ᠪᠠᠭᠠᠷᠢᠨ ᠵᠡᠭᠦᠨ ᠬᠤᠰᠢᠭᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/5
     10 ᠰᠠᠷ᠎ᠠ ᠶᠢᠨ 19 ᠤ ᠦᠳᠡ ᠶᠢᠨ ᠬᠤᠶᠢᠨ᠎ᠠ᠂ ᠪᠠᠭᠠᠷᠢᠨ ᠵᠡᠭᠦᠨ ᠬᠤᠰᠢᠭᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢ ᠠᠬᠢᠭᠤᠯᠬᠤ ᠬᠤᠷᠠᠯ ᠬᠢᠪᠠ᠃ ᠬᠤᠷᠠᠯ ᠠᠴᠠ ᠣᠳᠣᠬᠠᠨ ᠤ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠣᠳᠣᠬᠢ ᠪᠠᠶᠢᠳᠠᠯ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠠᠯᠬᠤᠮ ᠤᠨ ᠶᠠᠳᠠᠭᠤ ᠬᠦᠴᠢᠷᠳᠡᠯ ᠲᠠᠢ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ ᠰᠠᠶᠢᠲᠤᠷ ᠪᠡᠶᠡᠯᠡᠭᠦᠯᠬᠦ᠂ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠂ ᠳᠠᠩᠰᠠᠯᠠᠨ‌‍ᠺᠠᠷᠲᠯᠠᠵᠤ ᠬᠥᠳᠡᠯᠦᠩᠭᠦᠢ ᠬᠠᠮᠢᠶᠠᠷᠤᠯᠲᠠ ᠬᠢᠬᠦ᠂ ᠲᠦᠷᠦᠯ ᠵᠦᠢᠯ ᠢ ᠲᠦᠯᠬᠢᠨ ᠠᠬᠢᠭᠤᠯᠬᠤ ᠪᠠ ᠪᠡᠯᠡ ᠮᠥᠩᠭᠦ ᠶᠢ ᠪᠠᠭᠤᠯᠭᠠᠨ ᠥᠭᠬᠦ᠂ ᠤᠯᠤᠰ ᠤᠨ ᠶᠠᠳᠠᠭᠤ ᠶᠢ ᠲᠡᠳᠬᠦᠬᠦ ᠨᠡᠭᠡᠭᠡᠯᠲᠡ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠬᠤᠳᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠪᠡᠯᠡᠳᠬᠡᠯ ᠵᠡᠷᠭᠡ 13 ᠵᠦᠢᠯ ᠤᠨ ᠪᠣᠳᠠᠲᠠᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠳᠠᠭ᠎ᠠ ᠪᠦᠷᠢ ᠶᠢᠨ ᠬᠢᠨᠠᠯᠲᠠ ᠲᠠᠯᠪᠢᠵᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠴᠢᠨᠠᠭᠰᠢᠳᠠ ᠲᠥᠪᠯᠡᠷᠡᠭᠦᠯᠵᠦ᠂ ᠨᠢᠭᠡ ᠤᠳᠠᠭᠠᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ︽ᠡᠷᠭᠢᠵᠦ ᠬᠠᠷᠠᠬᠤ︾ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠳᠠᠬᠢᠨ ᠬᠠᠷᠢᠴᠠᠭᠤᠯᠤᠨ᠂ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠡᠮᠬᠢᠯᠡᠨ ᠳᠢᠭᠯᠡᠵᠦ᠂ ᠳᠠᠬᠢᠨ ᠴᠡᠭᠴᠡᠯᠡᠨ ᠰᠠᠶᠢᠵᠢᠷᠠᠭᠤᠯᠵᠤ᠂ ᠪᠠᠷᠢᠮᠵᠢᠶ᠎ᠠ ᠶᠢ ᠬᠠᠷᠭᠤᠭᠤᠯᠤᠨ ᠬᠦᠰᠦᠨᠦᠭᠲᠦ ᠶᠢ ᠬᠠᠷᠭᠤᠭᠤᠯᠵᠤ᠂ ᠵᠤᠷᠪᠤᠰ ᠵᠤᠷᠪᠤᠰ ᠢᠶᠠᠷ ᠰᠢᠯᠢᠨ ᠰᠣᠩᠭᠤᠵᠤ᠂ ᠣᠷᠣᠰᠢᠵᠤ ᠪᠠᠶᠢᠭ᠎ᠠ ᠠᠰᠠᠭᠤᠳᠠᠯ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠢ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠲᠦᠢᠯᠪᠤᠷᠢᠲᠠᠢ ᠪᠡᠶᠡᠯᠡᠭᠦᠯᠦᠭᠰᠡᠨ ᠦᠭᠡᠢ ᠠᠰᠠᠭᠤᠳᠠᠯ ᠢ ᠪᠦᠬᠦᠨ ᠢ ᠡᠷᠢᠨ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠶᠢ ᠨᠥᠯᠥᠭᠡᠯᠡᠵᠦ ᠮᠡᠳᠡᠬᠦ ᠵᠡᠷᠭᠡ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠲᠦᠢᠯᠪᠤᠷᠢᠲᠠᠢ ᠰᠢᠢᠳᠪᠦᠷᠢᠯᠡᠵᠦ᠂ ᠥᠨᠴᠥᠭ ᠪᠤᠯᠤᠩ ᠦᠯᠡᠳᠡᠭᠡᠬᠦ ᠦᠭᠡᠢ᠂ ᠪᠤᠢ ᠪᠦᠬᠦᠢ ᠠᠰᠠᠭᠤᠳᠠᠯ ᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠦᠬᠦᠨ ᠢ ᠰᠠᠶᠢᠳᠤᠷ ᠴᠡᠪᠡᠷᠯᠡᠬᠦ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠤᠯᠠᠷᠠᠨ ᠬᠤᠶᠢᠷᠭᠤᠰᠢᠬᠤ ᠵᠡᠷᠭᠡ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠭᠤᠰᠬᠤ ᠵᠢᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠠᠭ ᠬᠤᠭᠤᠴᠠᠭ᠎ᠠ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ       ᠪᠡᠶᠡᠯᠡᠭᠦᠯᠬᠦ ᠡᠴᠦᠰ ᠤᠨ ᠵᠢᠯ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠪᠳᠤᠷᠭᠠᠨ ᠳ᠋ᠠ᠋ᠭᠠᠨ ᠤᠷᠤᠬᠤ ᠳᠤᠳᠤᠮ ᠢᠶᠠᠨ ᠤᠯᠠᠮ ᠬᠦᠴᠢᠷ ᠪᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ︽ᠡᠴᠦᠰ ᠤᠨ ᠨᠢᠭᠡ ᠺᠢᠤᠮᠧᠲᠷ︾ ᠢ ᠯᠠᠪᠳᠠᠭᠤᠨ ᠪᠠᠲᠤᠲᠠᠢ ᠰᠠᠶᠢᠲᠤᠷ ᠵᠠᠮᠨᠠᠬᠤ ᠶᠢᠨ ᠲᠥᠯᠥᠭᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠵᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ ᠪᠦᠷᠢᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠦᠭᠡᠢ ᠪᠠᠶᠢᠬᠤ ᠬᠡᠷᠡᠭᠲᠡᠢ᠃ ᠠᠰᠠᠭᠤᠳᠠᠯ ᠢ ᠴᠢᠩᠭ᠎ᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠯᠠᠪᠳᠠᠭᠤᠨ ᠲᠣᠭᠲᠠᠭᠤᠨ ᠢᠶᠠᠷ ᠠᠵᠢᠯᠯᠠᠵᠤ᠂ ᠡᠮᠦᠨ᠎ᠡ ᠨᠢ ᠭᠠᠪᠰᠢᠭᠠᠶᠢᠯᠠᠨ᠂  