ᠪᠦᠬᠦ ᠤᠯᠤᠰ ᠲᠤ ᠨᠢᠭᠡᠳᠦᠭᠡᠷ ᠲᠤ ᠣᠷᠣᠨ᠎ᠠ︕ ᠲᠠᠨ ᠢ ᠳᠠᠭᠠᠭᠤᠯᠵᠤ ᠥᠭᠡᠷᠡᠴᠢᠯᠡᠯᠲᠡ ᠨᠡᠭᠡᠭᠡᠯᠲᠡ ᠬᠢᠭᠰᠡᠨ 43 ᠵᠢᠯ ᠤᠨ ᠥᠪᠥᠷ ᠮᠣᠩᠭᠤᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ ᠵᠢᠵᠢᠭ ᠰᠠᠵᠢᠭ ᠵᠦᠢᠯ ᠢ ᠡᠷᠭᠢᠴᠡᠭᠦᠯᠦᠶ᠎ᠡ
ᠨᠡᠶᠢᠲᠡᠯᠡᠭᠰᠡᠨ ᠴᠠᠭ᠄
2021/11/4
   ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 4398.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠡᠭᠦᠨ ᠳᠤ᠂ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠵᠦ᠂ 1 — 8 ᠰᠠᠷ᠎ᠠ ᠶᠢᠨ ᠬᠢ ᠠᠴᠠ 0.7 ᠵᠠᠭᠤᠨ ᠤ ᠨᠢᠭᠡᠴᠢ ᠳᠡᠭᠡᠭᠰᠢᠯᠡᠵᠡᠶ︔ 9 ᠳ᠋ᠦᠭᠡᠷ ᠰᠠᠷ᠎ᠠ ᠳᠤ᠂ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.9% ᠪᠠᠷ ᠨᠡᠮᠡᠭᠳᠡᠵᠦ᠂ 8 ᠳ᠋ᠤᠭᠠᠷ ᠰᠠᠷ᠎ᠠ ᠶᠢᠨ ᠬᠢ ᠠᠴᠠ 8.2 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠢᠯᠡᠳᠲᠡ ᠲᠦᠷᠭᠡᠰᠬᠦ ᠬᠠᠨᠳᠤᠰᠢ ᠲᠠᠢ ᠪᠣᠯᠵᠣ᠂ ᠵᠡᠭᠦᠨ ᠬᠤᠶᠢᠲᠤ ᠣᠷᠣᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠶ ᠲᠤᠯᠭᠠᠭᠤᠷᠢᠯᠠᠭᠰᠠᠨ ᠪᠠᠶᠢᠨ᠎ᠠ᠃     1978 ᠣᠨ ᠳᠤ ᠥᠪᠥᠷ ᠮᠣᠩᠭᠤᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 38 ᠳ᠋ᠦᠩᠰᠢᠭᠤᠷ ᠭᠷᠠᠳᠦ᠋ᠰ ᠲᠤ ᠬᠦᠷᠴᠦ᠂ ᠪᠦᠬᠦ ᠤᠯᠤᠰ ᠤᠨ 1.1% ᠶᠢ ᠯᠠ ᠡᠵᠡᠯᠡᠵᠡᠶ᠃ ᠥᠪᠥᠷ ᠮᠣᠩᠭᠤᠯ ᠤᠨ ᠡᠯᠪᠡᠭ ᠳᠡᠯᠪᠡᠭ ᠨᠡᠭᠦᠷᠡᠰᠦ᠂ ᠥᠩᠭᠡ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠴᠠᠬᠢᠯᠭᠠᠨ ᠤ ᠲᠣᠤᠷ ᠤᠨ ᠰᠠᠭᠤᠷᠢ ᠪᠥᠲᠥᠭᠡᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠵᠦ᠂ ᠨᠢᠭᠡ ᠵᠠᠮ ᠢᠶᠠᠷ ᠨᠡᠬᠡᠵᠦ᠂ 2003 ᠣᠨ ᠠᠴᠠ ᠡᠬᠢᠯᠡᠨ᠂ ᠥᠪᠥᠷ ᠮᠣᠩᠭᠤᠯ ᠪᠥᠬᠦ ᠤᠯᠤᠰ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠲᠦᠷᠦᠭᠦᠤ ᠠᠷᠪᠠᠨ ᠬᠤᠶᠠᠷ ᠲᠤ ᠣᠷᠣᠪᠠ᠃ ᠡᠭᠦᠨ ᠠᠴᠠ ᠡᠬᠢᠯᠡᠨ ᠥᠪᠥᠷ ᠮᠣᠩᠭᠤᠯ ᠳᠠᠰᠤᠷᠠᠯᠳᠠ ᠦᠬᠡᠢ ᠳᠠᠪᠠᠵᠤ᠂ ᠴᠠᠬᠢᠯᠭᠠᠨ ᠭᠠᠷᠭᠠᠬᠤ ᠬᠡᠮᠵᠢᠶ᠎ᠡ ᠬᠤᠶᠢᠨ᠎ᠠ ᠬᠤᠶᠢᠨ᠎ᠠ ᠠᠴᠠ ᠪᠠᠨ ᠲᠦᠷᠦᠭᠦᠯᠡᠵᠦ᠂ ᠲᠣᠭᠲᠠᠭᠤᠨ ᠢᠶᠠᠷ ᠳᠡᠭᠡᠭᠰᠢᠯᠡᠵᠦ᠂ 2020 