10 ᠰᠠᠷ᠎ᠠ ᠶᠢᠨ 19 ᠤ ᠦᠳᠡ ᠶᠢᠨ ᠬᠤᠶᠢᠨ᠎ᠠ᠂ ᠪᠠᠭᠠᠷᠢᠨ ᠵᠡᠭᠦᠨ ᠬᠤᠰᠢᠭᠤ ᠪᠥᠬᠦ ᠬᠤᠰᠢᠭᠤᠨ ᠤ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢ ᠠᠬᠢᠭᠤᠯᠬᠤ ᠬᠤᠷᠠᠯ ᠬᠢᠪᠠ᠃ ᠬᠤᠷᠠᠯ ᠠᠴᠠ | ᠣᠳᠣᠬᠠᠨ ᠤ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠣᠳᠣᠬᠢ | ᠪᠠᠶᠢᠳᠠᠯ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠠᠯᠬᠤᠮ ᠤᠨ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠤ | ᠠᠵᠢᠯ ᠣᠯᠭᠤᠯᠲᠠ ᠶᠢ ᠰᠠᠶᠢᠲᠤᠷ ᠪᠡᠶᠡᠯᠡᠭᠦᠯᠬᠦ᠂ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠬᠦ᠂ ᠳᠠᠩᠰᠠᠯᠠᠨᠺᠠᠷᠲᠯᠠᠵᠤ ᠬᠥᠳᠡᠯᠦᠩᠭᠦᠢ ᠬᠠᠮᠢᠶᠠᠷᠤᠯᠲᠠ ᠬᠢᠬᠦ᠂ ᠲᠦᠷᠦᠯ ᠵᠦᠢᠯ ᠢ ᠲᠦᠯᠬᠢᠨ | ᠠᠬᠢᠭᠤᠯᠬᠤ ᠪᠠ ᠪᠡᠯᠡ ᠮᠥᠩᠭᠦ ᠶᠢ ᠪᠠᠭᠤᠯᠭᠠᠨ ᠥᠭᠬᠦ᠂ ᠤᠯᠤᠰ ᠤᠨ ᠶᠠᠳᠠᠭᠤ ᠶᠢ ᠲᠡᠳᠬᠦᠬᠦ ᠨᠡᠭᠡᠭᠡᠯᠲᠡ ᠠᠵᠢᠯ ᠤᠨ | ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠬᠤᠳᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠱᠠᠯᠠᠪᠳᠠᠭᠤᠯᠤᠨ | ᠪᠠᠶᠢᠴᠠᠭᠠᠵᠤ ᠪᠠᠶᠢᠴᠠᠭᠠᠨ ᠰᠤᠳᠤᠯᠬᠤ ᠪᠡᠯᠡᠳᠬᠡᠯ ᠵᠡᠷᠭᠡ 13 ᠵᠦᠢᠯ ᠤᠨ ᠪᠣᠳᠠᠲᠠᠶ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠲᠣᠭᠤᠷᠢᠨ | ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠲᠥᠪ ᠤᠨ | ᠪᠠ ᠥᠪᠡᠷᠲᠡᠭᠡᠨ ᠵᠠᠰᠠᠬᠤ ᠣᠷᠣᠨ ᠤ ᠤᠳᠠᠭ᠎ᠠ ᠪᠦᠷᠢ ᠶᠢᠨ ᠬᠢᠨᠠᠯᠲᠠ ᠲᠠᠯᠪᠢᠵᠤ ᠱᠠᠯᠠᠪᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠴᠢᠨᠠᠭᠰᠢᠳᠠ ᠲᠥᠪᠯᠡᠷᠡᠭᠦᠯᠵᠦ᠂ ᠨᠢᠭᠡ ᠤᠳᠠᠭᠠᠨ ᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ︽ᠡᠷᠭᠢᠵᠦ ᠬᠠᠷᠠᠬᠤ︾ ᠶᠢ ᠪᠦᠬᠦ ᠲᠠᠯ᠎ᠠ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠳᠠᠬᠢᠨ ᠬᠠᠷᠢᠴᠠᠭᠤᠯᠤᠨ᠂ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠡᠮᠬᠢᠯᠡᠨ | ᠳᠢᠭᠯᠡᠵᠦ᠂ ᠳᠠᠬᠢᠨ ᠴᠡᠭᠴᠡᠯᠡᠨ ᠰᠠᠶᠢᠵᠢᠷᠠᠭᠤᠯᠵᠤ᠂ ᠪᠠᠷᠢᠮᠵᠢᠶ᠎ᠠ ᠶᠢ ᠬᠠᠷᠭᠤᠭᠤᠯᠤᠨ ᠬᠦᠰᠦᠨᠦᠭᠲᠦ ᠶᠢ ᠬᠠᠷᠭᠤᠭᠤᠯᠵᠤ᠂ | ᠵᠤᠷᠪᠤᠰ ᠵᠤᠷᠪᠤᠰ ᠢᠶᠠᠷ ᠰᠢᠯᠢᠨ ᠰᠣᠩᠭᠤᠵᠤ᠂ ᠣᠷᠣᠰᠢᠵᠤ ᠪᠠᠶᠢᠭ᠎ᠠ ᠠᠰᠠᠭᠤᠳᠠᠯ᠂ ᠴᠡᠭᠴᠡᠯᠡᠨ ᠰᠠᠶᠢᠵᠢᠷᠠᠭᠤᠯᠬᠤ ᠶᠢ | ᠪᠡᠶᠡᠯᠡᠭᠦᠯᠦᠭᠡᠳᠦᠢ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠲᠦᠢᠯᠪᠤᠷᠢᠲᠠᠢ ᠪᠡᠶᠡᠯᠡᠭᠦᠯᠦᠭᠰᠡᠨ ᠦᠭᠡᠢ | ᠠᠰᠠᠭᠤᠳᠠᠯ ᠢ ᠪᠦᠬᠦᠨ ᠢ ᠡᠷᠢᠨ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠶᠢ ᠨᠥᠯᠥᠭᠡᠯᠡᠵᠦ ᠮᠡᠳᠡᠬᠦ ᠵᠡᠷᠭᠡ | ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠲᠦᠢᠯᠪᠤᠷᠢᠲᠠᠢ ᠰᠢᠢᠳᠪᠦᠷᠢᠯᠡᠵᠦ᠂ ᠥᠨᠴᠥᠭ ᠪᠤᠯᠤᠩ ᠦᠯᠡᠳᠡᠭᠡᠬᠦ | ᠦᠭᠡᠢ᠂ ᠪᠤᠢ ᠪᠦᠬᠦᠢ ᠠᠰᠠᠭᠤᠳᠠᠯ ᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠠᠴᠠ ᠡᠮᠦᠨ᠎ᠡ ᠪᠦᠬᠦᠨ ᠢ | ᠴᠡᠭᠴᠡᠯᠡᠨ ᠰᠠᠶᠢᠵᠢᠷᠠᠭᠤᠯᠵᠤ᠂ ᠪᠦᠬᠦᠨ ᠢ ᠰᠠᠶᠢᠳᠤᠷ ᠴᠡᠪᠡᠷᠯᠡᠬᠦ ᠶᠢ ᠪᠠᠲᠤᠯᠠᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ᠂ ᠰᠤᠯᠠᠷᠠᠨ ᠬᠤᠶᠢᠷᠭᠤᠰᠢᠬᠤ ᠵᠡᠷᠭᠡ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠭᠤᠰᠬᠤ ᠵᠢᠯ ᠤᠨ ᠡᠯ᠎ᠡ ᠵᠦᠢᠯ ᠤᠨ ᠠᠵᠢᠯ ᠢ | ᠪᠦᠬᠦ ᠬᠦᠴᠦᠨ ᠢᠶᠠᠷ ᠢᠶᠠᠨ ᠠᠬᠢᠭᠤᠯᠵᠤ᠂ ᠴᠠᠭ ᠬᠤᠭᠤᠴᠠᠭ᠎ᠠ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ | ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ | ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠪᠳᠤᠷᠭᠠᠨ ᠳ᠋ᠠ᠋ᠭᠠᠨ ᠤᠷᠤᠬᠤ | ᠳᠤᠳᠤᠮ ᠢᠶᠠᠨ ᠤᠯᠠᠮ ᠬᠦᠴᠢᠷ ᠪᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ︽ᠡᠴᠦᠰ ᠤᠨ | ᠨᠢᠭᠡ ᠺᠢᠤᠮᠧᠲᠷ︾ ᠢ ᠯᠠᠪᠳᠠᠭᠤᠨ ᠪᠠᠲᠤᠲᠠᠢ ᠰᠠᠶᠢᠲᠤᠷ ᠵᠠᠮᠨᠠᠬᠤ ᠶᠢᠨ ᠲᠥᠯᠥᠭᠡ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ | ᠭᠤᠲᠤᠭᠠᠬᠤ ᠦᠭᠡᠢ ᠪᠠᠶᠢᠵᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ᠂ ᠴᠢᠳᠠᠮᠠᠭᠠᠢ ᠬᠢᠵᠦ ᠴᠢᠳᠠᠮᠠᠭᠠᠢ | ᠪᠦᠲᠦᠭᠡᠵᠦ᠂ ᠪᠦᠷᠢᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠦᠭᠡᠢ ᠪᠠᠶᠢᠬᠤ | ᠬᠡᠷᠡᠭᠲᠡᠢ᠃ ᠠᠰᠠᠭᠤᠳᠠᠯ ᠢ ᠴᠢᠩᠭ᠎ᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠯᠠᠪᠳᠠᠭᠤᠨ | ᠲᠣᠭᠲᠠᠭᠤᠨ ᠢᠶᠠᠷ ᠠᠵᠢᠯᠯᠠᠵᠤ᠂ ᠡᠮᠦᠨ᠎ᠡ ᠨᠢ ᠭᠠᠪᠰᠢᠭᠠᠶᠢᠯᠠᠨ᠂ ᠲᠡᠷᠢᠬᠦᠯᠡᠨ ᠠᠵᠢᠯᠯᠠᠵᠤ᠂ ᠴᠡᠭᠴᠡᠯᠡᠨ | ᠰᠠᠶᠢᠵᠢᠷᠠᠭᠤᠯᠬᠤ ᠴᠢᠬᠤᠯᠠᠲᠠᠶ ᠪᠣᠶ ᠪᠥᠬᠦᠶ ᠲᠣᠪᠤᠶᠢᠮ᠎ᠠ ᠠᠰᠠᠭᠤᠳᠠᠯ ᠳᠤ ᠪᠣᠳᠠᠲᠠᠶ ᠠᠷᠭ᠎ᠠ᠂ ᠬᠠᠲᠠᠭᠤ ᠠᠷᠭ᠎ᠠ | ᠬᠡᠮᠵᠢᠶ᠎ᠡ ᠠᠪᠴᠤ᠂ ᠡᠬᠢ ᠪᠠᠶᠠᠯᠢᠭ ᠢ ᠨᠡᠶᠢᠳᠬᠡᠨ᠂ ᠭᠠᠯ ᠤᠨ ᠬᠦᠴᠦᠨ ᠢᠶᠠᠨ ᠲᠥᠪᠯᠡᠷᠡᠭᠦᠯᠦᠨ᠂ ᠠᠵᠢᠯ ᠤᠨ | ᠬᠤᠭᠤᠴᠠᠭ᠎ᠠ ᠶᠢ ᠭᠡᠳᠡᠷᠭᠦ ᠵᠢᠭᠰᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠲᠤᠰᠬᠠᠶ ᠠᠩᠭᠢ ᠶᠢ | ᠳᠠᠭᠠᠵᠤ᠂ ᠴᠢᠩᠭ᠎ᠠ ᠠᠳᠬᠤᠨ ᠴᠢᠩᠭ᠎ᠠ ᠠᠬᠢᠭᠤᠯᠵᠤ᠂ ᠵᠦᠶᠯ ᠵᠤᠷᠪᠤᠰ ᠢᠶᠠᠷ ᠲᠠᠩᠰᠠ ᠶᠢ ᠬᠠᠷᠭᠤᠭᠤᠯᠤᠨ ᠬᠠᠰᠤᠵᠤ᠂ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠦᠨᠡᠨ ᠪᠣᠳᠠᠲᠠᠶ ᠦᠷ᠎ᠡ ᠪᠦᠲᠦᠮᠵᠢ | ᠭᠠᠷᠭᠠᠵᠤ᠂ ︽ ᠤᠰᠠᠳᠬᠠᠬᠤ ᠪᠠᠶᠢᠯᠳᠤᠭᠠᠨ︾ ᠢ ᠰᠠᠶᠢᠲᠤᠷ ᠬᠢᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ︽ᠬᠤᠶᠠᠷ ᠲᠤ ᠵᠣᠪᠠᠭ᠋ᠤ ᠥᠬᠡᠶ | ᠭᠤᠷᠪᠠ ᠶᠢ ᠪᠠᠲᠤᠯᠠᠬᠤ︾ ᠬᠠᠷᠠᠯᠲᠠ ᠶᠢᠨ ᠪᠠᠷᠢᠮᠵᠢᠶ᠎ᠠ ᠶᠢ ᠴᠢᠩᠭ᠎ᠠ ᠠᠩᠬᠠᠷᠴᠤ᠂ ᠦᠯᠡᠳᠡᠭᠰᠡᠨ ᠶᠠᠳᠠᠭᠤ ᠠᠴᠠ | ᠠᠩᠭᠢᠵᠢᠷᠠᠭᠠᠳᠤᠶ 1676 ᠶᠠᠳᠠᠭᠤ ᠬᠦᠴᠢᠷᠳᠡᠯᠲᠡᠶ ᠬᠥᠮᠦᠨ ᠠᠮᠠ ᠳᠤ᠂ ᠺᠠᠳ᠋ᠷᠴᠤᠳ ᠢ ᠵᠣᠬᠢᠶᠠᠨ ᠪᠠᠶᠢᠭᠤᠯᠤᠨ | ᠲᠣᠰᠬᠤᠨ ᠡᠷᠦᠬᠡ ᠬᠥᠮᠦᠨ ᠨᠢᠭᠡᠪᠦᠷᠢ ᠪᠠᠷ ᠰᠤᠳᠤᠯᠤᠨ ᠮᠠᠭᠠᠳᠯᠠᠯᠲᠠ ᠬᠢᠵᠦ᠂ ᠡᠨᠡ ᠵᠢᠯ ᠡᠷᠬᠡᠪᠰᠢ ᠪᠦᠬᠦᠨ ᠢ | ᠶᠠᠳᠠᠭᠤ ᠶᠢᠨ ᠳᠤᠭᠠᠨ ᠠᠴᠠ ᠭᠠᠷᠭᠠᠬᠤ ᠬᠡᠷᠡᠭᠳᠡᠢ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ ᠪᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠪᠡᠯᠡ ᠮᠥᠩᠭᠦᠨ ᠤ ᠬᠠᠮᠢᠶᠠᠷᠤᠯᠲᠠ ᠠᠵᠢᠯ ᠢ ᠴᠢᠩᠳᠠᠯᠠᠵᠤ᠂ ︽ᠲᠤᠰᠬᠠᠶ ᠵᠣᠭᠤᠰ᠂ ᠲᠤᠰᠬᠠᠶ | ᠬᠥᠮᠦᠨ᠂ ᠲᠤᠰᠬᠠᠶ ᠲᠠᠩᠰᠠ︾ ᠶᠢᠨ ᠬᠠᠮᠢᠶᠠᠷᠤᠯᠲᠠ ᠪᠠ ᠲᠠᠩᠰᠠ ᠮᠡᠳᠡᠭᠦᠯᠵᠦ ᠵᠣᠭᠤᠰ ᠪᠠᠭᠤᠯᠭᠠᠨ ᠥᠭᠬᠦ | ᠲᠦᠷᠢᠮ ᠢ ᠬᠢᠨᠠᠮᠠᠭᠠᠶ ᠬᠡᠷᠡᠭᠵᠢᠭᠦᠯᠦᠨ᠂ ᠲᠤᠰᠬᠠᠶ ᠵᠣᠭᠤᠰ ᠢ ᠲᠤᠰᠬᠠᠶ ᠵᠦᠶᠯ ᠳᠤ ᠬᠡᠷᠡᠭᠯᠡᠬᠦ ᠶᠢ ᠪᠡᠶᠡᠯᠡᠭᠦᠯᠵᠦ᠂ | ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠢᠯᠭᠠᠨ ᠠᠪᠬᠤ ᠭᠤᠭᠴᠤᠭ᠎ᠠ ᠶᠢ | ᠴᠢᠩᠭ᠎ᠠ ᠠᠳᠬᠤᠵᠤ᠂ ᠲᠠᠰ ᠳᠠᠷᠠᠭᠠᠯᠠᠯ ᠢ ᠳᠥᠭᠦᠮᠴᠢᠯᠡᠨ᠂ ᠶᠠᠮᠠᠷ ᠴᠤ ᠠᠰᠠᠭᠤᠳᠠᠯ ᠭᠠᠷᠬᠤ ᠥᠬᠡᠶ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ᠃ | | ᠁ |