ᠲᠡᠷᠢᠬᠦᠯᠡᠨ ᠠᠵᠢᠯᠯᠠᠵᠤ᠂ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠪᠣᠶ ᠪᠥᠬᠦᠶ ᠲᠣᠪᠤᠶᠢᠮ᠎ᠠ ᠠᠰᠠᠭᠤᠳᠠᠯ ᠳᠤ ᠪᠣᠳᠠᠲᠠᠶ ᠠᠷᠭ᠎ᠠ᠂ ᠬᠠᠲᠠᠭᠤ ᠠᠷᠭ᠎ᠠ ᠬᠡᠮᠵᠢᠶ᠎ᠡ ᠠᠪᠴᠤ᠂ ᠡᠬᠢ ᠪᠠᠶᠠᠯᠢᠭ ᠢ ᠨᠡᠶᠢᠳᠬᠡᠨ᠂ ᠭᠠᠯ  ᠤᠨ ᠬᠦᠴᠦᠨ ᠢᠶᠠᠨ ᠲᠥᠪᠯᠡᠷᠡᠭᠦᠯᠦᠨ᠂ ᠠᠵᠢᠯ ᠤᠨ ᠬᠤᠭᠤᠴᠠᠭ᠎ᠠ ᠶᠢ ᠭᠡᠳᠡᠷᠭᠦ ᠵᠢᠭᠰᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠲᠤᠰᠬᠠᠶ ᠠᠩᠭᠢ ᠶᠢ ᠳᠠᠭᠠᠵᠤ᠂ ᠴᠢᠩᠭ᠎ᠠ ᠠᠳᠬᠤᠨ ᠴᠢᠩᠭ᠎ᠠ ᠠᠬᠢᠭᠤᠯᠵᠤ᠂ ᠵᠦᠶᠯ ᠵᠤᠷᠪᠤᠰ ᠢᠶᠠᠷ ᠲᠠᠩᠰᠠ ᠶᠢ ᠬᠠᠷᠭᠤᠭᠤᠯᠤᠨ ᠬᠠᠰᠤᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠦᠨᠡᠨ ᠪᠣᠳᠠᠲᠠᠶ ᠦᠷ᠎ᠡ ᠪᠦᠲᠦᠮᠵᠢ ᠭᠠᠷᠭᠠᠵᠤ᠂ ︽ ᠤᠰᠠᠳᠬᠠᠬᠤ ᠪᠠᠶᠢᠯᠳᠤᠭᠠᠨ︾ ᠢ ᠰᠠᠶᠢᠲᠤᠷ ᠬᠢᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠬᠠᠷᠠᠯᠲᠠ ᠶᠢᠨ       ᠪᠠᠷᠢᠮᠵᠢᠶ᠎ᠠ ᠶᠢ ᠴᠢᠩᠭ᠎ᠠ ᠠᠩᠬᠠᠷᠴᠤ᠂ ᠦᠯᠡᠳᠡᠭᠰᠡᠨ ᠶᠠᠳᠠᠭᠤ ᠠᠴᠠ ᠠᠩᠭᠢᠵᠢᠷᠠᠭᠠᠳᠤᠶ 1676 ᠶᠠᠳᠠᠭᠤ ᠬᠦᠴᠢᠷᠳᠡᠯᠲᠡᠶ ᠬᠥᠮᠦᠨ ᠠᠮᠠ ᠳᠤ᠂ ᠺᠠᠳ᠋ᠷᠴᠤᠳ ᠢ ᠵᠣᠬᠢᠶᠠᠨ ᠪᠠᠶᠢᠭᠤᠯᠤᠨ ᠲᠣᠰᠬᠤᠨ ᠡᠷᠦᠬᠡ ᠬᠥᠮᠦᠨ ᠨᠢᠭᠡᠪᠦᠷᠢ ᠪᠠᠷ ᠰᠤᠳᠤᠯᠤᠨ ᠮᠠᠭᠠᠳᠯᠠᠯᠲᠠ ᠬᠢᠵᠦ᠂ ᠡᠨᠡ ᠵᠢᠯ ᠡᠷᠬᠡᠪᠰᠢ ᠪᠦᠬᠦᠨ ᠢ ᠶᠠᠳᠠᠭᠤ ᠶᠢᠨ ᠳᠤᠭᠠᠨ ᠠᠴᠠ ᠭᠠᠷᠭᠠᠬᠤ ᠬᠡᠷᠡᠭᠳᠡᠢ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠡᠯᠡ ᠮᠥᠩᠭᠦᠨ ᠤ ᠬᠠᠮᠢᠶᠠᠷᠤᠯᠲᠠ ᠠᠵᠢᠯ ᠢ ᠴᠢᠩᠳᠠᠯᠠᠵᠤ᠂ ︽ᠲᠤᠰᠬᠠᠶ ᠵᠣᠭᠤᠰ᠂ ᠲᠤᠰᠬᠠᠶ ᠬᠥᠮᠦᠨ᠂ ᠲᠤᠰᠬᠠᠶ ᠲᠠᠩᠰᠠ︾ ᠶᠢᠨ ᠬᠠᠮᠢᠶᠠᠷᠤᠯᠲᠠ ᠪᠠ ᠲᠠᠩᠰᠠ ᠮᠡᠳᠡᠭᠦᠯᠵᠦ ᠵᠣᠭᠤᠰ ᠪᠠᠭᠤᠯᠭᠠᠨ ᠥᠭᠬᠦ ᠲᠦᠷᠢᠮ ᠢ ᠬᠢᠨᠠᠮᠠᠭᠠᠶ ᠬᠡᠷᠡᠭᠵᠢᠭᠦᠯᠦᠨ᠂ ᠲᠤᠰᠬᠠᠶ ᠵᠣᠭᠤᠰ ᠢ ᠲᠤᠰᠬᠠᠶ ᠵᠦᠶᠯ ᠳᠤ ᠬᠡᠷᠡᠭᠯᠡᠬᠦ ᠶᠢ ᠪᠡᠶᠡᠯᠡᠭᠦᠯᠵᠦ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠢᠯᠭᠠᠨ ᠠᠪᠬᠤ ᠭᠤᠭᠴᠤᠭ᠎ᠠ ᠶᠢ ᠴᠢᠩᠭ᠎ᠠ ᠠᠳᠬᠤᠵᠤ᠂ ᠲᠠᠰ ᠳᠠᠷᠠᠭᠠᠯᠠᠯ ᠢ ᠳᠥᠭᠦᠮᠴᠢᠯᠡᠨ᠂ ᠶᠠᠮᠠᠷ ᠴᠤ ᠠᠰᠠᠭᠤᠳᠠᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号