【ᠨᠢᠭᠡᠳᠦᠭᠡᠷ ᠱᠦᠵᠢ ᠶᠢᠨ ᠴᠤᠭ ᠵᠢᠪᠬᠤᠭ᠎ᠠ】 ᠳ᠋ᠠᠨ ᠶᠦᠩ ᠯᠢ᠄  ᠴᠡᠷᠢᠭ ᠤᠨ ᠨᠣᠭᠤᠭᠠᠨ ᠬᠤᠪᠴᠠᠰᠤ ᠪᠠᠨ ᠲᠠᠶᠢᠯᠵᠤ ᠰᠢᠷ᠎ᠠ ᠬᠥᠷᠥᠰᠥᠨ ᠳᠤ ᠬᠦᠴᠦ ᠪᠠᠨ ᠵᠣᠷᠢᠭᠤᠯᠪᠠ
ᠨᠡᠶᠢᠲᠡᠯᠡᠭᠰᠡᠨ ᠴᠠᠭ᠄
2021/12/31
   ᠡᠪᠦᠯ ᠤᠨ ᠡᠳᠦᠷ ᠪᠣᠯᠬᠤ ᠳᠤ᠂ ᠲᠠᠯᠠᠳ ᠬᠤᠰᠢᠭᠤᠨ ᠤ ᠹᠧᠩ ᠱᠦᠢ ᠯᠢᠶᠠᠩ ᠪᠠᠯᠭᠠᠰᠤ ᠶᠢᠨ ᠰᠠᠨ ᠶᠠᠨ ᠵᠢᠩ ᠲᠣᠰᠬᠤᠨ ᠳᠤ ᠬᠦᠷᠬᠦ ᠳᠤ᠂ ᠭᠠᠯ ᠲᠣᠭᠤᠭᠠᠨ ᠤ ᠤᠲᠤᠭ᠎ᠠ ᠭᠡᠷ ᠪᠠᠶᠢᠰᠢᠩ ᠠᠴᠠ ᠰᠤᠭᠤᠨᠠᠭᠯᠠᠨ᠎ᠠ᠃ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ 6 ᠲᠦᠮᠡᠨ ᠲᠥᠭᠦᠷᠢᠭ ᠲᠤ ᠬᠥᠷᠬᠦ ᠥᠬᠡᠶ ᠬᠤᠴᠣᠷᠤᠩᠭᠤᠶ ᠲᠣᠰᠬᠤᠨ ᠠᠴᠠ ᠠᠵᠤ ᠦᠢᠯᠡᠰ ᠬᠥᠭᠵᠢᠭᠰᠡᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ 11 ᠲᠦᠮᠡᠨ ᠲᠥᠭᠦᠷᠢᠭ ᠲᠤ ᠬᠥᠷᠬᠦ ᠳᠠᠪᠰᠢᠩᠭᠤᠶ ᠲᠣᠰᠬᠤᠨ ᠬᠦᠷᠴᠠᠢ᠃    ᠳ᠋ᠠᠨ ᠶᠦᠩ ᠯᠢ ᠲᠠᠢ ᠠᠭᠤᠯᠵᠠᠭᠠᠳ᠂ ᠲᠡᠷᠡ ᠰᠠᠨ ᠶᠠᠨ ᠵᠢᠩ ᠲᠣᠰᠬᠤᠨ ᠤ ᠠᠷᠠᠳ ᠲᠤ ᠲᠥᠬᠦᠮ ᠦᠵᠡᠭᠦᠯᠬᠦ ᠬᠡᠲᠦ ᠳᠡᠯᠭᠡᠭᠦᠷ ᠲᠤ ᠪᠠᠷᠠᠭ᠎ᠠ ᠪᠠᠨ ᠲᠡᠭᠰᠢᠯᠡᠵᠦ ᠪᠠᠶᠢᠪᠠ᠃ ᠠᠷᠠᠰᠤ ᠨᠢ ᠬᠠᠪ ᠬᠠᠷ᠎ᠠ᠂ ᠬᠠᠰᠢᠷ᠂ ᠦᠭᠡ ᠶᠠᠷᠢᠶ᠎ᠠ ᠨᠢ ᠪᠣᠷᠣᠭᠵᠢᠭᠤᠨ ᠪᠠᠶᠢᠳᠠᠭ ᠨᠢ ᠡᠨᠡ ᠬᠦ ᠨᠢᠭᠡᠳᠦᠭᠡᠷ ᠱᠦᠵᠢ ᠶᠢᠨ ᠪᠢᠴᠢᠭᠴᠢ ᠳᠤ ᠦᠯᠡᠳᠡᠭᠡᠭᠰᠡᠨ ᠠᠩᠬᠠᠨ ᠤ ᠰᠠᠭᠤᠭᠳᠠᠯ ᠶᠤᠮ᠃    ᠡᠨᠡ ᠵᠢᠯ 42 ᠨᠠᠰᠤᠲᠠᠶ ᠳ᠋ᠠᠨ ᠶᠦᠩ ᠯᠢ 2021 ᠣᠨ ᠤ 5 ᠰᠠᠷ᠎ᠠ ᠳᠤ ᠳᠠᠯᠠᠳ ᠬᠤᠰᠢᠭᠤᠨ ᠤ ᠬᠡᠷ ᠪᠠᠶᠢᠰᠢᠩ ᠲᠠᠲᠠᠪᠤᠷᠢᠯᠠᠬᠤ ᠪᠠ ᠬᠡᠷ ᠬᠥᠷᠥᠩᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠥᠪ ᠠᠴᠠ ᠹᠧᠩ ᠱᠦᠶ ᠯᠢᠶᠠᠩ ᠪᠠᠯᠭᠠᠰᠤᠨ ᠤ ᠰᠠᠨ ᠶᠠᠨ ᠵᠢᠩ ᠲᠣᠰᠬᠤᠨ ᠳᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠃ ᠡᠭᠦᠨ ᠠᠴᠠ ᠡᠮᠦᠨ᠎ᠡ᠂ ᠪᠠᠰᠠ ᠱᠤ ᠯᠢᠨ ᠵᠤᠤ ᠪᠠᠯᠭᠠᠰᠤᠨ ᠤ ᠬᠠᠰᠢᠯ᠎ᠠ ᠲᠣᠰᠬᠤᠨ ᠳᠤ ᠬᠤᠶᠠᠷ ᠵᠢᠯ ᠰᠠᠭᠤᠵᠤ᠂ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠪᠡ᠃    ᠥᠩᠭᠡᠷᠡᠭᠰᠡᠨ ᠤ ᠬᠠᠰᠢᠯ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠬᠤᠭᠤᠰᠣᠨ ᠲᠣᠰᠬᠤᠨ︾ ᠨᠢ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠨ ᠴᠢᠨᠡᠭᠡᠯᠢᠭᠵᠢᠬᠦ᠂ ᠨᠠᠮ ᠤᠨ ᠡᠭᠦᠷ ᠤᠨ ᠪᠠᠶᠢᠭᠤᠯᠤᠯᠲᠠ ᠪᠠᠷ ᠬᠡᠪ ᠳᠠᠭᠤᠷᠢᠶᠠᠯ ᠪᠣᠯᠭᠠᠭᠰᠠᠨ ︽ᠤᠷᠤᠭᠰᠢᠯᠠᠯᠲᠠ ᠶᠢᠨ ᠲᠣᠰᠬᠤᠨ︾ ᠪᠣᠯᠤᠭᠰᠠᠨ ᠪᠠᠶᠢᠨ᠎ᠠ᠃ ᠲᠡᠨᠳᠡ ᠠᠵᠢᠯᠯᠠᠭᠰᠠᠨ ᠬᠤᠶᠠᠷ ᠵᠢᠯ ᠤᠨ ᠬᠤᠭᠤᠴᠠᠭ᠎ᠠ ᠪᠠᠨ ᠶᠠᠷᠢᠯᠴᠠᠬᠤ ᠳᠤ᠂ ᠴᠢᠶᠠᠨ ᠶᠦᠩ ᠯᠢ ᠡᠷᠭᠢᠴᠡᠭᠦᠯᠦᠯ ᠳᠤ ᠣᠷᠣᠪᠠ᠃    ︽ᠳᠡᠭᠡᠷ᠎ᠡ ᠲᠠᠯ᠎ᠠ ᠶᠢᠨ ᠮᠢᠩᠭᠠᠨ ᠱᠤᠭᠤᠮ᠂ ᠳᠣᠣᠷ᠎ᠠ ᠲᠠᠯ᠎ᠠ ᠶᠢᠨ ᠨᠢᠭᠡ ᠵᠡᠭᠦᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠠᠵᠤ ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠪᠣᠯᠪᠠᠰᠤᠨ ᠤ ᠦᠢᠯᠡᠳᠦᠯᠭᠡ᠂ ᠵᠥᠷᠢᠴᠡᠯ ᠢ ᠨᠠᠮᠳᠠᠭᠤᠯᠬᠤ · · · · · ᠡᠳᠡᠭᠡᠷ ᠢ ᠪᠢᠳᠡ ᠴᠥᠮ ᠠᠬᠢᠭᠤᠯᠤᠨ ᠨᠠᠶᠢᠳᠠᠪᠤᠷᠢᠵᠢᠭᠤᠯᠬᠤ ᠴᠢᠬᠤᠯᠠᠲᠠᠢ ᠶᠤᠮ᠂ ᠬᠡᠳᠦ᠋ᠢᠪᠡᠷ ᠬᠦᠴᠢᠷ ᠪᠡᠷᠬᠡᠰᠢᠶᠡᠯ ᠲᠠᠢ ᠪᠣᠯᠪᠠᠴᠤ ᠲᠣᠰᠬᠤᠨ ᠢ ᠬᠠᠪᠰᠤᠷᠤᠨ ᠨᠢᠭᠡ ᠶᠠᠪᠤᠳᠠᠯ ᠢ ᠰᠢᠢᠳᠪᠦᠷᠢᠯᠡᠬᠦ ᠳᠤ ᠪᠢ ᠣᠨᠴᠠᠭᠠᠢ ᠠᠮᠵᠢᠯᠲᠠ ᠣᠯᠤᠭᠰᠠᠨ ᠲᠦᠷᠦᠭᠳᠡᠯ ᠲᠠᠢ ᠶᠤᠮ︾ ᠃ ᠭᠡᠵᠦ ᠴᠢᠶᠠᠨ ᠶᠦᠩ ᠯᠢ ᠢᠯᠡᠳᠬᠡᠪᠡ᠃    2018 ᠣᠨ ᠳᠤ᠂ ᠳᠠᠯᠠᠳ ᠬᠤᠰᠢᠭᠤᠨ ᠤ ᠬᠡᠷ ᠪᠠᠶᠢᠰᠢᠩ ᠲᠠᠲᠠᠪᠤᠷᠢᠯᠠᠬᠤ ᠪᠠ ᠬᠡᠷ ᠬᠥᠷᠥᠩᠭᠡ ᠶᠢᠨ ᠠᠷᠠᠯᠵᠢᠶ᠎ᠠ ᠶᠢᠨ ᠬᠠᠮᠢᠶᠠᠷᠤᠯᠲᠠ ᠶᠢᠨ ᠲᠥᠪ ᠠᠴᠠ ᠬᠠᠰᠢᠯ᠎ᠠ ᠲᠣᠰᠬᠤᠨ ᠳᠤ ᠰᠠᠭᠤᠭ᠎ᠠ ᠳ᠋ᠠᠨ ᠶᠦᠩ ᠯᠢ ᠶᠢᠨ ᠨᠢᠭᠡᠳᠦᠭᠡᠷ ᠱᠦᠵᠢ ᠶᠢ ᠰᠣᠩᠭᠤᠨ ᠲᠣᠮᠢᠯᠠᠵᠤ᠂ ᠲᠣᠰᠬᠤᠨ ᠳᠤ ᠰᠠᠭᠤᠭᠰᠠᠨ ᠤ ᠳᠠᠷᠠᠭ᠎ᠠ᠂ ᠲᠡᠷᠡ ᠲᠣᠰᠬᠤᠨ ᠢᠶᠠᠨ ᠬᠦᠴᠦᠷᠬᠡᠭᠵᠢᠭᠦᠯᠦᠨ ᠠᠷᠠᠳ ᠢᠶᠠᠨ ᠪᠠᠶᠠᠵᠢᠭᠤᠯᠬᠤ ᠪᠠᠷ ᠬᠠᠷᠠᠯᠲᠠ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠡᠳᠬᠢᠴᠡ ᠪᠠ ᠵᠠᠭᠪᠤᠷ ᠢ ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ ᠬᠠᠮᠲᠤ ᠶᠢᠨ ᠠᠵᠤ ᠠᠬᠤᠶ ᠶᠢᠨ ᠣᠯᠠᠨ ᠵᠦᠶ᠋ᠯ ᠤᠨ ᠬᠡᠯᠪᠡᠷᠢ ᠶᠢ ᠢᠳᠡᠪᠬᠢᠲᠡᠶ ᠪᠠᠷ ᠰᠦᠪᠡᠭᠴᠢᠯᠡᠨ ᠪᠤᠵᠠᠭᠠᠶᠢᠷᠠᠭᠤᠯᠪᠠ᠃ 2019 ᠣᠨ ᠤ 7 ᠰᠠᠷ᠎ᠠ ᠳᠤ ᠵᠤᠤ ᠭᠸᠤ ᠬᠤᠷᠢ᠊ ᠡᠶ᠎ᠡ ᠳᠤ ᠪᠠᠶᠢᠭ᠎ᠠ ᠠᠮᠤ ᠪᠤᠳᠠᠭ᠎ᠠ ᠬᠤᠳᠠᠯᠳᠤᠨ ᠠᠪᠬᠤ ᠦᠷᠳᠡᠭᠡ ᠶᠢᠨ ᠲᠦᠷᠦᠯ ᠵᠦᠢᠯ ᠢ ᠵᠢᠩᠬᠢᠨᠢ ᠪᠠᠷ ᠡᠬᠢᠯᠡᠨ ᠪᠦᠳᠦᠭᠡᠨ ᠪᠠᠶᠢᠭᠤᠯᠵᠤ᠂ ᠨᠡᠶᠢᠳᠡ 260 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ᠂ ᠤᠳᠤ ᠬᠤᠳᠠᠯᠳᠤᠨ ᠠᠪᠬᠤ ᠦᠷᠳᠡᠭᠡ ᠶᠢ ᠪᠦᠬᠦᠨ ᠢ ᠪᠦᠳᠦᠭᠡᠨ ᠪᠠᠶᠢᠭᠤᠯᠵᠤ ᠳᠠᠭᠤᠰᠬᠠᠵᠤ᠂ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠡᠵᠡᠩᠨᠡᠯᠲᠡ ᠪᠠᠨ ᠡᠬᠢᠯᠡᠭᠦᠯᠵᠡᠢ᠃ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠪᠦᠬᠦ ᠲᠠᠯ᠎ᠠ ᠪᠠᠷ ᠪᠠᠬᠢᠵᠢᠵᠦ ᠂ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠡᠪᠳᠡᠷᠡᠯ︾ ᠢ ᠪᠡᠶᠡᠯᠡᠭᠦᠯᠪᠡ᠃     2020 ᠣᠨ ᠳᠤ ᠬᠠᠰᠢᠯ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 7 ᠲᠦᠮᠡ ᠭᠠᠷᠤᠶ ᠲᠥᠭᠦᠷᠢᠭ ᠲᠤ ᠬᠦᠷᠴᠦ᠂ ᠥᠨᠥᠳᠦᠷ ᠤᠨ ᠬᠠᠰᠢᠯ᠎ᠠ ᠲᠣᠰᠬᠤᠨ ᠤ ᠣᠷᠴᠢᠨ ᠲᠣᠭᠤᠷᠢᠨ ᠨᠢ ᠨᠠᠩ ᠭᠤᠶᠣ ᠰᠠᠶᠢᠬᠠᠨ ᠪᠣᠯᠵᠣ᠂ ᠲᠣᠨᠤᠭ ᠲᠥᠬᠦᠭᠡᠷᠦᠮᠵᠢ ᠨᠢ ᠨᠠᠩ ᠪᠦᠷᠢᠨ ᠲᠡᠭᠦᠯᠳᠡᠷ ᠪᠣᠯᠵᠣ᠂ ᠲᠣᠰᠬᠤᠨ ᠤ ᠠᠷᠠᠳ ᠤᠨ ᠠᠮᠢᠳᠤᠷᠠᠯ ᠨᠢ ᠨᠠᠩ ᠪᠠᠶᠠᠨ ᠴᠢᠨᠡᠭᠡᠯᠢᠭ ᠪᠣᠯᠤᠭᠰᠠᠨ ᠪᠠᠶᠢᠨ᠎ᠠ᠃     2021 ᠣᠨ ᠪᠣᠯᠬᠤ ᠳᠤ᠂ ᠳ᠋ᠠᠨ ᠶᠦᠩ ᠯᠢ ᠠᠶᠠᠨ ᠤ ᠪᠣᠭᠴᠣ ᠪᠠᠨ ᠬᠤᠷᠢᠶᠠᠵᠤ᠂ ᠰᠢᠨ᠎ᠡ ᠠᠵᠢᠯ ᠤᠨ ᠪᠠᠶᠢᠷᠢ ᠳᠤ ᠭᠠᠷᠪᠠ᠃ ᠰᠠᠨ ᠶᠠᠨ ᠵᠢᠩ ᠲᠣᠰᠬᠤᠨ ᠨᠢ ᠹᠧᠩ ᠱᠦᠢ ᠯᠢᠶᠠᠩ ᠪᠠᠯᠭᠠᠰᠤ ᠶᠢᠨ ᠵᠡᠭᠦᠨ ᠬᠤᠶᠢᠲᠤ ᠪᠡᠶ᠎ᠡ ᠳᠤ ᠪᠠᠶᠢᠷᠢᠯᠠᠵᠤ᠂ ᠪᠠᠯᠭᠠᠰᠤᠨ ᠤ ᠵᠠᠰᠠᠭ ᠤᠨ ᠣᠷᠳᠣᠨ ᠠᠴᠠ 17 ᠺᠢᠯᠤᠮᠧᠲᠷ ᠵᠠᠶᠢᠲᠠᠢ᠂ ᠭᠤᠣᠯ ᠪᠣᠯᠬᠤ ᠠᠵᠤ ᠠᠬᠤᠢ ᠶᠢᠨ ᠣᠷᠣᠯᠭ᠎ᠠ ᠨᠢ ᠡᠷᠳᠡᠨᠢ ᠰᠢᠰᠢ ᠲᠠᠷᠢᠬᠤ ᠪᠠᠷ ᠭᠤᠣᠯ ᠪᠣᠯᠭᠠᠵᠤ᠂ ᠪᠠᠭ᠎ᠠ ᠬᠡᠮᠵᠢᠶᠡᠨ ᠤ ᠲᠥᠮᠥᠰᠥ᠂ ᠮᠣᠩᠭᠤᠯ ᠠᠮᠤ᠂ ᠰᠢᠷ᠎ᠠ ᠪᠤᠷᠴᠠᠭ᠂ ᠦᠷ᠎ᠡ ᠭᠤᠸᠠ ᠵᠡᠷᠭᠡ ᠶᠢ ᠲᠠᠷᠢᠵᠦ᠂ ᠲᠤᠰᠠᠯᠠᠬᠤ ᠣᠷᠣᠯᠭ᠎ᠠ ᠨᠢ ᠡᠷᠳᠡᠨᠢ ᠰᠢᠰᠢ᠂ ᠡᠷᠳᠡᠨᠢ ᠰᠢᠰᠢ ᠶᠢᠨ ᠡᠰᠢ ᠰᠦᠷᠡᠯ ᠢᠶᠠᠷ ᠲᠡᠵᠢᠭᠡᠯ ᠪᠣᠷᠳᠤᠭ᠎ᠠ ᠪᠣᠯᠭᠠᠨ ᠪᠠᠭ᠎ᠠ ᠬᠡᠮᠵᠢᠶᠡᠨ ᠤ ᠬᠤᠨᠢ ᠪᠠ ᠲᠠᠬᠢᠶ᠎ᠠ ᠲᠡᠵᠢᠭᠡᠨ ᠦᠷᠡᠵᠢᠭᠦᠯᠵᠡᠢ᠃    ᠠᠵᠢᠯ ᠤᠨ ᠴᠢᠭᠯᠡᠯ ᠢᠶᠠᠨ ᠣᠨᠣᠪᠴᠢᠲᠠᠢ ᠡᠷᠢᠬᠦ ᠶᠢᠨ ᠲᠥᠯᠥᠭᠡ᠂ ᠴᠢᠶᠠᠨ ᠶᠦᠩ ᠯᠢ ᠨᠢᠭᠡ ᠨᠢᠭᠡ ᠭᠡᠷ ᠢᠶᠠᠷ ᠰᠤᠷᠪᠤᠯᠵᠢᠯᠠᠬᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠪᠠᠷᠢᠮᠲᠠᠯᠠᠵᠤ᠂ ᠢᠯᠡᠭᠦᠦ ᠶᠠᠪᠤᠬᠤ᠂ ᠢᠯᠡᠭᠦᠦ ᠦᠵᠡᠬᠦ᠂ ᠢᠯᠡᠭᠦᠦ ᠠᠰᠠᠭᠤᠬᠤ ᠪᠠᠷ ᠳᠠᠮᠵᠢᠨ ᠲᠣᠰᠬᠤᠨ ᠤ ᠠᠷᠠᠳ ᠲᠠᠢ ︽ᠪᠦᠬᠦᠨ ᠢ ᠬᠠᠷᠢᠯᠴᠠᠬᠤ︾ ᠪᠠᠷ ᠢᠷᠡᠵᠠᠢ᠃          ᠳ᠋ᠠᠨ ᠶᠦᠩ ᠯᠢ ᠲᠣᠰᠬᠤᠨ ᠳᠤ ᠰᠠᠭᠤᠭᠰᠠᠨ ᠠᠴᠠ ᠨᠠᠰᠢ᠂ ᠪᠠᠶᠢᠨ ᠪᠠᠶᠢᠨ ᠲᠣᠰᠬᠤᠨ ᠤ ᠠᠷᠠᠳ ᠤᠨ ᠭᠡᠷ ᠲᠤ ᠬᠦᠷᠴᠦ ᠰᠤᠷᠪᠤᠯᠵᠢᠯᠠᠵᠤ᠂ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠤᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃    ᠨᠢᠭᠡ ᠤᠳᠠᠭ᠎ᠠ ᠶᠢᠨ ᠠᠶᠢᠯᠴᠢᠯᠠᠯᠲᠠ ᠳᠤ᠂ ᠴᠢᠶᠠᠨ ᠶᠦᠩ ᠯᠢ 61 ᠨᠠᠰᠤᠲᠠᠢ ᠲᠣᠰᠬᠤᠨ ᠤ ᠠᠷᠠᠳ ᠯᠢᠦ ᠰᠠᠨ ᠭᠠᠩᠰᠠᠷᠠᠬᠤ ᠡᠪᠡᠳᠴᠢᠨ ᠳᠤ ᠨᠡᠷᠪᠡᠭᠳᠡᠵᠦ᠂ ᠠᠵᠢᠯ ᠬᠢᠵᠦ ᠳᠡᠶᠢᠯᠬᠦ ᠦᠭᠡᠢ ᠪᠣᠯᠤᠭᠰᠠᠨ ᠢ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠡᠯᠡ ᠮᠥᠩᠭᠦ ᠣᠯᠵᠤ ᠲᠡᠭᠦᠨ ᠢᠶᠠᠷ ᠰᠠᠶᠢᠲᠤᠷ ᠡᠮᠨᠡᠭᠦᠯᠬᠦ ᠶᠢᠨ ᠬᠠᠮᠲᠤ ᠪᠠᠰᠠ ᠦᠷᠭᠦᠯᠵᠢ ᠲᠡᠭᠦᠨ ᠢ ᠬᠠᠪᠰᠤᠷᠤᠨ ᠬᠦᠷᠢᠶ᠎ᠡ ᠬᠠᠰᠢᠶ᠎ᠠ ᠶᠢ ᠨᠢ ᠴᠡᠪᠡᠷᠯᠡᠵᠦ᠂ ᠲᠠᠷᠢᠶᠠᠨ ᠠᠵᠢᠯ ᠬᠢᠯᠭᠡᠳᠡᠭ᠃  ᠳ᠋ᠠᠨ ᠶᠦᠩ ᠯᠢ 2009 ᠣᠨ ᠤ 12 ᠰᠠᠷ᠎ᠠ ᠳᠤ ᠴᠡᠷᠢᠭ ᠠᠩᠭᠢ ᠠᠴᠠ ᠬᠠᠯᠠᠭᠳᠠᠵᠤ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠮᠥᠨ ᠯᠡ ᠴᠡᠷᠢᠭ ᠤᠨ ᠬᠥᠮᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ ᠪᠠᠶᠢᠪᠠ᠃ ᠴᠡᠷᠢᠭ ᠤᠨ ᠨᠣᠭᠤᠭᠠᠨ ᠬᠤᠪᠴᠠᠰᠤ ᠪᠠᠨ ᠲᠠᠢᠯᠤᠭᠠᠳ ᠰᠢᠷ᠎ᠠ ᠰᠢᠷᠣᠶ ᠳᠤ ᠣᠷᠣᠪᠠ᠃ ︽ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠡᠷᠡ ᠮᠥᠴᠡ ᠠᠴᠠ ᠡᠬᠢᠯᠡᠨ᠂ ᠪᠢ ᠥᠪᠡᠷ ᠤᠨ ᠴᠢᠷᠮᠠᠶᠢᠯᠭ᠎ᠠ ᠪᠠᠷ ᠢᠶᠠᠨ ᠲᠣᠰᠬᠤᠨ ᠤ ᠠᠷᠠᠳ ᠢᠶᠠᠨ ᠪᠠᠶᠠᠵᠢᠭᠤᠯᠵᠤ᠂ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠶᠢ ᠬᠦᠰᠡᠵᠦ ᠪᠠᠶᠢᠨ᠎ᠠ︾᠃    ︽ᠲᠣᠰᠬᠤᠨ ᠤ ᠠᠷᠠᠳ ᠤᠨ ᠨᠢᠳᠦᠨ ᠳᠤ᠂ ᠳ᠋ᠠᠨ ᠶᠦᠩ ᠯᠢ ᠲᠣᠰᠬᠤᠨ ᠤ ᠠᠷᠠᠳ ᠢ ᠳᠠᠭᠠᠭᠤᠯᠤᠨ ᠪᠠᠶᠠᠵᠢᠨ ᠴᠢᠨᠡᠭᠡᠯᠢᠭᠵᠢᠭᠰᠡᠨ ᠰᠠᠶᠢᠨ ᠱᠦᠵᠢ ᠪᠣᠯᠬᠤ ᠪᠠᠷ ᠪᠠᠷᠠᠬᠤ ᠦᠭᠡᠢ᠂ ᠨᠡᠩ ᠴᠤ ᠲᠡᠳᠡᠨ ᠤ ᠳᠣᠲᠣᠨᠣ ᠬᠥᠮᠦᠨ ᠪᠣᠯᠤᠨ᠎ᠠ︾    ᠰᠠᠨ ᠶᠠᠨ ᠵᠢᠩ ᠲᠣᠰᠬᠤᠨ ᠳᠤ᠂ ᠴᠢᠶᠠᠨ ᠶᠦᠩ ᠯᠢ ᠲᠣᠰᠬᠤᠨ ᠤ ᠠᠷᠠᠳ ᠤᠨ ᠭᠡᠷ ᠤᠨ ᠪᠠᠶᠢᠳᠠᠯ ᠢ ᠲᠣᠪ ᠲᠣᠳᠣᠷᠬᠠᠢ ᠮᠡᠳᠡᠵᠦ᠂ ᠥᠪᠡᠷ ᠤᠨ ᠤᠴᠢᠷ ᠢᠶᠠᠨ ᠶᠠᠷᠢᠬᠤ ᠳᠤ ᠲᠡᠷᠡ ᠬᠠᠷᠢᠨ ᠬᠡᠳᠦᠨ ᠡᠩ ᠤᠨ ᠦᠭᠡ ᠪᠠᠷ᠄ ︽ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠪᠢ ᠵᠥᠪᠬᠡᠨ ᠥᠪᠡᠷ ᠤᠨ ᠲᠤᠬᠠᠶᠢᠯᠠᠭᠰᠠᠨ ᠠᠵᠢᠯ ᠢᠶᠠᠨ ᠬᠢᠵᠡᠢ᠂ ︿ᠲᠣᠯᠣᠭᠠᠢ ᠪᠥᠬᠦ᠋ᠢᠨ ᠬᠠᠷ᠎ᠠ ᠲᠡᠷᠢᠭᠦᠲᠡᠨ ᠳᠤ ᠦᠬᠡᠷ ᠮᠡᠲᠦ ᠵᠢᠳᠬᠦᠨ᠎ᠡ﹀᠂ ᠪᠢ ᠡᠨᠡ ᠰᠢᠯᠦᠭ ᠲᠤ ᠳᠤᠷᠠᠲᠠᠢ ᠪᠥᠭᠡᠳ ᠥᠪᠡᠷ ᠢ ᠪᠠᠨ ᠬᠠᠷ᠎ᠠ ᠲᠡᠷᠢᠭᠦᠲᠡᠨ ᠳᠤ ᠦᠬᠡᠷ ᠮᠡᠲᠦ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠣᠰᠬᠤᠨ ᠤ ᠠᠷᠠᠳ ᠲᠤ ᠦᠢᠯᠡᠴᠢᠯᠡᠬᠦ ᠶᠢ ᠬᠦᠰᠡᠨ᠎ᠡ︾ ᠭᠡᠵᠦ ᠶᠠᠷᠢᠵᠤ ᠪᠠᠶᠢᠯ᠎ᠠ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳᠠᠪᠠᠷ ᠬᠥᠭᠵᠢᠭᠦᠯᠬᠦ ᠬᠡᠷᠡᠭᠲᠡᠢ᠃ ᠳ᠋ᠠᠨ ᠶᠦᠩ ᠯᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠰᠠᠨ ᠶᠠᠨ ᠵᠢᠩ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠠᠵᠤ ᠦᠢᠯᠡᠰ ᠪᠣᠯᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠥᠯᠥᠪᠵᠢᠭᠦᠯᠪᠡ᠃ ᠰᠠᠨ ᠶᠠᠨ ᠵᠢᠩ ᠲᠣᠰᠬᠤᠨ ᠤ ᠣᠳᠣ ᠪᠠᠶᠢᠭ᠎ᠠ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ 4.5 ᠲᠦᠮᠡᠨ ᠲᠥᠭᠦᠷᠢᠭ ᠤᠨ ᠰᠠᠭᠤᠷᠢᠨ ᠳᠡᠭᠡᠷ᠎ᠡ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠵᠣᠬᠢᠬᠤ ᠬᠡᠮᠵᠢᠶ᠎ᠡ ᠪᠠᠷ ᠥᠷᠭᠡᠳᠬᠡᠵᠦ᠂ ᠲᠣᠰᠬᠤᠨ ᠠᠴᠠ ᠵᠢᠶᠦ᠋ᠨ ᠲᠠᠢ ᠳᠤᠰᠤᠯᠭᠠᠨ ᠤᠰᠤᠯᠠᠬᠤ ᠦᠢᠯᠡᠳᠪᠦᠷᠢ ᠪᠣᠯᠤᠨ ᠳ᠋ᠦᠩ ᠳ᠋ᠡ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠦᠢᠯᠡᠳᠪᠦᠷᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠠᠰᠢᠭ ᠣᠷᠣᠯᠭ᠎ᠠ ᠶᠢ 3.5 ᠲᠦᠮᠡᠨ ᠲᠥᠭᠦᠷᠢᠭ ᠬᠤᠪᠢᠶᠠᠵᠤ᠂ ᠳᠠᠭᠠᠭᠠᠴᠢᠯᠠᠭᠰᠠᠨ ᠨᠢᠭᠡᠴᠡ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠶ᠋ᠯᠡᠴᠢᠯᠡᠭᠡᠨ ᠤ ᠲᠥᠪ ᠨᠢ ᠬᠡᠷ ᠪᠠᠶᠢᠰᠢᠩ ᠭᠠᠵᠠᠷ ᠬᠥᠷᠥᠩᠭᠡ ᠶᠢᠨ ᠦᠶ᠋ᠯᠡᠰ ᠤᠨ ᠨᠡᠶᠢᠭᠡᠮᠯᠢᠭ ᠵᠡᠷᠭᠡ ᠶᠢ ᠵᠣᠬᠢᠴᠠᠭᠤᠯᠵᠤ ᠪᠠᠶᠢᠭᠠᠳ 5 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ ᠲᠣᠰᠬᠤᠨ ᠳᠤ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠬᠡᠲᠦ ᠳᠡᠯᠭᠡᠭᠦᠷ ᠤᠨ ᠲᠥᠷᠥᠯ ᠵᠦᠶ᠋ᠯ ᠢ ᠪᠠᠶᠢᠭᠤᠯᠵᠤ᠂ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠨᠢᠭᠡᠳᠦᠯᠲᠡᠶ ᠬᠤᠳᠠᠯᠳᠤᠨ ᠠᠪᠬᠤ ᠪᠠ ᠪᠣᠷᠣᠯᠠᠭᠤᠯᠬᠤ ᠦᠶ᠋ᠯᠡᠴᠢᠯᠡᠭᠡ ᠶᠢ ᠠᠭᠤᠰᠤᠯᠴᠠᠭᠤᠯᠤᠨ᠂ ᠬᠡᠲᠦ ᠳᠡᠯᠭᠡᠭᠦᠷ ᠤᠨ ᠵᠢᠯ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠨᠢ 20 ᠭᠠᠷᠤᠶ ᠲᠦᠮᠡᠨ ᠲᠥᠭᠦᠷᠢᠭ ᠪᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠴᠡᠪᠡᠷ ᠣᠷᠣᠯᠭ᠎ᠠ ᠨᠢ 3 ᠲᠦᠮᠡᠨ ᠲᠥᠭᠦᠷᠢᠭ ᠨᠡᠮᠡᠭᠳᠡᠬᠦ ᠶᠢ ᠪᠡᠶᠡᠯᠡᠭᠦᠯᠪᠡ᠃ ᠥᠪᠥᠷ ᠮᠣᠩᠭᠤᠯ ᠤᠨ ᠱᠠᠨ ᠰᠢ ᠶᠢᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠺᠣᠮᠫᠠᠨᠢ ᠲᠠᠢ ᠵᠣᠬᠢᠴᠠᠭᠤᠯᠤᠨ 2 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ ᠪᠠᠶᠢᠭᠠᠳ ᠲᠣᠰᠬᠤᠨ ᠳᠤ ᠬᠤᠭᠤᠯᠠᠨ ᠭᠡᠷ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠢ ᠰᠢᠯᠵᠢᠭᠦᠯᠦᠨ ᠲᠦᠷᠢᠶᠡᠰᠦᠯᠡᠭᠦᠯᠵᠦ ᠳᠠᠭᠠᠭᠠᠴᠢᠯᠠᠨ ᠡᠵᠡᠩᠨᠡᠭᠦᠯᠬᠦ ᠶᠢᠨ ᠬᠠᠮᠲᠤ ᠪᠡᠯᠡ ᠮᠥᠩᠭᠦ ᠴᠤᠭᠯᠠᠭᠤᠯᠤᠨ ᠲᠤᠭᠤᠯ ᠬᠤᠳᠠᠯᠳᠤᠨ ᠠᠪᠴᠤ ᠲᠣᠰᠬᠤᠨ ᠤ ᠬᠤᠷᠰᠢᠶ᠎ᠠ ᠶᠢᠨ ᠦᠬᠡᠷ ᠲᠡᠵᠢᠭᠡᠬᠦ ᠲᠤᠮᠤ ᠡᠷᠦᠬᠡ ᠯᠢ ᠹᠸᠢ ᠯᠢᠨ ᠢᠶᠠᠷ ᠣᠷᠣᠯᠠᠨ ᠲᠡᠵᠢᠭᠡᠯᠭᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠲᠠᠢ ᠤᠷᠳᠤ ᠬᠤᠭᠤᠴᠠᠭᠠᠨ ᠤ ᠪᠦᠲᠦᠮᠵᠢᠲᠡᠢ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠪᠠᠶᠢᠭᠤᠯᠵᠤ᠂ ᠤᠨᠴᠠᠯᠢᠭᠳᠤ ᠵᠠᠬᠢᠶᠠᠯᠠᠭ᠎ᠠ ᠶᠢᠨ ᠲᠠᠷᠢᠶᠠᠯᠠᠩ ᠢ ᠰᠦᠪᠡᠭᠴᠢᠯᠡᠨ ᠥᠷᠨᠢᠭᠦᠯᠦᠨ᠎ᠡ᠃ ᠲᠣᠰᠬᠤᠨ ᠤ ᠬᠤᠷᠰᠢᠶ᠎ᠠ ᠨᠢ ᠳ᠋ᠦᠩ ᠳ᠋ᠡ ᠪᠦᠯᠦᠭᠯᠡᠯ ᠲᠠᠢ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠵᠠᠬᠢᠶᠠᠯᠠᠭ᠎ᠠ ᠶᠢᠨ ᠬᠠᠭᠤᠳᠠᠰᠤ ᠳᠤ ᠭᠠᠷ ᠤᠨ ᠦᠰᠦᠭ ᠵᠢᠷᠤᠵᠤ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠲᠠᠷᠢᠵᠤ᠂ ᠳ᠋ᠦᠩ ᠳ᠋ᠡ ᠪᠦᠯᠦᠭᠯᠡᠯ ᠤᠨ ᠬᠢᠨ ᠡᠷᠳᠡᠨᠢ ᠰᠢᠰᠢ ᠶᠢᠨ ᠰᠢᠳᠠᠮ ᠢ ᠬᠤᠷᠢᠶᠠᠨ ᠠᠪᠬᠤ ᠶᠢ ᠬᠠᠷᠢᠭᠤᠴᠠᠵᠤ᠂ ᠠᠰᠢᠭ ᠬᠤᠨᠵᠢᠪᠣᠷᠢ ᠨᠢ ᠨᠡᠯᠢᠶᠡᠳ ᠰᠠᠶᠢᠨ ᠪᠣᠯᠤᠭᠰᠠᠨ ᠤ ᠳᠠᠷᠠᠭ᠎ᠠ ᠲᠠᠷᠢᠬᠤ ᠬᠡᠪᠴᠢ᠊ ᠡᠶ᠎ᠡ ᠪᠠᠨ ᠥᠷᠭᠡᠳᠬᠡᠬᠦ ᠶᠢ ᠤᠬᠠᠭᠤᠯᠤᠨ ᠳᠡᠯᠭᠡᠷᠡᠭᠦᠯᠵᠡᠢ᠃ ᠲᠣᠰᠬᠤᠨ ᠤ ᠨᠠᠮ ᠤᠨ ᠭᠡᠰᠢᠭᠦᠨ ᠤ ᠲᠠᠷᠢᠮᠠᠯ ᠤᠨ ᠲᠣᠮᠣ ᠡᠷᠦᠬᠡ ᠰᠢᠨ᠎ᠡ ᠰᠣᠷᠭᠤᠭ ᠭᠠ ᠲᠤᠷᠰᠢᠨ ᠳᠠᠷᠢᠵᠤ᠂ ᠮᠡᠷᠭᠡᠵᠢᠯ ᠤᠨ ᠵᠢᠯᠣᠭᠤᠳᠣᠯᠭ᠎ᠠ ᠶᠢᠨ ᠦᠶ᠋ᠯᠡᠴᠢᠯᠡᠭᠡ ᠶᠢ ᠨᠢᠭᠡᠳᠬᠡᠵᠦ᠂ ᠲᠤᠷᠰᠢᠨ ᠳᠠᠷᠢᠭᠠᠳ ᠠᠮᠵᠢᠯᠲᠠ ᠣᠯᠤᠭᠰᠠᠨ ᠠᠰᠢᠭ ᠬᠤᠨᠵᠢᠪᠣᠷᠢ ᠶᠢᠨ ᠬᠡᠪᠴᠢᠶ᠎ᠡ ᠶᠢ ᠥᠷᠭᠡᠳᠬᠡᠵᠦ ᠲᠠᠷᠢᠶᠠᠴᠢᠨ ᠡᠷᠦᠬᠡ ᠶᠢ ᠳᠠᠭᠠᠭᠤᠯᠤᠨ ᠳᠠᠷᠢᠬᠤ ᠳᠤ ᠠᠮᠠᠷ ᠪᠣᠯᠵᠠᠶ᠃ ᠲᠠᠷᠢᠶᠠᠯᠠᠩ ᠤᠨ ᠨᠠᠶᠢᠳᠠᠯᠭ᠎ᠠ ᠪᠠᠷ ᠬᠠᠮᠢᠶᠠᠷᠬᠤ ᠺᠣᠮᠫᠠᠨᠢ ᠶᠢ ᠣᠷᠣᠭᠤᠯᠤᠨ ᠠᠪᠴᠢᠷᠠᠵᠤ ᠲᠠᠷᠢᠶᠠᠨ ᠭᠠᠵᠠᠷ ᠢ ᠨᠠᠶᠢᠳᠠᠯᠭ᠎ᠠ ᠪᠠᠷ ᠬᠠᠮᠢᠶᠠᠷᠤᠭᠤᠯᠬᠤ ᠶᠢ ᠬᠠᠶᠢᠨ ᠰᠦᠪᠡᠭᠴᠢᠯᠡᠵᠦ᠂ ᠬᠥᠳᠡᠯᠮᠦᠷᠢ ᠶᠢᠨ ᠬᠦᠴᠦᠨ ᠢᠶᠠᠷ ᠪᠠᠭᠤᠷᠠᠶ ᠭᠡᠷ ᠪᠦᠯᠢ ᠪᠠ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠭᠠᠴᠠᠭᠠᠨ ᠤ ᠠᠷᠠᠳ ᠤᠨ ᠭᠡᠷ ᠪᠦᠯᠢ ᠶᠢᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠢ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠤᠨ ᠴᠠᠬᠢᠯᠭᠠᠨ᠂ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠲᠠᠢ ᠬᠠᠷᠢᠯᠴᠠᠵᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠤᠰᠤ ᠴᠠᠬᠢᠯᠭᠠᠨ ᠬᠡᠷᠡᠭᠯᠡᠵᠦ ᠭᠠᠳᠠᠭᠰᠢ ᠭᠠᠷᠬᠤ ᠳᠤ ᠬᠦᠴᠢᠷ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠲᠣᠰᠬᠤᠨ ᠲᠠᠢ ᠬᠠᠮᠲᠤᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠲᠥᠯᠥᠪᠵᠢᠭᠦᠯᠵᠦ᠂ ᠲᠣᠰᠬᠤᠨ ᠳᠤ ᠵᠢᠵᠢᠭ ᠬᠡᠯᠪᠡᠷᠢ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠠᠮᠤ ᠪᠤᠳᠠᠭ᠎ᠠ ᠶᠢ ᠬᠠᠲᠠᠭᠠᠵᠤ ᠬᠤᠷᠢᠶᠠᠨ ᠬᠠᠳᠠᠭᠠᠯᠠᠵᠤ ᠬᠠᠳᠠᠭᠠᠯᠠᠬᠤ᠂ ᠡᠪᠡᠰᠦ ᠪᠣᠷᠳᠤᠭ᠎ᠠ ᠶᠢ ᠡᠳ᠋ᠰᠢᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠢᠮᠢ ᠶᠢᠨ ᠪᠤᠷᠳᠤᠭᠤᠷ ᠲᠠᠷᠢᠶᠠᠯᠠᠩ ᠤᠨ ᠪᠦᠲᠦᠭᠡᠭᠳᠡᠬᠦᠨ ᠢ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠪᠣᠷᠣᠯᠠᠭᠤᠯᠬᠤ ᠲᠠᠯᠠᠪᠤᠷ ᠢ ᠨᠢᠭᠡ ᠴᠤᠬᠴᠠᠵᠢᠭᠤᠯᠤᠬᠰᠠᠨ ᠲᠠᠯᠠᠪᠤᠷ ᠪᠣᠯᠭᠠᠬᠤ ᠪᠠᠷ ᠲᠥᠯᠥᠪᠯᠡᠵᠦ ᠪᠤᠢ᠃    ᠹᠧᠩ ᠱᠦᠢ ᠯᠢᠶᠠᠩ ᠪᠠᠯᠭᠠᠰᠤᠨ ᠤ ᠳᠡᠳ᠋ ᠳᠠᠷᠤᠭ᠎ᠠ ᠯᠢᠦ ᠸᠠᠨ ᠴᠧᠩ᠄ ︽ᠴᠢᠶᠠᠨ ᠶᠦᠩ ᠯᠢ ᠲᠣᠰᠬᠤᠨ ᠳᠤ ᠰᠠᠭᠤᠭᠰᠠᠨ ᠠᠴᠠ ᠨᠠᠰᠢ ᠲᠣᠰᠬᠤᠨ ᠤ ᠬᠤᠪᠢᠷᠠᠯᠲᠠ ᠮᠠᠰᠢ ᠶᠡᠭᠡ ᠪᠣᠯᠵᠠᠢ᠂ ᠲᠡᠷᠡ ︿ᠰᠡᠳᠬᠢᠯ﹀ ᠢᠶᠠᠷ ᠢᠶᠠᠨ ᠲᠣᠰᠬᠤᠨ ᠳᠤ ᠰᠠᠭᠤᠵᠤ᠂ ᠯᠠᠪᠳᠠᠭᠤᠨ ᠲᠣᠭᠲᠠᠭᠤᠨ ᠢᠶᠠᠷ ᠤᠯᠠᠨ ᠲᠦᠮᠡᠨ ᠳᠤ ᠤᠴᠢᠷ ᠶᠠᠪᠤᠳᠠᠯ ᠪᠦᠲᠦᠭᠡᠵᠦ ᠥᠭᠴᠡᠢ᠂ ᠰᠠᠨ ᠶᠠᠨ ᠵᠢᠩ ᠲᠣᠰᠬᠤᠨ ᠤ ᠪᠦᠳᠦᠭᠡᠨ ᠪᠠᠶᠢᠭᠤᠯᠤᠯᠲᠠ ᠤᠯᠠᠮ ᠠᠴᠠ ᠤᠯᠠᠮ ᠰᠠᠶᠢᠵᠢᠷᠠᠵᠤ᠂ ᠲᠣᠰᠬᠤᠨ ᠤ ᠠᠷᠠᠳ ᠤᠯᠠᠮ ᠠᠴᠠ ᠤᠯᠠᠮ ᠪᠠᠶᠠᠵᠢᠬᠤ ᠶᠢ ᠪᠢᠳᠡ ᠬᠦᠰᠡᠵᠦ ᠪᠠᠶᠢᠨ᠎ᠠ︾ ᠭᠡᠵᠦ ᠬᠡᠯᠡᠪᠡ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号