︽ᠭᠤᠷᠪᠠᠨ ᠠᠰᠠᠭᠤᠯᠲᠠ︾ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠤᠨ ᠠᠯᠪᠠᠨ ᠵᠠᠷ
ᠨᠡᠶᠢᠲᠡᠯᠡᠭᠰᠡᠨ ᠴᠠᠭ᠄
2021/4/13
    ︽ᠭᠤᠷᠪᠠᠨ ᠠᠰᠠᠭᠤᠯᠲᠠ︾ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠤᠨ ᠠᠯᠪᠠᠨ ᠵᠠᠷ        ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠴᠢᠨᠠᠭᠰᠢᠳᠠ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠠᠴᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠᠨ ᠠᠰᠠᠭᠤᠯᠲᠠ︾ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ ᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠃          ᠨᠢᠭᠡ᠂ ᠠᠵᠢᠯᠯᠠᠭᠠᠨ ᠤ ᠴᠠᠭ    2021 ᠣᠨ ᠤ 4 ᠰᠠᠷ᠎ᠠ ᠶᠢᠨ 7 ᠤ ᠡᠳᠦᠷ — 5 ᠰᠠᠷ᠎ᠠ ᠶᠢᠨ 30 ᠤ ᠡᠳᠦᠷ        ᠬᠤᠶᠠᠷ᠂ ᠰᠠᠨᠠᠯ ᠵᠥᠪᠯᠡᠯᠭᠡ ᠳᠤᠷᠠᠳᠬᠤ ᠭᠤᠣᠯᠳᠠᠯᠭ᠎ᠠ        ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠠᠵᠤ ᠦᠢᠯᠡᠰ ᠢ ᠬᠥᠭᠵᠢᠭᠦᠯᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ᠂ ᠪᠡᠭᠡᠵᠢᠩ ᠥᠪᠥᠷ ᠮᠣᠩᠭᠤᠯ ᠬᠠᠮᠵᠢᠯᠴᠠᠬᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃        ᠭᠤᠷᠪᠠ᠂ ᠬᠤᠷᠢᠶᠠᠬᠤ ᠠᠷᠭ᠎ᠠ ᠮᠠᠶ᠋ᠢᠭ    1. ︽0471-12317︾ ᠲᠤᠰᠬᠠᠶ ᠤᠲᠠᠰᠤ ᠪᠠᠷ ᠤᠲᠠᠰᠤᠳᠠᠨ᠎ᠠ᠂ ᠬᠦᠯᠢᠶᠡᠨ ᠠᠪᠴᠤ ᠰᠢᠢᠳᠪᠦᠷᠢᠯᠡᠬᠦ ᠴᠠᠭ ᠨᠢ ᠠᠵᠢᠯ ᠤᠨ ᠡᠳᠦᠷ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ︶ ᠤᠨ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 14᠄ 30 — 17᠄ 30᠃    2. ᠢᠮᠧᠯ ᠤᠨ ᠬᠠᠶ᠋ᠢᠭ ᠭᠠᠷᠭᠠᠨ᠎ᠠ᠄ zzq12317@163.com    3. ᠤᠯᠠᠨ ᠲᠦᠮᠡᠨ ᠤ ᠢᠷᠡᠭᠦᠯᠦᠭᠰᠡᠨ ᠵᠠᠬᠢᠳᠠᠯ᠃ ᠰᠢᠦᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 82 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ 12317᠂ ᠰᠢᠤᠳᠠᠨ ᠳ᠋ᠤᠭᠠᠷ᠄ 010010᠃    4. ᠰᠦᠯᠵᠢᠶᠡᠨ ᠤ ᠬᠠᠶ᠋ᠢᠭ᠄ http://fpb.nmg.gov.cn᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠤᠨ ᠰᠦᠯᠵᠢᠶ᠎ᠡ ᠶᠢᠨ ︽ᠡᠷᠬᠢᠯᠡᠭᠴᠢ ᠶᠢᠨ ᠵᠠᠬᠢᠳᠠᠯ ᠤᠨ ᠬᠠᠶᠢᠷᠴᠠᠭ︾ ᠬᠢᠭᠡᠳ ᠦᠭᠡ ᠦᠯᠡᠳᠡᠭᠡᠬᠦ ᠪᠤᠯᠤᠩ ᠳᠤ ᠰᠠᠨᠠᠯ ᠵᠥᠪᠯᠡᠯᠭᠡ ᠳᠤᠷᠠᠳᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号