ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠨᠡᠶᠢᠭᠡᠮ ᠵᠢᠷᠤᠮ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢ  ᠬᠠᠤᠯᠢ ᠪᠠᠷ ᠵᠠᠰᠠᠬᠤ ᠶᠢ ᠴᠢᠩᠭᠠᠳᠬᠠᠬᠤ ᠲᠤᠬᠠᠢ ᠰᠠᠨᠠᠯ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/4/19
   ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠨᠡᠶᠢᠭᠡᠮ ᠵᠢᠷᠤᠮ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠬᠠᠤᠯᠢ ᠪᠠᠷ ᠵᠠᠰᠠᠬᠤ ᠶᠢ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃    ︽ᠨᠡᠶᠢᠭᠡᠮ ᠵᠢᠷᠤᠮ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠬᠠᠤᠯᠢ ᠪᠠᠷ ᠵᠠᠰᠠᠬᠤ ᠶᠢ ᠴᠢᠩᠭᠠᠳᠬᠠᠬᠤ ᠲᠤᠬᠠᠶ ᠰᠠᠨᠠᠯ︾ ᠤᠨ ᠪᠥᠬᠦ ᠠᠭᠤᠯᠭ᠎ᠠ ᠨᠢ ᠲᠠᠷᠠᠭᠠᠬᠢ ᠮᠡᠲᠦ᠃    ᠨᠡᠶᠢᠭᠡᠮ ᠵᠢᠷᠤᠮ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠲᠦᠰᠢᠭ ᠲᠤᠯᠭᠠᠭᠤᠷᠢ ᠮᠥᠨ᠃ ᠨᠡᠶᠢᠭᠡᠮ ᠵᠢᠷᠤᠮ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠬᠠᠤᠯᠢ ᠪᠠᠷ ᠵᠠᠰᠠᠬᠤ ᠶᠢ ᠴᠢᠩᠭᠠᠳᠬᠠᠬᠤ ᠶᠢᠨ ᠲᠥᠯᠥᠭᠡ᠂ ᠤᠳᠤ  ᠲᠠᠷᠠᠭᠠᠬᠢ ᠮᠡᠲᠦ ᠰᠠᠨᠠᠯ ᠢ ᠳᠤᠷᠠᠳᠤᠶ᠎ᠠ᠃    ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠤᠨ ᠢᠲᠡᠭᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠦᠲᠦᠭᠡᠨ ᠪᠠᠶᠢᠭᠤᠯᠬᠤ ᠶᠠᠪᠤᠳᠠᠯ ᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠪᠦᠲᠦᠭᠡᠨ ᠪᠠᠶᠢᠭᠤᠯᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ ᠠᠵᠢᠯ ᠪᠠ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠪᠦᠬᠦ ᠦᠨᠳᠦᠰᠦᠲᠡᠨ ᠤ ᠬᠠᠤᠯᠢᠵᠢᠯ ᠤᠨ ᠬᠡᠪ ᠪᠣᠯᠪᠠᠰᠤᠷᠠᠯ ᠪᠣᠯᠤᠨ ᠶᠣᠰᠣ ᠰᠤᠷᠲᠠᠬᠤᠨ ᠤ ᠬᠡᠪ ᠴᠢᠨᠠᠷ ᠢ ᠦᠨᠡᠨᠬᠦ ᠳᠡᠭᠡᠭᠰᠢᠯᠡᠭᠦᠯᠵᠦ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠶ ᠳᠤ ᠬᠠᠨᠳᠤᠭᠤᠯᠤᠭᠰᠠᠨ᠂ ᠢᠷᠡᠭᠡᠳᠦᠶ ᠳᠤ ᠬᠠᠨᠳᠤᠭᠤᠯᠤᠭᠰᠠᠨ᠂ ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ ᠲᠦᠮᠡᠨᠴᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠬᠦᠴᠦᠯᠡᠨ ᠪᠠᠶᠢᠭᠤᠯᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠢ ᠬᠠᠩᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠬᠦ ᠳᠤ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠬᠤ ᠬᠡᠷᠡᠭᠲᠡᠶ᠃    ︵ᠬᠤᠶᠠᠷ︶ ᠠᠵᠢᠯ ᠤᠨ ᠵᠠᠷᠴᠢᠮ    — ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠠᠪᠤᠴᠠ ᠳᠠᠬᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠪᠠᠲᠤ ᠪᠤᠢ ᠪᠣᠯᠭᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃    — ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠨᠢ ᠠᠷᠠᠳ ᠲᠦᠮᠡᠨ ᠤ ᠲᠥᠯᠥᠭᠡ ᠪᠠᠶᠢᠬᠤ᠂ ᠠᠷᠠᠳ ᠲᠦᠮᠡᠨ ᠳᠤ ᠲᠦᠰᠢᠭᠯᠡᠬᠦ ᠶᠢ ᠪᠡᠶᠡᠯᠡᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠠᠷᠠᠳᠴᠢᠯᠠᠯ᠂ ᠬᠠᠤᠯᠢ ᠪᠠᠷ ᠵᠠᠰᠠᠬᠤ᠂ ᠲᠥᠪ ᠭᠤᠣᠯᠴᠢ᠂ ᠰᠢᠳᠤᠷᠭᠤ ᠶᠣᠰᠣᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃    — ᠬᠠᠤᠯᠢ ᠴᠠᠭᠠᠵᠠ ᠳᠡᠯᠡᠬᠡᠢ ᠳ᠋ᠠᠬᠢᠨ ᠢ ᠠᠮᠤᠷᠵᠢᠭᠤᠯᠵᠤ᠂ ᠶᠣᠰᠣ ᠰᠤᠷᠲᠠᠬᠤᠨ ᠢᠶᠠᠷ ᠬᠥᠮᠦᠰ ᠤᠨ ᠰᠡᠳᠬᠢᠯ ᠢ ᠤᠮᠳᠠᠯᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠠᠭᠤᠰᠤᠯᠴᠠᠭᠤᠯᠵᠤ᠂ ᠬᠠᠤᠯᠢᠵᠢᠯ ᠪᠣᠯᠤᠨ ᠶᠣᠰᠣ ᠰᠤᠷᠲᠠᠬᠤᠨ ᠢᠶᠠᠷ ᠵᠠᠰᠠᠬᠤ ᠶᠢᠨ ᠬᠠᠷᠢᠯᠴᠠᠨ ᠨᠥᠬᠦᠴᠡᠯᠳᠦᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠪᠡᠶᠡᠯᠡᠭᠦᠯᠦᠨ᠎ᠡ᠃    — ᠮᠡᠳᠡᠬᠦᠶ ᠬᠢᠬᠦᠶ ᠶᠢ ᠨᠢᠭᠡᠳᠬᠡᠬᠦ ᠶᠢ ᠪᠠᠷᠢᠮᠲᠠᠯᠠᠵᠤ᠂ ᠦᠶ᠋ᠯᠡᠳᠦᠯᠭᠡ ᠳᠤ ᠭᠤᠤᠯᠳᠠᠯᠭ᠎ᠠ ᠪᠠᠨ ᠲᠠᠯᠪᠢᠵᠤ᠂ ᠪᠥᠬᠦ ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢᠨ ᠦᠨᠡᠨᠴᠢ ᠡᠷᠬᠢᠮᠯᠡᠭᠴᠢ᠂ ᠤᠬᠠᠮᠰᠠᠷ ᠠᠴᠠ ᠪᠠᠨ ᠰᠠᠬᠢᠭᠴᠢ᠂ ᠡᠷᠡᠰ ᠪᠠᠲᠤ ᠬᠠᠮᠠᠭᠠᠯᠠᠭᠴᠢ ᠪᠣᠯᠭᠠᠨ᠎ᠠ᠃    — ᠵᠠᠯᠭᠠᠮᠵᠢᠯᠠᠨ ᠬᠥᠭᠵᠢᠭᠦᠯᠬᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠳᠡᠯᠡᠬᠡᠶ ᠶᠢᠨ ᠰᠢᠯᠢᠳᠡᠭ ᠬᠠᠤᠯᠢ ᠪᠠᠷ ᠵᠠᠰᠠᠬᠤ ᠪᠣᠯᠪᠠᠰᠤᠨ ᠤ ᠦᠷ᠎ᠡ ᠪᠦᠲᠦᠭᠡᠯ ᠢ ᠰᠤᠷᠤᠯᠴᠠᠨ ᠲᠡᠭᠦᠨ ᠢᠶᠠᠷ ᠯᠠᠪᠯᠠᠯᠲᠠ ᠪᠣᠯᠭᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠲᠠᠰᠤᠷᠠᠯᠳᠠ ᠦᠭᠡᠢ ᠬᠥᠭᠵᠢᠭᠦᠯᠦᠨ ᠴᠡᠴᠡᠭᠯᠡᠭᠦᠯᠦᠨ᠎ᠡ᠃    ︵ᠭᠤᠷᠪᠠ︶ ᠶᠡᠷᠦᠩᠬᠡᠶ ᠬᠠᠷᠠᠯᠲᠠ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠤᠯᠠᠮ ᠨᠢᠭᠡ ᠠᠯᠬᠤᠮ ᠪᠤᠢ ᠪᠣᠯᠭᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠠᠭᠤᠷ ᠠᠮᠢᠰᠬᠤᠯ ᠡᠳᠦᠷ ᠢᠷᠡᠬᠦᠶ᠎ᠡ ᠵᠤᠵᠠᠭᠠᠳᠴᠤ᠂ ᠬᠠᠤᠯᠢ ᠪᠠᠷ ᠵᠠᠰᠠᠬᠤ ᠰᠣᠶᠣᠯ ᠤᠨ ᠦᠢᠯᠡᠰ ᠴᠡᠴᠡᠭᠯᠡᠨ ᠬᠥᠭᠵᠢᠵᠦ᠂ ᠬᠠᠤᠯᠢ ᠪᠠᠷ ᠵᠠᠰᠠᠬᠤ ᠰᠣᠶᠣᠯ ᠤᠨ ᠴᠢᠳᠠᠪᠤᠷᠢᠲᠠᠨ ᠤ ᠡᠩᠨᠡᠭᠡ ᠲᠠᠰᠤᠷᠠᠯᠳᠠ ᠦᠭᠡᠢ ᠪᠤᠵᠠᠭᠠᠶᠢᠷᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠯ ᠲᠣᠭᠲᠠᠴᠠ ᠤᠯᠠᠮ ᠨᠢᠭᠡ ᠠᠯᠬᠤᠮ ᠲᠡᠭᠦᠯᠳᠡᠷᠵᠢᠪᠡ᠃ 2035 ᠣᠨ ᠪᠣᠯᠬᠤ ᠳᠤ᠂ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠲᠠᠢ ᠵᠣᠬᠢᠴᠠᠭᠰᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠲᠠᠢ ᠵᠣᠬᠢᠴᠠᠭᠰᠠᠨ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠦᠨᠳᠦᠰᠦᠨ ᠳᠡᠭᠡᠨ ᠪᠤᠢ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠠᠵᠢᠯ ᠶᠠᠪᠤᠳᠠᠯ ᠬᠢᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠦᠨᠳᠦᠰᠦᠨ ᠳᠡᠭᠡᠨ ᠪᠤᠢ ᠪᠣᠯᠭᠠᠨ᠎ᠠ᠃    ᠬᠤᠶᠠᠷ᠂ ᠭᠤᠣᠯ ᠡᠭᠦᠷᠭᠡ    ︵ᠳᠥᠷᠪᠡ︶ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠤᠨ᠎ᠠ᠃ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠤᠳᠤᠷᠢᠳᠬᠤ ᠺᠠᠳ᠋ᠷ ᠭᠡᠬᠦ ᠡᠨᠡ ᠬᠦ ᠭᠤᠣᠯᠳᠠᠯᠭ᠎ᠠ ᠶᠢ ᠰᠠᠶᠢᠲᠤᠷ ᠠᠳᠬᠤᠵᠤ᠂ ᠰᠢ ᠶᠢᠨ ᠫᠢᠩ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠪᠠ ᠺᠠᠳ᠋ᠷ ᠤᠨ ᠳᠡᠭᠡᠳᠦ ᠰᠤᠷᠭᠠᠭᠤᠯᠢ ᠶᠢᠨ ᠭᠤᠣᠯᠳᠠᠯᠭ᠎ᠠ ᠲᠠᠢ ᠬᠢᠴᠢᠶᠡᠯ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠂ ᠤᠨᠤᠯ ᠤᠨ ᠰᠠᠭᠤᠷᠢ ᠪᠠᠨ ᠪᠠᠲᠤᠳᠬᠠᠵᠤ᠂ ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠥᠷᠨᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠵᠠᠭᠤᠴᠢᠯᠠᠭᠤᠷ ᠤᠨ ᠮᠡᠳᠡᠭᠡᠯᠡᠯ᠂ ᠰᠢᠭᠦᠮᠵᠢ ᠶᠠᠷᠢᠶ᠎ᠠ ᠥᠭᠦᠯᠡᠯ᠂ ᠤᠨᠤᠯ ᠤᠨ ᠵᠣᠬᠢᠶᠠᠯ᠂ ᠰᠤᠷᠤᠯᠴᠠᠬᠤ ᠤᠩᠰᠢᠬᠤ ᠪᠢᠴᠢᠭ᠂ ᠣᠬᠤᠷ ᠸᠢᠳᠢᠣ᠋ ᠵᠡᠷᠭᠡ ᠬᠡᠯᠪᠡᠷᠢ ᠪᠠᠷ ᠳᠠᠮᠵᠢᠭᠤᠯᠵᠤ᠂ ᠡᠯ᠎ᠡ ᠲᠦᠷᠦᠯ ᠤᠨ ᠬᠠᠮ ᠵᠠᠭᠤᠴᠢᠯᠠᠭᠤᠷ ᠤᠨ ᠠᠷᠭ᠎ᠠ ᠪᠠᠷᠢᠯ ᠪᠠ ᠲᠠᠪᠴᠠᠩ ᠢ ᠬᠡᠷᠡᠭᠯᠡᠨ᠂ ᠰᠢ ᠶᠢᠨ ᠫᠢᠩ ᠬᠠᠤᠯᠢᠵᠢᠯ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠵᠤ ᠤᠬᠠᠭᠤᠯᠬᠤ ᠶᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠲᠠᠢ ᠤᠶᠠᠯᠳᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠵᠡᠷᠭᠡ ᠲᠠᠢ ᠤᠶᠠᠯᠳᠤᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠲᠦᠷᠦᠯ ᠤᠨ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠭᠠᠭᠤᠯᠢ ᠶᠢᠨ ᠰᠤᠷᠭᠠᠨ ᠬᠥᠮᠦᠵᠢᠯ ᠳᠤ ᠠᠭᠤᠰᠤᠯᠴᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠬᠠᠤᠯᠢᠵᠢᠯ ᠤᠨ ᠤᠨᠤᠯ ᠤᠨ ᠵᠢᠭᠠᠨ ᠰᠤᠷᠭᠠᠯᠲᠠ ᠶᠢᠨ ᠰᠢᠰᠲ᠋ᠧᠮ ᠳᠤ ᠣᠷᠣᠭᠤᠯᠵᠤ᠂ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠣᠷᠣᠭᠤᠯᠬᠤ ᠠᠵᠢᠯ ᠢ ᠰᠠᠶᠢᠲᠤᠷ ᠬᠢᠨ᠎ᠠ᠃ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠪᠣᠳᠠᠲᠤ ᠶᠠᠪᠤᠳᠠᠯ ᠤᠨ ᠶᠡᠭᠡ ᠬᠢᠴᠢᠶᠡᠯ ᠤᠨ ᠲᠠᠩᠬᠢᠮ ᠳᠤ ᠲᠦᠰᠢᠭᠯᠡᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠨ᠎ᠠ᠃ ᠬᠠᠤᠯᠢ ᠪᠠᠷ ᠵᠠᠰᠠᠬᠤ ᠬᠦᠷᠢᠶᠡᠨ ᠳᠠᠬᠢ ᠪᠤᠷᠤᠭᠤ ᠦᠵᠡᠯ ᠰᠠᠨᠠᠭ᠎ᠠ ᠦᠵᠡᠯᠲᠡ ᠶᠢ ᠢᠯᠭᠠᠨ ᠵᠠᠳᠠᠯᠵᠤ ᠰᠢᠭᠦᠮᠵᠢᠯᠡᠨ ᠨᠢᠴᠤᠭᠠᠬᠤ ᠪᠠᠨ ᠴᠢᠩᠭᠠᠳᠬᠠᠵᠤ᠂ ᠺᠠᠳ᠋ᠷ ᠤᠯᠠᠨ ᠲᠦᠮᠡᠨ ᠢ ᠬᠠᠪᠰᠤᠷᠤᠨ ᠵᠥᠪ ᠪᠤᠷᠤᠭᠤ ᠶᠢ ᠢᠯᠭᠠᠨ ᠲᠠᠨᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠢᠲᠡᠭᠡᠯ ᠵᠣᠷᠢᠭ ᠢ ᠨᠢ ᠪᠠᠲᠤᠳᠬᠠᠨ᠎ᠠ᠃    ︵ᠲᠠᠪᠤ︶ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠨᠤᠯ ᠢ ᠲᠡᠭᠦᠯᠳᠡᠷᠵᠢᠭᠦᠯᠦᠨ᠎ᠡ᠃ ᠮᠠᠷᠺᠰ ᠤᠨ ᠦᠵᠡᠯ ᠤᠨ ᠬᠠᠤᠯᠢ ᠪᠠᠷ ᠵᠠᠰᠠᠬᠤ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠷᠺᠰ ᠤᠨ ᠦᠵᠡᠯ ᠤᠨ ᠬᠠᠤᠯᠢ ᠪᠠᠷ ᠵᠠᠰᠠᠬᠤ ᠤᠨᠤᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠤᠯᠠᠨ ᠲᠦᠮᠡᠨᠴᠢᠯᠡᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ᠃ ᠰᠢᠨ᠎ᠡ ᠴᠠᠭ ᠦᠶ᠎ᠡ ᠳᠤ ᠮᠠᠷᠺᠰ ᠤᠨ ᠦᠵᠡᠯ ᠤᠨ ᠬᠠᠤᠯᠢᠵᠢᠯ ᠤᠨ ᠤᠨᠤᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠨ ᠪᠠᠬᠢᠵᠢᠭᠦᠯᠬᠦ ᠳᠤ ᠬᠠᠮᠤᠭ ᠤᠨ ᠴᠢᠬᠤᠯᠠ ᠨᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠠᠪᠤᠴᠠ ᠳᠠᠬᠢ ᠵᠢᠯᠣᠭᠤᠳᠬᠤ ᠪᠠᠶᠢᠷᠢ ᠰᠠᠭᠤᠷᠢ ᠶᠢ ᠪᠠᠲᠤ ᠪᠤᠢ ᠪᠣᠯᠭᠠᠬᠤ ᠶᠠᠪᠤᠳᠠᠯ ᠪᠣᠯᠤᠨ᠎ᠠ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢᠨ ︽ᠠᠷᠪᠠᠨ ᠨᠢᠭᠡ ᠶᠢ ᠪᠠᠷᠢᠮᠲᠠᠯᠠᠬᠤ︾ ᠲᠠᠢ ᠤᠶᠠᠯᠳᠤᠭᠤᠯᠤᠨ ᠨᠢᠭᠡ ᠪᠦᠯᠦᠭ ᠰᠡᠳᠦᠪ ᠰᠣᠩᠭᠤᠬᠤ ᠰᠡᠳᠦᠪ ᠢ ᠲᠣᠭᠲᠠᠭᠠᠵᠤ᠂ ᠬᠠᠤᠯᠢ ᠶᠢᠨ ᠤᠬᠠᠭᠠᠨ ᠤ ᠲᠤᠰᠬᠠᠶ ᠮᠡᠷᠭᠡᠵᠢᠯᠲᠡᠨ ᠪᠠ ᠦᠢᠯᠡᠳᠦᠯᠭᠡ ᠶᠢᠨ ᠠᠵᠢᠯᠳᠠᠨ ᠢ ᠵᠣᠬᠢᠶᠠᠨ ᠪᠠᠶᠢᠭᠤᠯᠤᠨ ᠭᠦᠨᠵᠡᠭᠡᠶ ᠰᠤᠳᠤᠯᠤᠭᠤᠯᠵᠤ᠂ ᠨᠢᠭᠡ ᠪᠦᠯᠦᠭ ᠴᠢᠨᠠᠷ ᠰᠠᠶᠢᠲᠠᠶ ᠰᠤᠳᠤᠯᠭᠠᠨ ᠤ ᠦᠷ᠎ᠡ ᠪᠦᠲᠦᠭᠡᠯ ᠢ ᠭᠠᠷᠭᠠᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠲᠦᠷᠢᠮ ᠤᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠨᠤᠯ ᠤᠨ ᠡᠷᠳᠡᠮ ᠰᠢᠨᠵᠢᠯᠡᠭᠡᠨ ᠤ ᠰᠢᠰᠲ᠋ᠧᠮ᠂ ᠤᠨᠤᠯ ᠤᠨ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠲᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢᠨ ᠶᠣᠰᠣ ᠵᠦᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠮᠠᠨ ᠤ ᠤᠯᠤᠰ ᠤᠨ ᠤᠯᠤᠰ ᠤᠨ ᠪᠠᠶᠢᠳᠠᠯ ᠪᠠ ᠪᠣᠳᠠᠲᠤ ᠪᠠᠶᠢᠳᠠᠯ ᠠᠴᠠ ᠡᠭᠦᠰᠦᠨ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠬᠠᠷᠢᠭᠤᠯᠵᠤ᠂ ᠢᠯᠡᠳᠬᠡᠭᠴᠢ ᠳᠡᠮᠳᠡᠭ ᠤᠨ ᠴᠢᠨᠠᠷᠲᠠᠶ ᠬᠠᠤᠯᠢ ᠶᠢᠨ ᠤᠬᠠᠭᠠᠨ ᠤ ᠡᠷᠳᠡᠮ ᠰᠢᠨᠵᠢᠯᠡᠭᠡᠨ ᠤ ᠤᠬᠠᠭᠳᠠᠬᠤᠨ ᠢ ᠪᠣᠯᠪᠠᠰᠤᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠣᠨᠴᠠᠯᠢᠭ ᠪᠠ ᠳᠠᠪᠠᠭᠤᠯᠢᠭ ᠢ ᠨᠢᠭᠲᠠᠷᠠᠭᠤᠯᠤᠨ᠂ ᠬᠠᠤᠯᠢ ᠶᠢᠨ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠳᠡᠯᠭᠡᠷᠡᠭᠦᠯᠦᠯᠲᠡ ᠪᠠ ᠬᠡᠷᠡᠭᠯᠡᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠰᠢᠨ᠎ᠡ ᠮᠠᠶ᠋ᠢᠭ ᠤᠨ ᠬᠠᠤᠯᠢ ᠪᠠᠷ ᠵᠠᠰᠠᠬᠤ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠬᠠᠤᠯᠢ ᠪᠠᠷ ᠵᠠᠰᠠᠬᠤ ᠤᠨᠤᠯ᠂ ᠬᠠᠤᠯᠢ ᠪᠠᠷ ᠵᠠᠰᠠᠬᠤ ᠰᠣᠶᠣᠯ ᠤᠨ ᠰᠤᠳᠤᠯᠭᠠᠨ ᠤ ᠰᠡᠳᠦᠪ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠶᠢᠨ ᠪᠣᠳᠠᠲᠤ ᠶᠠᠪᠤᠳᠠᠯ ᠤᠨ ᠰᠠᠯᠠᠭ᠎ᠠ ᠮᠥᠴᠢᠷ ᠪᠠ ᠤᠨᠤᠯ ᠤᠨ ᠰᠤᠳᠤᠯᠭᠠᠨ ᠤ ᠰᠠᠯᠠᠭ᠎ᠠ ᠮᠥᠴᠢᠷ ᠤᠨ ᠰᠣᠯᠢᠯᠴᠠᠭ᠎ᠠ ᠦᠢᠯᠡᠳᠦᠯᠴᠡᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠦᠢᠯᠡᠳᠦᠯᠭᠡ ᠳᠤ ᠴᠢᠨᠠᠷ ᠰᠠᠶᠢᠲᠠᠶ ᠰᠢᠶ᠋ᠳᠪᠦᠷᠢᠲᠦ ᠪᠤᠳᠤᠯᠭ᠎ᠠ ᠶᠢᠨ ᠯᠠᠪᠯᠠᠯᠲᠠ ᠬᠠᠩᠭᠠᠨ᠎ᠠ᠃ ᠬᠠᠤᠯᠢ ᠪᠠᠷ ᠵᠠᠰᠠᠬᠤ ᠰᠣᠶᠣᠯ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠭᠠᠨ ᠰᠤᠷᠭᠠᠯᠲᠠ ᠶᠢ ᠥᠷᠨᠢᠭᠦᠯᠵᠦ᠂ ᠨᠥᠬᠦᠴᠡᠯ ᠲᠠᠢ ᠨᠢᠭᠡᠴᠢ ᠶᠢᠨ ᠬᠠᠤᠯᠢ ᠪᠠᠷ ᠵᠠᠰᠠᠬᠤ ᠰᠣᠶᠣᠯ ᠤᠨ ᠬᠤᠯᠪᠣᠭᠳᠠᠯ ᠪᠦᠬᠦᠢ ᠬᠤᠶᠠᠳᠤᠭᠠᠷ ᠳᠡᠰ ᠤᠨ ᠰᠢᠨᠵᠢᠯᠡᠭᠡᠨ ᠤ ᠰᠠᠯᠠᠭ᠎ᠠ ᠶᠢᠨ ᠠᠰᠫᠢᠷᠠᠨᠲ ᠤᠨ ᠴᠡᠭ᠂ ᠳ᠋ᠣᠺᠲ᠋ᠣᠷᠠᠨᠲ ᠤᠨ ᠴᠡᠭ ᠢ ᠪᠡᠶ᠎ᠡ ᠪᠠᠨ ᠳᠠᠭᠠᠭᠠᠵᠤ    ︵ᠵᠢᠷᠭᠤᠭ᠎ᠠ︶ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠎ᠠ᠃ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠨᠡᠶᠢᠭᠡᠮ ᠳᠠᠶᠠᠭᠠᠷ ᠲᠤ ᠦᠨᠳᠦᠰᠦᠨ ᠬᠠᠤᠯᠢ ᠬᠠᠤᠯᠢ ᠴᠠᠭᠠᠵᠠ ᠶᠢ ᠳᠡᠭᠡᠳᠦᠯᠡᠬᠦ᠂ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ᠂ ᠡᠷᠬᠡ ᠶᠢ ᠬᠠᠤᠯᠢ ᠪᠠᠷ ᠲᠣᠭᠲᠠᠭᠠᠬᠤ᠂ ᠡᠷᠬᠡ ᠶᠢ ᠬᠠᠤᠯᠢ ᠶᠣᠰᠣᠭᠠᠷ ᠬᠡᠷᠡᠭᠯᠡᠬᠦ ᠵᠡᠷᠭᠡ ᠬᠠᠤᠯᠢ ᠪᠠᠷ ᠵᠠᠰᠠᠬᠤ ᠦᠨᠳᠦᠰᠦᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠨ᠎ᠠ᠃ ᠲᠦᠷᠦ ᠶᠢᠨ ᠠᠵᠢᠯᠳᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠲᠦᠷᠢᠮ ᠢ ᠨᠠᠶᠢᠳᠠᠪᠤᠷᠢᠵᠢᠭᠤᠯᠵᠤ᠂ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠰᠢᠷᠢᠰ ᠤᠬᠠᠭᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠵᠤ᠂ ᠳᠦᠷᠢᠮᠵᠢᠭᠦᠯᠬᠦ ᠶᠢ ᠠᠬᠢᠭᠤᠯᠤᠨ᠎ᠠ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠨ ᠠᠪᠴᠤ᠂ ᠦᠨᠳᠦᠰᠦᠨ ᠬᠠᠤᠯᠢ ᠶᠢ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠨᠠᠷᠢᠨ ᠲᠠᠩᠰᠠᠨ ᠳᠤ ᠣᠷᠣᠭᠤᠯᠤᠨ᠂ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠦᠨᠳᠦᠰᠦᠨ ᠡᠭᠦᠷᠭᠡ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠨᠡᠯᠡᠨ ᠵᠢᠱᠢᠬᠦ ᠪᠠ ᠣᠨ ᠤ ᠬᠠᠤᠯᠢ ᠶᠢᠨ ᠲᠣᠭᠠᠴᠢᠯᠲᠠ ᠶᠢᠨ ᠦᠨᠳᠦᠰᠦᠨ ᠠᠭᠤᠯᠭ᠎ᠠ ᠪᠣᠯᠭᠠᠵᠤ᠂     ᠤᠳᠤᠷᠢᠳᠬᠤ ᠺᠠᠳ᠋ᠷᠴᠤᠳ ᠤᠨ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠲᠦᠷᠦᠭᠦᠯᠡᠨ ᠦᠨᠳᠦᠰᠦᠨ ᠬᠠᠤᠯᠢ ᠪᠠᠷ ᠠᠵᠢᠯᠯᠠᠭᠠᠨ ᠤ ᠪᠠᠨ ᠦᠨᠳᠦᠰᠦᠨ ᠪᠠᠷᠢᠮᠵᠢᠶ᠎ᠠ ᠪᠣᠯᠭᠠᠬᠤ᠂ ᠲᠦᠷᠦᠭᠦᠯᠡᠨ ᠬᠠᠤᠯᠢ ᠶᠢ ᠬᠦᠨᠳᠦᠳᠬᠡᠬᠦ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠥᠮᠦᠵᠢᠯ ᠤᠨ ᠬᠥᠲᠥᠯᠪᠦᠷᠢ︾ ᠶᠢ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠶᠢ ᠤᠯᠤᠰ ᠠᠷᠠᠳ ᠤᠨ ᠰᠤᠷᠭᠠᠨ ᠬᠥᠮᠦᠵᠢᠯ ᠳᠤ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠳᠤ ᠠᠭᠤᠰᠤᠯᠴᠠᠭᠤᠯᠵᠤ᠂ ᠪᠦᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾᠂ ︽ᠦᠨᠳᠦᠰᠦᠨ ᠬᠠᠤᠯᠢ ᠶᠢᠨ ᠥᠷᠯᠥᠭᠡ ᠶᠢᠨ ᠤᠩᠰᠢᠯᠭ᠎ᠠ︾ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠵᠠᠯᠠᠭᠤᠴᠤᠳ ᠪᠠᠭᠠᠴᠤᠳ ᠤᠨ ᠨᠠᠰᠤᠨ ᠳᠤ ᠬᠦᠷᠦᠭᠰᠡᠳ ᠤᠨ ᠶᠣᠰᠣᠯᠠᠯ ᠳᠤ ᠶᠣᠰᠣᠯᠠᠯ ᠢᠶᠠᠷ ᠦᠨᠳᠦᠰᠦᠨ ᠬᠠᠤᠯᠢ ᠶᠢ ᠬᠦᠨᠳᠦᠳᠬᠡᠬᠦ ᠭᠤᠭᠴᠤᠭ᠎ᠠ ᠭᠠᠷᠭᠠᠵᠤ᠂ ᠵᠠᠯᠠᠭᠤᠴᠤᠳ ᠪᠠᠭᠠᠴᠤᠳ ᠤᠨ ᠦᠨᠳᠦᠰᠦᠨ ᠬᠠᠤᠯᠢ ᠶᠢᠨ ᠦᠵᠡᠯᠲᠡ ᠶᠢ ᠴᠢᠩᠭᠠᠳᠬᠠᠨ᠎ᠠ᠃ ︽ᠲᠠᠪᠤᠨ ᠰᠠᠷ᠎ᠠ ᠶᠢᠨ ᠲᠦᠷᠪᠡᠨ ᠤ ᠦᠨᠳᠦᠰᠦᠨ ᠬᠠᠤᠯᠢ︾ ᠶᠢᠨ ᠲᠡᠦᠬᠡᠨ ᠮᠠᠲ᠋ᠧᠷᠢᠶᠠᠯ ᠢ ᠳᠡᠯᠭᠡᠨ ᠦᠵᠡᠭᠦᠯᠬᠦ ᠣᠷᠳᠣᠨ ᠤ ᠰᠠᠭᠤᠷᠢᠨ ᠳᠡᠭᠡᠷ᠎ᠡ ᠤᠯᠤᠰ ᠤᠨ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠣᠷᠳᠣᠨ ᠢ ᠪᠠᠶᠢᠭᠤᠯᠵᠤ᠂ ᠡᠯ᠎ᠡ ᠲᠦᠷᠦᠯ ᠤᠨ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠲᠤᠭ ᠮᠠᠨᠳᠤᠭᠤᠯᠬᠤ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠬᠤ ᠵᠡᠷᠭᠡ ᠶᠣᠰᠣᠯᠠᠯ ᠶᠣᠰᠣᠯᠠᠯ ᠪᠠ ᠴᠢᠬᠤᠯᠠ ᠶᠡᠭᠡ ᠪᠠᠶᠠᠷ ᠳᠤᠷᠠᠰᠬᠠᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠤᠨ ᠦᠨᠳᠦᠰᠦᠨ ᠬᠠᠤᠯᠢ ᠶᠢ ᠬᠦᠨᠳᠦᠳᠬᠡᠨ ᠪᠢᠰᠢᠷᠡᠬᠦ ᠪᠠ ᠢᠳᠡᠭᠡᠨ ᠪᠢᠰᠢᠷᠡᠬᠦ ᠶᠠᠪᠤᠳᠠᠯ ᠢ ᠨᠡᠮᠡᠭᠳᠡᠭᠦᠯᠦᠨ᠎ᠡ᠃ ᠦᠨᠳᠦᠰᠦᠨ ᠬᠠᠤᠯᠢ ᠶᠢᠨ ᠬᠥᠮᠦᠵᠢᠯ ᠪᠣᠯᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠣᠷᠭᠠᠨᠢᠭ ᠢᠶᠠᠷ ᠤᠶᠠᠯᠳᠤᠭᠤᠯᠵᠤ᠂ ᠦᠨᠳᠦᠰᠦᠨ ᠬᠠᠤᠯᠢ ᠶᠢᠨ ᠬᠥᠮᠦᠵᠢᠯ ᠢᠶᠠᠷ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠦᠨ᠎ᠡ᠃    ︵ᠳᠣᠯᠤᠭ᠎ᠠ︶ ᠬᠠᠤᠯᠢ ᠪᠠᠷ ᠵᠠᠰᠠᠬᠤ ᠦᠢᠯᠡᠳᠦᠯᠭᠡ ᠶᠢᠨ ᠳᠤᠮᠳᠠ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠷᠠᠳ ᠢᠷᠭᠡᠳ ᠤᠨ ᠬᠠᠤᠯᠢ ᠪᠠᠷ ᠵᠠᠰᠠᠬᠤ ᠳᠠᠳᠬᠠᠯ ᠢ ᠦᠢᠯᠡᠳᠦᠯᠭᠡᠵᠢᠭᠦᠯᠦᠨ ᠪᠤᠢ ᠪᠣᠯᠭᠠᠬᠤ ᠶᠢ ᠴᠢᠬᠤᠯᠠᠴᠢᠯᠠᠵᠤ᠂ ᠠᠷᠠᠳ ᠤᠯᠠᠨ ᠤ ᠬᠠᠤᠯᠢ ᠪᠠᠷ ᠵᠠᠰᠠᠬᠤ ᠳᠤ ᠥᠷᠭᠡᠨ ᠢᠶᠠᠷ ᠣᠷᠣᠯᠴᠠᠬᠤ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠦᠢᠯᠡᠳᠦᠯᠭᠡ ᠪᠠᠷ ᠠᠷᠠᠳ ᠲᠦᠮᠡᠨ ᠢ ᠬᠥᠮᠦᠵᠢᠭᠦᠯᠵᠦ᠂ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠬᠠᠤᠯᠢ ᠳᠤ ᠣᠷᠣᠭᠤᠯᠵᠤ ᠲᠣᠭᠲᠠᠭᠠᠯ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠨᠠᠮ ᠤᠨ ᠵᠣᠷᠢᠯᠲᠠ ᠶᠢ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠤᠯᠤᠰ ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠪᠠᠷᠢᠬᠤ ᠲᠠᠶᠢᠯᠪᠤᠷᠢᠯᠠᠯᠲᠠ ᠵᠡᠷᠭᠡ ᠳᠤ ᠤᠯᠤᠰ ᠤᠨ ᠦᠷᠳᠡᠭ ᠤᠨ ᠬᠠᠷᠠᠯᠲᠠ᠂ ᠨᠡᠶᠢᠭᠡᠮ ᠤᠨ ᠦᠷᠳᠡᠭ ᠤᠨ ᠬᠠᠨᠳᠤᠰᠢ ᠪᠠ ᠠᠷᠠᠳ ᠢᠷᠭᠡᠨ ᠤ ᠦᠷᠳᠡᠭ ᠤᠨ ᠪᠠᠷᠢᠮᠵᠢᠶ᠎ᠠ ᠶᠢ ᠨᠡᠩ ᠰᠠᠶᠢᠲᠤᠷ ᠢᠯᠡᠷᠡᠭᠦᠯᠵᠦ᠂ ᠰᠠᠶᠢᠨ ᠬᠠᠤᠯᠢ ᠪᠠᠷ ᠴᠢᠳᠠᠮᠠᠭᠠᠶ ᠪᠠᠷ ᠵᠠᠰᠠᠬᠤ ᠶᠢ ᠪᠠᠲᠤᠯᠠᠨ᠎ᠠ᠃ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠲᠥᠪ ᠭᠤᠣᠯᠴᠢ ᠥᠨᠳᠥᠷ ᠪᠦᠲᠦᠮᠵᠢᠲᠡᠢ ᠡᠷᠬᠡ ᠰᠦᠷ ᠲᠠᠢ ᠬᠠᠤᠯᠢ ᠪᠠᠷᠢᠬᠤ ᠲᠦᠷᠢᠮ ᠢ ᠪᠦᠷᠢᠨᠰᠢᠬᠦᠯᠵᠤ᠂ ᠬᠠᠤᠯᠢ ᠪᠠᠷᠢᠬᠤ ᠪᠣᠯᠪᠠᠰᠤᠨ ᠢ ᠠᠬᠢᠭᠤᠯᠵᠤ᠂ ᠬᠠᠤᠯᠢ ᠪᠠᠷᠢᠬᠤ ᠬᠡᠷᠡᠭ ᠨᠢᠭᠡᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠠᠵᠢᠯᠯᠠᠵᠤ ᠠᠮᠢᠳᠤᠷᠠᠬᠤ ᠶᠢ ᠦᠨᠡᠨ ᠬᠦ᠋‍ ᠨᠢᠭᠡ ᠵᠦᠢᠯ ᠤᠨ ᠳᠠᠳᠬᠠᠯ ᠪᠣᠯᠭᠠᠵᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠴᠥᠮ ᠦᠨᠳᠦᠰᠦᠨ ᠬᠠᠤᠯᠢ ᠬᠠᠤᠯᠢ ᠴᠠᠭᠠᠵᠠ ᠠᠴᠠ ᠳᠠᠪᠠᠭᠰᠠᠨ ᠣᠨᠴᠠ ᠡᠷᠬᠡ ᠪᠠᠶᠢᠵᠤ ᠪᠣᠯᠬᠤ ᠦᠭᠡᠢ᠃ ᠠᠷᠠᠳ ᠨᠡᠶᠢᠲᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠤᠨ ᠲᠠᠯ᠎ᠠ ᠪᠠᠷ ᠬᠦᠴᠦ ᠲᠠᠯᠪᠢᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠡᠷᠡᠭ ᠢᠶᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠬᠠᠤᠯᠢ ᠪᠠᠷ ᠵᠠᠰᠠᠬᠤ ᠬᠡᠪ ᠰᠤᠷᠲᠠᠯ ᠢ ᠬᠥᠲᠥᠯᠥᠨ ᠳᠠᠭᠠᠭᠤᠯᠬᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠢ ᠪᠣᠯᠭᠠᠬᠤ ᠢᠳᠡᠪᠬᠢ ᠦᠢᠯᠡᠳᠦᠯ ᠢ ᠪᠠᠳᠠᠷᠠᠭᠤᠯᠵᠤ᠂ ᠪᠦᠬᠦ ᠠᠷᠠᠳ ᠢᠷᠭᠡᠳ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠢᠷᠭᠡᠨ ᠤ ᠬᠠᠤᠯᠢ ᠶᠢᠨ ᠪᠢᠴᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠡᠷᠬᠡ ᠲᠡᠭᠰᠢ ᠰᠠᠶᠢᠨ ᠳᠤᠷ᠎ᠠ ᠶᠢᠨ᠂ ᠦᠨᠡᠨᠴᠢ ᠢᠲᠡᠭᠡᠮᠵᠢᠲᠡᠶ ᠪᠠᠶᠢᠬᠤ ᠵᠡᠷᠭᠡ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠷᠠᠳ ᠢᠷᠭᠡᠳ ᠤᠨ ᠡᠷᠬᠡ ᠪᠠᠨ ᠵᠥᠪ ᠢᠶᠠᠷ ᠬᠡᠷᠡᠭᠵᠢᠭᠦᠯᠬᠦ᠂ ᠡᠭᠦᠷᠭᠡ ᠪᠠᠨ ᠢᠳᠡᠪᠬᠢᠲᠡᠶ ᠭᠦᠢᠴᠡᠳᠬᠡᠬᠦ ᠶᠢ ᠬᠥᠮᠦᠵᠢᠭᠦᠯᠦᠨ ᠬᠥᠲᠥᠯᠥᠨ ᠵᠢᠯᠣᠭᠤᠳᠤᠨ᠎ᠠ᠃ ᠬᠠᠤᠯᠢ ᠶᠣᠰᠣᠭᠠᠷ ᠵᠠᠰᠠᠬᠤ ᠶᠢ ᠴᠢᠩᠭᠠᠳᠬᠠᠵᠤ᠂ ᠠᠷᠠᠳ ᠤᠯᠠᠨ ᠤ ᠲᠤᠰᠬᠠᠯ ᠶᠡᠬᠡᠲᠡᠶ ᠠᠰᠠᠭᠤᠳᠠᠯ ᠠᠴᠠ ᠡᠬᠢᠯᠡᠨ ᠥᠭᠡᠷᠡᠴᠢᠯᠡᠵᠦ᠂ ᠨᠠᠷᠢᠨ ᠵᠦᠢᠯᠡᠰ ᠠᠴᠠ ᠡᠬᠢᠯᠡᠨ ᠠᠳᠬᠤᠵᠤ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠠᠷᠠᠳ ᠢᠷᠭᠡᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠵᠠᠮ ᠬᠠᠷᠢᠯᠴᠠᠭᠠᠨ ᠤ ᠲᠦᠷᠢᠮ ᠢ ᠵᠢᠷᠤᠮᠯᠠᠭᠤᠯᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠰᠠᠶᠢᠲᠤᠷ ᠬᠢᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠲᠡᠪᠴᠢᠵᠦ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ ᠠᠷᠢᠯᠭᠠᠬᠤ ᠵᠡᠷᠭᠡ ᠠᠵᠢᠯ ᠢ ᠬᠢᠵᠦ᠂ ᠲᠦᠷᠢᠮ ᠤᠨ ᠤᠬᠠᠮᠰᠠᠷ ᠢ ᠬᠥᠮᠦᠵᠢᠭᠦᠯᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠠᠤᠯᠢ ᠪᠠᠷ ᠵᠠᠰᠠᠬᠤ ᠵᠠᠮ ᠢᠶᠠᠷ ᠭᠡᠨᠡᠳᠲᠡ ᠶᠢᠨ ᠬᠡᠷᠡᠭ ᠢ ᠠᠷᠭᠠᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠠᠵᠢᠯᠯᠠᠭᠤᠯᠵᠤ᠂ ᠬᠠᠤᠯᠢ ᠶᠣᠰᠣᠭᠠᠷ ᠠᠵᠢᠯᠯᠠᠭᠤᠯᠤᠨ᠎ᠠ᠃ ᠨᠠᠮ ᠤᠨ ᠲᠦᠷᠢᠮ ᠢ ᠰᠤᠷᠤᠯᠴᠠᠨ ᠤᠬᠠᠭᠤᠯᠬᠤ ᠶᠢ ᠲᠤᠪᠤᠶᠢᠯᠭᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠ ᠤᠯᠤᠰ ᠤᠨ ᠬᠠᠤᠯᠢ ᠴᠠᠭᠠᠵᠠ ᠶᠢᠨ ᠤᠬᠠᠮᠰᠠᠷ ᠠᠴᠠ ᠪᠠᠨ ᠬᠦᠨᠳᠦᠳᠬᠡᠭᠴᠢ᠂ ᠵᠢᠱᠢᠶᠡᠴᠢ ᠪᠠᠷ ᠵᠢᠷᠤᠮᠯᠠᠭᠴᠢ᠂ ᠡᠷᠡᠰ ᠪᠠᠲᠤ ᠬᠠᠮᠠᠭᠠᠯᠠᠭᠴᠢ ᠪᠣᠯᠭᠠᠨ᠎ᠠ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠶ᠋ᠳᠪᠦᠷᠢᠯᠡᠬᠦ ᠪᠠ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠵᠠᠷᠭᠤ ᠶᠢᠨ ᠪᠤᠰᠤ ᠵᠢᠭᠤᠷᠠᠯᠳᠤᠭᠠᠨ ᠢ ᠰᠢᠶ᠋ᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠵᠤ ᠂ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠵᠥᠷᠢᠴᠡᠯ ᠵᠢᠭᠤᠷᠠᠯᠳᠤᠭᠠᠨ ᠢ ᠣᠶᠤᠨᠴᠢ ᠪᠠᠷ ᠨᠠᠶᠢᠷᠠᠮᠳᠠᠯ ᠢᠶᠠᠷ ᠵᠥᠪᠳᠡᠯᠴᠡᠨ ᠰᠢᠶ᠋ᠳᠪᠦᠷᠢᠯᠡᠭᠦᠯᠦᠨ᠎ᠡ᠃ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ ᠣᠷᠣᠭᠤᠯᠵᠤ᠂ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ᠂ ᠲᠣᠰᠬᠤᠨ ᠤ ᠲᠦᠷᠢᠮ ᠠᠷᠠᠳ ᠤᠨ ᠭᠡᠷ᠎ᠡ᠂ ᠰᠤᠷᠤᠭᠴᠢᠳ ᠤᠨ ᠰᠠᠬᠢᠯᠭ᠎ᠠ ᠲᠦᠷᠢᠮ᠂ ᠠᠵᠢᠯ ᠲᠦᠷᠦᠯ ᠤᠨ ᠲᠦᠷᠢᠮ ᠲᠣᠭᠲᠠᠭᠠᠯ᠂ ᠪᠦᠯᠬᠦᠮ ᠤᠨ ᠲᠦᠷᠢᠮ ᠵᠡᠷᠭᠡ ᠨᠡᠶᠢᠭᠡᠮ ᠤᠨ ᠵᠢᠷᠤᠮᠵᠢᠯ ᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃    ︵ᠨᠠᠢᠮᠠ︶ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠬᠠᠤᠯᠢ ᠶᠢᠨ ᠰᠠᠯᠪᠤᠷᠢ ᠶᠢᠨ ᠰᠢᠯᠢᠳᠡᠭ ᠦᠵᠡᠯ ᠰᠠᠨᠠᠭ᠎ᠠ ᠪᠠ ᠣᠶᠢᠯᠠᠭᠠᠭᠳᠠᠬᠤᠨ ᠢ ᠤᠯᠠᠮᠵᠢᠯᠠᠨ ᠵᠠᠯᠭᠠᠮᠵᠢᠯᠠᠵᠤ᠂ ᠮᠠᠨ ᠤ ᠤᠯᠤᠰ ᠤᠨ ᠡᠷᠲᠡᠨ ᠤ ᠦᠶ᠎ᠡ ᠶᠢᠨ ᠬᠠᠤᠯᠢ ᠲᠦᠷᠢᠮ ᠤᠨ ᠤᠯᠠᠮᠵᠢᠯᠠᠯ ᠪᠠ ᠢᠯᠠᠵᠤ ᠢᠯᠠᠭᠳᠠᠬᠤ ᠣᠯᠵᠤ ᠠᠯᠳᠠᠬᠤ ᠶᠢ ᠰᠤᠳᠤᠯᠵᠤ᠂ ᠠᠷᠠᠳ ᠢᠶᠠᠷ ᠤᠯᠤᠰ ᠤᠨ ᠦᠨᠳᠦᠰᠦ ᠪᠣᠯᠭᠠᠬᠤ᠂ ᠶᠣᠰᠣᠯᠠᠯ ᠬᠠᠤᠯᠢ ᠶᠢ ᠵᠡᠷᠭᠡ ᠪᠠᠷ ᠬᠡᠷᠡᠭᠯᠡᠬᠦ᠂ ᠨᠠᠶᠢᠷᠠᠮᠳᠠᠯ ᠢ ᠡᠷᠬᠢᠮᠯᠡᠬᠦ᠂ ᠶᠣᠰᠣ ᠮᠣᠷᠠᠯ ᠢ ᠮᠡᠳᠡᠵᠦ ᠵᠠᠯᠬᠠᠭᠠᠬᠤ ᠶᠢ ᠬᠢᠴᠢᠶᠡᠬᠦ᠂ ᠬᠠᠤᠯᠢ ᠶᠢ ᠠᠭᠤᠯᠠ ᠮᠡᠲᠦ ᠬᠡᠷᠡᠭᠵᠢᠭᠦᠯᠬᠦ ᠵᠡᠷᠭᠡ ᠳᠤᠮᠳᠠᠳᠤ ᠶᠢᠨ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠤᠨ ᠤᠬᠢ ᠰᠣᠳᠣ ᠶᠢ ᠠᠭᠤᠳᠠᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠦᠨᠳᠦᠰᠦᠯᠡᠨ ᠬᠤᠪᠢᠷᠠᠭᠤᠯᠵᠤ᠂ ᠰᠤᠳᠤᠯᠤᠨ ᠲᠠᠶᠢᠯᠪᠤᠷᠢᠯᠠᠬᠤ᠂ ᠤᠯᠠᠨ ᠨᠡᠶᠢᠲᠡ ᠳᠤ ᠲᠦᠭᠡᠮᠡᠯᠵᠢᠭᠦᠯᠬᠦ᠂ ᠤᠯᠠᠮᠵᠢᠯᠠᠨ ᠬᠡᠷᠡᠭᠯᠡᠬᠦ ᠶᠢ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠮᠠᠨ ᠤ ᠤᠯᠤᠰ ᠤᠨ ᠬᠠᠤᠯᠢ ᠴᠠᠭᠠᠵᠠ ᠰᠣᠶᠣᠯ ᠲᠡᠦᠬᠡ ᠶᠢᠨ ᠦᠯᠡᠳᠡᠭᠳᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠲᠥᠯᠥᠭᠡᠯᠡᠬᠦ ᠴᠢᠨᠠᠷᠲᠠᠶ ᠬᠥᠮᠦᠰ ᠤᠨ ᠦᠢᠯᠡ ᠠᠵᠢᠯᠯᠠᠭ᠎ᠠ ᠪᠠ ᠵᠣᠷᠢᠭ ᠰᠠᠨᠠᠭ᠎ᠠ ᠶᠢ ᠪᠠᠳᠠᠷᠠᠭᠤᠯᠤᠨ ᠳᠡᠯᠭᠡᠷᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠭᠤᠷᠢᠨ ᠭᠠᠵᠠᠷ ᠪᠠᠶᠢᠭᠤᠯᠵᠤ᠂ ᠨᠡᠶᠢᠭᠡᠮ ᠨᠡᠶᠢᠲᠡ ᠳᠤ ᠦᠨ᠎ᠡ ᠲᠥᠯᠥᠪᠦᠷᠢ ᠦᠭᠡᠢ ᠪᠠᠷ ᠨᠡᠭᠡᠭᠡᠯᠳᠡ ᠲᠠᠢ ᠪᠣᠯᠭᠠᠨ᠎ᠠ᠃ ᠬᠠᠤᠯᠢ ᠴᠠᠭᠠᠵᠠ ᠶᠢᠨ ᠰᠣᠶᠣᠯ ᠤᠨ ᠰᠤᠳᠤᠷ ᠪᠢᠴᠢᠭ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠪᠠ ᠡᠮᠬᠢᠳᠬᠡᠯ ᠢ ᠴᠢᠩᠭᠠᠳᠬᠠᠵᠤ᠂ ᠡᠷᠲᠡᠨ ᠤ ᠨᠣᠮ ᠪᠢᠴᠢᠭ ᠲᠤ ᠪᠢᠴᠢᠭᠳᠡᠭᠰᠡᠨ ᠦᠰᠦᠭ ᠪᠢᠴᠢᠭ ᠢ ᠠᠮᠢᠳᠤᠯᠢᠭ ᠢᠶᠠᠷ ᠤᠯᠠᠮᠵᠢᠯᠠᠨ᠎ᠠ᠃ ᠰᠠᠶᠢᠨ ᠰᠠᠶᠢᠬᠠᠨ ᠵᠠᠩ ᠳᠠᠳᠬᠠᠯ ᠂ ᠭᠡᠷ ᠤᠨ ᠶᠣᠰᠣ ᠭᠡᠷ ᠤᠨ ᠰᠤᠷᠭᠠᠯ ᠳᠠᠬᠢ ᠬᠠᠤᠯᠢ ᠪᠠᠷ ᠵᠠᠰᠠᠬᠤ ᠰᠢᠯᠢᠳᠡᠭ ᠠᠭᠤᠯᠭ᠎ᠠ ᠶᠢ ᠠᠭᠤᠳᠠᠯᠵᠤ᠂ ᠰᠢᠯᠢᠳᠡᠭ ᠰᠠᠶᠢᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠶᠢ ᠰᠠᠨᠠᠭᠠᠴᠢᠯᠠᠨ᠎ᠠ᠃    ︵ᠶᠢᠰᠦ︶ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠵᠡᠷᠭᠡ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠣᠷᠭᠠᠨᠢᠭ ᠢᠶᠠᠷ ᠵᠣᠯᠭᠠᠭᠤᠯᠤᠭᠰᠠᠨ ᠬᠠᠤᠯᠢ ᠪᠠᠷ ᠵᠠᠰᠠᠬᠤ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠨ᠎ᠡ᠃ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠰᠣᠨᠢᠨ᠂ ᠰᠦᠯᠵᠢᠶ᠎ᠡ᠂ ᠦᠵᠦᠭᠦᠷ᠂ ᠪᠢᠴᠢᠯ᠂ ᠳᠡᠯᠭᠡᠴᠡ︾ ᠵᠡᠷᠭᠡ ᠡᠬᠢ ᠪᠠᠶᠠᠯᠢᠭ ᠪᠠ ᠲᠠᠪᠴᠠᠩ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠪᠠᠷ ᠵᠠᠰᠠᠬᠤ ᠬᠠᠮ ᠵᠠᠭᠤᠴᠢᠯᠠᠭᠤᠷ ᠤᠨ ᠪᠠᠶᠢᠭᠤᠯᠤᠯᠲᠠ ᠶᠢ ᠠᠬᠢᠭᠤᠯᠤᠨ᠂ ᠠᠭᠤᠯᠭ᠎ᠠ ᠶᠢᠨ ᠪᠠᠶᠢᠭᠤᠯᠤᠯᠲᠠ ᠪᠠᠷ ᠦᠨᠳᠦᠰᠦ ᠪᠣᠯᠭᠠᠭᠰᠠᠨ᠂ ᠲᠡᠷᠢᠭᠦᠨ ᠤ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠭᠰᠠᠨ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠᠷ ᠪᠠᠲᠤᠯᠠᠭ᠎ᠠ ᠪᠣᠯᠭᠠᠭᠰᠠᠨ ᠬᠠᠤᠯᠢ ᠪᠠᠷ ᠵᠠᠰᠠᠬᠤ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠬᠠᠤᠯᠢ ᠪᠠᠷ ᠵᠠᠰᠠᠬᠤ ᠨᠠᠷᠠᠲᠤ ᠲᠥᠷᠥᠯ ᠲᠡᠮᠳᠡᠭᠲᠦ ᠶᠢᠨ ᠪᠤᠯᠤᠩ᠂ ᠫᠷᠤᠭ᠍ᠷᠠᠮ ᠢ ᠡᠭᠦᠳᠦᠨ ᠪᠠᠶᠢᠭᠤᠯᠤᠨ᠎ᠠ᠃ ᠬᠠᠤᠯᠢ ᠪᠠᠷ ᠵᠠᠰᠠᠬᠤ ᠰᠣᠶᠣᠯ ᠤᠨ ᠲᠣᠭᠠᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ︽ᠬᠠᠤᠯᠢ ᠶᠢ ᠲᠦᠭᠡᠮᠡᠯᠵᠢᠭᠦᠯᠬᠦ ᠣᠶᠤᠨᠴᠢ ᠲᠠᠪᠴᠠᠩ︾ ᠢᠶᠠᠷ ᠲᠦᠰᠢᠭ ᠪᠣᠯᠭᠠᠨ᠂ ᠬᠠᠤᠯᠢ ᠪᠠᠷ ᠵᠠᠰᠠᠬᠤ ᠺᠠᠷᠲ᠋ᠣᠨ ᠪᠢᠴᠢᠯ ᠸᠢᠳᠢᠣ᠋ ᠶᠢ ᠡᠯᠰᠡᠨ ᠴᠤᠭᠯᠠᠭᠤᠯᠵᠤ ᠳᠡᠯᠭᠡᠨ ᠨᠡᠪᠲᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠤᠯᠤᠰ ᠤᠨ ᠬᠠᠤᠯᠢ ᠪᠠᠷ ᠵᠠᠰᠠᠬᠤ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠬᠥᠮᠥᠷᠭᠡ ᠶᠢ ᠪᠠᠶᠢᠭᠤᠯᠵᠤ ᠂ ᠰᠦᠯᠵᠢᠶᠡᠨ ᠤ ᠬᠠᠤᠯᠢ ᠪᠠᠷ ᠵᠠᠰᠠᠬᠤ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠴᠤᠭᠯᠠᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠠᠤᠯᠢ ᠪᠠᠷ ᠵᠠᠰᠠᠬᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ᠂ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠭᠦᠢᠴᠡᠳ ᠠᠰᠢᠭᠯᠠᠨ᠂ ᠪᠠᠶᠠᠯᠢᠭ ᠰᠠᠶᠢᠬᠠᠨ ᠬᠠᠤᠯᠢ ᠪᠠᠷ ᠵᠠᠰᠠᠬᠤ ᠤᠳᠬ᠎ᠠ ᠤᠷᠠᠯᠢᠭ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠪᠠᠭᠤᠯᠭᠠᠵᠤ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠡᠳᠦᠷ ᠵᠡᠷᠭᠡ ᠵᠠᠩᠭᠢᠯᠠᠭ᠎ᠠ ᠶᠢᠨ ᠴᠠᠭ ᠲᠤ ᠤᠯᠠᠨ ᠲᠦᠮᠡᠨᠴᠢ ᠴᠢᠨᠠᠷᠲᠠᠶ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠ︶ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠬᠤᠳᠠ ᠬᠥᠳᠡᠭᠡ ᠶᠢᠨ ᠲᠥᠯᠥᠪᠵᠢᠭᠦᠯᠭᠡ ᠳᠤ ᠣᠷᠣᠭᠤᠯᠵᠤ᠂ ᠡᠯ᠎ᠡ ᠵᠦᠢᠯ ᠤᠨ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠰᠢᠭᠯᠠᠯᠲᠠ ᠶᠢᠨ ᠨᠤᠷᠮ᠎ᠠ ᠪᠠ ᠤᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ᠂ ᠬᠠᠤᠯᠢ ᠪᠠᠷ ᠵᠠᠰᠠᠬᠤ ᠰᠣᠶᠣᠯ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠵᠡᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠯᠲᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠪᠣᠳᠠᠲᠤ ᠬᠡᠷᠡᠭᠯᠡᠭᠡᠨ ᠤ ᠴᠢᠳᠠᠮᠵᠢ ᠶᠢ ᠴᠢᠩᠭᠠᠳᠬᠠᠨ᠎ᠠ᠃ ᠪᠦᠬᠦᠳᠡ ᠨᠠᠶᠢᠷᠠᠮᠳᠠᠬᠤ ᠤᠯᠤᠰ ᠤᠨ ᠬᠤᠪᠢᠰᠬᠠᠯ ᠤᠨ ᠬᠠᠤᠯᠢᠵᠢᠯ ᠤᠨ ᠰᠣᠶᠣᠯ ᠢ ᠠᠭᠤᠳᠠᠯᠬᠤ᠂ ᠰᠤᠳᠤᠯᠬᠤ᠂ ᠬᠠᠮᠠᠭᠠᠯᠠᠬᠤ ᠶᠢ ᠴᠢᠬᠤᠯᠠᠴᠢᠯᠠᠵᠤ᠂ ᠬᠤᠪᠢᠰᠬᠠᠯ ᠤᠨ ᠬᠠᠤᠯᠢᠵᠢᠯ ᠤᠨ ᠭᠧᠨ ᠢ ᠤᠯᠠᠮᠵᠢᠯᠠᠵᠤ᠂ ᠬᠤᠪᠢᠰᠬᠠᠯ ᠤᠨ ᠬᠠᠤᠯᠢᠵᠢᠯ ᠤᠨ ᠰᠣᠶᠣᠯ ᠢᠶᠠᠷ ᠭᠤᠣᠯ ᠰᠡᠳᠦᠪ ᠪᠣᠯᠭᠠᠭᠰᠠᠨ ᠨᠢᠭᠡ ᠪᠦᠯᠦᠭ ᠴᠢᠨᠠᠷ ᠰᠠᠶᠢᠲᠠᠢ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠢ ᠪᠠᠶᠢᠭᠤᠯᠤᠨ᠎ᠠ᠃ ᠬᠠᠤᠯᠢᠵᠢᠯ ᠤᠨ ᠡᠯᠧᠮᠧᠨ᠋ᠲ ᠢ ᠤᠷᠳᠤ ᠴᠠᠭᠠᠨ ᠬᠡᠷᠡᠮ᠂ ᠶᠡᠭᠡ ᠲᠠᠲᠠᠮᠠᠯ ᠭᠤᠣᠯ᠂ ᠤᠷᠳᠤ ᠵᠠᠮ ᠤᠨ ᠠᠶᠠᠨ ᠲᠠᠶᠢᠨ᠂ ᠬᠠᠳᠤᠨ ᠭᠤᠣᠯ ᠵᠡᠷᠭᠡ ᠤᠯᠤᠰ ᠤᠨ ᠰᠣᠶᠣᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠵᠤ᠂ ᠤᠯᠤᠰ ᠤᠨ ᠴᠢᠬᠤᠯᠠ ᠶᠡᠭᠡ ᠰᠣᠶᠣᠯ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠠᠭᠤᠰᠤᠯᠴᠠᠭᠤᠯᠵᠤ᠂ ᠵᠢᠱᠢ᠊ ᠡᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠦᠷᠳᠡᠭᠡ︶᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠪᠣᠯᠤᠨ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠵᠡᠷᠭᠡ ᠵᠢᠭᠰᠠᠭᠠᠯ ᠤᠨ ᠭᠠᠵᠠᠷ ᠢ ᠢᠳᠡᠪᠬᠢᠲᠡᠢ ᠠᠰᠢᠭᠯᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠠᠤᠯᠢᠵᠢᠯ ᠤᠨ ᠰᠣᠶᠣᠯ ᠤᠨ ᠠᠵᠢᠯᠯᠠᠭ᠎ᠠ ᠶᠢ ᠥᠷᠨᠢᠭᠦᠯᠦᠨ᠎ᠡ᠃ ᠰᠢᠶᠠᠨ ︵ᠬᠤᠲᠠ ᠂ ᠲᠣᠭᠤᠷᠢᠭ᠂ ᠬᠤᠰᠢᠭᠤ︶᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠵᠡᠷᠭᠡ ᠣᠷᠣᠨ ᠪᠦᠰᠡ ᠶᠢᠨ ᠵᠠᠰᠠᠯᠲᠠ ᠶᠢᠨ ᠬᠠᠤᠯᠢ ᠪᠠᠷ ᠵᠠᠰᠠᠭᠰᠠᠨ ᠪᠠᠶᠢᠳᠠᠯ ᠢ ᠰᠤᠳᠤᠯᠤᠨ ᠦᠨᠡᠯᠡᠬᠦ ᠠᠵᠢᠯ ᠢ ᠴᠢᠩᠭᠠᠳᠬᠠᠨ᠎ᠠ᠃ ᠠᠷᠠᠳᠴᠢᠯᠠᠯ ᠪᠠ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠵᠡᠷᠭᠡ ᠪᠠᠷ ᠰᠠᠭᠤᠷᠢ ᠪᠣᠯᠭᠠᠨ᠂ ᠲᠤᠰ ᠲᠤᠰ ᠤᠨ ᠣᠨᠴᠠᠯᠢᠭ ᠪᠦᠬᠦᠢ ᠬᠠᠤᠯᠢ ᠪᠠᠷ ᠵᠠᠰᠠᠬᠤ ᠰᠣᠶᠣᠯ ᠤᠨ ᠪᠡᠶᠡᠴᠢᠯᠡᠨ ᠣᠶᠢᠯᠠᠭᠠᠬᠤ ᠵᠠᠮ ᠱᠤᠭᠤᠮ ᠢ ᠴᠢᠷᠮᠠᠶᠢᠨ ᠪᠤᠢ ᠪᠣᠯᠭᠠᠵᠤ᠂ ᠠᠷᠠᠳ ᠤᠯᠠᠨ ᠤ ᠪᠠᠭ᠋ᠠᠷᠬᠠᠯ ᠢ ᠶᠡᠬᠡᠳᠡ ᠲᠠᠲᠠᠭᠰᠠᠨ ᠨᠢᠭᠡ ᠪᠦᠯᠦᠭ ᠣᠷᠣᠨ ᠪᠦᠰᠡ ᠶᠢᠨ ᠴᠢᠨᠠᠷᠲᠠᠶ ᠬᠠᠤᠯᠢ ᠪᠠᠷ ᠵᠠᠰᠠᠬᠤ ᠰᠣᠶᠣᠯ ᠤᠨ ᠪᠥᠭᠡᠮᠨᠡᠷᠡᠯ ᠢ ᠪᠤᠢ ᠪᠣᠯᠭᠠᠨ᠎ᠠ᠃ ᠬᠠᠤᠯᠢ ᠪᠠᠷ ᠵᠠᠰᠠᠬᠤ ᠰᠣᠶᠣᠯ ᠢ ᠣᠷᠣᠨ ᠨᠤᠲᠤᠭ᠂ ᠠᠵᠢᠯ ᠲᠦᠷᠦᠯ ᠤᠨ ᠤᠨᠴᠠᠯᠢᠭᠳᠤ ᠰᠣᠶᠣᠯ ᠲᠠᠢ ᠣᠷᠭᠠᠨᠢᠭ ᠢᠶᠠᠷ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠰᠣᠶᠣᠯ ᠢ ᠪᠠᠶᠢᠭᠤᠯᠭ᠎ᠠ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ ᠤᠨ ᠬᠤᠸᠠᠷᠠᠨ ᠳᠤ ᠣᠷᠣᠭᠤᠯᠬᠤ᠂ ᠲᠣᠣᠷ ᠰᠦᠯᠵᠢᠶ᠎ᠡ ᠵᠡᠷᠭᠡ ᠳᠤ ᠣᠷᠣᠭᠤᠯᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠨᠢᠭᠡᠴᠢ ᠶᠢᠨ ᠬᠠᠤᠯᠢ ᠪᠠᠷ ᠵᠠᠰᠠᠬᠤ ᠰᠣᠶᠣᠯ ᠤᠨ ᠲᠦᠷᠢ ᠲᠥᠷᠬᠦ ᠶᠢ ᠱᠤᠭᠤᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢᠨ ︽ᠪᠢᠴᠢᠯ ᠦᠵᠡᠮᠵᠢ︾ ᠶᠢ ᠪᠠᠶᠢᠭᠤᠯᠤᠨ᠎ᠠ᠃ ᠬᠤᠲᠠ ᠰᠢᠶᠠᠨ ᠤ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠢᠯᠡ ᠪᠦᠷᠬᠦᠭᠦᠯᠬᠦ ᠠᠴᠠ ᠪᠦᠲᠦᠮᠵᠢᠲᠡᠶ ᠪᠦᠷᠬᠦᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠭᠠᠴᠠᠭ᠎ᠠ ︵ᠨᠡᠶᠢᠭᠡᠮ ᠲᠣᠭᠤᠷᠢᠭ︶ ᠨᠢᠭᠡᠪᠦᠷᠢ ᠳᠤ ᠠᠳᠠᠭ ᠲᠠᠭᠠᠨ ᠨᠢᠭᠡ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠲᠠᠢ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠲᠡᠳᠡᠨ ᠤ ᠰᠤᠷᠭᠠᠨ ᠬᠥᠮᠦᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    ︵ᠠᠷᠪᠠᠨ ᠨᠢᠭᠡ︶ ᠬᠠᠤᠯᠢ ᠪᠠᠷ ᠵᠠᠰᠠᠬᠤ ᠰᠣᠶᠣᠯ ᠤᠨ ᠣᠯᠠᠨ ᠤᠯᠤᠰ ᠤᠨ ᠰᠣᠯᠢᠯᠴᠠᠭ᠎ᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠬᠤ ᠶᠢ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠬᠠᠤᠯᠢᠵᠢᠯ ᠤᠨ ᠠᠭᠤᠯᠤᠭᠳᠠᠬᠤᠨ ᠪᠠ ᠬᠠᠤᠯᠢᠵᠢᠯ ᠤᠨ ᠵᠣᠷᠢᠯᠲᠠ ᠶᠢ ᠭᠠᠳᠠᠭᠠᠳᠤ ᠳᠤ ᠲᠣᠳᠣᠷᠬᠠᠶᠢᠯᠠᠨ ᠲᠠᠶᠢᠯᠪᠤᠷᠢᠯᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠬᠠᠤᠯᠢ ᠪᠠᠷ ᠵᠠᠰᠠᠬᠤ ᠰᠣᠶᠣᠯ ᠤᠨ ᠦᠶ᠋ᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠤᠯᠪᠣᠭᠳᠠᠯ ᠪᠥᠬᠦᠶ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠪᠠ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠮ ᠳᠠᠭᠠᠤ ᠶᠢᠨ ᠤᠯᠤᠰ᠂ ᠭᠠᠵᠠᠷ ᠣᠷᠣᠨ ᠤ ᠬᠠᠤᠯᠢ ᠪᠠᠷ ᠵᠠᠰᠠᠬᠤ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ ᠭᠠᠳᠠᠭᠠᠳᠤ ᠳᠤ ᠬᠤᠯᠪᠣᠭᠳᠠᠬᠤ ᠠᠵᠢᠯ ᠤᠨ ᠬᠠᠤᠯᠢ ᠶᠢᠨ ᠶᠠᠪᠤᠳᠠᠯ ᠤᠨ ᠲᠦᠷᠢᠮ ᠢ ᠪᠠᠶᠢᠭᠤᠯᠵᠤ᠂ ᠮᠠᠨ ᠤ ᠤᠯᠤᠰ ᠤᠨ ᠬᠠᠤᠯᠢ ᠶᠢᠨ ᠣᠷᠣᠨ ᠤ ᠭᠠᠳᠠᠨ᠎ᠠ ᠬᠡᠷᠡᠭᠯᠡᠬᠦ ᠬᠠᠤᠯᠢ ᠴᠠᠭᠠᠵᠠ ᠶᠢᠨ ᠰᠢᠰᠲ᠋ᠧᠮ ᠤᠨ ᠪᠠᠶᠢᠭᠤᠯᠤᠯᠲᠠ ᠪᠠ ᠰᠤᠳᠤᠯᠭᠠᠨ ᠢ ᠲᠦᠷᠭᠡᠳᠬᠡᠵᠦ᠂ ᠭᠠᠳᠠᠭᠠᠳᠤ ᠳᠠᠬᠢ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠤ᠂ ᠭᠠᠳᠠᠭᠠᠳᠤ ᠳᠠᠬᠢ ᠬᠠᠤᠯᠢ ᠴᠠᠭᠠᠵᠠ ᠶᠢᠨ ᠵᠢᠭᠤᠷᠠᠯᠳᠤᠭᠠᠨ ᠢ ᠰᠢᠶ᠋ᠳᠪᠦᠷᠢᠯᠡᠬᠦ ᠪᠠ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠠᠵᠢᠯ ᠳᠤ ᠨᠡᠩ ᠰᠠᠶᠢᠲᠤᠷ ᠦᠢᠯᠡᠴᠢᠯᠡᠵᠦ᠂ ᠭᠠᠳᠠᠭᠠᠳᠤ ᠳᠤ ᠬᠤᠯᠪᠣᠭᠳᠠᠬᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢᠵᠢᠯ ᠤᠨ ᠭᠠᠳᠠᠭᠠᠳᠤ ᠤᠬᠠᠭᠤᠯᠭ᠎ᠠ ᠶᠢ ᠳᠡᠯᠡᠬᠡᠢ ᠶᠢᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠳᠤᠮᠳᠠᠳᠤ ᠤᠯᠤᠰ ᠤᠨ ᠬᠠᠤᠯᠢᠵᠢᠯ ᠤᠨ ᠦᠯᠢᠭᠡᠷ ᠢ ᠴᠢᠳᠠᠮᠠᠭᠠᠢ ᠪᠠᠷ ᠶᠠᠷᠢᠵᠤ᠂ ᠮᠠᠨ ᠤ ᠤᠯᠤᠰ ᠤᠨ ᠬᠠᠤᠯᠢᠵᠢᠯ ᠤᠨ ᠤᠯᠤᠰ ᠤᠨ ᠲᠦᠷᠢ ᠲᠥᠷᠬᠦ ᠶᠢ ᠢᠯᠡᠷᠡᠭᠦᠯᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠤᠯᠠᠨ ᠤᠯᠤᠰ ᠤᠨ ᠶᠠᠷᠢᠯᠴᠠᠭᠠᠨ ᠤ ᠲᠠᠪᠴᠠᠩ ᠢ ᠡᠷᠬᠢᠯᠡᠵᠦ᠂ ᠳᠡᠯᠡᠬᠡᠶ ᠶᠢᠨ ᠡᠯ᠎ᠡ ᠤᠯᠤᠰ ᠯᠤᠭ᠎ᠠ ᠶᠢᠨ ᠬᠠᠤᠯᠢ ᠪᠠᠷ ᠵᠠᠰᠠᠬᠤ ᠰᠣᠶᠣᠯ ᠲᠠᠢ ᠬᠠᠷᠢᠯᠴᠠᠨ᠎ᠠ᠃    ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ    ︵ᠠᠷᠪᠠᠨ ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠪᠠᠶᠢᠷᠢᠯᠠᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠳᠤ ᠣᠷᠣᠭᠤᠯᠬᠤ ᠬᠡᠷᠡᠭᠲᠡᠶ᠃ ᠬᠠᠤᠯᠢ ᠪᠠᠷ ᠵᠠᠰᠠᠬᠤ ᠰᠣᠶᠣᠯ ᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠠᠤᠯᠢ ᠪᠠᠷ ᠵᠠᠰᠠᠬᠤ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ᠂ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠵᠡᠷᠭᠡ ᠭᠦᠢᠴᠡᠳᠬᠡᠬᠦ ᠲᠣᠭᠠᠨ ᠤ ᠰᠢᠰᠲ᠋ᠧᠮ ᠢ ᠡᠭᠦᠳᠦᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠭᠠᠨ᠎ᠠ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶ᠋ᠳᠪᠦᠷᠢᠯᠡᠬᠦ ᠬᠡᠷᠡᠭᠲᠡᠶ᠃ ᠬᠠᠤᠯᠢ ᠪᠠᠷ ᠵᠠᠰᠠᠬᠤ ᠰᠣᠶᠣᠯ ᠤᠨ ᠰᠢᠯᠢᠳᠡᠭ ᠪᠦᠲᠦᠭᠡᠯ ᠢ ᠵᠣᠷᠢᠭᠵᠢᠭᠤᠯᠤᠨ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠤᠳᠬ᠎ᠠ ᠤᠷᠠᠯᠢᠭ ᠤᠨ ᠰᠣᠳᠣᠨ ᠪᠦᠲᠦᠭᠡᠯ ᠪᠠ ᠬᠠᠤᠯᠢ ᠪᠠᠷ ᠵᠠᠰᠠᠬᠤ ᠰᠣᠶᠣᠯ ᠤᠨ ᠰᠠᠭᠤᠷᠢᠨ ᠭᠠᠵᠠᠷ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠪᠦᠲᠦᠭᠡᠯ ᠢ ᠵᠣᠬᠢᠶᠠᠨ ᠪᠦᠲᠦᠭᠡᠬᠦ ᠪᠠ ᠤᠯᠠᠮᠵᠢᠯᠠᠨ ᠳᠡᠯᠭᠡᠷᠡᠭᠦᠯᠬᠦ ᠶᠢ ᠠᠬᠢᠭᠤᠯᠤᠨ᠎ᠠ᠃ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠲᠥᠰᠦᠪ ᠲᠤ ᠣᠷᠣᠭᠤᠯᠵᠤ᠂ ᠤᠳᠤ ᠪᠠᠶᠢᠭ᠎ᠠ ᠵᠠᠷᠤᠳᠠᠯ ᠤᠨ ᠠᠷᠭ᠎ᠠ ᠵᠠᠮ ᠢ ᠨᠢᠭᠡᠳᠦᠯᠲᠡᠶ ᠲᠥᠯᠥᠪᠯᠡᠨ ᠰᠠᠶᠢᠲᠤᠷ ᠠᠰᠢᠭᠯᠠᠵᠤ᠂ ᠪᠡᠯᠡ ᠮᠥᠩᠭᠦ ᠶᠢᠨ ᠢᠷᠡᠯᠳᠡ ᠶᠢ ᠥᠷᠭᠡᠳᠬᠡᠨ᠂ ᠨᠡᠶᠢᠭᠡᠮ ᠤᠨ ᠬᠥᠷᠤᠩᠭᠡ ᠶᠢᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃    ︵ᠠᠷᠪᠠᠨ ᠭᠤᠷᠪᠠ︶ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠬᠡᠷᠡᠭᠵᠢᠭᠦᠯᠦᠭᠰᠡᠨ᠂ ᠰᠠᠯᠠᠭ᠎ᠠ ᠮᠥᠴᠢᠷ ᠠᠵᠢᠯ ᠬᠤᠪᠢᠶᠠᠨ ᠬᠠᠷᠢᠭᠤᠴᠠᠭᠰᠠᠨ᠂ ᠨᠡᠶᠢᠭᠡᠮ ᠤᠨ ᠬᠦᠴᠦᠨ ᠢᠳᠡᠪᠬᠢᠲᠡᠶ ᠣᠷᠣᠯᠴᠠᠭᠰᠠᠨ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠭᠡᠷ ᠪᠣᠯᠤᠨ ᠡᠯ᠎ᠡ ᠭᠠᠵᠠᠷ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠮᠤᠵᠢ ︵ᠬᠤᠲᠠ᠂ ᠰᠢᠶᠠᠨ︶ ᠶᠢ ᠵᠠᠰᠠᠬᠤ ᠵᠥᠪᠯᠡᠯ ᠤᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠳᠦᠷ ᠲᠤᠳᠤᠮ ᠤᠨ ᠠᠵᠢᠯ ᠢ ᠪᠣᠳᠠᠲᠠᠢ ᠬᠠᠷᠢᠭᠤᠴᠠᠨ᠎ᠠ᠃ ᠨᠠᠮ ᠤᠨ ᠬᠤᠷᠢᠶᠠᠨ ᠤ ᠤᠬᠠᠭᠤᠯᠭ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠰᠢᠭᠦᠬᠦ ᠬᠤᠷᠢ᠊ ᠡᠶ᠎ᠡ᠂ ᠪᠠᠶᠢᠴᠠᠭᠠᠬᠤ ᠬᠤᠷᠢ᠊ ᠡᠶ᠎ᠡ᠂ ᠰᠤᠷᠭᠠᠨ ᠬᠥᠮᠦᠵᠢᠯ᠂ ᠡᠳ᠋ ᠤᠨ ᠵᠠᠰᠠᠭ᠂ ᠰᠣᠶᠣᠯ ᠪᠠ ᠵᠤᠭᠠᠴᠠᠯ ᠵᠡᠷᠭᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ ᠲᠣᠰ ᠰᠢᠰᠲ᠋ᠧᠮ ᠤᠨ ᠢᠶᠠᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠷᠭ᠎ᠠ ᠵᠠᠮ ᠪᠠ ᠬᠡᠯᠪᠡᠷᠢ ᠪᠠᠷ ᠳᠠᠮᠵᠢᠭᠤᠯᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠳᠤ ᠣᠷᠣᠯᠴᠠᠬᠤ ᠬᠡᠷᠡᠭᠲᠡᠶ᠃    ︵ᠠᠷᠪᠠᠨ ᠳᠥᠷᠪᠡ︶ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠤᠨ᠎ᠠ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ᠂ ᠶᠣᠰᠣ ᠰᠤᠷᠲᠠᠬᠤᠨ ᠬᠠᠤᠯᠢ ᠶᠢ ᠵᠡᠷᠭᠡᠪᠡᠷ ᠰᠤᠷᠤᠯᠴᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠶᠢᠯᠠᠭᠠᠭᠳᠠᠬᠤᠨ ᠤ ᠬᠥᠮᠦᠵᠢᠯ ᠢ ᠭᠦᠨᠵᠡᠭᠡᠶ ᠥᠷᠨᠢᠭᠦᠯᠦᠨ᠎ᠡ᠃ ᠬᠠᠤᠯᠢ ᠪᠠᠷ ᠵᠠᠰᠠᠬᠤ ᠰᠣᠶᠣᠯ ᠤᠨ ᠲᠤᠰᠬᠠᠶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠦᠢᠯᠡᠴᠢᠯᠡᠭᠡ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠳᠦᠷᠢᠮᠵᠢᠯᠲᠡ ᠵᠢᠷᠤᠮᠵᠢᠯᠲᠠ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠬᠠᠤᠯᠢ ᠪᠠᠷ ᠵᠠᠰᠠᠬᠤ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠠᠷᠢᠯᠢᠭ ᠣᠨᠣᠴᠠᠵᠢᠭᠤᠯᠬᠤ᠂ ᠪᠠᠶᠢᠩᠭᠤᠵᠢᠭᠤᠯᠬᠤ᠂ ᠳᠥᠭᠦᠮᠴᠢᠯᠡᠬᠦ᠂ ᠲᠦᠷᠦᠯ ᠳᠡᠮᠳᠡᠭᠵᠢᠬᠦᠯᠬᠦ ᠶᠢ ᠲᠦᠯᠬᠢᠨ ᠠᠬᠢᠭᠤᠯᠤᠨ᠎ᠠ᠃ ᠬᠠᠤᠯᠢ ᠪᠠᠷ ᠵᠠᠰᠠᠬᠤ ᠰᠣᠨᠢᠨ ᠰᠡᠳᠬᠦᠯ ᠤᠨ ᠬᠡᠪᠯᠡᠯ ᠤᠨ ᠰᠦᠯᠵᠢᠶᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠵᠣᠬᠢᠶᠠᠨ ᠪᠦᠲᠦᠭᠡᠬᠦ ᠠᠵᠢᠯᠳᠠᠨ ᠤ ᠬᠠᠤᠯᠢ ᠪᠠᠷ ᠵᠠᠰᠠᠬᠤ ᠪᠣᠯᠪᠠᠰᠤᠷᠠᠭᠤᠯᠤᠯ ᠢ ᠬᠠᠤᠯᠢ ᠪᠠᠷ ᠵᠠᠰᠠᠬᠤ ᠰᠣᠶᠣᠯ ᠤᠨ ᠤᠨᠤᠯ ᠤᠨ ᠰᠤᠳᠤᠯᠭᠠᠨ ᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠨᠵᠢᠯᠡᠭᠡᠨ ᠤ ᠰᠠᠯᠠᠭ᠎ᠠ ᠶᠢᠨ ᠲᠠᠭᠠᠭᠤᠯᠤᠭᠴᠢ ᠶᠢ ᠪᠤᠶᠢᠵᠢᠭᠤᠯᠤᠨ᠎ᠠ᠃ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠦᠨᠡᠯᠡᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃    ︵ᠠᠷᠪᠠᠨ ᠲᠠᠪᠤ︶ ᠨᠡᠶᠢᠲᠡᠯᠢᠭ ᠵᠢᠱᠢᠶ᠎ᠡ ᠶᠢ ᠪᠤᠶᠢᠵᠢᠭᠤᠯᠤᠨ ᠳᠡᠯᠭᠡᠷᠡᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠵᠣᠷᠢᠭᠲᠠᠶ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠶᠢ ᠴᠢᠩᠭᠠᠳᠬᠠᠵᠤ᠂ ᠨᠢᠭᠡ ᠪᠦᠯᠦᠭ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠪᠤᠢ ᠪᠣᠯᠭᠠᠨ᠎ᠠ᠃ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠬᠠᠭᠤᠯᠬᠤ ᠪᠠ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃    
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号