6 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠥᠬᠦ ᠨᠠᠮ ᠤᠨ ᠭᠡᠰᠢᠭᠦᠳ ᠤᠨ ᠶᠡᠭᠡ ᠬᠤᠷᠠᠯ | ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ︽ᠨᠠᠮ ᠳᠤ ᠪᠠᠨ ᠵᠢᠳᠬᠦᠭᠰᠡᠨ ᠢᠷᠠᠭᠤ | ᠠᠯᠳᠠᠷᠲᠤ 50 ᠵᠢᠯ︾ ᠭᠡᠬᠦ ᠳᠤᠷᠠᠰᠬᠠᠯ ᠤᠨ ᠲᠡᠮᠳᠡᠭ ᠢ ᠲᠠᠷᠬᠠᠭᠠᠬᠤ ᠶᠣᠰᠣᠯᠠᠯ ᠶᠠᠪᠤᠭᠤᠯᠪᠠ᠃ ᠳᠡᠳ᠋ ᠡᠷᠬᠢᠯᠡᠭᠴᠢ | ᠬᠠᠨ ᠵᠢᠶᠠᠨ ᠭᠠᠩ ︽ᠨᠠᠮ ᠳᠤ ᠪᠠᠨ ᠵᠢᠳᠬᠦᠭᠰᠡᠨ ᠢᠷᠠᠭᠤ ᠠᠯᠳᠠᠷᠲᠤ 50 ᠵᠢᠯ︾ ᠭᠡᠬᠦ ᠳᠤᠷᠠᠰᠬᠠᠯ ᠤᠨ ᠲᠡᠮᠳᠡᠭ | ᠭᠥᠷᠳᠡᠭᠰᠡᠨ ᠬᠤᠶᠠᠷ ᠠᠬᠠᠮᠠᠳ ᠨᠠᠮ ᠤᠨ ᠭᠡᠰᠢᠭᠦᠨ ᠳᠤ ᠳᠤᠷᠠᠰᠬᠠᠯ ᠤᠨ ᠲᠡᠮᠳᠡᠭ ᠣᠯᠭᠤᠭᠰᠠᠨ ᠪᠥᠭᠡᠳ ᠲᠤᠰᠬᠠᠶ | ᠰᠡᠳᠦᠪᠲᠦ ᠨᠠᠮ ᠤᠨ ᠬᠢᠴᠢᠶᠡᠯ ᠤᠨ ᠲᠠᠶᠢᠯᠤᠮᠵᠢ ᠬᠢᠵᠡᠶ᠃ ᠳᠡᠳ᠋ ᠡᠷᠬᠢᠯᠡᠭᠴᠢ ᠰᠢᠤᠸᠠᠢ ᠶᠦᠩ ᠬᠤᠷᠠᠯ ᠡᠷᠭᠢᠯᠡᠪᠡ᠃ | ︽ᠨᠠᠮ ᠳᠤ ᠪᠠᠨ ᠵᠢᠳᠬᠦᠭᠰᠡᠨ ᠢᠷᠠᠭᠤ ᠠᠯᠳᠠᠷᠲᠤ 50 ᠵᠢᠯ︾ ᠳᠤᠷᠠᠰᠬᠠᠯ ᠤᠨ ᠲᠡᠮᠳᠡᠭ ᠢ ᠲᠠᠷᠬᠠᠭᠠᠬᠤ | ᠶᠣᠰᠣᠯᠠᠯ ᠲᠥᠪ ᠬᠢᠴᠢᠶᠡᠩᠭᠦᠢ ᠪᠥᠭᠡᠳ ᠪᠣᠷᠣᠭᠵᠢᠭᠤᠨ ᠶᠠᠪᠤᠭᠳᠠᠪᠠ᠃ ᠳᠡᠳ᠋ ᠡᠷᠬᠢᠯᠡᠭᠴᠢ ᠬᠠᠨ ᠵᠢᠶᠠᠨ ᠭᠠᠩ ᠠᠨ | ᠽᠠᠢ ᠢ᠂ ᠯᠢ ᡁᠢ ᠬᠤᠶᠠᠷ ᠠᠬᠠᠮᠠᠳ ᠨᠠᠮ ᠤᠨ ᠭᠡᠰᠢᠭᠦᠨ ᠳᠤ ᠳᠤᠷᠠᠰᠬᠠᠯ ᠤᠨ ᠲᠡᠮᠳᠡᠭ ᠲᠠᠷᠬᠠᠭᠠᠵᠤ᠂ ᠵᠠᠯᠠᠭᠤ | ᠨᠠᠮ ᠤᠨ ᠭᠡᠰᠢᠭᠦᠨ ᠤ ᠲᠥᠯᠥᠭᠡᠯᠡᠭᠴᠢᠳ ᠲᠤ ᠰᠣᠷᠭᠤᠭ ᠴᠡᠴᠡᠭ ᠬᠦᠷᠭᠡᠭᠰᠡᠨ ᠳᠤ᠂ ᠬᠤᠷᠠᠯ ᠳᠤ ᠣᠷᠣᠯᠴᠠᠭᠰᠠᠳ | ᠬᠠᠯᠠᠭᠤᠨ ᠠᠯᠠᠭ᠎ᠠ ᠲᠡᠰᠢᠯᠲᠡ ᠪᠠᠷ ᠲᠡᠳᠡᠨ ᠳᠤ ᠬᠦᠨᠳᠦᠳᠬᠡᠯ ᠪᠠ ᠪᠠᠶᠠᠷ ᠬᠦᠷᠭᠡᠪᠡ᠃ ᠯᠢ ᡁᠢ ᠨᠥᠬᠦᠷ ᠬᠤᠷᠠᠯ | ᠳᠡᠭᠡᠷ᠎ᠡ ᠲᠥᠯᠥᠭᠡᠯᠡᠭᠴᠢᠳ ᠤᠨ ᠶᠠᠷᠢᠶ᠎ᠠ ᠲᠠᠯᠪᠢᠪᠠ᠃ | ᠪᠦᠬᠦ ᠨᠠᠮ ᠤᠨ ᠭᠡᠰᠢᠭᠦᠨ ᠨᠢᠳᠤᠷᠭ᠎ᠠ ᠪᠠᠨ ᠵᠠᠩᠭᠢᠳᠤᠨ ᠵᠣᠷᠢᠭ ᠢᠶᠠᠨ ᠢᠯᠡᠳᠬᠡᠵᠦ᠂ ᠨᠠᠮ ᠳᠤ ᠣᠷᠣᠬᠤ | ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠨ᠎ᠠ᠃ ᠡᠷᠡᠰ ᠪᠠᠲᠤ ᠲᠠᠩᠭᠠᠷᠢᠭ ᠨᠢ ᠤᠯᠠᠨ ᠤ ᠰᠡᠳᠬᠢᠯ ᠢ | ᠨᠠᠮ ᠳᠠᠭᠠᠨ ᠬᠠᠨᠳᠤᠭᠤᠯᠬᠤ ᠴᠢᠩ ᠦᠨᠡᠨᠴᠢ ᠰᠡᠳᠬᠢᠯ ᠢ ᠢᠯᠡᠷᠡᠭᠦᠯᠵᠦ᠂ ᠤᠭ ᠰᠠᠨᠠᠭ᠎ᠠ ᠪᠠᠨ ᠦᠯᠦ ᠮᠠᠷᠲᠠᠬᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠥᠨᠢ ᠡᠭᠦᠷᠢᠳᠡ ︽ᠨᠠᠮ ᠤᠨ ᠠᠴᠢ ᠶᠢ ᠮᠡᠳᠡᠷᠡᠵᠦ᠂ ᠨᠠᠮ ᠢᠶᠠᠨ | ᠲᠠᠭᠠᠵᠦ᠂ ᠨᠠᠮ ᠤᠨ ᠦᠭᠡ ᠶᠢ ᠰᠣᠨᠣᠰᠬᠤ︾ ᠲᠥᠪ ᠴᠢᠩᠭ᠎ᠠ ᠠᠮᠠᠯᠠᠯᠲᠠ ᠶᠢ ᠦᠢᠯᠡᠳᠦᠯᠭᠡᠵᠢᠭᠦᠯᠵᠡᠢ᠃ | ᠳᠡᠳ᠋ ᠡᠷᠬᠢᠯᠡᠭᠴᠢ ᠬᠠᠨ ᠵᠢᠶᠠᠨ ᠭᠠᠩ ᠨᠠᠮ ᠤᠨ ᠲᠡᠦᠬᠡ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ | ᠵᠢᠭᠠᠬᠤ ᠳᠠᠭᠠᠨ᠂ ᠭᠤᠣᠯᠳᠠᠯᠭ᠎ᠠ ᠲᠠᠢ ︽ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ | ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠴᠤ᠂ ᠮᠠᠨ ᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠰᠲᠧᠮ ᠤᠨ ᠨᠠᠮ ᠤᠨ ᠭᠡᠰᠢᠭᠦᠨ ᠺᠠᠳ᠋ᠷ ᠰᠢᠨ᠎ᠡ ᠡᠭᠦᠷᠭᠡ ᠶᠢ ᠡᠭᠦᠷᠭᠡᠯᠡᠵᠦ᠂ ᠰᠢᠨ᠎ᠡ ᠪᠠᠶᠢᠳᠠᠯ ᠢ | ᠨᠡᠭᠡᠭᠡᠨ ᠡᠭᠦᠳᠬᠦ ᠳᠤ ᠬᠡᠷᠬᠢᠨ ᠬᠢᠬᠦ ᠪᠤᠢ︾ ᠭᠡᠬᠦ ᠬᠤᠶᠠᠷ ᠲᠠᠯ᠎ᠠ ᠠᠴᠠ ᠪᠦᠬᠦ ᠨᠠᠮ ᠤᠨ ᠭᠡᠰᠢᠭᠦᠨ ᠳᠤ ᠠᠮᠢᠳᠤᠯᠢᠭ | ᠨᠠᠮ ᠤᠨ ᠬᠢᠴᠢᠶᠡᠯ ᠣᠷᠣᠵᠠᠢ᠃ ᠣᠯᠠᠨ ᠢ ᠵᠣᠷᠢᠭᠵᠢᠭᠤᠯᠤᠨ ᠣᠳᠣᠬᠠᠨ ᠤ ᠪᠠᠶᠢᠳᠠᠯ ᠢ ