ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/3/31
     
        3 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ᠂ 3 ᠡᠳᠦᠷ ᠬᠠᠭᠠᠰ ᠤᠨ ᠴᠠᠭ ᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠤᠬᠡ ᠶᠢ ᠲᠥᠪᠯᠡᠷᠡᠭᠦᠯᠦᠨ ᠲᠤᠰᠬᠠᠶ ᠰᠡᠳᠦᠪ ᠢᠶᠠᠷ ᠰᠤᠷᠤᠯᠴᠠᠪᠠ᠃ ᠭᠡᠷ ᠲᠡᠭᠡᠨ ᠪᠠᠶᠢᠭ᠎ᠠ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠡᠷᠬᠢᠯᠡᠬᠦ ᠭᠤᠣᠯ ᠳᠤᠭᠤᠶᠢᠯᠠᠩ ᠤᠨ ᠪᠦᠷᠢᠯᠳᠦᠬᠦᠨ ᠪᠣᠯᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠪᠦᠬᠦ ᠠᠵᠢᠯᠲᠠᠳ ᠣᠷᠣᠯᠴᠠᠵᠠᠢ᠃ ᠨᠠᠮ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠦᠷᠢᠯᠳᠦᠬᠦᠨ᠂ ᠳᠡᠳ᠋ ᠡᠷᠬᠢᠯᠡᠭᠴᠢ ᠰᠢᠤᠸᠠᠢ ᠶᠦᠩ ᠨᠣᠮ ᠤᠩᠰᠢᠬᠤ ᠠᠩᠭᠢ ᠶᠢᠨ ᠡᠬᠢᠯᠡᠯᠲᠡ ᠶᠢ ᠡᠷᠭᠢᠯᠡᠵᠦ᠂ 30 ᠤ ᠡᠳᠦᠷ ᠤᠨ ᠦᠳᠡ ᠶᠢᠨ ᠡᠮᠦᠨ᠎ᠡ ᠲᠥᠪᠯᠡᠷᠡᠭᠦᠯᠦᠨ ᠰᠤᠷᠤᠯᠴᠠᠵᠤ ᠰᠤᠷᠤᠯᠭ᠎ᠠ ᠲᠡᠭᠦᠰᠬᠦ ᠳ᠋ᠦᠩᠨᠡᠯᠲᠡ ᠬᠢᠪᠠ᠃         ᠲᠥᠪᠯᠡᠷᠡᠭᠦᠯᠦᠨ ᠰᠤᠷᠤᠯᠴᠠᠬᠤ ᠬᠤᠭᠤᠴᠠᠭᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠶᠢᠨ ᠳᠤᠮᠳᠠᠳᠤ ᠤᠯᠤᠰ ᠤᠨ ᠨᠠᠮ ᠤᠨ ᠲᠡᠦᠬᠡ ᠶᠢᠨ ᠲᠤᠰᠬᠠᠶ ᠰᠡᠳᠦᠪᠲᠦ ᠶᠠᠷᠢᠶ᠎ᠠ ᠶᠢ ︽ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ︿ᠴᠢᠳᠠᠭᠰᠠᠨ﹀ ᠪᠤᠢ︾ ︽ᠵᠦ ᠳ᠋ᠧ ᠮᠠᠤ ᠽᠤ᠋ ᠳ᠋ᠦᠩ ᠤᠨ ᠤᠯᠠᠭᠠᠨ ᠴᠡᠷᠢᠭ ᠬᠢᠭᠡᠳ ᠭᠦᠲ᠋ᠢᠶᠠᠨ ᠤ ᠬᠤᠷᠠᠯᠳᠤᠭᠠᠨ︾  ︽ᠽᠦᠨ ᠢ ᠶᠢᠨ ᠬᠤᠷᠠᠯᠳᠤᠭᠠᠨ ᠬᠢᠭᠡᠳ ᠤᠷᠳᠤ ᠵᠠᠮ ᠤᠨ ᠠᠶᠠᠨ ᠲᠠᠶᠢᠨ ᠤ ᠢᠯᠠᠯᠲᠠ︾  ︽ᠭᠤᠮᠢᠨᠳᠠᠩ ᠡᠪ ᠬᠠᠮᠲᠤ ᠨᠠᠮ ᠬᠤᠶᠠᠷ ᠨᠠᠮ ᠬᠢᠭᠡᠳ ᠶᠠᠫᠣᠨ ᠢ ᠡᠰᠡᠷᠭᠦᠴᠡᠬᠦ ᠲᠠᠶᠢᠨ︾  ︽ᠶᠠᠨ ᠠᠨ ᠤ ᠰᠤᠷᠲᠠᠯ ᠴᠡᠭᠴᠡᠯᠡᠯᠲᠡ ᠬᠢᠭᠡᠳ ᠨᠠᠮ ᠤᠨ ᠪᠦᠯᠬᠦᠮᠳᠡᠯ ᠨᠢᠭᠡᠳᠦᠯ︾  ︽ᠨᠠᠮ ᠤᠨ ᠪᠦᠬᠦ ᠤᠯᠤᠰ ᠤᠨ ᠵᠠᠰᠠᠭ ᠤᠨ ᠡᠷᠬᠡ ᠶᠢ ᠪᠤᠯᠢᠶᠠᠨ ᠠᠪᠤᠭᠰᠠᠨ ᠲᠡᠦᠬᠡᠨ ᠲᠤᠷᠰᠢᠯᠭ᠎ᠠ︾  ︽ᠰᠢᠨ᠎ᠡ ᠳᠤᠮᠳᠠᠳᠤ ᠤᠯᠤᠰ ᠢ ᠪᠠᠶᠢᠭᠤᠯᠬᠤ ᠲᠥᠰᠦᠪᠯᠡᠯ ᠵᠢᠴᠢ ᠦᠢᠯᠡᠳᠦᠯᠭᠡ︾ ᠭᠡᠬᠦ 7 ᠲᠤᠰᠬᠠᠶ ᠰᠡᠳᠦᠪ ᠢᠶᠠᠷ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠨᠠᠮ ᠤᠨ ᠲᠡᠦᠬᠡ ᠶᠢ ᠭᠦᠨᠵᠡᠭᠡᠶ ᠰᠤᠷᠤᠯᠴᠠᠪᠠ᠃         ᠰᠤᠷᠤᠯᠴᠠᠯᠭ᠎ᠠ ᠪᠠᠷ ᠳᠡᠮᠵᠢᠨ᠂ ᠪᠦᠬᠦ ᠠᠯᠪᠠᠨ ᠭᠡᠷ ᠤᠨ ᠨᠠᠮ ᠤᠨ ᠭᠡᠰᠢᠭᠦᠨ ᠺᠠᠳ᠋ᠷᠴᠤᠳ ᠤᠯᠠᠭᠠᠨ ᠵᠠᠰᠠᠭ ᠬᠢᠯᠪᠠᠷ ᠪᠤᠰᠤ ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠦᠴᠢᠷ ᠲᠠᠪᠠᠨ ᠪᠠᠶᠢᠭᠤᠯᠤᠭᠳᠠᠭᠰᠠᠨ ᠲᠤᠬᠠᠶ ᠨᠡᠩ ᠰᠢᠭᠤᠳ ᠲᠠᠨᠢᠯᠲᠠ ᠲᠠᠢ ᠪᠣᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠨᠢ ᠮᠠᠷᠺᠰ ᠤᠨ ᠦᠵᠡᠯ ᠤᠨ ᠲᠦᠭᠡᠮᠡᠯ ᠦᠨᠡᠨ ᠶᠣᠰᠣ ᠶᠢ ᠳᠤᠮᠳᠠᠳᠤ ᠤᠯᠤᠰ ᠤᠨ ᠬᠤᠪᠢᠰᠬᠠᠯ ᠤᠨ ᠪᠣᠳᠠᠲᠤ ᠦᠢᠯᠡᠳᠦᠯᠭᠡ ᠲᠠᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨᠴᠢ ᠣᠨᠣᠯ ᠤᠨ ᠵᠢᠯᠣᠭᠤᠳᠣᠯᠭ᠎ᠠ ᠠᠴᠠ ᠢᠷᠡᠯᠲᠡ ᠲᠠᠢ ᠭᠡᠳᠡᠭ ᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠵᠤ᠂ ᠬᠤᠪᠢᠰᠬᠠᠯ ᠤᠨ ᠦᠢᠯᠡᠳᠦᠯᠭᠡ ᠶᠢᠨ ᠳᠤᠮᠳᠠ ᠠᠴᠠ ᠭᠠᠷᠴᠤ ᠢᠷᠡᠭᠰᠡᠨ ᠮᠠᠤ ᠽᠤ᠋ ᠳ᠋ᠦᠩ ᠨᠥᠬᠦᠷ ᠢᠶᠠᠷ ᠭᠤᠣᠯᠯᠠᠭᠤᠯᠤᠭᠰᠠᠨ ᠨᠢᠭᠡᠳᠦᠭᠡᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠪᠠᠭ ᠤᠨ ᠬᠤᠯᠠ ᠶᠢᠨ ᠬᠠᠷᠠᠴᠠ ᠬᠤᠷᠴᠠ ᠲᠠᠨᠢᠯᠲᠠ ᠪᠠ ᠭᠠᠷᠮᠠᠭᠠᠶ ᠤᠳᠤᠷᠢᠳᠤᠯᠭ᠎ᠠ ᠠᠴᠠ ᠡᠭᠦᠰᠴᠦ᠂ ᠨᠠᠮ ᠤᠨ ᠲᠡᠮᠡᠴᠡᠯ ᠤᠨ ᠦᠢᠯᠡᠳᠦᠯᠭᠡ ᠶᠢᠨ ᠳᠤᠮᠳᠠ ᠪᠦᠷᠢᠯᠳᠦᠭᠦᠯᠦᠭᠰᠡᠨ ᠠᠯᠢ ᠤᠯᠠᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠶ ᠲᠠᠨᠢᠭᠰᠠᠨ ᠠᠴᠠ ᠢᠷᠡᠯᠳᠡ ᠲᠠᠢ ᠶᠤᠮ᠃         ᠰᠤᠷᠤᠯᠴᠠᠯᠭ᠎ᠠ ᠪᠠᠷ ᠳᠠᠮᠵᠢᠨ᠂ ᠪᠦᠬᠦ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠶᠢᠨ ᠲᠡᠦᠬᠡ ᠨᠢ ᠬᠦᠰᠡᠯᠡᠩ ᠢᠲᠡᠭᠡᠯ ᠪᠢᠰᠢᠷᠡᠯ ᠤᠨ ᠠᠤᠭ᠎ᠠ ᠬᠦᠴᠦᠨ᠂ ᠬᠠᠶᠢᠨ ᠰᠦᠪᠡᠭᠴᠢᠯᠡᠯᠲᠡ ᠶᠢᠨ ᠦᠨᠡᠨ ᠢ ᠡᠷᠢᠯᠬᠢᠯᠡᠬᠦ ᠠᠤᠭ᠎ᠠ ᠬᠦᠴᠦᠨ᠂ ᠤᠯᠠᠨ ᠲᠦᠮᠡᠨᠴᠢ ᠱᠤᠭᠤᠮ ᠤᠨ ᠠᠤᠭ᠎ᠠ ᠬᠦᠴᠦᠨ᠂ ᠬᠤᠪᠢᠰᠬᠠᠯ ᠤᠨ ᠵᠣᠷᠢᠭ ᠰᠠᠨᠠᠭᠠᠨ ᠤ ᠠᠤᠭ᠎ᠠ ᠬᠦᠴᠦᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠤᠭ᠎ᠠ ᠬᠦᠴᠦᠨ ᠢ ᠢᠯᠡᠷᠡᠭᠦᠯᠦᠭᠰᠡᠨ ᠢ ᠭᠦᠨᠵᠡᠭᠡᠢ ᠣᠶᠢᠯᠠᠭᠠᠪᠠ᠃ ᠠᠯᠪᠠᠨ ᠭᠡᠷ ᠤᠨ ᠨᠠᠮ ᠤᠨ ᠭᠡᠰᠢᠭᠦᠨ ᠺᠠᠳ᠋ᠷᠴᠤᠳ ᠰᠤᠷᠤᠯᠴᠠᠨ ᠣᠶᠢᠯᠠᠭᠠᠵᠤ ᠪᠦᠷᠢᠨ ᠨᠡᠪᠲᠡᠷᠡᠲᠡᠯ᠎ᠡ ᠣᠶᠢᠯᠠᠭᠠᠵᠤ᠂ ᠬᠤᠪᠢᠰᠬᠠᠯ ᠤᠨ ᠤᠯᠠᠮᠵᠢᠯᠠᠯ ᠢ ᠦᠨᠡᠨᠬᠦ ᠪᠠᠳᠠᠷᠠᠭᠤᠯᠤᠨ᠂ ᠬᠤᠪᠢᠰᠬᠠᠯ ᠤᠨ ᠭᠧᠨ ᠢ ᠵᠠᠯᠭᠠᠮᠵᠢᠯᠠᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠠᠴᠠ ᠬᠦᠴᠦᠨ ᠴᠢᠳᠠᠯ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠥᠷᠬᠦ ᠪᠠᠶᠢᠳᠠᠯ ᠪᠣᠯᠤᠨ ᠲᠡᠮᠡᠴᠡᠯ ᠤᠨ ᠲᠥᠷᠬᠦ ᠪᠠᠶᠢᠳᠠᠯ ᠢᠶᠠᠷ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠨᠣᠮ ᠤᠩᠰᠢᠬᠤ ᠠᠩᠬᠢ ᠳᠤ ᠪᠠᠰᠠ ᠳᠠᠷᠠᠭᠠᠴᠢ ᠶᠢᠨ ᠱᠠᠲᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠡᠯ᠎ᠡ ᠭᠠᠵᠠᠷ᠂ ᠡᠯ᠎ᠡ ᠨᠠᠮ ᠤᠨ ᠡᠭᠦᠷ ᠤᠨ ᠬᠢᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠦᠲᠦᠮᠵᠢᠲᠡᠢ ᠵᠣᠯᠭᠠᠭᠤᠯᠵᠤ᠂ ᠪᠣᠳᠠᠲᠠᠢ ᠶᠠᠪᠤᠳᠠᠯ ᠬᠢᠬᠦ ᠨᠠᠷᠢᠨ ᠳᠠᠩᠰᠠ᠂ ᠲᠥᠯᠥᠪᠯᠡᠭᠡ ᠶᠢ ᠡᠮᠬᠢᠯᠡᠨ ᠭᠠᠷᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号