ᠪᠤᠢ ᠪᠤᠯᠭᠠᠬᠤ ᠭᠡᠷᠡᠭᠳᠠᠢ ᠭᠡᠵᠤ ᠱᠠᠭᠠᠷᠳᠠᠪᠠ᠃      ᠤᠷᠤᠨ ᠰᠠᠭᠤᠴᠠ ᠪᠡ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠮᠤᠨ ᠪᠤᠯᠤᠨ ᠲᠢᠶᠠᠨᠵᠢᠨ᠂ ᠠᠨᠾᠦ᠋ᠢ᠂ ᠭᠤᠸᠠᠩᠳᠦ᠋ᠩ ᠮᠤᠵᠢ ᠶᠢᠨ ᠬᠠᠷᠢᠭᠤᠴᠠᠯᠭᠠᠳᠠᠨ ᠬᠤᠷᠠᠯ ᠲᠡᠭᠡᠷ᠎ᠡ ᠰᠠᠨᠠᠯ ᠢᠶᠠᠨ ᠰᠤᠯᠢᠯᠴᠠᠬᠤ ᠦᠭᠡ ᠬᠡᠯᠡᠪᠡ᠃ ᠡᠬᠦᠨ ᠠᠴᠠ ᠡᠮᠤᠨ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠤᠷᠢᠯᠡᠯ ᠤᠨ ᠵᠦᠪᠯᠡᠯ ᠪᠦᠬᠦᠳᠠ ᠬᠤᠷᠠᠯ ᠬᠤᠷᠠᠯᠳᠤᠭᠤᠯᠵᠤ᠂ ᠬᠤᠯᠪᠤᠬᠳᠠᠯ ᠪᠦᠬᠦᠢ ᠠᠵᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号