ᠦᠪᠦᠷ ᠮᠤᠩᠭᠤᠯ ᠤᠨ ︽ᠬᠠᠮᠤᠭ ᠤᠨ ᠶᠠᠳᠠᠭᠤ ᠬᠦᠴᠢᠷᠳᠡᠯᠲᠡᠢ ᠭᠠᠵᠠᠷ ᠤᠷᠤᠨ︾ ᠤ ᠶᠠᠳᠠᠭᠤ ᠬᠦᠴᠢᠷᠳᠡᠯᠳᠠᠢ ᠬᠥᠮᠦᠨ ᠠᠮᠠ ᠶᠢ ᠴᠥᠭᠡᠳᠬᠡᠬᠦ ᠵᠠᠮ ᠳᠠᠬᠢ ︽ᠪᠡᠭᠡᠵᠢᠩ ᠤᠨ ᠬᠠᠶᠢᠷ᠎ᠠ ᠬᠠᠯᠠᠮᠵᠢ︾
ᠨᠡᠶᠢᠲᠡᠯᠡᠭᠰᠡᠨ ᠴᠠᠭ᠄
2021/3/5
      ︽2018 ᠣᠨ ᠤ 4 ᠰᠠᠷ᠎ᠠ ᠳᠤ᠂ ᠪᠡᠭᠡᠵᠢᠩ ᠬᠤᠳᠠ ᠠᠴᠠ ᠢᠷᠡᠭᠰᠡᠨ ᠲᠤᠰᠢᠶᠠᠯ ᠬᠠᠪᠰᠤᠷᠭᠠᠬᠤ 13 ᠺᠠᠳ᠋ᠷ ᠬᠢᠩᠭᠠᠨ ᠠᠶᠢᠮᠠᠭ ᠲᠤ ᠨᠡᠷ᠎ᠡ ᠮᠡᠳᠡᠭᠦᠯᠵᠦ᠂ ᠲᠤᠬᠠᠢ ᠶᠢᠨ ᠭᠠᠵᠠᠷ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠦᠭᠡᠳᠭᠡᠭᠦ ᠵᠠᠮ ᠳᠡᠭᠡᠷᠡᠬᠢ ᠰᠦᠷ ᠳᠠᠯᠠᠶᠢᠴᠠᠲᠠᠢ ︿ᠪᠡᠭᠡᠵᠢᠩ ᠤᠨ ᠬᠦᠴᠦᠨ﹀ ᠢ ᠨᠡᠮᠡᠷᠢᠯᠡᠵᠦ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠠᠷᠠᠳ ᠢᠷᠭᠡᠳ ᠲᠤ ︿ᠪᠡᠭᠡᠵᠢᠩ ᠤᠨ ᠬᠠᠶᠢᠷ᠎ᠠ ᠬᠠᠯᠠᠮᠵᠢ﹀ ᠶᠢ ᠦᠨᠡᠨ ᠬᠦ ᠮᠡᠳᠡᠷᠡᠭᠦᠯᠵᠡᠢ︾᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠩᠭᠠᠨ ᠠᠶᠢᠮᠠᠭ ᠤᠨ ᠳᠡᠳ᠋ ᠳᠠᠷᠤᠭ᠎ᠠ ᠮᠧᠩ ᠸᠧᠨ ᠲᠤᠤ ᠰᠤᠷᠪᠤᠯᠵᠢᠯᠠᠭ᠎ᠠ ᠬᠦᠯᠢᠶᠡᠬᠦ ᠳᠡᠭᠡᠨ ᠢᠩᠬᠢᠵᠤ ᠬᠡᠯᠡᠯ᠎ᠡ᠃      2021 ᠣᠨ ᠤ ᠰᠢᠨ᠎ᠡ ᠵᠢᠯ ᠤᠨ ᠡᠬᠢᠨ ᠳᠤ᠂ ᠬᠢᠩᠭᠠᠨ ᠠᠶᠢᠮᠠᠭ ᠪᠣᠯᠤᠨ ᠪᠡᠭᠡᠵᠢᠩ ᠬᠤᠳᠠ 3 ᠵᠢᠯ ᠤᠨ ᠬᠤᠭᠤᠴᠠᠭ᠎ᠠ ᠲᠠᠢ ︽ᠴᠢᠨᠡᠭᠡᠯᠢᠭᠵᠢᠯ ᠤᠨ ᠪᠣᠯᠵᠤᠭ᠎ᠠ︾  ᠳᠠᠭᠠᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠪᠠ᠄ ᠬᠢᠩᠭᠠᠨ ᠠᠶᠢᠮᠠᠭ ᠤᠨ ᠪᠦᠬᠦ ᠠᠶᠢᠮᠠᠭ ᠤᠨ 6 ᠶᠠᠳᠠᠭᠤ ᠬᠦᠴᠢᠷᠳᠡᠯᠲᠡᠢ ᠬᠤᠰᠢᠭᠤ ︵ᠰᠢᠶᠠᠨ᠂ ᠬᠤᠳᠠ︶ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 602 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃ ᠡᠨᠡ ᠨᠢ ᠬᠢᠩᠭᠠᠨ ᠠᠶᠢᠮᠠᠭ ᠤᠨ 2015 ᠣᠨ ᠤ ᠡᠴᠦᠰ ᠲᠤ 4.85 ᠲᠦᠮᠡᠨ ᠡᠷᠦᠬᠡ᠂ 10.5 ᠲᠦᠮᠡᠨ ᠳᠡᠩᠰᠡᠯᠡᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠲᠦᠢᠯ ᠤᠨ ᠶᠠᠳᠠᠭᠤ ᠬᠦᠴᠢᠷᠳᠡᠯᠳᠠᠢ ᠠᠴᠠ ᠠᠩᠭᠢᠵᠢᠷᠠᠭᠰᠠᠨ ᠢ ᠬᠠᠷᠠᠭᠤᠯᠵᠤ ᠪᠤᠢ᠃      1947 ᠣᠨ ᠤ 5 ᠰᠠᠷ᠎ᠠ ᠶᠢᠨ 1 ᠤ ᠡᠳᠦᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠤᠤᠯ ᠠᠴᠠ ᠪᠠᠨ ︽ᠲᠠᠯ᠎ᠠ ᠨᠤᠲᠤᠭ ᠤᠨ ᠶᠠᠨ ᠠᠨ︾ ᠬᠡᠮᠡᠭᠳᠡᠭᠰᠡᠨ ᠬᠢᠩᠭᠠᠨ ᠠᠶᠢᠮᠠᠭ ᠤᠨ ᠤᠯᠠᠭᠠᠨᠬᠤᠲᠠ ᠳᠤ ᠪᠠᠶᠢᠭᠤᠯᠤᠭᠳᠠᠪᠠ᠃ ᠶᠡᠭᠡ ᠬᠢᠩᠭᠠᠨ ᠳᠠᠪᠠᠭᠠᠨ ᠤ ᠡᠮᠦᠨ᠎ᠡ ᠪᠡᠯ ᠤᠨ ᠲᠥᠪᠯᠡᠷᠡᠨ ᠵᠠᠯᠭᠠᠯᠳᠤᠭᠰᠠᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠪᠠᠶᠢᠷᠢᠯᠠᠵᠤ ᠪᠠᠶᠢᠭ᠎ᠠ ᠬᠢᠩᠭᠠᠨ ᠠᠶᠢᠮᠠᠭ ᠪᠣᠯ ᠦᠪᠦᠷ ᠮᠤᠩᠭᠤᠯ ᠤᠨ ᠶᠠᠳᠠᠭᠤ ᠬᠦᠴᠢᠷᠳᠡᠯ ᠤᠨ ᠬᠡᠮᠵᠢᠶ᠎ᠡ ᠪᠠᠷ ᠬᠠᠮᠤᠭ ᠤᠨ ᠭᠦᠨ᠂ ᠶᠠᠳᠠᠭᠤ ᠠᠴᠠ ᠠᠩᠭᠢᠵᠢᠷᠠᠭᠤᠯᠬᠤ ᠳᠤ ᠬᠠᠮᠤᠭ ᠤᠨ ᠬᠦᠴᠢᠷᠲᠡᠢ ᠭᠠᠵᠠᠷ ᠣᠷᠣᠨ ᠪᠠᠶᠢᠭᠰᠠᠨ ᠶᠤᠮ᠃      2017 ᠣᠨ ᠤ ᠰᠡᠭᠦᠯᠴᠢ ᠪᠠᠷ᠂ ᠬᠢᠩᠭᠠᠨ ᠠᠶᠢᠮᠠᠭ ᠢ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠬᠡᠪᠴᠢᠶᠡᠨ ᠳᠤ ᠣᠷᠣᠭᠤᠯᠪᠠ᠃ ᠪᠡᠭᠡᠵᠢᠩ ᠬᠤᠳᠠ ᠶᠢᠨ ᠳ᠋ᠦᠩᠴᠧᠩ ᠲᠣᠭᠤᠷᠢᠭ᠂ ᠹᠧᠩ ᠲᠠᠢ ᠲᠣᠭᠤᠷᠢᠭ᠂ ᠬᠠᠢ ᠳ᠋ᠢᠶᠠᠨ ᠲᠣᠭᠤᠷᠢᠭ᠂ ᠹᠠᠩᠱᠠᠨ ᠲᠣᠭᠤᠷᠢᠭ᠂ ᠲᠦᠩᠵᠧᠦ ᠲᠣᠭᠤᠷᠢᠭ ᠵᠡᠷᠭᠡ 5 ᠲᠣᠭᠤᠷᠢᠭ ᠨᠢ ᠲᠣᠰ ᠲᠣᠰ 1000 ᠭᠠᠷᠤᠶ ᠺᠢᠯᠣᠮᠧᠲᠷ ᠠᠯᠤᠰᠯᠠᠵᠤ ᠪᠠᠶᠢᠭ᠎ᠠ ᠬᠢᠩᠭᠠᠨ ᠠᠶᠢᠮᠠᠭ ᠤᠨ ᠷᠠᠰᠢᠶᠠᠨ ᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ ᠤᠯᠤᠰ ᠤᠨ ᠳᠡᠰ ᠤᠨ 5 ᠶᠠᠳᠠᠭᠤ ᠬᠦᠴᠢᠷᠳᠡᠯᠲᠡᠶ ᠬᠤᠰᠢᠭᠤ ︵ᠰᠢᠶᠠᠨ᠂ ᠬᠤᠲᠠ︶ ᠲᠠᠢ ︽ᠣᠷᠤᠭ ᠪᠠᠷᠢᠯᠳᠤᠵᠤ︾᠂ ︽ᠪᠡᠭᠡᠵᠢᠩ ᠬᠤᠳᠠ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ 3 ᠵᠢᠯ ᠤᠨ ᠠᠵᠢᠯᠯᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ︽ᠴᠢᠨᠡᠭᠡᠯᠢᠭ ᠨᠡᠶᠢᠭᠡᠮ ᠤᠨ ᠪᠣᠯᠵᠤᠭ᠎ᠠ︾ ᠳᠤ ᠬᠠᠮᠲᠤ ᠪᠠᠷ ᠮᠣᠷᠳᠠᠯ᠎ᠠ᠃      ᠮᠧᠩ ᠸᠧᠨ ᠲᠤᠤ᠄ ︽ᠬᠢᠩᠭᠠᠨ ᠠᠶᠢᠮᠠᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠬᠡᠳᠦ᠋ᠢᠪᠡᠷ ᠨᠡᠯᠢᠶᠡᠳ ᠣᠷᠣᠶ ᠡᠬᠢᠯᠡᠭᠰᠡᠨ ᠪᠣᠯᠪᠠᠴᠤ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠪᠠᠷ ᠢᠶᠠᠨ ᠪᠠᠶᠢᠢᠩᠭᠤ᠂ ᠭᠦᠨᠵᠡᠭᠡᠶ᠂ ᠴᠢᠨᠠᠷ ᠰᠠᠶᠢᠲᠠᠶ᠂ ᠪᠦᠬᠦ ᠲᠡᠯ᠎ᠠ ᠬᠠᠷᠢᠯᠴᠠᠨ ᠦᠶᠯᠡᠳᠦᠯᠴᠡᠵᠦ ᠬᠠᠷᠢᠯᠴᠠᠨ ᠵᠣᠯᠭᠠᠯᠴᠠᠬᠤ ᠶᠢ ᠪᠡᠶᠡᠯᠡᠭᠦᠯᠵᠡᠶ︾ ᠭᠡᠵᠤ ᠬᠡᠯᠡᠭᠰᠡᠨ ᠶᠤᠮ᠃      2019 ᠣᠨ ᠳᠤ᠂ ︽12 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠥᠪᠰᠢᠶᠡᠷᠡᠯ ᠣᠯᠤᠭᠰᠠᠨ ᠥᠪᠥᠷ ᠮᠣᠩᠭᠤᠯ ᠤᠨ ᠵᠢᠩ ᠨᠧᠩ ᠤᠯᠠᠭᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠤᠯᠠᠭᠠᠨᠬᠤᠲᠠ ᠶᠢᠨ ᠬᠦᠬᠡ ᠮᠣᠷᠢᠨ ᠲᠠᠯᠠᠪᠠᠶ ᠶᠢᠨ 300MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠨᠢ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠠ ᠲᠣᠬᠢᠶᠠᠯ ᠢ ᠠᠰᠢᠭᠯᠠᠨ᠂ ᠭᠤᠷᠪᠠᠳᠤᠭᠠᠷ ᠬᠤᠭᠤᠴᠠᠭᠠᠨ ᠤ 200MW ᠰᠠᠯᠬᠢᠨ ᠬᠦᠴᠦᠨ ᠤ ᠴᠠᠬᠢᠯᠭᠠᠨ       ᠤ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠦᠨ ᠪᠠᠶᠢᠭᠤᠯᠵᠤ᠂ 2020 ᠣᠨ ᠤ 9 ᠰᠠᠷ᠎ᠠ ᠳᠤ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠲᠤᠬᠠᠶ ᠶᠢᠨ ᠭᠠᠵᠠᠷ ᠲᠤ 2960 ᠭᠠᠷᠤᠶ ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ︵ᠠᠷᠠᠳ ᠤᠨ ᠵᠣᠭᠤᠰ᠂ ᠳᠣᠷᠣᠭᠰᠢ ᠠᠳᠠᠯᠢᠬᠠᠨ︶ ᠡᠭᠦᠳᠤᠨ ᠦᠭᠴᠠᠢ᠃ ᠪᠠᠷᠢᠯᠭ᠎ᠠ ᠶᠢᠨ ᠵᠦᠢᠯᠡᠰ ᠢ ᠪᠠᠶᠢᠭᠤᠯᠵᠤ ᠳᠠᠭᠤᠰᠬᠠᠭᠠᠳ       ᠠᠰᠢᠭᠯᠠᠯᠲᠠ ᠳᠤ ᠣᠷᠣᠭᠤᠯᠬᠤ ᠶᠠᠪᠤᠴᠠ ᠳᠤ᠂ ᠲᠤᠬᠠᠶ ᠶᠢᠨ ᠭᠠᠵᠠᠷ ᠤᠨ ᠬᠥᠯᠥᠰᠥᠨ ᠠᠵᠢᠯᠴᠢᠨ ᠢ ᠨᠡᠶᠢᠳᠡ 400 ᠭᠠᠷᠤᠶ ᠬᠥᠮᠦᠨ ᠤᠳᠠᠭ᠎ᠠ ᠬᠥᠯᠥᠰᠥᠯᠡᠭᠰᠡᠨ ᠪᠠᠶᠢᠨ᠎ᠠ᠃      ᠲᠤᠭ᠎ᠠ ᠪᠠᠷᠢᠮᠲᠠ ᠳᠤ ᠪᠦᠷᠢᠳᠬᠡᠭᠰᠡᠨ ᠢᠶᠠᠷ᠂ 2017 ᠣᠨ ᠠᠴᠠ 2020 ᠣᠨ ᠪᠣᠯᠲᠠᠯ᠎ᠠ᠂ ᠬᠢᠩᠭᠠᠨ ᠠᠶᠢᠮᠠᠭ ᠤᠨ ᠬᠢᠨ ᠪᠡᠭᠡᠵᠢᠩ ᠬᠤᠳᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠵᠢ‌ᠨᠡᠶᠢᠳᠡ 8.83 ᠳ᠋ᠦᠩᠰᠢᠭᠤᠷ ᠲᠥᠭᠦᠷᠢᠭ ᠣᠯᠵᠤ᠂ ᠨᠡᠶᠢᠳᠡ 343 ᠲᠦᠷᠤᠯ ᠵᠦᠢᠯ ᠢ ᠬᠡᠷᠡᠭᠵᠢᠭᠦᠯᠵᠦ᠂ ᠣᠳᠣᠬᠠᠨ ᠳᠤ ᠪᠦᠬᠦᠨ ᠢ ᠠᠵᠢᠯ ᠳᠠᠭᠤᠰᠬᠠᠨ᠂ ᠶᠠᠳᠠᠭᠤ ᠬᠦᠴᠢᠷᠳᠡᠯᠲᠡᠢ ᠬᠥᠮᠦᠨ ᠠᠮᠠ ᠳᠤ 8.3 ᠲᠦᠮᠡᠨ ᠬᠥᠮᠦᠨ ᠤᠳᠠᠭ᠎ᠠ ᠠᠰᠢᠭ ᠬᠦᠷᠲᠡᠭᠡᠵᠡᠢ᠃      ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠᠷ ᠳᠡᠮᠵᠢᠨ᠂ ᠬᠢᠩᠭᠠᠨ ᠠᠶᠢᠮᠠᠭ ᠤᠨ ᠡᠯ᠎ᠡ ᠬᠤᠰᠢᠭᠤ ︵ᠰᠢᠶᠠᠨ᠂ ᠬᠤᠲᠠ︶ ᠨᠤᠭᠤᠳ ᠪᠡᠭᠡᠵᠢᠩ ᠬᠤᠳᠠ  ᠶᠢᠨ ᠮᠤᠨᠳᠠᠭ ᠶᠡᠭᠡ ᠬᠡᠷᠡᠭᠯᠡᠭᠡᠨ ᠤ ᠵᠠᠬ᠎ᠠ ᠳᠡᠯᠭᠡᠭᠦᠷ ᠢ ᠭᠦᠶᠴᠡᠳ ᠠᠰᠢᠭᠯᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠰᠠᠭᠠᠳ        ᠥᠬᠡᠶ ᠨᠡᠪᠲᠡᠷᠡᠬᠦ ᠵᠠᠮ ᠢ ᠢᠳᠡᠪᠬᠢᠲᠡᠶ ᠪᠠᠷ ᠪᠠᠶᠢᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠡᠭᠦᠳᠪᠡ᠃      ᠤᠯᠠᠭᠠᠨᠬᠤᠲᠠ ᠶᠢᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠬᠠᠶ  ᠹᠧᠩ᠄ ︽ᠴᠠᠭᠠᠨ ᠰᠠᠷ᠎ᠠ ᠶᠢᠨ ᠪᠠᠶᠠᠷ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠤᠳᠤ ᠪᠢᠳᠡ ᠪᠡᠭᠡᠵᠢᠩ ᠤᠨ ᠬᠤᠲᠠ ᠶᠢᠨ ᠠᠷᠠᠳ ᠲᠦᠮᠡᠨ ᠳᠤ ︿ᠴᠠᠭᠠᠨ ᠰᠠᠷ᠎ᠠ ᠶᠢᠨ ᠪᠠᠷᠠᠭ᠎ᠠ﹀ ᠪᠡᠯᠡᠳᠬᠡᠨ ᠥᠭᠴᠦ ᠪᠤᠢ᠂ ᠬᠢᠩᠭᠠᠨ ᠠᠶᠢᠮᠠᠭ ᠤᠨ ᠲᠤᠲᠤᠷᠭ᠎ᠠ᠂ ᠬᠢᠩᠭᠠᠨ ᠠᠶᠢᠮᠠᠭ ᠤᠨ ᠦᠬᠡᠷ ᠤᠨ ᠮᠢᠬ᠎ᠠ᠂ ᠷᠠᠰᠢᠶᠠᠨ ᠤ ᠳᠡᠯᠳᠡᠦ᠂ ᠷᠠᠰᠢᠶᠠᠨ ᠤ ᠷᠠᠰᠢᠶᠠᠨ ᠤᠰᠤ᠂ ᠬᠤᠷᠴᠢᠨ ᠸᠠᠨ ᠵᠢᠶᠠ ᠳᠠᠪᠤᠰᠤᠯᠠᠭᠰᠠᠨ ᠨᠣᠭᠤᠭ᠎ᠠ ᠵᠡᠷᠭᠡ ᠪᠣᠯ ᠴᠥᠮ ᠳᠡᠳᠡ ᠨᠠᠷ ᠤᠨ ᠬᠠᠯᠠᠭᠤᠨ ᠬᠦᠷᠢᠶᠡᠯᠡᠯ ᠲᠠᠢ ᠪᠠᠶᠢᠭ᠎ᠠ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠤᠯᠤᠨ᠎ᠠ︾ ᠭᠡᠵᠤ ᠬᠡᠯᠡᠯ᠎ᠡ᠃      ᠣᠳᠣᠬᠠᠨ ᠳᠤ᠂ ᠬᠢᠩᠭᠠᠨ ᠠᠶᠢᠮᠠᠭ ᠤᠨ ᠬᠡᠦᠬᠡᠳ ᠤᠳ ᠭᠡᠷ ᠤᠨ ᠡᠭᠦᠳᠡᠨ ᠳᠤ ᠪᠠᠨ ︽ᠪᠡᠭᠡᠵᠢᠩ ᠤᠨ ᠨᠡᠷᠡᠳᠦ ᠰᠤᠷᠭᠠᠭᠤᠯᠢ︾ ᠳᠤ ᠣᠷᠣᠵᠤ ᠳᠡᠶᠢᠯᠬᠦ ᠪᠣᠯᠪᠠ᠃ ᠪᠡᠭᠡᠵᠢᠩ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠠᠵᠢᠯ ᠲᠥᠷᠥᠯ ᠢᠶᠠᠷ ᠰᠢᠭᠤᠳ ᠬᠠᠪᠰᠤᠷᠤᠨ ᠷᠠᠰᠢᠶᠠᠨ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ ᠲᠡᠳᠬᠦᠵᠦ᠂ ᠪᠡᠭᠡᠵᠢᠩ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠠᠰᠢᠶᠠᠨ ᠤ ᠬᠤᠪᠢᠶᠠᠷᠢ ᠰᠤᠷᠭᠠᠭᠤᠯᠢ ᠶᠢ ᠪᠠᠶᠢᠭᠤᠯᠤᠭᠰᠠᠨ ᠪᠥᠭᠡᠳ 11 ᠰᠢᠯᠢᠳᠡᠭ ᠭᠤᠣᠯᠯᠠᠭᠴᠢ ᠪᠠᠭᠰᠢ ᠶᠢ ᠰᠣᠩᠭᠤᠨ ᠲᠣᠮᠢᠯᠠᠵᠤ 1 ᠵᠢᠯ ᠠᠴᠠ ᠳᠡᠭᠡᠭᠰᠢ ᠬᠤᠭᠤᠴᠠᠭ᠎ᠠ ᠲᠠᠢ ᠪᠠᠷ ᠪᠦᠯᠬᠦᠮ ᠪᠠᠶᠢᠭᠤᠯᠬᠤ ᠬᠡᠯᠪᠡᠷᠢ ᠶᠢᠨ ᠰᠤᠷᠭᠠᠨ ᠬᠥᠮᠦᠵᠢᠯ ᠢ ᠳᠤᠰᠠᠯᠠᠬᠤ ᠠᠵᠢᠯ ᠥᠷᠨᠢᠭᠦᠯᠪᠡ᠃      ᠬᠢᠩᠭᠠᠨ ᠠᠶᠢᠮᠠᠭ ᠤᠨ ᠶᠠᠳᠠᠭᠤ ᠬᠦᠴᠢᠷᠳᠡᠯᠲᠡᠶ ᠬᠤᠰᠢᠭᠤ ︵ᠰᠢᠶᠠᠨ᠂ ᠬᠤᠲᠠ︶ ᠶᠢᠨ ᠡᠪᠡᠳᠴᠢᠲᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠣᠨᠣᠰᠢᠯᠠᠨ ᠡᠮᠨᠡᠬᠦ ᠦᠢᠯᠡᠴᠢᠯᠡᠭᠡ ᠡᠳ᠋ᠯᠡᠭᠦᠯᠬᠦ ᠶᠢᠨ ᠲᠥᠯᠥᠭᠡ᠂ ᠪᠡᠭᠡᠵᠢᠩ ᠬᠤᠳᠠ ᠡᠯ᠎ᠡ ᠶᠡᠭᠡ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠲᠣᠮᠢᠯᠠᠨ ᠠᠵᠢᠯ ᠲᠥᠷᠥᠯ ᠢᠶᠠᠷ ᠬᠠᠪᠰᠤᠷᠤᠨ ᠳᠡᠳᠭᠦᠭᠦ ᠭᠠᠵᠠᠷ ᠲᠤ ᠣᠴᠢᠭᠤᠯᠤᠨ ᠡᠮᠴᠢᠯᠡᠭᠡᠨ ᠤ ᠠᠪᠤᠷᠠᠨ ᠵᠠᠰᠠᠬᠤ ᠠᠵᠢᠯᠯᠠᠭ᠎ᠠ ᠪᠠ ᠪᠣᠯᠪᠠᠰᠤᠷᠠᠯ ᠥᠷᠨᠢᠭᠦᠯᠵᠦ᠂ ︽ᠢᠨᠲ᠋ᠧᠷ ᠰᠦᠯᠵᠢᠶ᠎ᠡ + ᠠᠯᠤᠰ ᠠᠴᠠ ᠣᠨᠣᠰᠢᠯᠠᠬᠤ︾᠂ ᠦᠨᠳᠦᠰᠦᠨ ᠱᠠᠲᠤᠨ ᠳᠤ ᠡᠮᠴᠢᠯᠡᠭᠡᠨ ᠤ ᠲᠥᠬᠦᠭᠡᠷᠦᠮᠵᠢ ᠬᠦᠷᠭᠡᠨ ᠳᠤᠰᠠᠯᠠᠬᠤ ᠵᠡᠷᠭᠡ ᠡᠮᠴᠢᠯᠡᠭᠡᠨ ᠤ ᠬᠠᠪᠰᠤᠷᠤᠨ ᠲᠡᠳᠬᠦᠬᠦ ᠪᠠᠷ ᠳᠠᠮᠵᠢᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠡᠮᠴᠢᠯᠡᠭᠡᠨ ᠤ ᠲᠥᠬᠦᠭᠡᠷᠦᠮᠵᠢ ᠪᠠᠭᠤᠷᠠᠢ᠂ ᠡᠮᠴᠢᠯᠡᠭᠡᠨ ᠤ ᠮᠡᠷᠭᠡᠵᠢᠯ ᠬᠢᠵᠠᠭᠠᠷᠯᠠᠭᠳᠠᠭᠰᠠᠨ᠂ ᠡᠮᠴᠢᠯᠡᠭᠡᠨ ᠤ ᠴᠢᠳᠠᠪᠤᠷᠢᠲᠠᠨ ᠳᠤᠲᠠᠭᠳᠠᠵᠤ ᠪᠠᠶᠢᠭ᠎ᠠ ᠳᠤᠲᠠᠭᠤᠳᠠᠯ ᠢ ᠨᠥᠬᠦᠪᠥᠷᠢᠯᠡᠵᠡᠢ᠃      ᠪᠡᠭᠡᠵᠢᠩ ᠤᠨ ᠰᠠᠨᠰᠠᠷ ᠤᠨ ᠠᠶᠠᠯᠠᠯ ᠤᠨ ᠲᠥᠪ ᠤᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠡᠮᠴᠢ ᠯᠦᠸᠧ ᠪᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠣᠮᠢᠯᠠᠭᠳᠠᠨ ᠰᠠᠭᠤᠵᠤ ᠡᠮᠴᠢᠯᠡᠭᠡ ᠪᠠᠷ ᠶᠠᠳᠠᠭᠤ ᠶᠢ ᠲᠤᠰᠠᠯᠠᠬᠤ ᠠᠵᠢᠯ ᠥᠷᠨᠢᠭᠦᠯᠪᠡ᠃ ᠲᠦᠷᠦᠭᠦᠬᠡᠨ ᠲᠡᠷᠡ ᠲᠤᠬᠠᠶ ᠶᠢᠨ ᠭᠠᠵᠠᠷ ᠤᠨ ᠡᠪᠡᠳᠴᠢᠲᠡᠨ ᠳᠤ ᠬᠦᠵᠦᠭᠦᠨ ᠤ ᠯᠤᠭᠰᠢᠭᠤᠨ ᠰᠤᠳᠠᠯ ᠤᠨ ᠲᠤᠯᠬᠤ ᠵᠢᠶᠠᠰᠠ ᠶᠢ ᠰᠠᠭᠤᠯᠭᠠᠬᠤ ᠮᠡᠰᠡ ᠵᠠᠰᠠᠯ ᠢ ᠪᠦᠲᠦᠮᠵᠢᠲᠡᠶ ᠬᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠣᠰ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠬᠤᠭᠤᠰᠣᠨ ᠢ ᠨᠥᠬᠦᠪᠥᠷᠢᠯᠡᠪᠡ ᠭᠡᠵᠤ ᠳᠡᠷᠡ ᠰᠤᠷᠪᠤᠯᠵᠢᠯᠠᠭᠴᠢ ᠳᠤ ᠬᠡᠯᠡᠵᠤ ᠪᠠᠶᠢᠭᠰᠠᠨ ᠶᠤᠮ᠃      ᠣᠳᠣᠬᠠᠨ ᠪᠣᠯᠲᠠᠯ᠎ᠠ᠂ ᠪᠡᠭᠡᠵᠢᠩ ᠬᠤᠳᠠ ᠶᠢᠨ 57 ᠰᠢᠶᠠᠩ ᠪᠠᠯᠭᠠᠰᠤ ᠵᠡᠭᠡᠯᠢ ᠭᠤᠳᠤᠮᠵᠢ᠂ 118 ᠨᠡᠶᠢᠭᠡᠮ ᠲᠣᠭᠤᠷᠢᠭ ︵ᠲᠣᠰᠬᠤᠨ︶᠂ 85 ᠠᠵᠤ ᠠᠬᠤᠶᠢᠯᠠᠯ᠂ 59 ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠬᠢᠩᠭᠠᠨ ᠠᠶᠢᠮᠠᠭ ᠤᠨ 56 ᠰᠤᠮᠦ ᠰᠢᠶᠠᠩ ᠪᠠᠯᠭᠠᠰᠤ᠂ 109 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ᠂ 109 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ᠂ 61 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠲᠠᠢ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠬᠠᠷᠢᠴᠠᠭ᠎ᠠ ᠶᠢ ᠪᠦᠷᠢᠯᠳᠦᠭᠦᠯᠪᠡ︔ ᠪᠡᠭᠡᠵᠢᠩ ᠤᠨ 33 ᠡᠮᠨᠡᠯᠭᠡ ᠶᠢᠨ ᠬᠤᠷᠢᠶ᠎ᠠ᠂ 77 ᠰᠤᠷᠭᠠᠭᠤᠯᠢ ᠨᠢ ᠬᠢᠩᠭᠠᠨ ᠠᠶᠢᠮᠠᠭ ᠤᠨ 45 ᠡᠮᠨᠡᠯᠭᠡ ᠶᠢᠨ ᠬᠤᠷᠢᠶ᠎ᠠ᠂ 118 ᠰᠤᠷᠭᠠᠭᠤᠯᠢ ᠲᠠᠢ ᠬᠠᠮᠵᠢᠯᠴᠠᠭᠠᠨ ᠤ ᠵᠥᠪᠳᠡᠯᠴᠡᠭᠡᠷ ᠲᠣᠭᠲᠠᠵᠠᠢ᠃       ᠮᠧᠩ ᠸᠧᠨ ᠲᠤᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯᠯᠠᠭ᠎ᠠ ᠨᠢ ᠬᠢᠩᠭᠠᠨ ᠠᠶᠢᠮᠠᠭ ᠤᠨ ︽ᠴᠢᠰᠤ ᠪᠦᠲᠦᠭᠡᠬᠦ ᠴᠢᠳᠠᠮᠵᠢ︾ ᠪᠠ ᠬᠥᠭᠵᠢᠯᠲᠡ ᠶᠢᠨ ᠨᠥᠭᠡᠴᠡ ᠡᠷᠴᠢ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠬᠢᠩᠭᠠᠨ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠪᠡᠭᠡᠵᠢᠩ ᠤᠨ ᠬᠠᠶᠢᠷ᠎ᠠ ᠬᠠᠯᠠᠮᠵᠢ︾ ᠶᠢ ᠮᠡᠳᠡᠷᠡᠭᠦᠯᠪᠡ ᠭᠡᠵᠤ ᠢᠯᠡᠷᠬᠡᠶᠢᠯᠡᠯ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号