ᠥᠪᠥᠷ ᠮᠣᠩᠭᠤᠯ ᠤᠨ 22 ᠠᠵᠤ ᠠᠬᠤᠶᠢᠯᠠᠯ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠡᠷᠡᠭᠯᠡᠭᠡ ᠶᠢᠨ ᠵᠦᠢᠯᠡᠰ ᠤᠨ ᠦᠵᠡᠭᠦᠯᠭᠡ ᠶᠢᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2021/5/11
    5 ᠳ᠋ᠤᠭᠠᠷ ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠭᠡ ᠶᠢᠨ ᠵᠦᠢᠯ ᠤᠨ ᠦᠵᠡᠭᠦᠯᠭᠡ ᠶᠢᠨ ᠴᠤᠭᠯᠠᠭᠠᠨ ᠤ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠶᠡᠭᠡ ᠬᠥᠯ ᠬᠥᠭᠵᠢᠶᠡᠨ ᠲᠠᠢ ᠪᠣᠯᠪᠠ᠃ ᠲᠤᠬᠠᠶ ᠶᠢᠨ ᠲᠠᠯᠠᠪᠠᠶ ᠳᠤ᠂ ᠦᠵᠡᠭᠦᠯᠭᠡ ᠶᠢᠨ ᠲᠣᠭᠤᠷᠢᠭ ᠲᠠᠬᠢ ᠴᠠᠪᠠᠤᠯᠢᠭ ᠤᠭᠤᠷᠠᠭ᠂ ᠨᠣᠯᠤᠤᠷ ᠤᠨ ᠬᠠᠨᠲᠠᠭᠠᠵᠠ᠂ ᠴᠠᠭᠠᠨ ᠮᠥᠭᠦ ᠶᠢᠨ ᠵᠢᠶᠠᠩ ᠵᠡᠷᠭᠡ ᠪᠦᠲᠦᠭᠡᠭᠳᠡᠬᠦᠨ ᠨᠢ ᠬᠥᠮᠦᠰ ᠤᠨ ᠲᠠᠭᠠᠰᠢᠶᠠᠯ ᠢ ᠶᠡᠬᠡᠳᠡ ᠣᠯᠪᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ︽ᠨᠠᠷᠠᠲᠤ᠂ ᠰᠢᠯᠢᠳᠡᠭ᠂ ᠣᠨᠴᠠᠯᠢᠭᠲᠤ᠂ ᠰᠢᠨ᠎ᠡ︾ ᠬᠡᠷᠡᠭᠯᠡᠭᠡ ᠶᠢᠨ ᠰᠣᠳᠣᠨ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ 22 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠠᠩᠬᠠᠳᠤᠭᠠᠷ ᠬᠤᠭᠤᠴᠠᠭᠠᠨ ᠤ ᠬᠡᠷᠡᠭᠯᠡᠭᠴᠢᠳ ᠤᠨ ᠬᠡᠷᠡᠭᠯᠡᠭᠡ ᠶᠢᠨ ᠦᠵᠡᠰᠬᠦᠯᠡᠩ ᠳᠤ ᠣᠷᠣᠯᠴᠠᠭᠤᠯᠵᠤ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠨᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ᠂ ᠣᠶ ᠶᠢᠨ ᠪᠦᠲᠦᠭᠡᠭᠳᠡᠬᠦᠨ᠂ ᠨᠡᠬᠡᠮᠡᠯ ᠤᠨ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠭᠳᠡᠬᠦᠨ᠂ ᠰᠤᠪᠤᠳ ᠡᠷᠳᠡᠨᠢ ᠂ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠵᠡᠷᠭᠡ ᠲᠥᠷᠥᠯ ᠤᠳ ᠢ ᠬᠠᠮᠤᠷᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号