【 ᠨᠢᠭᠡᠳᠦᠭᠡᠷ ᠱᠦᠵᠢ ᠶᠢᠨ ᠴᠤᠭ ᠵᠢᠪᠬᠤᠭ᠎ᠠ 】 ᠡᠵᠡᠨ ᠬᠤᠷᠤᠭ᠎ᠠ ᠬᠤᠰᠢᠭᠤᠨ ᠳᠤ ᠼᠤᠤ ᠶᠢᠨ ᠦᠢᠯᠡᠳᠪᠦᠷᠢ ᠡᠷᠬᠢᠯᠡᠬᠦ ᠨᠢᠭᠡᠳᠦᠭᠡᠷ ᠱᠦᠵᠢ ᠪᠠᠶᠢᠨ᠎ᠠ
ᠨᠡᠶᠢᠲᠡᠯᠡᠭᠰᠡᠨ ᠴᠠᠭ᠄
2021/12/2
   ᠡᠵᠡᠨ ᠬᠤᠷᠤᠭ᠎ᠠ ᠬᠤᠰᠢᠭᠤᠨ ᠤ ᠤᠯᠠᠭᠠᠨ ᠮᠥᠷᠡᠨ ᠪᠠᠯᠭᠠᠰᠤ ᠶᠢᠨ ᠰᠦᠯᠳᠡ ᠶᠢᠨ ᠬᠤᠷᠤᠭ᠎ᠠ ᠲᠣᠰᠬᠤᠨ ᠤ ︽ᠷᠦᠩ ᠰᠢᠨ ᠼᠤᠤ ᠶᠢᠨ ᠦᠢᠯᠡᠰ︾ ᠳᠤ᠂ ᠬᠡᠳᠦᠨ ᠠᠷᠪᠠᠨ ᠶᠡᠭᠡ ᠼᠤᠤ ᠶᠢᠨ ᠪᠤᠳᠦᠩ ᠨᠡᠷᠡᠨ ᠳᠤ ᠰᠢᠷᠠᠭᠳᠠᠨ᠎ᠠ᠃    ︽ᠡᠪᠦᠯ ᠳᠡᠭᠡᠨ ᠮᠥᠰᠥ ᠶᠢ ᠰᠢᠭᠦᠵᠦ᠂ ᠵᠤᠨ ᠳᠠᠭᠠᠨ ᠼᠤᠤ ᠶᠢ ᠬᠠᠲᠠᠭᠠᠨ᠎ᠠ᠃︾ 44 ᠨᠠᠰᠤᠲᠠᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠴᠢᠦᠢ ᠵᠢᠩ ᠳ᠋ᠦᠩ ᠤᠨ ᠲᠠᠨᠢᠯᠴᠠᠭᠤᠯᠤᠭᠰᠠᠨ ᠢᠶᠠᠷ᠂ ︽ᠵᠤᠨ ᠤ ᠬᠠᠲᠠᠭᠠᠮᠠᠯ ᠼᠤᠤ︾ ᠪᠣᠯ ᠱᠠᠨ ᠰᠢ ᠶᠢᠨ ᠤᠯᠠᠮᠵᠢᠯᠠᠯᠲᠤ ᠬᠠᠭᠤᠴᠢᠨ ᠼᠤᠤ ᠶᠢ ᠨᠡᠷᠡᠬᠦ ᠭᠠᠷ ᠤᠷᠠᠯᠠᠯ ᠪᠣᠯᠤᠨ᠎ᠠ᠂ ᠨᠢᠭᠡ ᠪᠣᠳᠣᠩ ᠰᠠᠶᠢᠨ ᠪᠦᠲᠦᠭᠡᠭᠳᠡᠬᠦᠨ ᠤ ᠼᠤᠤ ᠶᠢ ᠤᠷᠳᠤ ᠬᠤᠭᠤᠴᠠᠭ᠎ᠠ ᠪᠠᠷ ᠨᠡᠷᠡᠨ ᠳᠤ ᠡᠭᠡᠭᠡᠬᠦ ᠬᠡᠷᠡᠭᠲᠡᠢ᠃    ᠴᠢᠦᠶ ᠵᠢᠩ ᠳ᠋ᠦᠩ ᠪᠣᠯ ᠡᠵᠡᠨ ᠬᠤᠷᠤᠭ᠎ᠠ ᠬᠤᠰᠢᠭᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠢᠭᠡᠨ ᠺᠠᠳ᠋ᠷ ᠮᠥᠨ᠂ 2019 ᠣᠨ ᠳᠤ ᠰᠠᠨᠠᠭᠠᠴᠢᠯᠠᠭ᠎ᠠ ᠠᠴᠠ ᠪᠠᠨ ᠲᠣᠰᠬᠤᠨ ᠳᠤ ᠰᠠᠭᠤᠬᠤ ᠪᠠᠷ ᠭᠤᠶᠤᠴᠢᠯᠠᠵᠠᠶ᠃ ᠲᠤᠬᠠᠢ ᠶᠢᠨ ᠦᠶ᠎ᠡ ᠶᠢᠨ ᠰᠦᠯᠳᠡ ᠶᠢᠨ ᠬᠤᠯᠤ ᠲᠣᠰᠬᠤᠨ ᠨᠡᠭᠦᠷᠡᠰᠦ ᠮᠠᠯᠲᠠᠭᠰᠠᠨ ᠠᠴᠠ ᠪᠤᠯᠵᠥ ᠳᠣᠭᠤᠭᠰᠢ ᠰᠠᠭᠤᠭᠰᠠᠨ ᠣᠷᠣᠨ ᠳᠤ ᠪᠠᠶᠢᠵᠤ᠂ ᠨᠡᠭᠦᠳᠡᠯ ᠠᠷᠠᠳ ᠨᠡᠭᠦᠭᠰᠡᠨ ᠤ ᠲᠠᠷᠠᠭ᠎ᠠ ᠶᠡᠬᠡᠩᠬᠢ ᠬᠡᠰᠡᠭ ᠭᠠᠵᠠᠷ ᠰᠢᠷᠣᠢ ᠶᠢ ᠠᠲᠠᠷᠰᠢᠭᠤᠯᠵᠤ᠂ ᠤᠤᠯ ᠤᠨ ᠭᠠᠯ ᠤᠯᠠᠭᠠᠨ ᠪᠠᠶᠢᠭᠰᠠᠨ ᠲᠣᠰᠬᠤᠨ ᠠᠴᠠ ᠡᠷᠬᠢᠯᠡᠭᠰᠡᠨ ᠵᠣᠴᠢᠳ ᠤᠨ ᠪᠠᠭᠤᠳᠠᠯ ᠠᠯᠢ ᠡᠷᠲᠡ ᠰᠤᠯᠠ ᠲᠠᠯᠪᠢᠭᠳᠠᠵᠤ᠂ ᠵᠥᠪᠬᠡᠨ ᠲᠣᠰᠬᠤᠨ ᠠᠴᠠ ᠡᠷᠬᠢᠯᠡᠭᠰᠡᠨ ᠬᠥᠳᠡᠯᠮᠦᠷᠢ ᠦᠢᠯᠡᠴᠢᠯᠡᠭᠡᠨ ᠤ ᠲᠡᠭᠡᠭᠡᠪᠦᠷᠢ ᠶᠢᠨ ᠺᠣᠮᠫᠠᠨᠢ ᠯᠠ ᠠᠯᠪᠠ ᠪᠠᠷ ᠡᠵᠡᠩᠨᠡᠵᠦ ᠪᠠᠶᠢᠪᠠ᠃    ᠠᠵᠤ ᠦᠢᠯᠡᠰ ᠤᠨ ᠬᠥᠭᠵᠢᠯᠲᠡ ᠶᠠᠮᠠᠷ ᠵᠠᠮ ᠢᠶᠠᠷ ᠵᠠᠮᠨᠠᠬᠤ ᠪᠤᠢ︖ ᠴᠢᠦᠶ ᠵᠢᠩ ᠳ᠋ᠦᠩ ᠭᠠᠴᠠᠭᠠᠨ ᠤ ︽ᠬᠤᠶᠠᠷ ᠵᠥᠪᠯᠡᠯ︾ ᠲᠠᠢ ᠵᠥᠪᠳᠡᠯᠴᠡᠭᠰᠡᠨ ᠤ ᠲᠠᠷᠠᠭ᠎ᠠ᠂ ᠰᠤᠯᠠ ᠪᠠᠶᠢᠬᠤ ᠪᠠᠭᠤᠳᠠᠯ ᠪᠠ ᠠᠲᠠᠷᠰᠢᠭᠤᠯᠤᠭᠰᠠᠨ ᠭᠠᠵᠠᠷ ᠢ ᠠᠰᠢᠭᠯᠠᠨ ᠴᠡᠪᠡᠷ ᠠᠮᠤ ᠪᠤᠳᠠᠭ᠎ᠠ ᠪᠠᠷ ᠼᠤᠤ ᠨᠡᠷᠡᠬᠦ ᠦᠢᠯᠡᠳᠪᠦᠷᠢ ᠪᠠᠶᠢᠭᠤᠯᠬᠤ ᠪᠠᠷ ᠲᠣᠭᠲᠠᠪᠠ᠃ ᠲᠡᠷᠡ ᠨᠢᠭᠡ ᠲᠠᠯ᠎ᠠ ᠪᠠᠷ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠡᠷᠡᠭᠦᠯ ᠬᠠᠮᠠᠭᠠᠯᠠᠯ ᠤᠨ ᠤᠬᠠᠭᠠᠨ ᠤ ᠪᠠᠶᠢᠴᠠᠭᠠᠨ ᠬᠡᠮᠵᠢᠯᠲᠡ᠂ ᠺᠣᠮᠫᠠᠨᠢ ᠶᠢᠨ ᠳᠠᠩᠰᠠᠯᠠᠯᠲᠠ᠂ ᠲᠦᠭᠦᠬᠡᠢ ᠮᠠᠲ᠋ᠧᠷᠢᠶᠠᠯ ᠵᠢᠴᠢ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠠᠪᠤᠳᠠᠯ ᠢ ᠵᠣᠯᠭᠠᠭᠤᠯᠬᠤ ᠶᠢ ᠬᠠᠷᠢᠭᠤᠴᠠᠵᠤ᠂ ᠨᠦᠭᠦᠭᠡ ᠲᠠᠯ᠎ᠠ ᠪᠠᠷ ᠼᠤᠤ ᠶᠢᠨ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠳᠤ ᠲᠦᠷᠦᠯ ᠵᠦᠢᠯ ᠤᠨ ᠪᠡᠯᠡ ᠮᠥᠩᠭᠦ 50 ᠲᠦᠮᠡᠨ ᠲᠥᠭᠦᠷᠢᠭ᠂ ᠲᠣᠰᠬᠤᠨ ᠳᠤ ᠰᠠᠭᠤᠭ᠎ᠠ ᠠᠭᠤᠷᠬᠠᠢ ᠶᠢᠨ ᠠᠵᠤ ᠠᠬᠤᠶᠢᠯᠠᠯ ᠤᠨ ᠳᠡᠮᠵᠢᠯᠭᠡ ᠶᠢᠨ ᠪᠡᠯᠡ ᠮᠥᠩᠭᠦ 15 ᠲᠦᠮᠡᠨ ᠲᠥᠭᠦᠷᠢᠭ ᠢ ᠲᠡᠮᠡᠴᠡᠨ ᠤᠯᠪᠠ᠃ ᠲᠡᠷᠡ ᠪᠠᠰᠠ ᠬᠤᠳᠠ᠂ ᠬᠤᠰᠢᠭᠤ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠢ ᠤᠯᠠᠨ ᠤᠳᠠᠭ᠎ᠠ ᠤᠷᠢᠵᠤ ᠲᠤᠬᠠᠢ ᠶᠢᠨ ᠲᠠᠯᠠᠪᠠᠢ ᠳᠤ ᠣᠴᠢᠭᠤᠯᠵᠤ᠂ ᠢᠳᠡᠰᠢᠨ ᠼᠤᠤ ᠶᠢᠨ ᠦᠢᠯᠡᠳᠪᠦᠷᠢ ᠶᠢᠨ ᠪᠠᠶᠢᠷᠢᠰᠢᠭᠤᠯᠤᠯᠲᠠ ᠪᠣᠯᠤᠨ ᠭᠠᠷ ᠤᠷᠠᠯᠠᠯ ᠤᠨ ᠶᠠᠪᠤᠴᠠ ᠶᠢ ᠬᠠᠪᠰᠤᠷᠤᠨ ᠲᠥᠰᠦᠪᠯᠡᠵᠡᠢ᠃    ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ᠂ ᠬᠡᠳᠦᠨ ᠰᠠᠷ᠎ᠠ ᠶᠢᠨ ᠰᠢᠷᠭᠠᠭᠤ ᠠᠵᠢᠯᠯᠠᠭ᠎ᠠ ᠪᠠᠷ ᠳᠠᠮᠵᠢᠨ᠂ ᠶᠡᠷᠦᠩᠬᠡᠢ ᠪᠡᠯᠡ ᠣᠷᠣᠭᠤᠯᠤᠯᠲᠠ ᠨᠢ 520 ᠲᠦᠮᠡᠨ ᠲᠥᠭᠦᠷᠢᠭ᠂ ᠵᠢᠯ ᠤᠨ ᠭᠠᠷᠤᠯᠲᠠ ᠨᠢ 360 ᠲᠣᠨ ᠳᠤ ᠬᠦᠷᠦᠭᠰᠡᠨ ᠴᠡᠪᠡᠷ ᠠᠮᠤ ᠪᠤᠳᠠᠭᠠᠨ ᠤ ᠼᠤᠤ ᠶᠢᠨ ᠦᠢᠯᠡᠳᠪᠦᠷᠢ ᠵᠢᠩᠬᠢᠨᠢ ᠪᠠᠷ ᠪᠠᠶᠢᠭᠤᠯᠤᠭᠳᠠᠪᠠ᠃ ᠲᠤᠷᠰᠢᠨ ᠦᠢᠯᠡᠳᠪᠦᠷᠢᠯᠡᠬᠦ ᠬᠤᠭᠤᠴᠠᠭᠠᠨ ᠳᠤ᠂ ᠴᠢᠦᠢ ᠵᠢᠩ ᠳ᠋ᠦᠩ ᠰᠠᠶᠢᠨ ᠳᠤᠷ᠎ᠠ ᠠᠴᠠ ᠪᠠᠨ ᠡᠷᠡᠯᠬᠡᠭᠯᠡᠨ ᠲᠤᠷᠰᠢᠯᠲᠠ ᠶᠢᠨ ᠲᠠᠰᠤᠭ ᠤᠨ ᠰᠢᠨᠵᠢᠯᠡᠨ ᠰᠢᠯᠭᠠᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠦᠢᠯᠡᠳᠪᠦᠷᠢᠯᠡᠯ ᠳᠤ ᠰᠠᠭᠤᠷᠢ ᠲᠤᠭ᠎ᠠ ᠪᠠᠷᠢᠮᠲᠠ ᠪᠣᠯᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠼᠤᠤ ᠶᠢᠨ ᠦᠢᠯᠡᠳᠪᠦᠷᠢ ᠵᠢᠩᠬᠢᠨᠢ ᠪᠠᠷ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠴᠢᠦᠶ ᠵᠢᠩ ᠳ᠋ᠦᠩ ᠪᠠᠰᠠ ᠪᠣᠷᠣᠯᠠᠭᠤᠯᠤᠭᠴᠢ ᠪᠣᠯᠵᠤ᠂ ᠡᠨᠡ ᠵᠢᠯ ᠤᠨ 3 ᠰᠠᠷ᠎ᠠ ᠳᠤ ᠷᠦᠩ ᠰᠢᠨ ᠼᠤᠤ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠪᠣᠷᠣᠯᠠᠭᠤᠯᠭ᠎ᠠ ᠶᠢᠨ ᠬᠡᠯᠲᠡᠰ ᠤᠨ ᠳᠠᠭᠠᠭᠠᠮᠠᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠪᠠ᠃    ᠶᠠᠳᠠᠭᠤ ᠠᠴᠠ ᠠᠩᠭᠢᠵᠢᠷᠠᠭᠤᠯᠬᠤ ᠨᠢ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠭᠠᠷᠤᠭ᠎ᠠ ᠪᠣᠯᠤᠨ᠎ᠠ᠃ ᠡᠨᠡ ᠵᠢᠯ᠂ ᠲᠣᠰᠬᠤᠨ ᠳᠤ ᠰᠠᠭᠤᠬᠤ ᠬᠤᠭᠤᠴᠠᠭ᠎ᠠ ᠨᠢ ᠲᠤᠯᠤᠭᠰᠠᠨ ᠴᠢᠦᠶ ᠵᠢᠩ ᠳ᠋ᠦᠩ ᠦᠷᠭᠦᠯᠵᠢᠯᠡᠨ ᠦᠯᠡᠳᠡᠬᠦ ᠰᠣᠩᠭᠤᠯᠲᠠ ᠬᠢᠵᠡᠶ᠃ ︽ᠵᠢᠩ ᠳ᠋ᠦᠩ ᠪᠣᠯ ᠦᠨᠡᠬᠡᠷ ᠰᠠᠢᠨ ᠬᠥᠮᠦᠨ ᠶᠤᠮ︕︾ ᠭᠡᠵᠦ ᠰᠦᠯᠳᠡ ᠶᠢᠨ ᠬᠤᠷ᠎ᠠ ᠲᠣᠰᠬᠤᠨ ᠤ ᠨᠠᠮ ᠤᠨ ᠡᠭᠦᠷ ᠤᠨ ᠱᠦᠵᠢ ᠶᠠᠩ ᠵᠢᠶᠠᠨ ᠫᠢᠩ ᠮᠠᠭᠲᠠᠨ ᠰᠠᠶᠢᠰᠢᠶᠠᠪᠠ᠃ ᠡᠨᠡ ᠵᠢᠯ ᠤᠨ 6 ᠰᠠᠷ᠎ᠠ ᠪᠣᠯᠬᠤ ᠳᠤ᠂ ︽ᠷᠦᠩ ᠰᠢᠨ ᠼᠤᠤ ᠶᠢᠨ ᠦᠶ᠋ᠯᠡᠰ︾ ᠤᠨ ᠪᠣᠷᠣᠯᠠᠭᠤᠯᠭ᠎ᠠ 200 ᠭᠠᠷᠤᠶ ᠲᠦᠮᠡᠨ ᠲᠥᠭᠦᠷᠢᠭ ᠲᠤ ᠬᠦᠷᠴᠦ᠂ ᠨᠡᠭᠦᠳᠡᠯ ᠠᠷᠠᠳ ᠤᠨ ᠨᠤᠲᠤᠭ ᠲᠠᠭᠠᠨ ᠪᠤᠴᠠᠵᠤ ᠦᠶ᠋ᠯᠡᠰ ᠴᠣᠭᠴᠠᠯᠠᠬᠤ ᠶᠢ ᠳᠠᠶᠢᠴᠢᠯᠠᠭᠰᠠᠨ ᠪᠠᠶᠢᠨ᠎ᠠ᠃ ︽ᠴᠢᠦᠶ ᠱᠦᠵᠢ ᠠᠵᠢᠯ ᠶᠠᠪᠤᠳᠠᠯ ᠬᠢᠬᠦ ᠳᠡᠭᠡᠨ ᠨᠠᠷᠢᠨ ᠬᠢᠨᠠᠮᠠᠭᠠᠶ ᠪᠠᠶᠢᠵᠤ᠂ ᠤᠯᠠᠨ ᠢᠶᠠᠷ ᠢᠶᠠᠨ ᠦᠨᠡᠨ ᠰᠡᠳᠬᠢᠯ ᠠᠴᠠ ᠪᠠᠨ ᠲᠡᠭᠦᠨ ᠢ ᠪᠢᠰᠢᠷᠡᠳᠡᠭ᠃︾ ᠲᠣᠰᠬᠤᠨ ᠤ ᠠᠷᠠᠳ ᠯᠢᠦ ᠹᠧᠨ ᠭᠠᠩ 200 ᠭᠠᠷᠤᠢ ᠮᠦ ᠰᠤᠯᠠ ᠪᠠᠶᠢᠬᠤ ᠭᠠᠵᠠᠷ ᠰᠢᠷᠣᠢ ᠶᠢ ᠨᠡᠶᠢᠳᠬᠡᠵᠦ᠂ ᠰᠢᠰᠢ ᠶᠢ ᠡᠬᠢᠯᠡᠨ ᠲᠠᠷᠢᠵᠤ᠂ ᠶᠡᠭᠡ ᠪᠠᠷ ᠬᠢᠬᠦ ᠪᠠᠷ ᠲᠥᠯᠥᠪᠯᠡᠵᠦ ᠪᠤᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号