ᠳᠤᠮᠳᠠᠳᠤ ᠤᠯᠤᠰ ᠤᠨ ᠣᠨᠴᠠᠯᠢᠭ ᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠳᠦᠷᠢᠮ ᠤᠨ ᠰᠢᠰᠲ᠋ᠧᠮ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2021/3/12
      2015 ᠣᠨ ᠤ 11 ᠰᠠᠷ᠎ᠠ ᠳᠤ᠂ ᠲᠥᠪ ᠤᠨ ᠶᠠᠳᠠᠭᠤ ᠶᠢ ᠲᠡᠳᠬᠦᠬᠦ ᠨᠡᠭᠡᠭᠡᠯᠲᠡ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠳᠤᠮᠳᠠ ᠪᠠᠷᠠᠭᠤᠨ ᠣᠷᠣᠨ ᠤ 22 ᠮᠤᠵᠢ ᠣᠷᠣᠨ ᠬᠤᠳᠠ ᠶᠢᠨ ᠱᠦᠵᠢ ᠪᠣᠯᠤᠨ ᠮᠤᠵᠢ ᠶᠢᠨ ᠳᠠᠷᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠤᠪᠠ᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠡᠭᠡᠷ᠎ᠡ᠄ ︽ᠡᠨᠡ ᠪᠣᠯ ᠳᠠᠷᠤᠢ ᠲᠠ ᠨᠠᠷ ᠤᠨ ᠨᠠᠮ ᠤᠨ ᠲᠥᠪ ᠬᠤᠷᠢᠶ᠎ᠠ ᠳᠤ ᠥᠭᠭᠦᠭᠰᠡᠨ ᠪᠠᠲᠤᠯᠠᠭ᠎ᠠ ᠶᠢᠨ ᠪᠢᠴᠢᠭ ᠪᠣᠯᠤᠨ᠎ᠠ᠂ ᠵᠢᠯ ᠪᠦᠷᠢ ᠨᠠᠮ ᠤᠨ ᠲᠥᠪ ᠬᠤᠷᠢᠶ᠎ᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠬᠦ ᠬᠡᠷᠡᠭᠲᠡᠢ︾ ᠭᠡᠵᠦ ᠬᠡᠯᠡᠪᠡ᠃ 2 ᠰᠠᠷ᠎ᠠ ᠭᠠᠷᠤᠶ ᠶᠢᠨ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠭᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ  ᠲᠢᠩᠭᠢᠮ ︽ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠨᠡᠭᠡᠭᠡᠯᠲᠡ ᠶᠢᠨ ᠠᠵᠢᠯ ᠤᠨ ᠠᠮᠵᠢᠯᠳᠠ ᠪᠦᠲᠦᠮᠵᠢ ᠶᠢ  ᠬᠢᠨᠠᠨ  ᠰᠢᠯᠭᠠᠬᠤ  ᠠᠷᠭ᠎ᠠ︾ ᠶᠢ ᠳᠠᠷᠤᠮᠠᠯᠯᠠᠨ ᠳᠠᠷᠬᠠᠭᠠᠪᠠ᠃      2017 ᠣᠨ ᠤ 3 ᠰᠠᠷ᠎ᠠ ᠶᠢᠨ ᠨᠠᠮ ᠤᠨ ᠲᠦᠪ ᠬᠤᠷᠢᠶᠡᠨ ᠤ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷ᠎ᠡ᠂ ᠶᠡᠷᠦᠩᠬᠡᠢ ᠱᠦᠵᠢ᠄ ︽ᠡᠨᠡ ᠪᠣᠯ ᠪᠠᠳᠤᠯᠠᠭ᠎ᠠ ᠶᠢᠨ ᠪᠢᠴᠢᠭ᠂ ᠪᠡᠶᠡᠯᠡᠭᠦᠯᠵᠦ ᠳᠡᠶᠢᠯᠬᠦ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠨ᠎ᠡ︕︾ ᠭᠡᠵᠦ ᠳᠠᠪᠲᠠᠨ ᠢᠯᠡᠷᠬᠡᠶᠢᠯᠡᠪᠡ᠃ ᠨᠠᠮ ‍ᠤᠨ‌‍ᠲ᠋ᠥ᠋ᠪ ᠬᠤᠷᠢᠶᠡᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠮᠤᠵᠢ ᠣᠷᠣᠨ ᠬᠤᠳᠠ ᠠᠴᠠ ᠲᠣᠰᠬᠤᠨ ᠤ ᠱᠠᠳᠤᠨ ᠳᠤ ᠬᠦᠷᠲᠡᠯ᠎ᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢᠨ ᠪᠢᠴᠢᠭ ᠲᠤ ᠱᠠᠳᠤ ᠱᠠᠳᠤ ᠪᠠᠷ ᠭᠠᠷ ᠤᠨ ᠦᠰᠦᠭ ᠵᠢᠷᠤᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ ᠳᠠᠷᠤᠯᠲᠠ ᠶᠢ ᠱᠠᠳᠤ ᠱᠠᠳᠤ ᠪᠠᠷ ᠳᠠᠮᠵᠢᠭᠤᠯᠪᠠ᠃      ᠳᠦᠷᠢᠮ ᠳᠤ ᠦᠨᠳᠦᠰᠦᠨ ᠴᠢᠨᠠᠷ᠂ ᠪᠦᠬᠦ ᠲᠡᠯ᠎ᠠ ᠶᠢᠨ ᠴᠢᠨᠡᠷ᠂ ᠲᠣᠭᠲᠠᠪᠤᠷᠢᠳᠤ ᠴᠢᠨᠠᠷ ᠪᠠ ᠤᠳᠠᠭᠠᠨ ᠳᠠᠭᠠᠭᠠᠮᠠᠭᠠᠢ ᠴᠢᠨᠠᠷ ᠲᠠᠢ ᠪᠠᠶᠢᠳᠠᠭ᠃ ᠶᠡᠷᠦᠩᠬᠡᠶ ᠱᠦᠵᠢ ᠰᠢ ᠶᠢᠨ ᠫᠢᠩ᠄ ︽ᠶᠠᠳᠠᠭᠤ ᠠᠴᠠ ᠠᠩᠭᠢᠵᠢᠷᠠᠭᠤᠯᠬᠤ  ᠪᠣᠭᠤᠮᠳᠠ ᠰᠢᠪᠳᠤᠯᠬᠤ ᠳᠤ ᠦᠨᠡᠨ ᠪᠣᠳᠠᠲᠠᠶ ᠦᠷ᠎ᠡ ᠪᠦᠲᠦᠮᠵᠢ ᠶᠢ ᠤᠯᠬᠤ ᠳᠤ ᠵᠠᠩᠭᠢᠯᠠᠭ᠎ᠠ ᠨᠢ ᠵᠠᠮ ᠵᠶ᠋ᠠᠨ‌ᠤᠨᠤᠪᠴᠢᠳᠠᠢ ᠡᠷᠢᠵᠦ᠂ ᠰᠠᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠬᠡᠷᠡᠭᠲᠡᠶ︾ ᠭᠡᠵᠤ ᠵᠢᠭᠠᠵᠤ ᠭᠠᠷᠭᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠦᠷᠢᠮ ᠤᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠤ ᠥᠭᠡᠷᠡᠴᠢᠯᠡᠯᠲᠡ ᠰᠢᠨ᠎ᠡ ᠡᠭᠦᠳᠦᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠤ᠂ ᠬᠤᠪᠢ ᠬᠤᠪᠢ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠥᠪᠡᠷ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭ᠎ᠠ ᠶᠢᠨ ᠰᠢᠰᠲ᠋ᠧᠮ᠂ ᠤᠨᠢᠨ ᠳᠡᠭᠡᠷ᠎ᠡ ᠨᠢ ᠢᠯᠭᠠᠨ ᠲᠠᠨᠢᠬᠤ ᠪᠠ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠰᠢᠰᠲ᠋ᠧᠮ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠪᠠ ᠨᠢᠭᠡᠳᠦᠯᠲᠡᠶ ᠵᠣᠬᠢᠴᠠᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠪᠡᠯᠡ ᠮᠥᠩᠭᠦ ᠶᠢ ᠪᠠᠲᠤᠯᠠᠬᠤ ᠪᠠ ᠬᠥᠮᠦᠨ ᠤ ᠬᠦᠴᠦᠨ ᠤ ᠣᠷᠣᠭᠤᠯᠤᠯᠲᠠ ᠶᠢ ᠴᠢᠩᠭᠠᠳᠬᠠᠬᠤ ᠰᠢᠰᠲ᠋ᠧᠮ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ  ᠪᠠ ᠲᠣᠰᠬᠤᠨ ᠤ ᠪᠠᠶᠢᠳᠠᠯ ᠡᠷᠦᠬᠡ ᠶᠢᠨ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠬᠠᠪᠰᠤᠷᠤᠨ ᠲᠡᠳᠬᠦᠬᠦ ᠰᠢᠰᠲ᠋ᠧᠮ᠂ ᠥᠷᠭᠡᠨ ᠢᠶᠠᠷ ᠣᠷᠣᠯᠴᠠᠬᠤ ᠪᠠ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠨᠡᠶᠢᠭᠡᠮ ᠤᠨ ᠲᠠᠶᠢᠴᠢᠯᠠᠯᠳᠠ ᠶᠢᠨ ᠰᠢᠰᠲ᠋ᠧᠮ᠂ ᠤᠯᠠᠨ ᠠᠷᠭ᠎ᠠ ᠵᠠᠮ ᠢᠶᠠᠷ ᠪᠦᠬᠦ ᠲᠡᠯ᠎ᠠ ᠶᠢᠨ ᠬᠢᠨᠠᠯᠲᠠ ᠲᠠᠯᠪᠢᠬᠤ ᠰᠢᠰᠲ᠋ᠧᠮ ᠪᠣᠯᠤᠨ ᠬᠠᠮᠤᠭ ᠤᠨ ᠴᠢᠩᠭ᠎ᠠ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠳᠤ ᠲᠦᠷᠢᠮ ᠤᠨ ᠲᠦᠷᠪᠡᠨ ᠨᠢᠷᠤᠭᠤ ᠨᠠᠢᠮᠠᠨ ᠲᠤᠯᠭᠠᠭᠤᠷᠢ ᠶᠢ ᠴᠣᠭᠴᠠᠯᠠᠨ ᠦᠭᠭᠦᠭᠰᠡᠨ ᠪᠠᠶᠢᠨ᠎ᠠ᠃ ᠡᠨᠡ ᠬᠦ ᠳᠦᠷᠢᠮ ᠤᠨ ᠰᠢᠰᠲ᠋ᠧᠮ ᠳᠤ ᠲᠥᠪ ᠠᠴᠠ ᠨᠢᠭᠡᠳᠦᠯᠲᠡᠶ ᠲᠥᠯᠥᠪᠵᠢᠭᠦᠯᠬᠦ᠂ ᠮᠤᠵᠢ ᠠᠴᠠ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠬᠤ᠂ ᠬᠤᠲᠠ ᠰᠢᠶᠠᠨ ᠠᠴᠠ ᠨᠠᠶᠢᠳᠠᠪᠤᠷᠢᠵᠢᠭᠤᠯᠬᠤ ᠶᠢ ᠠᠳᠬᠤᠬᠤ ᠬᠠᠮᠢᠶᠠᠷᠤᠯᠲᠠ ᠶᠢᠨ ᠪᠠᠶᠢᠭᠤᠯᠤᠮᠵᠢ ᠪᠣᠯ ᠦᠨᠳᠦᠰᠦᠨ ᠵᠦᠢᠯ ᠪᠣᠯᠤᠨ᠎ᠠ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠳᠦᠯᠭᠡ ᠭᠡᠷᠡᠴᠢᠯᠡᠭᠰᠡᠨ ᠨᠢ᠂ ᠡᠳᠡᠭᠡᠷ ᠢᠵᠢ ᠪᠦᠷᠢᠨ ᠳᠦᠷᠢᠮ ᠤᠨ ᠲᠣᠬᠢᠷᠠᠭᠤᠯᠤᠯᠲᠠ ᠪᠣᠯ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ  ᠪᠠᠷ ᠵᠢᠷᠤᠮᠵᠢᠭᠤᠯᠤᠨ᠂ ᠠᠵᠢᠯᠯᠠᠭᠠᠨ ᠨᠢ ᠪᠦᠲᠦᠮᠵᠢᠲᠡᠶ ᠪᠠᠶᠢᠵᠤ᠂ ᠳᠦᠷᠢᠮ ᠤᠨ ᠪᠠᠶᠢᠭᠤᠯᠤᠯᠲᠠ᠂ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠬᠢᠨᠠᠨ ᠰᠢᠯᠭᠠᠬᠤ ᠶᠢ ᠣᠷᠭᠠᠨᠢᠭ ᠢᠶᠠᠷ ᠨᠢᠭᠡᠳᠬᠡᠨ᠂ ᠨᠢᠭᠳᠠ ᠠᠪᠴᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠨᠡᠶᠢᠴᠡᠨ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠲᠠᠢ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠦᠷᠢᠶ᠎ᠡ ᠴᠠᠷᠠᠭᠠᠨ ᠳᠠᠬᠢ ᠪᠣᠳᠠᠲᠤ ᠦᠢᠯᠡᠳᠦᠯᠭᠡ ᠪᠠ ᠠᠮᠢᠳᠤᠯᠢᠭ ᠢᠯᠡᠷᠡᠯ ᠪᠣᠯᠬᠤ ᠶᠤᠮ᠃      ᠲᠦᠷᠢᠮ ᠤᠨ ᠠᠮᠢ ᠨᠠᠰᠤ ᠨᠢ ᠨᠠᠶᠢᠳᠠᠪᠤᠷᠢᠵᠢᠭᠤᠯᠬᠤ ᠳᠤ ᠪᠤᠢ᠃ ᠶᠡᠷᠦᠩᠬᠡᠶ ᠱᠦᠵᠢ ᠰᠢ ᠶᠢᠨ ᠫᠢᠩ᠂ ᠬᠡᠰᠡᠭ ᠢᠶᠠᠷ ᠭᠤᠤᠯᠳᠠᠯᠭ᠎ᠠ ᠪᠣᠯᠭᠠᠨ᠂ ᠠᠵᠢᠯ ᠢ ᠲᠣᠰᠬᠤᠨ ᠳᠤ ᠬᠦᠷᠭᠡᠬᠦ᠂ ᠶᠠᠳᠠᠭᠤ ᠶᠢ ᠲᠡᠳᠬᠦᠬᠦ ᠶᠢ ᠡᠷᠦᠬᠡ ᠳᠤ ᠬᠦᠷᠭᠡᠬᠦ ᠠᠵᠢᠯ ᠤᠨ ᠲᠣᠭᠲᠠᠴᠠ ᠶᠢ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ᠃      2013 ᠣᠨ ᠠᠴᠠ ᠡᠬᠢᠯᠡᠨ᠂ ᠶᠠᠳᠠᠭᠤ ᠬᠦᠴᠢᠷᠳᠡᠯᠲᠡᠢ ᠲᠣᠰᠬᠤᠨ ᠪᠣᠯᠭᠠᠨ ᠳᠤ ᠴᠥᠮ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠᠶᠢᠬᠤ᠂ ᠶᠠᠳᠠᠭᠤ ᠬᠦᠴᠢᠷᠳᠡᠯᠲᠡᠢ ᠡᠷᠦᠬᠡ ᠪᠣᠯᠭᠠᠨ ᠳᠤ ᠴᠥᠮ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠲᠠᠢ ᠪᠠᠶᠢᠬᠤ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠢ ᠲᠣᠰᠬᠤᠨ ᠳᠤ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠰᠣᠩᠭᠤᠨ ᠲᠣᠮᠢᠯᠠᠵᠤ᠂ ᠶᠠᠳᠠᠭᠤ ᠬᠦᠴᠢᠷᠳᠡᠯᠲᠡᠢ ᠲᠣᠰᠬᠤᠨ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠪᠦᠬᠦ ᠤᠯᠤᠰ ᠲᠤ ᠲᠣᠰᠬᠤᠨ ᠳᠤ ᠰᠠᠭᠤᠬᠤ 25.5 ᠲᠦᠮᠡᠨ ᠠᠵᠢᠯᠯᠠᠬᠤ ᠠᠩᠭᠢ᠂ 300 ᠭᠠᠷᠤᠢ ᠲᠦᠮᠡᠨ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠬᠤ ᠺᠠᠳ᠋ᠷ ᠢ ᠰᠣᠩᠭᠤᠨ ᠲᠣᠮᠢᠯᠠᠵᠤ᠂ 200 ᠲᠦᠮᠡ ᠰᠢᠬᠠᠮ ᠰᠢᠶᠠᠩ ᠪᠠᠯᠭᠠᠰᠤᠨ ᠤ ᠺᠠᠳ᠋ᠷ ᠪᠣᠯᠤᠨ ᠬᠡᠳᠦᠨ ᠵᠠᠭᠤᠨ ᠲᠦᠮᠡᠨ ᠲᠣᠰᠬᠤᠨ ᠤ ᠺᠠᠳ᠋ᠷ ᠬᠠᠮᠲᠤ ᠪᠠᠷ ᠶᠠᠳᠠᠭᠤ ᠶᠢ ᠲᠡᠳᠬᠦᠬᠦ ᠡᠮᠦᠨ᠎ᠡ ᠹᠷᠣᠨᠲ ᠲᠤ ᠡᠷᠡᠯᠬᠡᠭᠯᠡᠨ ᠭᠠᠪᠰᠢᠭᠠᠢᠢᠯᠠᠵᠠᠢ᠃     《 ᠣᠯᠠᠨ ᠭᠠᠵᠠᠷ ᠠᠶᠠᠯᠠᠨ ᠬᠡᠳᠦᠢ ᠤᠯᠠᠨ ᠶᠠᠳᠠᠭᠤ ᠬᠦᠴᠢᠷᠳᠠᠯᠳᠠᠢ ᠡᠷᠦᠭᠡ ᠳᠤ ᠬᠦᠨᠵᠡᠭᠡᠶᠢᠷᠡᠪᠡᠯ᠂ ᠰᠡᠳᠬᠢᠯ ᠳᠣᠲᠣᠷᠠᠬᠢ ᠬᠠᠶᠢᠷ᠎ᠠ ᠰᠡᠳᠭᠢᠯᠭᠡ ᠤᠯᠠᠮ ᠬᠦᠨ ᠵᠤᠵᠠᠭᠠᠨ ᠪᠣᠯᠤᠨ᠎ᠠ 》᠃ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯᠯᠠᠬᠤ ᠠᠩᠭᠢ ᠶᠢᠨ ᠭᠡᠰᠢᠭᠦᠳ ᠪᠦᠬᠦ ᠬᠦᠴᠦᠨ ᠢᠶᠠᠷ ᠢᠶᠠᠨ ᠴᠢᠷᠮᠠᠶᠢᠨ ᠠᠵᠢᠯᠯᠠᠨ᠂ ᠬᠠᠶᠢᠷ᠎ᠠ ᠰᠡᠳᠭᠢᠯᠭᠡ ᠪᠠᠨ ᠠᠭᠤᠰᠬᠠᠵᠤ᠂ ᠬᠠᠷᠠᠮ ᠦᠭᠡᠢ ᠵᠢᠳᠬᠦᠭᠰᠡᠨ ᠰᠢᠷᠭᠠᠭᠤ ᠬᠠᠲᠠᠭᠤᠵᠢᠯᠲᠠᠢ ᠵᠢᠭᠠᠯᠲᠠ ᠲᠤᠭ᠎ᠠ ᠪᠠᠷ ᠶᠠᠳᠠᠭᠤ ᠬᠦᠴᠢᠷᠳᠡᠯᠲᠡᠢ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠵᠤ ᠠᠪᠴᠢᠷᠠᠭᠰᠠᠨ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号