ᠡᠵᠡᠨ ᠬᠤᠷᠤᠭ᠎ᠠ ᠬᠤᠰᠢᠭᠤ 2020 ᠣᠨ ᠤ ︽ᠶᠠᠳᠠᠭᠤ ᠶᠢ ᠲᠡᠳᠬᠦᠬᠦ ᠡᠳᠦᠷ︾ ᠤᠨ ᠠᠵᠢᠯᠯᠠᠭ᠎ᠠ ᠵᠢᠴᠢ  ᠴᠠᠬᠢᠮ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠤᠳᠠᠳᠤ ᠴᠤᠭᠴᠠ  ᠶᠢᠨ ᠳᠡᠯᠬᠡᠬᠦᠷ  ᠲᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/3/5
     10 ᠰᠠᠷ᠎ᠠ ᠶᠢᠨ 17 ᠤ ᠡᠳᠦᠷ ᠪᠣᠯ ᠮᠠᠨ ᠤ ᠤᠯᠤᠰ ᠤᠨ ᠲᠤᠯᠤᠭᠠᠳᠡᠬᠢ ᠤᠯᠤᠰ ᠤᠨ ᠶᠠᠳᠠᠭᠤ ᠶᠢ ᠲᠡᠳᠬᠦᠬᠦ ᠡᠳᠦᠷ ᠪᠣᠯᠤᠨ᠎ᠠ᠃ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠬᠢᠨ 2020 ᠣᠨ ᠤ ︽ᠶᠠᠳᠠᠭᠤ ᠶᠢ ᠲᠡᠳᠬᠦᠬᠦ ᠡᠳᠦᠷ︾ ᠤᠨ ᠠᠵᠢᠯᠯᠠᠭ᠎ᠠ ᠵᠢᠴᠢ  ᠴᠠᠬᠢᠮ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠤᠳᠠᠳᠤ ᠴᠤᠭᠴᠠ ᠶᠢᠨ ᠳᠡᠯᠬᠡᠬᠦᠷ  ᠲᠤ ᠪᠡᠶᠡᠴᠢᠯᠡᠨ ᠣᠶᠢᠯᠠᠭᠠᠬᠤ ᠡᠬᠢᠯᠡᠯᠳᠡ ᠶᠢᠨ ᠶᠤᠰᠤᠯᠠᠯ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ︽ᠡᠵᠡᠨ ᠬᠤᠷᠤᠭ᠎ᠠ ᠬᠤᠰᠢᠭᠤᠨ ᠤ 2020 ᠣᠨ ᠤ ︿ᠶᠠᠳᠠᠭᠤ ᠶᠢ ᠲᠡᠳᠬᠦᠬᠦ ᠡᠳᠦᠷ﹀ ᠤᠨ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠬᠠᠮᠲᠤ ᠪᠠᠷ ᠣᠷᠣᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠶᠢ ᠤᠷᠢᠶᠠᠯᠠᠪᠠ᠃ ᠡᠵᠡᠨ ᠬᠤᠷᠤᠭ᠎ᠠ ᠬᠤᠰᠢᠭᠤ ᠪᠠᠰᠠ ᠦᠪᠦᠷ ᠮᠤᠩᠭᠤᠯ ᠤᠨ ᠾᠧᠩ ᡁᠢ ᠳ᠋ᠡ ᠤᠯᠠᠨ ᠤᠯᠤᠰ ᠤᠨ ᠵᠤᠭᠠᠴᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ᠂ ᠤᠷᠳᠤᠰ ᠬᠤᠳᠠ ᠶᠢᠨ ᠯᠢ ᠢᠤᠢ ᠦᠢᠯᠡᠴᠢᠯᠡᠬᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠤᠸᠠᠩ ᠮᠠᠨ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠲᠠᠢ ᠲᠤᠰ ᠲᠤᠰ ︽ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠬᠠᠩᠭᠠᠯᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤᠬᠢᠷᠠᠯᠴᠠᠵᠠᠢ᠃      ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯ ᠢ ᠠᠷᠢᠯᠭᠠᠬᠤ ᠶᠢ ᠢᠮᠠᠭᠲᠠ ᠪᠥᠬᠦ ᠬᠤᠰᠢᠭᠤᠨ ᠤ ᠴᠢᠬᠤᠯᠠ ᠤᠯᠤᠰ ᠲᠥᠷᠥ ᠶᠢᠨ ᠡᠭᠦᠷᠭᠡ ᠪᠠ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠨᠠᠷᠢᠯᠢᠭ ᠤᠨᠤᠪᠴᠢᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠥᠬᠦ ᠬᠤᠰᠢᠭᠤᠨ ᠤ 607 ᠡᠷᠦᠬᠡ ᠶᠢᠨ ᠳᠠᠩᠰᠠᠯᠠᠨ ᠺᠠᠷᠲᠯᠠᠭᠰᠠᠨ 1370 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠠᠵᠢᠯ ᠳᠤ ᠡᠯᠪᠡᠭ ᠪᠠᠶᠠᠯᠢᠭ ᠠᠮᠵᠢᠯᠲᠠ ᠣᠯᠤᠭᠰᠠᠨ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠴᠠᠬᠢᠮ ᠬᠤᠳᠠᠯᠳᠤᠭ᠎ᠠ ᠪᠠᠷ ᠬᠥᠳᠡᠭᠡ ᠠᠵᠤ ᠠᠬᠤᠶ ᠶᠢ ᠲᠤᠰᠠᠯᠠᠬᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠤᠳᠠᠳᠤ ᠴᠤᠭᠴᠠ ᠶᠢᠨ ᠪᠡᠶᠡᠴᠢᠯᠡᠨ ᠣᠶᠢᠯᠠᠭᠠᠬᠤ ᠳᠡᠯᠭᠡᠭᠦᠷ ᠢ ᠬᠤᠰᠢᠭᠤᠨ ᠤ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠲᠥᠪ᠂ ᠶᠠᠳᠠᠭᠤ ᠶᠢ ᠲᠡᠳᠬᠦᠬᠦ ᠨᠡᠭᠡᠭᠡᠯᠲᠡ  ᠶᠢᠨ ᠦᠶᠯᠡᠴᠢᠯᠡᠭᠡᠨ ᠤ ᠲᠥᠪ ᠠᠴᠠ ᠶᠦᠨ ᠳ᠋ᠦᠩ ᠪᠦᠯᠦᠭᠯᠡᠯ ᠲᠠᠢ ᠬᠠᠮᠲᠤᠷᠠᠨ ᠪᠠᠶᠢᠭᠤᠯᠤᠭᠰᠠᠨ  ᠴᠠᠬᠢᠮ ᠬᠤᠳᠠᠯᠳᠤᠭᠠᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠷᠥᠯ ᠵᠦᠶᠯ ᠪᠣᠯᠤᠨ᠎ᠠ᠃ ᠠᠵᠤ ᠠᠬᠤᠶᠢᠯᠠᠯ ᠪᠠ ᠣᠷᠣᠨ ᠨᠤᠲᠤᠭ ᠬᠦᠴᠦ ᠪᠠᠨ ᠬᠠᠮᠲᠤᠳᠬᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠂ ᠭᠠᠵᠠᠷ ᠤᠷᠤᠨ ᠤ ᠴᠢᠨᠠᠷ ᠰᠠᠶᠢᠲᠠᠶ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠨ ᠦᠵᠡᠭᠦᠯᠬᠦ ᠰᠢᠨ᠎ᠡ ᠴᠤᠩᠬᠤᠪᠴᠢ ᠮᠥᠨ᠂ ᠡᠨᠡ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠶᠢᠨ ᠳᠡᠯᠬᠡᠬᠦᠷ  ᠲᠤ ᠪᠣᠷᠣᠯᠠᠭᠤᠯᠬᠤ ᠰᠢᠰᠲ᠋ᠧᠮ ᠢ ᠪᠠᠶᠢᠭᠤᠯᠬᠤ᠂ ᠪᠦᠲᠦᠭᠡᠭᠳᠡᠬᠦᠨ ᠤ ᠥᠷᠢᠰᠦᠯᠳᠦᠬᠦ ᠬᠦᠴᠦᠨ ᠪᠠ ᠨᠡᠷ᠎ᠡ ᠠᠯᠳᠠᠷᠰᠢᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠪᠡᠶᠡᠴᠢᠯᠡᠨ ᠣᠶᠢᠯᠠᠭᠠᠬᠤ ᠳᠡᠯᠭᠡᠭᠦᠷ ᠨᠢ ᠴᠠᠬᠢᠮ ᠬᠤᠳᠠᠯᠳᠤᠭᠠᠨ ᠤ ᠡᠵᠡᠩᠨᠡᠯᠲᠡ᠂ ᠪᠤᠳᠠᠳᠤ ᠴᠤᠭᠴᠠ  ᠶᠢᠨ ᠪᠡᠶᠡᠴᠢᠯᠡᠨ ᠣᠶᠢᠯᠠᠭᠠᠬᠤ ᠦᠵᠡᠭᠦᠯᠭᠡ᠂ ᠴᠠᠬᠢᠮ ᠬᠤᠳᠠᠯᠳᠤᠭᠠᠨ ᠤ ᠪᠤᠯᠪᠠᠰᠤᠷᠠᠯ ᠬᠦᠮᠦᠵᠢᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠡᠳ᠋ᠰᠢᠭᠦᠯᠬᠦ᠂ ᠡᠳ᠋ ᠪᠠᠷᠠᠭᠠᠨ ᠤ ᠭᠦᠶᠯᠭᠡᠭᠡᠨ ᠤ ᠬᠥᠮᠥᠷᠭᠡᠯᠡᠨ ᠬᠦᠷᠭᠡᠬᠦ ᠲᠥᠪ ᠵᠡᠷᠭᠡ 5 ᠵᠦᠶᠯ ᠤᠨ ᠴᠢᠳᠠᠮᠵᠢ ᠶᠢ ᠨᠢᠭᠡ ᠴᠣᠭᠴᠠᠵᠢᠭᠤᠯᠤᠨ᠂ 7 ᠪᠣᠷᠣᠯᠠᠭᠤᠯᠭ᠎ᠠ ᠶᠢᠨ ᠲᠤᠰᠬᠠᠶ ᠣᠷᠣᠨ ᠭᠠᠷᠭᠠᠵᠤ᠂ ᠡᠯ᠎ᠡ ᠲᠥᠷᠥᠯ ᠤᠨ ᠠᠵᠤ ᠠᠬᠤᠶᠢᠯᠠᠯ᠂ ᠬᠤᠷᠰᠢᠶ᠎ᠠ ᠨᠡᠶᠢᠲᠡ 95 ᠣᠷᠣᠵᠤ ᠰᠠᠭᠤᠭᠰᠠᠨ ᠪᠥᠭᠡᠳ ᠠᠮᠤ ᠪᠤᠳᠠᠭ᠎ᠠ ᠲᠣᠰᠣ᠂ ᠮᠢᠬᠠᠨ ᠢᠳᠡᠭᠡᠨ ᠤ ᠲᠦᠭᠦᠬᠡᠶ ᠢᠳᠡᠭᠡᠨ᠂ ᠰᠡᠯᠡᠭᠦᠴᠡᠯ ᠤᠨ ᠢᠳᠡᠭᠡᠨ᠂ ᠦᠨᠳᠦᠰᠦᠲᠡᠨ ᠤ ᠤᠷᠠᠯᠠᠯ ᠤᠨ ᠪᠦᠲᠦᠭᠡᠭᠳᠡᠬᠦᠨ ᠵᠡᠷᠭᠡ 22 ᠲᠥᠷᠥᠯ ᠵᠦᠶᠯ ᠤᠨ 600 ᠭᠠᠷᠤᠶ ᠵᠦᠶᠯ ᠤᠨ ᠪᠦᠲᠦᠭᠡᠭᠳᠡᠬᠦᠨ ᠢ ᠬᠠᠮᠤᠷᠤᠭᠰᠠᠨ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠴᠠᠬᠢᠮ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠬᠡᠷᠡᠭᠯᠡᠭᠡ ᠶᠢᠨ ᠶᠠᠳᠠᠭᠤ ᠶᠢ ᠲᠡᠳᠬᠦᠬᠦ ᠪᠤᠳᠠᠳᠤ ᠴᠤᠭᠴᠠ ᠶᠢᠨ ᠪᠡᠶᠡᠴᠢᠯᠡᠨ ᠣᠶᠢᠯᠠᠭᠠᠬᠤ ᠳᠡᠯᠭᠡᠭᠦᠷ ᠤᠨ ᠠᠵᠢᠯᠯᠠᠭ᠎ᠠ ᠨᠢ ᠪᠦᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠵᠣᠬᠢᠶᠠᠨ ᠪᠠᠶᠢᠭᠤᠯᠤᠨ ᠦᠢᠯᠡᠳᠪᠦᠷᠢᠯᠡᠬᠦ᠂ ᠬᠡᠪᠴᠢᠶᠡᠵᠢᠭᠦᠯᠦᠨ ᠡᠵᠡᠩᠨᠡᠬᠦ ᠶᠢ ᠠᠬᠢᠭᠤᠯᠵᠤ᠂ ᠭᠠᠵᠠᠷ ᠰᠢᠷᠣᠢ ᠶᠢᠨ ᠬᠥᠷᠥᠩᠭᠡ ᠶᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠴᠠᠬᠢᠮ ᠬᠤᠳᠠᠯᠳᠤᠭᠠᠨ ᠲᠠᠪᠴᠠᠩ ᠢᠶᠠᠷ ᠲᠠᠮᠵᠢᠭᠤᠯᠤᠨ ᠪᠦᠬᠦ ᠤᠯᠤᠰ ᠤᠨ ᠬᠡᠪᠴᠢᠶᠡᠨ ᠳᠤ ᠪᠤᠷᠤᠯᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号