【 ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ 】 ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠤᠸᠠᠳᠧ ᠰᠢᠶᠠᠨ ᠤ ᠪᠠᠶᠠᠨᠲᠠᠯ᠎ᠠ ᠲᠣᠰᠬᠤᠨ ᠤ ᠬᠦᠴᠢᠷᠳᠡᠯᠲᠡᠶ ᠣᠯᠠᠨ ᠲᠦᠮᠡᠨ ᠳᠤ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2021/12/31
   2022 ᠣᠨ ᠤ ᠰᠢᠨ᠎ᠡ ᠵᠢᠯ᠂ ᠴᠠᠭᠠᠨ ᠰᠠᠷ᠎ᠠ ᠬᠦᠷᠴᠦ ᠢᠷᠡᠬᠦ ᠭᠡᠵᠦ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠤᠸᠠᠳᠤ ᠰᠢᠶᠠᠨ ᠤ ᠪᠠᠶᠠᠨᠲᠠᠯ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳᠤ ᠲᠣᠮᠢᠯᠠᠨ ᠰᠠᠭᠤᠯᠭᠠᠭᠰᠠᠨ ᠡᠮᠦᠨ᠎ᠡ ᠬᠤᠭᠤᠴᠠᠭᠠᠨ ᠤ ᠮᠥᠷ ᠤᠨ ᠪᠠᠶᠢᠴᠠᠭᠠᠯᠲᠠ ᠪᠠᠷ ᠳᠡᠮᠵᠢᠨ ᠰᠤᠷᠪᠤᠯᠵᠢᠯᠠᠵᠤ᠂ ᠣᠳᠣᠬᠠᠨ ᠳᠤ ᠪᠦᠬᠦ ᠲᠣᠰᠬᠤᠨ ᠳᠤ ᠨᠡᠶᠢᠲᠡ 70 ᠡᠷᠦᠬᠡ ᠣᠯᠠᠨ ᠲᠦᠮᠡᠨ ᠤ ᠠᠮᠢᠳᠤᠷᠠᠯ ᠬᠦᠴᠢᠷᠳᠡᠯ ᠲᠠᠢ ᠪᠠᠶᠢᠬᠤ ᠶᠢ ᠣᠶᠢᠯᠠᠭᠠᠵᠤ᠂ ᠪᠠᠶᠠᠨᠲᠠᠯ᠎ᠠ ᠲᠣᠰᠬᠤᠨ ᠤ ᠠᠷᠠᠳ ᠤᠨ ᠵᠥᠪᠯᠡᠯ ᠲᠠᠢ ᠨᠡᠪᠲᠡᠷᠡᠯᠴᠡᠨ ᠰᠤᠳᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠬᠤᠷᠢᠶ᠎ᠠ ᠶᠢᠨ ᠠᠵᠢᠯᠴᠢᠨ ᠴᠢᠳᠠᠪᠤᠷᠢᠲᠠᠨ ︵ᠨᠢᠭᠦᠯᠡᠰᠦᠩᠭᠦᠶ ᠶᠢᠨ ᠶᠡᠷᠦᠩᠬᠡᠶ ᠡᠪᠯᠡᠯ︶ ᠤ ᠦᠢᠯᠡᠴᠢᠯᠡᠭᠡᠨ ᠤ ᠲᠥᠪ ᠲᠠᠢ ᠳᠠᠷᠦ᠋ᠢᠬᠠᠨ ᠬᠠᠷᠢᠯᠴᠠᠵᠤ᠂ 4 ᠲᠦᠮᠡᠨ ᠲᠥᠭᠦᠷᠢᠭ ᠤᠨ ᠡᠳ᠋ ᠪᠣᠳᠠᠰ ᠤᠨ ᠲᠤᠰᠠᠯᠠᠮᠵᠢ ᠳᠡᠮᠵᠢᠯᠭᠡ ᠶᠢ ᠤᠯᠬᠤ ᠶᠢᠨ ᠬᠠᠮᠲᠤ ᠡᠳ᠋ ᠪᠣᠳᠠᠰ ᠢ ᠬᠦᠷᠭᠡᠵᠦ ᠥᠭᠭᠦᠭᠰᠡᠨ ᠤ ᠳᠠᠷᠠᠭ᠎ᠠ ᠬᠠᠮᠤᠭ ᠤᠨ ᠲᠡᠷᠢᠭᠦᠨ ᠳᠤ ᠡᠷᠦᠬᠡ ᠳᠤ ᠲᠠᠷᠬᠠᠭᠠᠵᠤ᠂ ᠪᠠᠶᠠᠨᠲᠠᠯ᠎ᠠ ᠲᠣᠰᠬᠤᠨ ᠤ ᠬᠦᠴᠢᠷᠳᠡᠯᠲᠡᠶ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠦᠷᠭᠡᠭᠰᠡᠨ ᠬᠠᠯᠠᠭᠤᠨ ᠳᠤᠯᠠᠭᠠᠨ ᠢ ᠬᠠᠬᠢᠷ ᠬᠦᠶ᠋ᠲᠡᠨ ᠡᠪᠦᠯ ᠤᠨ ᠤᠯᠠᠷᠢᠯ ᠳᠤ ᠮᠡᠳᠡᠷᠡᠭᠦᠯᠵᠦ᠂ ᠲᠡᠳᠡᠨ ᠤ ᠬᠠᠯᠠᠭᠤᠨ ᠳᠤᠯᠠᠭᠠᠨ᠂ ᠥᠯᠵᠡᠶ ᠪᠡᠯᠭᠡ ᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃    12 ᠰᠠᠷ᠎ᠠ ᠶᠢᠨ 24 ᠤ ᠡᠳᠦᠷ᠂ ᠲᠤᠲᠤᠷᠭ᠎ᠠ᠂ ᠴᠠᠭᠠᠨ ᠭᠤᠯᠢᠷ ᠪᠣᠯᠤᠨ ᠬᠤᠮᠠ ᠶᠢᠨ ᠲᠤᠰᠤ ᠳᠦᠭᠦᠷᠲᠡᠯ᠎ᠡ ᠲᠡᠭᠡᠭᠡᠭᠰᠡᠨ ᠨᠢᠭᠡᠨ ᠠᠴᠢᠶᠠᠨ ᠤ ᠮᠠᠰᠢᠨ ᠲᠡᠷᠭᠡ᠂ ᠡᠪᠦᠯ ᠤᠨ ᠭᠦᠨ ᠴᠠᠰᠤ ᠲᠠᠢ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠲ᠋ᠧᠯᠠ ᠲᠣᠰᠬᠤᠨ ᠤ ᠬᠦᠴᠢᠷᠳᠡᠯᠲᠡᠢ ᠤᠯᠠᠨ ᠲᠦᠮᠡᠨ ᠳᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠶᠢ ᠠᠪᠴᠤ ᠲᠣᠰᠬᠤᠨ ᠤ ᠠᠷᠠᠳ ᠤᠨ ᠵᠥᠪᠯᠡᠯ ᠳᠤ ᠢᠷᠡᠪᠡ᠃ ᠲᠣᠰᠬᠤᠨ ᠤ ᠬᠦᠴᠢᠷᠳᠡᠯ ᠲᠠᠢ ᠣᠯᠠᠨ ᠲᠦᠮᠡᠨ ᠤ ᠣᠯᠠᠩᠬᠢ ᠨᠢ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ ᠪᠣᠯᠬᠤ ᠶᠢ ᠪᠣᠳᠣᠯᠬᠢᠯᠠᠭᠠᠳ᠂ ᠡᠭᠦᠨ ᠤ ᠳᠡᠭᠡᠷ᠎ᠡ ᠴᠠᠰᠤ ᠲᠠᠢ ᠡᠳᠦᠷ ᠵᠠᠮ ᠭᠤᠯᠭᠤᠮᠠᠲᠠᠭᠠᠶ᠂ ᠠᠭᠠᠷ ᠤᠨ ᠳᠤᠯᠠᠭᠠᠨ ᠳᠣᠣᠷ᠎ᠠ ᠵᠡᠷᠭᠡ ᠪᠣᠳᠠᠲᠤ ᠪᠠᠶᠢᠳᠠᠯ ᠢ ᠨᠡᠮᠡᠪᠡᠯ᠂ ᠭᠠᠴᠠᠭᠠᠨ ᠤ ᠠᠷᠠᠳ ᠤᠨ ᠵᠥᠪᠯᠡᠯ ᠤᠨ ᠰᠤᠳᠤᠯᠤᠨ ᠲᠣᠭᠲᠠᠭᠠᠭᠰᠠᠨ ᠢᠶᠠᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠲᠣᠰᠬᠤᠨ ᠤ ᠺᠠᠳ᠋ᠷ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠡᠳ᠋ ᠪᠣᠳᠠᠰ ᠢ ᠬᠦᠴᠢᠷᠳᠡᠯ ᠲᠠᠢ ᠣᠯᠠᠨ ᠲᠦᠮᠡᠨ ᠨᠢᠭᠡᠪᠦᠷᠢ ᠳᠤ ᠥᠪᠡᠷ ᠤᠨ ᠪᠡᠶ᠎ᠡ ᠪᠠᠷ ᠢᠶᠠᠨ ᠬᠦᠷᠭᠡᠵᠦ᠂ ᠤᠯᠠᠨ ᠲᠦᠮᠡᠨ ᠳᠤ ᠲᠦᠬᠦᠮ ᠦᠵᠡᠭᠦᠯᠬᠦ ᠶᠢᠨ ᠬᠠᠮᠲᠤ ᠡᠨᠡᠬᠦ ᠲᠣᠬᠢᠶᠠᠯ ᠢ ᠠᠰᠢᠭᠯᠠᠨ ᠳᠠᠬᠢᠨᠲᠠ ᠡᠷᠦᠭᠡ ᠳᠤ ᠣᠷᠣᠵᠤ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠲᠦᠮᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠲᠤᠬᠠᠢ ᠬᠠᠮᠤᠭ ᠤᠨ ᠦᠨᠡᠨ ᠪᠣᠳᠠᠲᠠᠢ ᠪᠣᠳᠣᠯᠬᠢᠯᠠᠯ ᠪᠠ ᠰᠠᠨᠠᠭᠤᠯᠭ᠎ᠠ ᠶᠢ ᠣᠶᠢᠯᠠᠭᠠᠬᠤ ᠶᠢᠨ ᠬᠠᠮᠲᠤ ᠬᠥᠳᠡᠯᠮᠦᠷᠢᠯᠡᠬᠦ ᠴᠢᠳᠠᠪᠤᠷᠢ ᠲᠠᠢ ᠬᠦᠴᠢᠷᠳᠡᠯᠲᠡᠢ ᠤᠯᠠᠨ ᠲᠦᠮᠡᠨ ᠤ ᠦᠷᠭᠦᠯᠵᠢᠯᠡᠨ ᠰᠤᠷᠤᠯᠴᠠᠯᠭ᠎ᠠ ᠪᠠᠨ ᠴᠢᠩᠭᠠᠳᠬᠠᠵᠤ᠂ ᠴᠢᠷᠮᠠᠶᠢᠨ ᠲᠡᠮᠡᠴᠡᠵᠦ᠂ ᠨᠠᠮ ᠪᠣᠯᠤᠨ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠠᠮᠲᠤ ᠶᠢᠨ ᠬᠠᠯᠠᠮᠵᠢᠯᠠᠯ ᠬᠠᠪᠰᠤᠷᠤᠯᠭ᠎ᠠ ᠶᠢᠨ ᠳᠣᠣᠷ᠎ᠠ ᠵᠣᠯ ᠵᠢᠷᠭᠠᠯᠲᠤ ᠠᠮᠢᠳᠤᠷᠠᠯ ᠢ ᠡᠳ᠋ᠯᠡᠬᠦ ᠶᠢ ᠵᠣᠷᠢᠭᠵᠢᠭᠤᠯᠤᠨ᠎ᠠ᠃    ︽ᠨᠠᠮ ᠳᠤ ᠲᠠᠯᠠᠷᠬᠠᠵᠤ ᠪᠠᠢᠨ᠎ᠠ᠂ ᠵᠠᠰᠠᠭ ᠤᠨ ᠣᠷᠳᠣᠨ ᠠᠴᠠ ᠪᠢᠳᠡᠨ ᠢ ᠬᠠᠷᠠᠭᠠᠯᠵᠠᠭᠰᠠᠨ ᠳᠤ ᠲᠠᠯᠠᠷᠬᠠᠵᠤ ᠪᠠᠢᠨ᠎ᠠ︕︾ ︽ᠪᠠᠶᠠᠷᠯᠠᠯ᠎ᠠ᠂ ᠲᠠ ᠨᠠᠷ ᠲᠤ ᠪᠠᠶᠠᠷᠯᠠᠯ᠎ᠠ︕︾ ᠭᠡᠵᠦ ᠲᠡᠭ ᠠᠴᠠ ᠳᠣᠷᠣᠭᠰᠢ 30 ᠭᠷᠠᠳᠦ᠋ᠰ ᠤᠨ ᠬᠠᠬᠢᠷ ᠬᠦᠢᠳᠡᠨ ᠢ ᠬᠠᠶᠢᠬᠤᠷᠤᠯ ᠦᠭᠡᠢ ᠪᠠᠷ ᠡᠷᠤᠭᠡ ᠳᠤ ᠬᠦᠷᠴᠦ ᠲᠣᠬᠤᠨᠢᠭᠤᠯᠬᠤ ᠡᠳ᠋ ᠪᠣᠳᠠᠰ ᠲᠠᠷᠬᠠᠭᠠᠬᠤ ᠳᠤ᠂ ᠠᠵᠢᠯᠲᠠᠳ ᠤᠨ ᠤᠯᠠᠨ ᠲᠦᠮᠡᠨ ᠤ ᠶᠠᠷᠢᠭᠰᠠᠨ ᠬᠠᠮᠤᠭ ᠤᠨ ᠤᠯᠠᠨ ᠦᠭᠡ ᠨᠢ ᠳᠠᠷᠤᠢ ᠡᠨᠡ ᠬᠡᠳᠦᠨ ᠦᠭᠡ ᠶᠢ ᠰᠣᠨᠣᠰᠴᠤ᠂ ᠤᠯᠠᠨ ᠲᠦᠮᠡᠨ ᠤ ᠬᠠᠮᠤᠭ ᠤᠨ ᠦᠨᠡᠨ ᠰᠡᠳᠬᠢᠯ ᠤᠨ ᠦᠭᠡ ᠶᠢ ᠲᠥᠯᠥᠭᠡᠯᠡᠵᠦ ᠪᠠᠶᠢᠨ᠎ᠠ᠃ ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠳᠤ ᠪᠠᠶᠠᠨᠲᠠᠯ᠎ᠠ ᠲᠣᠰᠬᠤᠨ ᠤ 70 ᠡᠷᠦᠬᠡ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠵᠤ᠂ 70 ᠤᠭᠤᠲᠠ ᠲᠤᠲᠤᠷᠭ᠎ᠠ᠂ 70 ᠰᠠᠭᠤᠯᠠᠭ᠎ᠠ ᠲᠠᠢ ᠣᠯᠣᠰᠣᠨ ᠤ ᠲᠣᠰᠣ ᠪᠠ 140 ᠤᠭᠤᠲᠠ ᠭᠤᠯᠢᠷ ᠲᠦᠭᠡᠭᠡᠭᠰᠡᠨ ᠪᠠᠶᠢᠨ᠎ᠠ᠃ ᠢ ᠲᠣᠬᠤᠨᠢᠭᠤᠯᠬᠤ ᠠᠵᠢᠯᠯᠠᠭ᠎ᠠ ᠨᠢ ᠪᠠᠶᠠᠨᠲᠠᠯ᠎ᠠ ᠲᠣᠰᠬᠤᠨ ᠤ 70 ᠡᠷᠦᠬᠡ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠵᠤ᠂ 70 ᠤᠭᠤᠲᠠ ᠲᠤᠲᠤᠷᠭ᠎ᠠ᠂ 70 ᠰᠠᠭᠤᠯᠠᠭ᠎ᠠ ᠲᠠᠢ ᠣᠯᠣᠰᠣᠨ ᠲᠣᠰᠣ ᠪᠠ 140 ᠤᠭᠤᠲᠠ ᠭᠤᠯᠢᠷ ᠲᠦᠭᠡᠭᠡᠵᠡᠶ᠃    ᠡᠨᠡ ᠤᠳᠠᠭᠠᠨ ᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠣᠯᠤᠨ ᠪᠠᠶᠠᠨᠲᠠᠯ᠎ᠠ ᠲᠣᠰᠬᠤᠨ ᠤ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠣᠶᠢᠷᠠᠲᠤᠭᠤᠯᠤᠭᠰᠠᠨ ᠢᠶᠠᠷ ᠪᠠᠷᠠᠬᠤ ᠦᠭᠡᠶ᠂ ᠪᠠᠶᠠᠨᠲᠠᠯ᠎ᠠ ᠲᠣᠰᠬᠤᠨ ᠤ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠬᠠᠮᠲᠤ ᠲᠡᠳᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠷᠮᠠᠶᠢᠨ ᠪᠡᠶᠡᠯᠡᠭᠦᠯᠬᠦ ᠢᠲᠡᠭᠡᠯ ᠵᠣᠷᠢᠭ ᠢ ᠪᠠᠲᠤᠳᠬᠠᠵᠤ᠂ ᠪᠠᠶᠠᠨᠲᠠᠯ᠎ᠠ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠪᠠᠲᠤ ᠪᠠᠬᠢ ᠤᠯᠠᠨ ᠲᠦᠮᠡᠨ ᠤ ᠰᠠᠭᠤᠷᠢ ᠶᠢ ᠲᠠᠯᠪᠢᠭᠰᠠᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号