ᠣᠨ ᠪᠣᠯᠬᠤ ᠳᠤ ᠴᠠᠬᠢᠯᠭᠠᠨ ᠭᠠᠷᠭᠠᠬᠤ ᠬᠡᠮᠵᠢ᠊ ᠡᠶ᠎ᠡ 5811 ᠳ᠋ᠦᠩᠰᠢᠭᠤᠷ ᠭᠷᠠᠳᠦ᠋ᠰ ᠲᠤ ᠬᠦᠷᠴᠦ᠂ ᠪᠦᠬᠦ ᠤᠯᠤᠰ ᠤᠨ ᠨᠢᠭᠡᠳᠦᠭᠡᠷ ᠲᠤ ᠣᠷᠣᠵᠤ᠂ ᠪᠦᠬᠦ ᠤᠯᠤᠰ ᠤᠨ 7.2% ᠢ ᠡᠵᠡᠯᠡᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ 43 ᠵᠢᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠴᠠᠬᠢᠯᠭᠠᠨ ᠭᠠᠷᠭᠠᠬᠤ ᠬᠡᠮᠵᠢᠶ᠎ᠡ ᠵᠢᠯ ᠪᠦᠷᠢ ᠳᠤᠮᠳᠠᠴᠢ ᠪᠠᠷ 12.7% ᠨᠡᠮᠡᠭᠳᠡᠵᠦ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 4.8 ᠵᠠᠭᠤᠨ ᠤ ᠨᠢᠭᠡᠴᠢ ᠥᠨᠳᠥᠷ ᠪᠣᠯᠵᠠᠶ᠃     1987 ᠣᠨ ᠳᠤ ᠪᠥᠬᠦ ᠣᠷᠣᠨ ᠤ ᠴᠠᠬᠢᠯᠭᠠᠨ ᠭᠠᠷᠭᠠᠬᠤ ᠬᠡᠮᠵᠢᠶ᠎ᠡ 127 ᠳ᠋ᠦᠩᠰᠢᠭᠤᠷ ᠺᠢᠯᠣᠸᠠᠲ ᠴᠠᠭ ᠠᠴᠠ 2020 ᠣᠨ ᠪᠣᠯᠬᠤ ᠳᠤ 5811 ᠳ᠋ᠦᠩᠰᠢᠭᠤᠷ ᠺᠢᠯᠣᠸᠠᠲ ᠴᠠᠭ ᠪᠣᠯᠲᠠᠯ᠎ᠠ᠂ ᠣᠬᠤᠷᠬᠠᠨ 33 ᠵᠢᠯ ᠳᠤ᠂ ᠥᠪᠥᠷ ᠮᠣᠩᠭᠤᠯ ᠤᠨ ᠡᠯ᠎ᠡ ᠠᠶᠢᠮᠠᠭ ᠬᠤᠲᠠ ᠶᠢᠨ ᠴᠠᠬᠢᠯᠭᠠᠨ ᠬᠦᠴᠦᠨ ᠲᠦᠷᠭᠡᠨ ᠬᠥᠭᠵᠢᠵᠦ᠂ ᠴᠠᠬᠢᠯᠭᠠᠨ ᠭᠠᠷᠭᠠᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠴᠡᠶ᠂ ᠡᠭᠦᠨ ᠳᠤ ᠣᠷᠳᠣᠰ ᠬᠤᠲᠠ ᠡᠯᠪᠡᠭ ᠳᠡᠯᠪᠡᠭ ᠨᠡᠭᠦᠷᠡᠰᠦᠨ ᠤ ᠡᠬᠢ ᠪᠠᠶᠠᠯᠢᠭ ᠪᠠ ᠳᠡᠭᠡᠳᠦ ᠬᠡᠮᠵᠢᠶ᠎ᠡ ᠪᠠᠷ ᠬᠥᠭᠵᠢᠭᠰᠡᠨ ᠠᠵᠤ ᠦᠶ᠋ᠯᠡᠳᠪᠦᠷᠢ ᠶᠢᠨ ᠰᠢᠰᠲ᠋ᠧᠮᠵᠢ ᠳᠤ ᠲᠦᠰᠢᠭᠯᠡᠨ᠂ ᠭᠠᠯ ᠤᠨ ᠬᠦᠴᠦᠨ ᠤ ᠴᠠᠬᠢᠯᠭᠠᠨ ᠭᠠᠷᠭᠠᠬᠤ ᠶᠢ ᠶᠡᠬᠡᠪᠡᠷ ᠬᠥᠭᠵᠢᠭᠦᠯᠵᠦ᠂ ᠴᠠᠬᠢᠯᠭᠠᠨ ᠭᠠᠷᠭᠠᠬᠤ ᠬᠡᠮᠵᠢᠶ᠎ᠡ ᠨᠢ ᠵᠢᠯ ᠲᠤᠷᠰᠢ ᠪᠥᠬᠦ ᠣᠷᠣᠨ ᠤ ᠨᠢᠭᠡᠳᠦᠭᠡᠷ ᠲᠤ ᠣᠷᠣᠨ᠎ᠠ︔ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠵᠢᠴᠢ ᠥᠪᠥᠷ ᠮᠣᠩᠭᠤᠯ ᠤᠨ ᠳᠤᠮᠳᠠ ᠬᠡᠰᠡᠭ ᠤᠨ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠪᠣᠯᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠪᠠᠶᠠᠨᠨᠠᠭᠤᠷ ᠬᠤᠲᠠ᠂ ᠠᠯᠠᠱᠠ ᠠᠶᠢᠮᠠᠭ ᠲᠤᠬᠠᠶ ᠶᠢᠨ ᠭᠠᠵᠠᠷ ᠤᠨ ᠥᠩᠭᠡ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶ᠋ᠴᠡᠳ ᠪᠠᠳᠠᠷᠠᠭᠤᠯᠵᠤ ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠪᠡ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号