ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠨᠢ ᠭᠤᠷᠪᠠᠨ ᠵᠢᠯ ᠳᠠᠷᠠᠭᠠᠯᠠᠨ  ︽ᠰᠢᠯᠢᠳᠡᠭ︾ ᠲᠠᠰ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/3/11
      ᠣᠶᠢᠷ᠎ᠠ ᠳᠤ᠂ ᠤᠯᠤᠰ ᠤᠨ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠮᠡᠳᠡᠭᠳᠡᠯ ᠪᠠᠭᠤᠯᠭᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 2020 ᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠠᠰ ᠨᠢ ︽ᠰᠢᠯᠢᠳᠡᠭ︾ ᠪᠣᠯᠤᠨ᠎ᠠ ᠭᠡᠵᠡᠶ᠃ ᠡᠨᠡ ᠪᠣᠯ 2018᠂ 2019 ᠣᠨ ᠤ ᠳᠠᠷᠠᠭᠠᠬᠢ᠂ ᠮᠠᠨ ᠤ ᠣᠷᠣᠨ ᠳᠠᠬᠢᠨᠲᠠ ᠰᠢᠯᠢᠳᠡᠭ ᠲᠠᠰ ᠢᠶᠠᠷ ᠦᠨᠡᠯᠡᠭᠳᠡᠭᠰᠡᠨ ᠶᠠᠪᠤᠳᠠᠯ ᠪᠣᠯᠤᠨ᠎ᠠ᠃      2020 ᠣᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠰᠡᠭᠦᠯ ᠬᠤᠷᠢᠶᠠᠬᠤ ᠵᠢᠯ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠪᠠ ᠤᠯᠤᠰ ᠤᠨ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠵᠥᠪ ᠣᠨᠣᠪᠴᠢᠲᠠᠶ ᠵᠢᠯᠣᠭᠤᠳᠣᠯᠭ᠎ᠠ ᠳᠣᠣᠷ᠎ᠠ᠂ ᠪᠦᠬᠦ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠪᠣᠯᠤᠨ ᠥᠷᠭᠡᠨ ᠣᠯᠠᠨ ᠶᠠᠳᠠᠭᠤ ᠶᠢ ᠲᠡᠳᠬᠦᠬᠦ ᠺᠠᠳ᠋ᠷᠴᠤᠳ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠪᠠᠶᠢᠭᠠᠳ ᠳᠤᠤᠭᠠᠷᠪᠠᠯ ᠳᠠᠭᠤᠨ ᠨᠢᠭᠡᠳᠠᠢ ᠳᠤᠭᠳᠤᠷᠪᠠᠯ ᠬᠦᠴᠦᠨ ᠨᠢᠭᠡᠳᠡᠢ ᠪᠠᠷ ᠬᠢᠵᠢᠭ ᠤᠨ  ᠪᠠᠶᠢᠳᠠᠯ ᠤᠨ ᠨᠦᠯᠦᠭᠡᠯᠡᠯ ᠢ ᠢᠳᠡᠪᠬᠢᠳᠠᠢ ᠪᠠᠷ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠪᠠᠬᠢᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠦᠨᠡᠨ ᠪᠣᠳᠠᠲᠠᠶ ᠪᠠᠷ ᠨᠡᠶᠢᠳᠬᠡᠬᠦ ᠶᠢ ᠶᠡᠭᠡ ᠪᠠᠷ ᠠᠬᠢᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠨ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠥᠷᠦᠩᠭᠡ ᠶᠢᠨ ᠬᠠᠮᠢᠶᠠᠷᠤᠯᠲᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠰᠡᠭᠦᠯ ᠬᠤᠷᠢᠶᠠᠬᠤ ᠵᠢᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ  ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠨᠤᠲᠠᠯᠠᠯᠲᠠ ᠶᠢ ᠤᠯᠤᠭᠰᠠᠨ ᠪᠠᠶᠢᠢᠨ᠎ᠠ᠃      ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ  ᠳᠠᠶᠢᠯᠠᠯᠳᠤᠭᠠᠨ ᠪᠦᠬᠦ ᠲᠠᠯ᠎ᠠ ᠪᠠᠷ ᠢᠯᠠᠯᠲᠠ ᠣᠯᠤᠭᠰᠠᠨ ᠨᠢ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ  ᠰᠠᠶᠢᠨ  ᠰᠠᠶᠢᠬᠠᠨ ᠠᠮᠢᠳᠤᠷᠠᠯ ᠢ ᠴᠣᠭᠴᠠᠯᠠᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠵᠠᠮ ᠳᠡᠭᠡᠷ᠎ᠡ ᠨᠢᠭᠡᠨ ᠲᠤᠮᠤ ᠠᠯᠬᠤᠮ ᠢ ᠠᠯᠬᠤᠭᠰᠠᠨ ᠢ ᠬᠠᠷᠠᠭᠤᠯᠵᠤ ᠪᠤᠢ᠃ ᠶᠠᠳᠠᠭᠤ ᠠᠴᠠ ᠠᠩᠭᠢᠵᠢᠷᠠᠭᠤᠯᠬᠤ ᠪᠤᠯ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠭᠠᠷᠤᠭ᠎ᠠ ᠪᠣᠯᠤᠨ᠎ᠠ᠃ 2021 ᠣᠨ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠦᠷᠦᠯ ᠵᠦᠢᠯ ᠳᠤ ᠡᠳ᠋ ᠬᠥᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠯᠴᠠᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤᠳᠬᠠᠨ᠂ ᠦᠷ᠎ᠡ ᠪᠦᠲᠦᠮᠵᠢ ᠶᠢ ᠨᠡᠩ ᠦᠷᠭᠦᠯᠵᠢᠯᠡᠭᠦᠯᠵᠦ᠂ ᠰᠢᠯᠢᠳᠡᠭ ᠠᠮᠵᠢᠯᠲᠠ ᠪᠠᠷ ᠲᠤᠮᠳᠠᠳᠤ ᠤᠯᠤᠰ ᠤᠨ ᠡᠪ ᠬᠠᠮᠳᠤ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠬᠦ ᠪᠤᠯᠤᠨ᠎ᠡ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号