ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠰᠦᠯᠵᠢᠶᠡᠨ ᠤ ᠬᠤᠷᠳᠤᠴᠠ ᠶᠢ ᠦᠷᠭᠦᠯᠵᠢᠯᠡᠨ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠵᠤ᠂ ᠨᠡᠩ ᠣᠯᠠᠨ ᠠᠵᠤ | ᠠᠬᠤᠶᠢᠯᠠᠯ ᠪᠠ ᠠᠷᠠᠳ ᠲᠦᠮᠡᠨ ᠳᠤ ᠠᠰᠢᠭ ᠬᠦᠷᠲᠡᠭᠡᠬᠦ ᠵᠡᠷᠭᠡ ᠶᠢ ᠪᠠᠶᠢᠷᠢᠯᠠᠭᠤᠯᠪᠠ | ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ | ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠪᠢ | ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ ᠣᠯᠠᠨ ᠲᠦᠮᠡᠨ ᠤ | ᠡᠮᠴᠢᠯᠡᠭᠡ ᠶᠢᠨ ᠳᠠᠷᠤᠭᠠᠰᠤ ᠶᠢ ᠬᠥᠩᠭᠡᠯᠡᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 7 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠦᠯᠵᠢᠶᠡᠨ ᠤ | ᠬᠤᠷᠳᠤᠴᠠ ᠶᠢ ᠦᠷᠭᠦᠯᠵᠢᠯᠡᠨ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠵᠤ᠂ ᠨᠡᠩ ᠣᠯᠠᠨ ᠠᠵᠤ ᠠᠬᠤᠶᠢᠯᠠᠯ ᠪᠠ | ᠠᠷᠠᠳ ᠲᠦᠮᠡᠨ ᠳᠤ ᠠᠰᠢᠭ ᠬᠦᠷᠲᠡᠭᠡᠬᠦ ᠵᠦᠢᠯ ᠢ ᠪᠠᠶᠢᠷᠢᠯᠠᠭᠤᠯᠪᠠ︔ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ | ᠮᠥᠩᠭᠦ ᠪᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠣᠯᠠᠨ ᠲᠦᠮᠡᠨ ᠤ ᠡᠮᠴᠢᠯᠡᠭᠡ ᠶᠢᠨ ᠳᠠᠷᠤᠭᠠᠰᠤ ᠶᠢ ᠬᠥᠩᠭᠡᠯᠡᠨ᠎ᠡ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠪᠠᠷ᠂ ᠤᠢᠢᠷ᠎ᠠ ᠶᠢᠨ ᠵᠢᠯ ᠠᠴᠠ ᠨᠠᠭᠠᠰᠢ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ | ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠭᠲᠠᠮᠠᠯ ᠥᠷᠭᠡᠨ ᠪᠦᠰᠡ ᠪᠠ ᠰᠢᠯᠵᠢᠮᠡᠯ ᠰᠦᠯᠵᠢᠶᠡᠨ ᠤ | ᠬᠤᠷᠳᠤᠯᠠᠮᠵᠢ ᠶᠡᠭᠡ ᠬᠡᠮᠵᠢᠶ᠎ᠡ ᠪᠠᠷ ᠳᠡᠭᠡᠭᠰᠢᠯᠡᠨ᠂ ᠬᠤᠷᠢᠶᠠᠬᠤ ᠰᠦᠢᠳᠬᠡᠯ ᠶᠡᠭᠡ ᠬᠡᠮᠵᠢᠶ᠎ᠡ ᠪᠠᠷ ᠪᠠᠭᠤᠷᠠᠵᠤ᠂ ᠤᠯᠠᠨ | ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠥᠪᠡᠷ ᠤᠨ ᠦᠷᠳᠡᠭ ᠢ | ᠪᠠᠭᠤᠷᠠᠭᠤᠯᠬᠤ ᠳᠤ ᠲᠤᠯᠭᠠᠭᠤᠷᠢᠯᠠᠬᠤ ᠦᠢᠯᠡᠳᠦᠯ ᠦᠵᠡᠭᠦᠯᠵᠦ᠂ ᠠᠵᠢᠯ ᠣᠯᠭᠤᠵᠤ ᠠᠳᠠᠯ ᠦᠢᠯᠡᠰ ᠪᠤᠰᠬᠠᠬᠤ᠂ | ᠲᠣᠭᠠᠵᠢᠭᠤᠯᠤᠭᠰᠠᠨ ᠠᠵᠤ ᠠᠬᠤᠢ ᠶᠢᠨ ᠬᠥᠭᠵᠢᠯᠲᠡ ᠪᠠ ᠰᠢᠨ᠎ᠡ ᠬᠥᠳᠡᠯᠭᠡᠬᠦ ᠴᠢᠳᠠᠪᠤᠷᠢ ᠶᠢᠨ ᠪᠤᠶᠢᠵᠢᠯᠲᠠ ᠶᠢ ᠠᠬᠢᠭᠤᠯᠵᠠᠢ᠃ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠤ | ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠦᠯᠵᠢᠶ᠎ᠡ ᠪᠠ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠨᠢᠭᠡ ᠳᠤ᠂ 5G ᠪᠠ ᠮᠢᠩᠭᠠᠨ ᠰᠠᠶ᠎ᠠ ᠬᠡᠷᠡᠯ ᠰᠢᠷᠬᠡᠭᠲᠦ | ᠵᠠᠭᠤᠴᠢᠯᠠᠭᠤᠷ ᠤᠨ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ | ᠮᠢᠩᠭᠠᠨ ᠰᠠᠶ᠎ᠠ ᠬᠡᠷᠡᠯ ᠰᠢᠷᠬᠡᠭᠲᠦ ᠵᠠᠭᠤᠴᠢᠯᠠᠭᠤᠷ ᠤᠨ ᠰᠦᠯᠵᠢᠶ᠎ᠡ ᠶᠢ ᠲᠠᠰ ᠳᠡᠪᠰᠢᠭᠦᠯᠬᠦ ᠪᠠ ᠡᠷᠦᠬᠡ ᠳᠤ ᠣᠷᠣᠭᠤᠯᠬᠤ | ᠥᠭᠡᠷᠡᠴᠢᠯᠡᠯᠲᠡ ᠶᠢ ᠥᠷᠨᠢᠭᠦᠯᠵᠦ᠂ ᠬᠤᠲᠠ ᠶᠢᠨ ᠲᠣᠭᠲᠠᠮᠠᠯ ᠪᠠ ᠰᠢᠯᠵᠢᠮᠡᠯ ︽ᠮᠢᠩᠭᠠᠨ ᠰᠠᠶ᠎ᠠ ᠡᠷᠦᠬᠡ ᠳᠤ ᠬᠦᠷᠬᠦ︾ | ᠴᠢᠳᠠᠪᠤᠷᠢ ᠦᠨᠳᠦᠰᠦᠨ ᠳᠤ ᠪᠠᠨ ᠪᠦᠷᠢᠯᠳᠦᠭᠦᠯᠬᠦ ᠶᠢ ᠠᠬᠢᠭᠤᠯᠤᠨ᠂ ᠡᠨᠡ ᠵᠢᠯ ᠮᠢᠩᠭᠠᠨ ᠰᠠᠶ᠎ᠠ ᠬᠡᠷᠡᠯ ᠰᠢᠷᠬᠡᠭᠲᠦ | ᠵᠠᠭᠤᠴᠢᠯᠠᠭᠤᠷ ᠤᠨ ᠰᠦᠯᠵᠢᠶ᠎ᠡ ᠶᠢ 2 ᠳ᠋ᠦᠩᠰᠢᠭᠤᠷ ᠭᠠᠷᠤᠶ ᠡᠷᠦᠬᠡ ᠳᠤ ᠪᠦᠷᠬᠦᠭᠦᠯᠬᠦ ᠶᠢ ᠪᠡᠶᠡᠯᠡᠭᠦᠯᠦᠨ᠎ᠡ᠃ ᠥᠷᠭᠡᠨ | ᠪᠦᠰᠡᠲᠦ ᠰᠦᠯᠵᠢᠶ᠎ᠡ ᠶᠢ ᠵᠠᠰᠠᠭ ᠵᠠᠬᠢᠷᠭᠠᠨ ᠤ ᠲᠣᠰᠬᠤᠨ ᠳᠤ ᠨᠡᠶᠢᠳᠡᠮ ᠪᠦᠷᠬᠦᠭᠦᠯᠬᠦ ᠶᠢ ᠠᠬᠢᠭᠤᠯᠬᠤ ᠶᠢᠨ ᠬᠠᠮᠲᠤ | ᠦᠢᠯᠡᠳᠪᠦᠷᠢᠯᠡᠯ ᠠᠵᠢᠯᠯᠠᠭᠠᠨ ᠤ ᠲᠣᠭᠤᠷᠢᠭ᠂ ᠵᠠᠮ ᠬᠠᠷᠢᠯᠴᠠᠭᠠᠨ ᠤ ᠴᠢᠬᠤᠯᠠ ᠵᠠᠮ ᠳᠠᠭᠠᠤ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠲᠡᠶᠢᠰᠢ ᠥᠷᠭᠡᠳᠬᠡᠨ᠎ᠡ᠃ ᠬᠤᠶᠠᠷ ᠲᠤ᠂ ᠰᠠᠭᠤᠷᠢ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠ ᠵᠢᠵᠢᠭ ᠠᠵᠤ ᠠᠬᠤᠶᠢᠯᠠᠯ ᠤᠨ ᠥᠷᠭᠡᠨ ᠪᠦᠰᠡ ᠪᠠ ᠲᠤᠰᠬᠠᠶ | ᠱᠤᠭᠤᠮ ᠤᠨ ᠳᠤᠮᠳᠠᠴᠢ ᠰᠦᠢᠳᠬᠡᠯ ᠢ ᠲᠠᠬᠢᠨ 10% ᠪᠠᠷ ᠪᠠᠭᠤᠷᠠᠭᠤᠯᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ | ᠣᠨᠴᠠᠭᠠᠶ ᠬᠦᠮᠦᠰ ᠲᠤ ᠵᠠᠷᠤᠳᠠᠯ ᠤᠨ ᠬᠠᠷᠠᠭᠠᠯᠵᠠᠯ ᠦᠵᠡᠭᠦᠯᠬᠦ ᠬᠡᠷᠡᠭᠲᠡᠢ᠃ ᠭᠤᠷᠪᠠ ᠳᠤ᠂ ᠬᠤᠳᠠᠯᠳᠤᠭᠠᠨ ᠤ ᠶᠠᠪᠤᠳᠠᠯ ᠤᠨ | ᠠᠰᠠᠷ ᠲᠠᠭᠲᠤ ᠶᠢᠨ ᠥᠷᠭᠡᠨ ᠪᠦᠰᠡᠲᠦ ᠰᠦᠯᠵᠢᠶ᠎ᠡ ᠶᠢ ᠭᠠᠭᠴᠠᠭᠠᠷ ᠡᠵᠡᠮᠰᠢᠨ ᠵᠠᠯᠭᠠᠨ ᠣᠷᠣᠭᠤᠯᠬᠤ᠂ ᠠᠯᠪᠠᠳᠠᠯᠭ᠎ᠠ ᠪᠠᠷ | ᠦᠨ᠎ᠡ ᠥᠰᠬᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠤ᠂ ᠲᠡᠭᠦᠰᠭᠡᠯ ᠦᠵᠦᠭᠦᠷ ᠤᠨ ᠰᠦᠯᠵᠢᠶᠡᠨ ᠤ | ᠬᠡᠷᠡᠭᠯᠡᠭᠴᠢᠳ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠤᠭᠰᠠᠨ ᠪᠣᠳᠠᠲᠤ ᠦᠷ᠎ᠡ ᠠᠰᠢᠭ ᠢ ᠣᠯᠵᠤ | ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠷᠭᠡᠨ ᠪᠦᠰᠡᠲᠦ ᠰᠦᠯᠵᠢᠶ᠎ᠡ ᠳᠤ ᠵᠠᠯᠭᠠᠵᠤ ᠣᠷᠣᠭᠤᠯᠬᠤ ᠲᠤᠬᠠᠶᠢᠯᠠᠭᠰᠠᠨ | ᠠᠵᠢᠯ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠵᠣᠬᠢᠰᠲᠠᠶ ᠪᠠᠷ ᠳᠣᠷᠣᠭᠰᠢᠯᠠᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠵᠡᠷᠭᠡ ᠶᠢᠨ ᠣᠷᠣᠯᠴᠠᠬᠤ ᠶᠢ ᠲᠡᠮᠵᠢᠵᠤ᠂ ᠵᠠᠬ᠎ᠠ ᠳᠡᠯᠭᠡᠭᠦᠷ ᠤᠨ ᠲᠥᠪ ᠭᠤᠣᠯᠴᠢ ᠥᠷᠢᠰᠥᠯᠳᠦᠭᠡᠨ ᠢᠶᠠᠷ | ᠵᠠᠷᠤᠳᠠᠯ ᠰᠦᠢᠳᠬᠡᠯ ᠤᠨ ᠪᠠᠭᠤᠷᠠᠯᠲᠠ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠴᠠᠬᠢᠯᠭᠠᠨ ᠬᠤᠯᠪᠣᠭᠠᠨ ᠤ ᠰᠠᠭᠤᠷᠢ | ᠪᠡᠯᠡᠳᠬᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠰᠦᠯᠵᠢᠶᠡᠨ ᠤ ᠡᠬᠢ ᠪᠠᠶᠠᠯᠢᠭ ᠤᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠢᠨᠲ᠋ᠧᠷ ᠰᠦᠯᠵᠢᠶᠡᠨ ᠤ ᠭᠤᠣᠯᠯᠠᠬᠤ ᠲᠣᠣᠷ ᠤᠨ | ᠬᠤᠭᠤᠷᠣᠨᠳᠣᠬᠢ ᠥᠷᠭᠡᠨ ᠪᠦᠰᠡ ᠶᠢᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠲᠣᠣᠷ ᠠᠯᠤᠰᠯᠠᠭᠰᠠᠨ ᠴᠢᠮᠡᠭᠡ | ᠬᠤᠯᠪᠣᠭᠠᠨ ᠤ ᠶᠠᠰᠤ ᠴᠢᠨᠠᠷ ᠢ ᠰᠠᠶᠢᠵᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠮᠠᠨ ᠤ ᠤᠯᠤᠰ ᠤᠨ ᠰᠢᠨ᠎ᠡ ᠨᠢᠭᠡᠨ ᠡᠭᠡᠯᠵᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠨᠢ ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠠᠷᠪᠠ ᠭᠠᠷᠤᠶ | ᠳ᠋ᠦᠩᠰᠢᠭᠤᠷ ᠬᠥᠮᠦᠨ ᠳᠤ ᠠᠰᠢᠭ ᠬᠦᠷᠲᠡᠭᠡᠬᠦ ᠡᠮᠴᠢᠯᠡᠭᠡ ᠶᠢᠨ ᠦᠨᠳᠦᠰᠦᠨ ᠳᠠᠭᠠᠳᠬᠠᠯ ᠤᠨ ᠲᠣᠣᠷ ᠢ ᠪᠠᠶᠢᠭᠤᠯᠵᠤ᠂ | ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠡᠪᠡᠳᠴᠢᠨ ᠦᠵᠡᠭᠦᠯᠬᠦ ᠳᠤ ᠵᠠᠷᠤᠳᠠᠯ ᠥᠨᠳᠥᠷ | ᠪᠠᠶᠢᠬᠤ ᠠᠰᠠᠭᠤᠳᠠᠯ ᠢ ᠨᠠᠮᠳᠠᠭᠤᠯᠬᠤ ᠳᠤ ᠴᠢᠬᠤᠯᠠ ᠦᠢᠯᠡᠳᠦᠯ ᠭᠠᠷᠭᠠᠵᠠᠶ᠃ ᠣᠶᠢᠷ᠎ᠠ ᠶᠢᠨ ᠵᠢᠯ ᠳᠤ᠂ ᠪᠠᠰᠠ ᠮᠠᠰᠢ ᠣᠯᠠᠨ | ᠡᠪᠡᠳᠴᠢᠲᠡᠨ ᠳᠤ ᠬᠤᠯᠪᠣᠭᠳᠠᠭᠰᠠᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠢ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠬᠤ ᠪᠠᠷ ᠪᠣᠢ᠃ ᠲᠠᠷᠠᠭᠠᠴᠢ ᠶᠢᠨ ᠠᠯᠬᠤᠮ ᠳᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠨᠠᠩ ᠣᠯᠠᠨ ᠡᠭᠦᠳᠡᠨ | ᠡᠮᠨᠡᠯᠭᠡ ᠶᠢᠨ ᠵᠠᠷᠤᠳᠠᠯ ᠢ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ | ᠡᠪᠡᠳᠴᠢᠲᠡᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠬᠡᠷᠡᠭᠲᠡᠢ ᠭᠡᠵᠡᠢ᠃ ᠬᠤᠷᠠᠯ ᠠᠴᠠ | ᠲᠣᠭᠲᠠᠭᠠᠭᠰᠠᠨ ᠨᠢ᠂ ᠨᠢᠭᠡ ᠳᠤ᠂ ᠡᠷᠡᠭᠦᠯ ᠮᠡᠨᠳᠦ ᠳᠤ ᠬᠥᠨᠥᠭᠡᠯ ᠶᠡᠭᠡ᠂ ᠵᠠᠷᠤᠳᠠᠯ ᠰᠦᠢᠳᠬᠡᠯ ᠤᠨ ᠳᠠᠷᠤᠭᠠᠰᠤ ᠬᠦᠨᠳᠦ | ᠬᠡᠰᠡᠭ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠪᠠ ᠣᠯᠠᠨ ᠡᠭᠦᠰᠳᠡᠭ ᠡᠪᠡᠳᠴᠢᠨ᠂ ᠪᠠᠶᠢᠩᠭᠤ | ᠲᠣᠬᠢᠶᠠᠯᠳᠤᠳᠠᠭ ᠡᠪᠡᠳᠴᠢᠨ ᠤ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦᠨ ᠳᠤ ᠣᠷᠣᠭᠤᠯᠵᠤ ᠲᠥᠯᠥᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠳᠥᠯᠥᠬᠦ ᠬᠠᠷᠢᠴᠠᠯ ᠢ | 50% ᠠᠴᠠ ᠡᠬᠢᠯᠡᠭᠦᠯᠵᠦ᠂ ᠠᠵᠢᠯ ᠠᠴᠠ ᠪᠠᠨ ᠠᠮᠠᠷᠠᠭᠰᠠᠳ ᠲᠡᠶᠢᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠬᠤᠶᠢᠰᠢᠳᠠ | ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠶᠢᠨ ᠨᠡᠮᠡᠭᠳᠡᠬᠦ ᠶᠢ ᠳᠠᠭᠠᠯᠳᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ | ᠠᠷᠭ᠎ᠠ ᠶᠢ ᠰᠠᠶᠢᠵᠢᠷᠠᠭᠤᠯᠬᠤ ᠬᠡᠷᠡᠭᠲᠡᠢ᠃ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ | ᠲᠤᠰᠢᠶᠠᠬᠤ ᠰᠦᠢᠳᠬᠡᠯ ᠢ ᠮᠥᠨ ᠬᠤᠪᠢ ᠬᠥᠮᠦᠨ ᠤ ᠲᠠᠩᠰᠠᠨ ᠡᠷᠦᠬᠡ ᠳᠤ ᠪᠣᠳᠣᠨ ᠣᠷᠣᠭᠤᠯᠵᠤ᠂ ᠪᠠᠶᠢᠭᠤᠯᠭ᠎ᠠ | ᠨᠢᠭᠡᠴᠢ ᠶᠢᠨ ᠲᠤᠰᠢᠶᠠᠬᠤ ᠰᠦᠢᠳᠬᠡᠯ ᠢ ᠪᠦᠬᠦᠨ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠤ ᠪᠤᠳᠤᠵᠤ | ᠣᠷᠣᠭᠤᠯᠤᠨ᠎ᠠ︔ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠢᠭᠡᠳᠦᠯᠲᠡᠶ ᠲᠥᠯᠥᠪᠯᠡᠬᠦ | ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠵᠤ᠂ ᠬᠤᠪᠢᠶᠠᠷᠢᠯᠠᠨ ᠣᠷᠣᠭᠤᠯᠬᠤ ᠲᠤᠭ᠎ᠠ | ᠬᠡᠮᠵᠢᠶ᠎ᠡ ᠶᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠣᠰ ᠵᠦᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ | ᠲᠤᠬᠠᠶ ᠶᠢᠨ ᠵᠢᠯ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠤᠮᠳᠠᠴᠢ ᠬᠢᠷᠢ ᠲᠦᠪᠰᠢᠨ ᠤ 2% | ᠣᠷᠴᠢᠮ ᠬᠦᠷᠲᠡᠯ᠎ᠡ ᠠᠯᠬᠤᠮ ᠠᠯᠬᠤᠮ ᠢᠶᠠᠷ ᠲᠣᠬᠢᠷᠠᠭᠤᠯᠬᠤ ᠬᠡᠷᠡᠭᠲᠡᠢ᠃ ᠭᠤᠷᠪᠠ ᠳᠤ᠂ ᠬᠤᠪᠢ ᠬᠥᠮᠦᠨ ᠤ ᠲᠠᠩᠰᠠᠨ | ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠬᠡᠷ ᠪᠦᠯᠢ ᠶᠢᠨ ᠪᠦᠷᠢᠯᠳᠦᠬᠦᠨ ᠤ ᠬᠠᠷᠢᠯᠴᠠᠨ ᠬᠠᠷᠠᠭᠠᠯᠵᠠᠬᠤ ᠶᠢ | ᠵᠥᠪᠰᠢᠶᠡᠷᠡᠵᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠵᠢᠴᠢ ᠴᠡᠭ ᠲᠣᠭᠲᠠᠭᠠᠭᠰᠠᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠳᠥᠯᠥᠬᠦ ᠳᠤ | ᠬᠡᠷᠡᠭᠯᠡᠵᠦ᠂ ᠬᠡᠷ ᠪᠦᠯᠢ ᠶᠢᠨ ᠬᠢᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠬᠤ ᠵᠡᠷᠭᠡ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠬᠡᠷᠡᠭᠯᠡᠬᠦ ᠶᠢ ᠰᠦᠪᠡᠭᠴᠢᠯᠡᠬᠦ ᠬᠡᠷᠡᠭᠲᠡᠢ | ᠃ ᠳᠥᠷᠪᠡ ᠳᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠠᠷᠭᠤᠭᠤᠯᠤᠨ ᠪᠤᠳᠤᠬᠤ᠂ ᠳᠣᠲᠣᠭᠠᠳᠤ ᠳᠤ ᠪᠠᠨ ᠡᠵᠡᠮᠳᠡᠬᠦ ᠵᠡᠷᠭᠡ ᠲᠦᠷᠢᠮ ᠢ ᠲᠡᠭᠦᠯᠳᠡᠷᠵᠢᠭᠦᠯᠦᠨ᠂ ᠬᠤᠳᠠᠯ | ᠬᠠᠭᠤᠷᠮᠠᠭ ᠢᠶᠠᠷ ᠡᠮᠨᠡᠯᠭᠡ ᠳᠤ ᠰᠠᠭᠤᠬᠤ᠂ ᠬᠠᠭᠤᠷᠮᠠᠭᠯᠠᠨ ᠬᠢᠬᠠᠵᠤ ᠳᠠᠭᠠᠳᠬᠠᠯ ᠮᠡᠬᠡᠯᠡᠬᠦ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠭᠦᠳᠡᠨ ᠡᠮᠨᠡᠯᠭᠡ ᠶᠢᠨ ᠬᠠᠷᠢᠯᠴᠠᠨ | ᠬᠠᠷᠠᠭᠠᠯᠵᠠᠬᠤ ᠪᠠᠲᠤᠯᠠᠭ᠎ᠠ ᠲᠠᠢ ᠵᠣᠬᠢᠴᠠᠯᠳᠤᠭᠰᠠᠨ ᠰᠦᠢᠳᠬᠡᠯ ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠭᠤᠷᠪᠠᠨ ᠵᠢᠯ | ᠣᠷᠴᠢᠮ ᠤᠨ ᠰᠢᠯᠵᠢᠯᠲᠡ ᠶᠢᠨ ᠬᠤᠭᠤᠴᠠᠭ᠎ᠠ ᠶᠢ ᠲᠣᠭᠲᠠᠭᠠᠵᠤ᠂ ᠥᠭᠡᠷᠡᠴᠢᠯᠡᠯᠲᠡ ᠶᠢᠨ ᠬᠠᠷᠠᠯᠲᠠ ᠶᠢ ᠠᠯᠬᠤᠮ | ᠠᠯᠬᠤᠮ ᠢᠶᠠᠷ ᠡᠮᠬᠢ ᠵᠢᠷᠤᠮ ᠲᠠᠢ ᠪᠡᠶᠡᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ ᠪᠠᠰᠠ ᠱᠠᠭᠠᠷᠳᠠᠬᠤ ᠳᠤ ᠪᠠᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠨᠢᠭᠡᠳᠦᠯᠲᠡᠶ | ᠲᠥᠯᠥᠪᠯᠡᠭᠡ ᠶᠢ ᠲᠡᠭᠦᠯᠳᠡᠷᠵᠢᠭᠦᠯᠬᠦ ᠶᠢᠨ ᠬᠠᠮᠲᠤ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ | ᠳᠡᠭᠡᠭᠰᠢᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |