ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠡ ᠬᠤᠷᠡᠯ ᠬᠤᠷᠡᠯᠳᠤᠭᠤᠯᠵᠥ  ᠰᠢ ᠶᠢᠨ ᠫᠢᠩ ᠬᠤᠷᠡᠯ ᠢ ᠡᠷᠬᠢᠯᠡᠪᠡ
ᠨᠡᠶᠢᠲᠡᠯᠡᠭᠰᠡᠨ ᠴᠠᠭ᠄
2020/4/9
     ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠡ ᠬᠤᠷᠡᠯ ᠬᠤᠷᠡᠯᠳᠤᠭᠤᠯᠵᠥ ᠤᠯᠤᠰ ᠤᠨ ᠲᠤᠳᠤᠭᠠᠳᠤ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠠᠵᠦ ᠠᠬᠤᠢ ᠶᠢᠨ ᠡᠷᠭᠢᠯᠲᠡ ᠶᠢᠨ ᠪᠠᠶᠢᠳᠠᠯ ᠳᠤ ᠵᠠᠳᠠᠯᠤᠯᠲᠠ ᠬᠢᠵᠦ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠪᠠ      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 8 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠡ 4 ᠰᠠᠷ᠎ᠠ ᠶᠢᠨ 8 ᠤ ᠡᠳᠤᠷ ᠬᠤᠷᠡᠯ ᠬᠤᠷᠡᠯᠳᠤᠭᠤᠯᠵᠥ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠪᠤᠯᠤᠨ ᠪᠦᠬᠦ ᠤᠯᠤᠰ ᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠭᠰᠡᠡ ᠪᠠᠶᠢᠳᠠᠯ ᠤᠨ ᠪᠠᠶᠢᠴᠠᠭᠠᠨ ᠰᠤᠳᠤᠯᠤᠯᠳᠠ ᠶᠢᠨ ᠬᠠᠷᠢᠭᠤ ᠮᠡᠳᠡᠬᠦᠯᠥᠯᠳᠡ ᠶᠢ ᠰᠤᠨᠤᠰᠴᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠥ ᠠᠬᠤᠢ ᠶᠢᠨ ᠡᠷᠬᠢᠯᠲᠠ ᠶᠢᠨ ᠪᠠᠶᠢᠳᠠᠯ ᠳᠤ ᠵᠠᠳᠠᠯᠤᠯᠳᠡ ᠬᠢᠵᠥ᠂ ᠪᠠᠶᠢᠩᠭᠤᠵᠢᠭᠰᠠᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠠᠵᠢᠯ ᠢ ᠪᠦᠬᠦ ᠲᠡᠯ᠎ᠡ ᠪᠠᠷ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠬᠤᠷᠡᠯ ᠢ ᠡᠷᠬᠢᠯᠡᠭᠰᠡᠡ ᠪᠦᠬᠡᠳ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠤᠳᠤᠬᠠᠨ ᠳᠤ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠱᠠᠳᠤᠴᠢ ᠴᠢᠨᠠᠷᠳᠠᠢ ᠦᠷ᠎ᠡ ᠪᠦᠳᠦᠮᠵᠢ ᠤᠯᠠᠮ ᠴᠢᠨᠠᠬᠰᠢᠳᠠ ᠪᠠᠬᠢᠵᠢᠵᠥ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠠᠵᠢᠯ ᠴᠢᠬᠤᠯᠠ ᠠᠬᠢᠴᠠ ᠲᠠᠢ ᠪᠤᠯᠵᠥ᠂ ᠠᠵᠥ ᠠᠬᠤᠢ ᠨᠡᠶᠢᠬᠡᠮ ᠤᠨ ᠠᠵᠢᠯᠯᠠᠭᠠᠨ ᠤ ᠡᠮᠬᠢ ᠵᠢᠷᠤᠮ ᠲᠦᠷᠬᠡᠨ ᠰᠡᠷᠬᠦᠵᠤ ᠪᠠᠶᠢᠨ᠎ᠠ᠃ ᠡᠬᠦᠨ ᠤ ᠵᠡᠷᠬᠡ ᠪᠠᠷ᠂ ᠤᠯᠠᠨ ᠤᠯᠤᠰ ᠲᠤ ᠬᠢᠵᠢᠭ ᠤᠨ ᠪᠠᠶᠢᠳᠠᠯ ᠦᠷᠬᠦᠯᠵᠢᠯᠡᠨ ᠲᠠᠷᠬᠠᠨ ᠲᠡᠯᠬᠡᠷᠡᠵᠥ᠂ ᠲᠡᠯᠡᠬᠡᠢ ᠶᠢᠨ ᠠᠵᠥ ᠠᠬᠤᠢ ᠤᠷᠤᠭᠤᠳᠠᠬᠤ ᠠᠶᠤᠯ ᠰᠢᠷᠦᠬᠦᠰᠴᠦ᠂ ᠲᠤᠭᠳᠠᠭᠤᠨ ᠪᠤᠰᠤ ᠲᠤᠭᠳᠠᠭᠠᠯᠳᠦ ᠪᠤᠰᠤ ᠬᠦᠴᠦᠨ ᠵᠦᠢᠯ ᠢᠯᠡᠳᠳᠡ ᠨᠡᠮᠡᠭᠳᠡᠪᠡ᠃ ᠮᠠᠨ ᠤ ᠤᠯᠤᠰ ᠤᠨ ᠭᠠᠲᠠᠨ᠎ᠠ ᠠᠴᠠ ᠬᠢᠵᠢᠭ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ ᠲᠠᠷᠤᠯᠳᠠ ᠲᠠᠰᠤᠷᠠᠯᠳᠡ ᠦᠬᠡᠢ ᠨᠡᠮᠡᠭᠳᠡᠵᠥ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠪᠤᠯᠤᠨ ᠠᠵᠥ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠦᠴᠢᠷ ᠪᠡᠷᠬᠡᠰᠢᠶᠡᠯ ᠪᠤᠯᠤᠨ ᠦᠷᠢᠰᠦᠯᠳᠦᠬᠡᠨ ᠲᠤᠯᠭᠠᠷᠠᠵᠥ ᠪᠠᠶᠢᠨ᠎ᠠ᠃ ᠬᠦᠨᠳᠤ ᠨᠤᠴᠢᠳᠠᠢ ᠨᠠᠷᠢᠨ ᠪᠤᠳᠤᠯᠢᠶᠠᠨᠳᠠᠢ ᠲᠡᠯᠡᠬᠡᠢ ᠶᠢᠨ ᠬᠢᠵᠢᠭ ᠤᠨ ᠪᠠᠶᠢᠳᠠᠯ ᠪᠤᠯᠤᠨ ᠲᠡᠯᠡᠬᠡᠢ ᠶᠢᠨ ᠠᠵᠥ ᠠᠬᠤᠢ ᠶᠢᠨ ᠪᠠᠶᠢᠳᠠᠯ ᠤᠨ ᠡᠮᠤᠨ᠎ᠡ᠂ ᠪᠢᠳᠡ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠥ᠂ ᠨᠡᠯᠢᠶᠡᠳ ᠤᠷᠳᠤ ᠬᠤᠭᠤᠴᠠᠭ᠎ᠠ ᠪᠠᠷ ᠭᠠᠳᠠᠭᠠᠳᠤ ᠤᠷᠴᠢᠨ ᠲᠤᠭᠤᠷᠢᠨ ᠤ ᠬᠤᠪᠢᠷᠡᠯᠳᠡ ᠶᠢ ᠠᠷᠭᠠᠴᠠᠭᠠᠬᠤ ᠦᠵᠡᠯ ᠰᠠᠨᠠᠭᠠᠨ ᠤ ᠪᠡᠯᠡᠳᠬᠡᠯ ᠪᠤᠯᠤᠨ ᠠᠵᠢᠯ ᠤᠨ ᠪᠡᠯᠡᠳᠬᠡᠯ ᠢ ᠰᠠᠶᠢᠳᠤᠷ ᠬᠢᠬᠦ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ᠂ ᠲᠤᠳᠤᠭᠠᠳᠤ ᠳᠠᠭᠠᠨ ᠲᠠᠬᠢᠨ ᠡᠬᠦᠰᠬᠦ ᠶᠢ ᠰᠡᠷᠬᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠬᠡᠢ ᠴᠢᠩᠭ᠎ᠠ ᠠᠳᠬᠤᠵᠥ᠂ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠳᠡᠢ᠃ ᠪᠠᠶᠢᠩᠭᠤᠵᠢᠬᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢ ᠪᠦᠬᠦ ᠲᠠᠯ᠎ᠠ ᠪᠠᠷ ᠰᠡᠷᠬᠦᠭᠡᠬᠦ ᠶᠢ ᠲᠦᠷᠭᠡᠳᠭᠡᠨ ᠠᠬᠢᠭᠤᠯᠵᠤ᠂ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠶᠠᠪᠤᠴᠠ ᠳᠤᠮᠳᠠ ᠲᠤᠯᠭᠠᠷᠠᠵᠦ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠢ ᠠᠮᠵᠢᠨ ᠰᠢᠢᠳᠪᠤᠷᠢᠯᠡᠵᠦ᠂ ᠬᠢᠵᠢᠭ ᠤᠨ ᠪᠠᠶᠢᠳᠠᠯ ᠠᠴᠠ ᠪᠤᠯᠤᠭᠰᠠᠨ ᠬᠤᠬᠢᠷᠠᠯ ᠢ ᠬᠠᠮᠤᠭ ᠤᠨ ᠲᠤᠤᠷ᠎ᠠ ᠭᠡᠮᠵᠢᠶᠡᠨ ᠳᠤ ᠬᠦᠷᠳᠡᠯ᠎ᠠ ᠪᠠᠭᠤᠷᠠᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠬᠦ ᠬᠠᠷᠠᠯᠳᠠ ᠡᠬᠦᠷᠭᠡ ᠪᠡᠶᠡᠯᠡᠭᠳᠡᠬᠦ ᠶᠢ ᠪᠠᠳᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠤᠯᠠᠨ ᠤᠯᠤᠰ ᠤᠨ ᠪᠠ ᠤᠯᠤᠰ ᠤᠨ ᠳᠤᠳᠤᠭᠠᠳᠦ ᠶᠢᠨ ᠬᠢᠵᠢᠭ ᠤᠨ ᠪᠠᠶᠢᠳᠠᠯ ᠤᠨ ᠬᠠᠨᠳᠤᠰᠢ ᠬᠤᠪᠢᠷᠠᠯᠳᠠ ᠶᠢ ᠨᠢᠬᠳᠠ ᠠᠩᠬᠠᠷᠴᠦ᠂ ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ ᠪᠠ ᠳᠤᠳᠤᠭᠠᠳᠦ ᠳᠠᠭᠠᠨ ᠲᠠᠬᠢᠨ ᠡᠬᠦᠰᠬᠦ ᠶᠢ ᠰᠡᠷᠭᠡᠶᠢᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠡᠩ ᠬᠠᠨᠳᠤᠯᠭᠠᠳᠦ ᠴᠢᠨᠠᠷ ᠪᠠ ᠪᠤᠳᠠᠳᠠᠢ ᠪᠦᠳᠦᠮᠵᠢᠳᠦ ᠴᠢᠨᠠᠷ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠴᠠᠭ ᠲᠤᠬᠠᠢ ᠳᠤᠨᠢ ᠭᠡᠷᠡᠭᠵᠢᠬᠦᠯᠵᠦ᠂ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠴᠢᠩᠭ᠎ᠠ ᠠᠳᠬᠤᠵᠦ ᠪᠤᠳᠠᠳᠠᠢ ᠠᠳᠬᠤᠵᠦ ᠨᠠᠷᠢᠯᠢᠭ ᠠᠳᠬᠤᠬᠤ ᠭᠡᠷᠡᠭᠲᠡᠢ᠃ ᠭᠤᠤᠯᠳᠠᠯᠭ᠎ᠠ ᠲᠠᠢ ᠭᠠᠵᠠᠷ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠠ ᠪᠦᠳᠦᠮᠵᠢ ᠶᠢ ᠪᠠᠬᠢᠵᠢᠬᠦᠯᠬᠦ ᠭᠡᠷᠡᠭᠲᠡᠢ᠃ ᠬᠤᠪᠸᠢ ᠮᠤᠵᠢ ᠪᠠ ᠦᠬᠠᠨ ᠬᠤᠳᠠ ᠶᠢᠨ ᠬᠢᠨ ᠦᠷᠬᠦᠯᠵᠢᠯᠡᠨ ᠬᠦᠴᠦ ᠪᠠᠨ ᠲᠦᠪᠯᠡᠷᠡᠬᠦᠯᠵᠦ ᠬᠦᠨᠳᠦ ᠡᠪᠡᠳᠴᠢᠳᠡᠨ ᠢ ᠰᠢᠨᠵᠢᠯᠡᠬᠦ ᠤᠬᠠᠭᠠᠨᠴᠢ ᠤᠨᠤᠴᠠᠳᠠᠢ ᠠᠪᠤᠷᠠᠨ ᠵᠠᠰᠠᠬᠤ ᠠᠵᠢᠯ ᠢ ᠰᠠᠶᠢᠳᠤᠷ ᠬᠢᠵᠦ᠂ ᠡᠮᠨᠡᠯᠭᠡ ᠠᠴᠠ ᠭᠠᠷᠤᠭᠰᠠᠨ ᠡᠪᠡᠳᠴᠢᠳᠡᠨ ᠢ ᠮᠦᠷᠳᠡᠨ ᠪᠠᠶᠢᠴᠠᠭᠠᠬᠤ ᠪᠠ ᠲᠠᠬᠢᠨ ᠪᠠᠶᠢᠴᠠᠭᠠᠬᠤ ᠠᠵᠢᠯ ᠢ ᠴᠠᠭ ᠲᠤᠬᠠᠢ ᠳᠤᠨᠢ ᠰᠠᠶᠢᠳᠤᠷ ᠬᠢᠬᠦ ᠭᠡᠷᠡᠭᠲᠡᠢ᠃ ᠨᠡᠶᠢᠭᠡᠮ ᠲᠤᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠭᠡᠮᠵᠢᠶ᠎ᠠ ᠶᠢ ᠰᠢᠯᠢᠳᠡᠭᠵᠢᠬᠦᠯᠵᠦ᠂ ᠨᠡᠶᠢᠭᠡᠮ ᠲᠤᠭᠤᠷᠢᠭ ᠤᠨ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠲᠡᠢ᠃ ᠡᠯ᠎ᠠ ᠭᠠᠵᠠᠷ ᠢᠯᠠᠩᠭᠤᠶ᠎ᠠ ᠬᠤᠪᠸᠢ ᠶᠢᠨ ᠡᠷᠬᠢᠨ ᠲᠤᠭᠤᠷᠢᠨ ᠤ ᠮᠤᠵᠢ ᠶᠢᠨ ᠬᠢᠨ ᠮᠡᠳᠡᠭᠡ ᠵᠠᠩᠬᠢ ᠪᠠᠨ ᠨᠡᠪᠲᠡᠷᠡᠯᠴᠡᠬᠦ ᠬᠠᠮᠳᠤ ᠪᠠᠷ ᠡᠳ᠋ᠯᠡᠬᠦ ᠪᠠ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠵᠤᠬᠢᠴᠠᠭᠤᠯᠬᠤ ᠪᠠᠨ ᠴᠢᠩᠭᠠᠳᠬᠠᠵᠦ᠂ ᠬᠦᠮᠦᠨ ᠬᠠᠷ᠎ᠠ ᠶᠢ ᠬᠠᠮᠢᠶᠠᠷᠤᠨ ᠡᠵᠡᠮᠳᠡᠬᠦ᠂ ᠡᠷᠡᠬᠦᠯ ᠮᠡᠨᠳᠦ ᠶᠢᠨ ᠺᠤᠳ᠋ ᠢ ᠬᠠᠷᠢᠯᠴᠠᠨ ᠮᠡᠳᠡᠷᠡᠬᠦ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠨᠢᠭᠡᠳᠦᠯᠳᠠᠢ᠂ ᠪᠠᠷᠢᠮᠵᠢᠶ᠎ᠠ ᠨᠢᠭᠡᠳᠦᠯᠳᠠᠢ ᠪᠠᠶᠢᠬᠤ ᠶᠢ ᠪᠡᠶᠡᠯᠡᠬᠦᠯᠬᠦ ᠭᠡᠷᠡᠭᠲᠡᠢ᠃ ᠨᠡᠶᠢᠰᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠤᠷ ᠠᠳᠬᠤᠬᠤ ᠭᠡᠷᠡᠭᠲᠡᠢ᠃ ᠡᠯ᠎ᠠ ᠭᠠᠵᠠᠷ ᠤᠨ ᠬᠢᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠢ ᠤᠨᠤᠴᠠᠳᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠠᠳᠬᠤᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠨᠡᠩ ᠨᠢᠬᠳᠠ ᠪᠠᠬᠢ ᠪᠤᠯᠭᠠᠨ᠂ ᠬᠢᠵᠢᠭ ᠤᠨ ᠪᠠᠶᠢᠳᠠᠯ ᠢ ᠲᠡᠬᠢᠨ ᠡᠬᠦᠰᠭᠡᠵᠦ ᠮᠡᠳᠡᠬᠦ ᠠᠯᠢᠪᠠ ᠳᠤᠳᠠᠭᠤᠳᠠᠯ ᠢ ᠨᠦᠬᠦᠪᠦᠷᠢᠯᠡᠬᠦ ᠭᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠡᠭᠡ ᠬᠠᠭᠤᠷᠠᠢ ᠪᠤᠯᠤᠨ ᠲᠠᠯᠠᠢ ᠶᠢᠨ ᠪᠤᠭᠤᠮᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠬᠦ ᠪᠠᠭᠤᠷᠠᠢ ᠭᠤᠬᠴᠤᠭ᠎ᠠ ᠶᠢ ᠲᠦᠷᠭᠡᠳᠭᠡᠨ ᠨᠦᠬᠦᠪᠤᠷᠢᠯᠡᠬᠦ ᠭᠡᠷᠡᠭᠳᠠᠢ᠃ ᠬᠢᠯᠢ ᠶᠢᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠳᠠᠨ ᠪᠤᠯᠤᠨ ᠡᠳ᠋ ᠪᠤᠳᠠᠰ ᠤᠨ ᠪᠠᠳᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠷᠡᠬᠦᠯ ᠬᠠᠮᠠᠭᠠᠯᠠᠯ ᠬᠢᠵᠢᠭ ᠢ ᠪᠠᠶᠢᠴᠠᠭᠠᠬᠤ᠂ ᠬᠢᠵᠢᠭ ᠢ ᠰᠡᠷᠭᠡᠶᠢᠯᠡᠬᠦ ᠡᠳ᠋ ᠪᠤᠳᠠᠰ᠂ ᠡᠮᠴᠢᠯᠡᠭᠡᠨ ᠤ ᠬᠦᠴᠤᠨ᠂ ᠲᠤᠰᠠᠭᠠᠷᠯᠠᠬᠤ ᠨᠦᠬᠦᠴᠡᠯ ᠵᠡᠷᠭᠡ ᠲᠠᠯ᠎ᠡ ᠶᠢᠨ ᠬᠦᠴᠢᠷᠳᠡᠯ ᠢ ᠵᠤᠬᠢᠴᠠᠭᠤᠯᠤᠨ ᠰᠠᠶᠢᠳᠤᠷ ᠰᠢᠢᠳᠪᠤᠷᠢᠯᠡᠬᠦ ᠭᠡᠷᠡᠭᠳᠠᠢ᠃ ᠬᠢᠯᠢ ᠪᠠᠷ ᠤᠷᠤᠵᠤ ᠢᠷᠠᠬᠦ ᠪᠦᠬᠦ ᠬᠦᠮᠦᠰ ᠢ ᠴᠦᠮ 14 ᠡᠳᠦᠷ ᠲᠦᠪᠯᠡᠷᠡᠬᠦᠯᠤᠨ ᠲᠤᠰᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠬᠦᠮᠦᠰ ᠲᠠᠢ ᠬᠤᠯᠪᠤᠭᠳᠠᠭᠰᠠᠨ ᠠᠴᠠ ᠪᠤᠯᠤᠭᠰᠠᠠ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠠᠨ ᠤᠯᠤᠰ ᠤᠨ ᠬᠠᠮᠳᠤᠷᠠᠯᠴᠠᠭ᠎ᠠ ᠶᠢ ᠬᠦᠨᠵᠡᠭᠡᠢ ᠦᠷᠨᠢᠬᠦᠯᠵᠤ᠂ ᠤᠯᠠᠨ ᠤᠯᠤᠰ ᠤᠨ ᠬᠢᠵᠢᠭ ᠢ ᠰᠡᠷᠭᠡᠶᠢᠯᠡᠬᠦ ᠬᠠᠮᠳᠤᠷᠠᠯᠴᠠᠭ᠎ᠠ ᠳᠤ ᠢᠳᠡᠪᠬᠢᠳᠠᠢ ᠪᠠᠷ ᠬᠦᠴᠤᠨ ᠨᠡᠮᠡᠷᠢᠯᠡᠬᠦ ᠭᠡᠷᠡᠭᠳᠠᠢ ᠭᠡᠵᠤ ᠱᠠᠭᠠᠷᠳᠠᠪᠠ᠃      ᠬᠤᠷᠠᠯ ᠠᠴᠠ᠂ ᠤᠳᠤᠬᠠᠨ ᠳᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠲᠤᠯᠭᠠᠷᠠᠵᠤ ᠪᠠᠶᠢᠭ᠎ᠠ ᠬᠦᠴᠢᠷᠳᠡᠯ ᠨᠡᠮᠡᠭᠳᠡᠪᠡ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠵᠤ᠂ ᠴᠠᠭ ᠤᠨ ᠪᠠᠶᠢᠳᠠᠯ ᠳᠠᠭᠠᠨ ᠲᠤᠬᠢᠷᠠᠭᠤᠯᠵᠤ ᠰᠢᠯᠢᠳᠡᠭᠵᠢᠬᠦᠯᠤᠨ ᠲᠡᠬᠦᠯᠳᠡᠷᠵᠢᠬᠦᠯᠵᠤ᠂ ᠠᠷᠭ᠎ᠠ ᠪᠦᠬᠦᠨ ᠢ ᠰᠦᠪᠡᠭᠴᠢᠯᠡᠵᠤ ᠪᠠᠶᠢᠭᠠᠳ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠳᠤ ᠠᠰᠢᠬᠳᠠᠢ ᠨᠦᠬᠦᠴᠡᠯ ᠡᠬᠦᠳᠴᠤ᠂ ᠴᠠᠭ ᠲᠤᠬᠢᠶᠠᠯ ᠢ ᠠᠮᠵᠢᠨ ᠠᠵᠤ ᠦᠢᠯᠡᠰ ᠤᠨ ᠡᠷᠬᠢᠯᠳᠠ᠂ ᠵᠠᠬ᠎ᠠ ᠲᠡᠯᠭᠡᠬᠦᠷ ᠤᠨ ᠡᠷᠬᠢᠯᠳᠠ᠂ ᠠᠵᠤ ᠠᠬᠤᠢ ᠶᠢᠨ ᠡᠷᠬᠢᠯᠳᠠ ᠶᠢ ᠰᠢᠯᠤᠭᠤᠳᠬᠠᠬᠤ ᠭᠡᠷᠡᠭᠳᠠᠢ᠃ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠲᠤᠬᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠠᠵᠢᠯ ᠲᠦᠷᠦᠯ ᠪᠤᠯᠤᠨ ᠲᠤᠮᠳᠠ ᠪᠠᠭ᠎ᠠ ᠵᠢᠵᠢᠭ ᠠᠵᠤ ᠠᠬᠤᠢᠢᠯᠠᠯ ᠢ ᠲᠡᠮᠵᠢᠬᠦ ᠡᠷᠴᠢᠮ ᠢᠶᠠᠨ ᠴᠢᠩᠭᠠᠳᠬᠠᠵᠤ᠂ ᠤᠯᠤᠰ ᠤᠨ ᠲᠤᠳᠤᠭᠠᠳᠤ ᠶᠢᠨ ᠭᠡᠷᠡᠭᠴᠡᠭᠡ ᠶᠢ ᠬᠦᠴᠤᠯᠠᠨ ᠦᠷᠭᠡᠳᠭᠡᠵᠤ᠂ ᠡᠯ᠎ᠡ ᠲᠦᠷᠦᠯ ᠤᠨ ᠬᠤᠳᠠᠯᠳᠤᠭᠠᠨ ᠤ ᠲᠠᠯᠠᠪᠠᠢ᠂ ᠵᠠᠬ᠎ᠠ ᠲᠡᠯᠭᠡᠬᠦᠷ ᠤᠨ ᠠᠵᠢᠯ ᠢᠶᠠᠨ ᠰᠡᠷᠭᠦᠭᠡᠵᠤ ᠵᠠᠬ᠎ᠠ ᠲᠡᠯᠭᠡᠬᠦᠷ ᠢᠶᠠᠨ ᠰᠡᠷᠬᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠬᠡᠪ ᠤᠨ ᠡᠵᠡᠩᠨᠡᠯᠳᠠ ᠶᠢ ᠠᠬᠢᠭᠤᠯᠵᠤ᠂ ᠰᠠᠭᠤᠭᠠᠯᠢ ᠠᠷᠠᠳ ᠤᠨ ᠭᠡᠷᠡᠭᠯᠡᠭᠡ ᠶᠢ ᠢᠳᠡᠪᠬᠢᠳᠠᠢ ᠦᠷᠭᠡᠳᠭᠡᠵᠤ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠬᠠᠨᠭ᠍ᠭᠠᠯᠭ᠎ᠠ ᠭᠡᠷᠡᠭᠴᠡᠭᠡ ᠶᠢᠨ ᠰᠠᠶᠢᠨ ᠬᠤᠷᠰᠢᠯᠴᠠᠭ᠎ᠠ ᠶᠢ ᠪᠦᠷᠢᠯᠳᠦᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ ᠭᠡᠷᠡᠭᠳᠠᠢ᠃ ᠮᠠᠨ ᠤ ᠤᠯᠤᠰ ᠤᠨ ᠬᠦᠳᠡᠭᠡ ᠠᠵᠤ ᠠᠬᠤᠢ ᠵᠢᠯ ᠳᠠᠷᠠᠭᠠᠯᠠᠨ ᠡᠯᠪᠡᠭ ᠬᠤᠷᠢᠶᠠᠯᠳᠠ ᠤᠯᠵᠤ᠂ ᠠᠮᠤ ᠪᠤᠳᠠᠭᠠᠨ ᠤ ᠨᠦᠬᠡᠴᠠ ᠡᠯᠪᠡᠭ ᠪᠠᠶᠢᠭ᠎ᠠ ᠪᠤᠯᠬᠤᠷ᠂ ᠠᠮᠤ ᠪᠤᠳᠠᠭ᠎ᠠ ᠪᠤᠯᠤᠨ ᠴᠢᠬᠤᠯᠠ ᠬᠦᠳᠡᠭᠡ ᠠᠵᠤ ᠠᠬᠤᠢ ᠶᠢᠨ ᠤᠢᠢᠯᠡᠳᠬᠦᠨ ᠤ ᠬᠠᠩᠭᠠᠯᠭ᠎ᠠ ᠶᠢ ᠪᠦᠷᠢᠮᠤᠰᠤᠨ ᠪᠠᠳᠤᠯᠠᠬᠤ ᠴᠢᠳᠠᠪᠤᠷᠢᠳᠠᠢ ᠶᠤᠮ᠃ ᠬᠠᠪᠤᠷ ᠤᠨ ᠤᠯᠠᠷᠢᠯ ᠤᠨ ᠬᠦᠳᠡᠭᠡ ᠠᠵᠤ ᠠᠬᠤᠢ ᠶᠢᠨ ᠤᠢᠢᠯᠡᠳᠪᠤᠷᠢᠯᠡᠯ ᠢ ᠰᠠᠶᠢᠳᠤᠷ ᠠᠳᠬᠤᠵᠤ᠂ ᠠᠮᠤ ᠪᠤᠳᠠᠭᠠᠨ ᠤ ᠵᠠᠬ᠎ᠠ ᠲᠡᠯᠬᠡᠬᠦᠷ ᠤᠨ ᠦᠨ᠎ᠠ ᠬᠠᠩᠰᠢ ᠶᠢ ᠬᠢᠨᠠᠨ ᠭᠡᠮᠵᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ᠭᠠᠭ᠋ᠠᠢ ᠶᠢᠨ ᠮᠢᠬ᠎ᠠ᠂ ᠵᠢᠮᠢᠰ ᠢᠳᠡᠰᠢᠨ ᠨᠤᠭᠤᠭ᠎ᠠ ᠵᠡᠷᠬᠡ ᠬᠤᠯᠢᠰᠢᠨ ᠢᠳᠡᠬᠡᠨ ᠤ ᠤᠢᠢᠯᠡᠳᠪᠤᠷᠢᠯᠡᠯ ᠬᠦᠢᠯᠬᠡᠬᠡᠨ ᠢ ᠵᠤᠬᠢᠶᠠᠨ ᠪᠠᠶᠢᠭᠤᠯᠬᠤ ᠠᠵᠢᠯ ᠢ ᠦᠷᠬᠦᠯᠵᠢᠯᠠᠨ ᠰᠠᠶᠢᠳᠤᠷ ᠬᠢᠵᠤ᠂ ᠵᠠᠬ᠎ᠠ ᠲᠡᠯᠬᠡᠬᠦᠷ ᠤᠨ ᠬᠠᠩᠭᠠᠯᠭ᠎ᠠ ᠪᠤᠯᠤᠨ ᠦᠨ᠎ᠠ ᠬᠠᠩᠰᠢ ᠶᠢᠨ ᠦᠨᠳᠤᠰᠤᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠬᠤ ᠭᠡᠷᠡᠭᠳᠠᠢ᠃ ᠬᠦᠴᠢᠷᠳᠠᠯᠳᠠᠢ ᠤᠯᠠᠨ ᠲᠦᠮᠡᠨ ᠤ ᠦᠨᠳᠤᠰᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠵᠤ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ᠂ ᠠᠰᠠᠷᠠᠮᠵᠢ ᠶᠢᠨ ᠮᠦᠩᠬᠦ ᠵᠡᠷᠬᠡ ᠪᠠᠳᠤᠯᠠᠪᠤᠷᠢ ᠶᠢᠨ ᠪᠠᠷᠢᠮᠵᠢᠶ᠎ᠠ ᠢ ᠵᠤᠬᠢᠬᠤ ᠬᠡᠮᠵᠢᠶ᠎ᠠ ᠪᠠᠷ ᠲᠡᠭᠡᠭᠰᠢᠯᠡᠬᠦᠯᠵᠤ᠂ ᠬᠢᠵᠢᠭ ᠤᠨ ᠪᠠᠶᠢᠳᠠᠯ ᠪᠤᠯᠤᠨ ᠡᠪᠡᠳᠴᠢᠨ ᠠᠴᠠ ᠪᠤᠯᠵᠤ ᠬᠦᠴᠢᠷᠳᠠᠯ ᠳᠤ ᠲᠤᠯᠭᠠᠷᠬᠠᠰᠠᠨ ᠬᠦᠮᠤᠰ ᠢ ᠠᠪᠤᠷᠠᠨ ᠲᠤᠰᠠᠯᠠᠬᠤ ᠬᠦᠷᠢᠶᠠᠨ ᠳᠤ ᠤᠷᠤᠭᠤᠯᠵᠤ᠂ ᠬᠢᠵᠢᠭ ᠤᠨ ᠪᠠᠶᠢᠳᠠᠯ ᠤᠨ ᠨᠦᠯᠤᠬᠡ ᠬᠦᠨᠳᠤ ᠨᠤᠴᠢᠳᠠᠢ ᠭᠠᠵᠠᠷ ᠤᠷᠤᠨ ᠳᠤ ᠲᠦᠷ ᠴᠠᠬ ᠤᠨ ᠠᠮᠢᠳᠤᠷᠠᠯ ᠤᠨ ᠨᠦᠬᠦᠪᠤᠷᠢ ᠦᠭᠴᠤ᠂ ᠬᠤᠯᠪᠤᠬᠳᠠᠯ ᠪᠦᠬᠦᠢ ᠦᠨ᠎ᠠ ᠬᠠᠩᠰᠢ ᠶᠢᠨ ᠨᠦᠬᠦᠪᠤᠷᠢ ᠶᠢᠨ ᠬᠤᠯᠪᠤᠭᠠᠳᠦ ᠲᠤᠭᠳᠠᠴᠠ ᠶᠢ ᠴᠠᠬ ᠲᠤᠬᠠᠢ ᠳᠤᠨᠢ ᠡᠬᠢᠯᠡᠬᠦᠯᠬᠦ ᠭᠡᠷᠡᠭᠳᠠᠢ᠃ ᠠᠵᠢᠯ ᠠᠯᠳᠠᠯᠳᠠ ᠶᠢᠨ ᠲᠠᠭᠠᠳᠬᠠᠯ ᠤᠨ ᠪᠦᠷᠬᠦᠬᠦ ᠬᠡᠪᠴᠢᠶ᠎ᠠ ᠶᠢ ᠦᠷᠬᠡᠳᠬᠡᠵᠤ᠂ ᠠᠵᠢᠯ ᠠᠯᠳᠠᠬᠰᠠᠳ ᠤᠨ ᠦᠨᠳᠤᠰᠤᠨ ᠠᠮᠢᠳᠤᠷᠠᠯ ᠢ ᠰᠠᠶᠢᠳᠤᠷ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃      ᠬᠤᠷᠠᠯ ᠠᠴᠠ᠂ ᠠᠮᠤᠷ ᠲᠦᠪᠰᠢᠨ ᠤ ᠠᠶᠤᠯ ᠲᠦᠭᠰᠢᠬᠦᠷᠢ ᠢ ᠰᠡᠷᠬᠡᠶᠢᠯᠡᠬᠦ ᠡᠯ᠎ᠠ ᠵᠦᠢᠯ ᠤᠨ ᠠᠵᠢᠯ ᠢ ᠰᠠᠶᠢᠳᠤᠷ ᠠᠳᠬᠤᠬᠤ ᠭᠡᠷᠡᠭᠳᠠᠢ᠃ ᠠᠮᠢ ᠨᠠᠰᠤ ᠶᠠᠭᠤᠨ ᠠᠴᠠ ᠴᠤ ᠡᠷᠬᠢᠮ᠂ ᠠᠮᠤᠷ ᠲᠦᠪᠰᠢᠨ ᠢ ᠡᠩ ᠲᠡᠷᠢᠬᠦᠨ ᠳᠤ ᠲᠠᠯᠪᠢᠬᠤ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠠᠶᠤᠯᠬᠦᠢ ᠤᠢᠢᠯᠡᠳᠪᠤᠷᠢᠯᠡᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠠᠶᠤᠯᠬᠦᠢ ᠤᠢᠢᠯᠡᠳᠪᠤᠷᠢᠯᠡᠯ ᠪᠤᠯᠤᠨ ᠤᠢ ᠰᠢᠭᠤᠢ ᠨᠤᠳᠤᠭ ᠪᠡᠯᠴᠢᠭᠡᠷ ᠤᠨ ᠲᠦᠢᠮᠠᠷ ᠢ ᠰᠡᠷᠬᠡᠶᠢᠯᠡᠬᠦ᠂ ᠦᠶᠡᠷ ᠢ ᠰᠡᠷᠬᠡᠶᠢᠯᠡᠵᠤ ᠭᠠᠩ ᠬᠠᠭᠰᠠᠷᠠᠭᠠᠨ ᠲᠠᠢ ᠲᠡᠮᠡᠴᠡᠬᠦ ᠵᠡᠷᠬᠡ ᠭᠠᠮᠰᠢᠬ ᠢ ᠰᠡᠷᠬᠡᠶᠢᠯᠡᠨ ᠭᠠᠮᠰᠢᠬ ᠢ ᠪᠠᠭᠠᠰᠬᠠᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠬᠦ ᠭᠡᠷᠡᠭᠳᠠᠢ᠃ ᠡᠯ᠎ᠠ ᠵᠦᠢᠯ ᠤᠨ ᠠᠶᠤᠯ ᠲᠦᠭᠰᠢᠬᠦᠷᠢ ᠶᠢᠨ ᠬᠡᠮ ᠰᠤᠭᠤᠬ ᠢ ᠬᠦᠨᠵᠡᠬᠡᠢ ᠵᠢᠬᠰᠠᠭᠠᠨ ᠪᠠᠶᠢᠴᠠᠭᠠᠵᠤ᠂ ᠡᠯ᠎ᠠ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠤᠯ ᠢ ᠲᠡᠬᠦᠯᠳᠡᠷᠵᠢᠬᠦᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠬᠦᠯᠵᠤ᠂ ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠤᠩᠬᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号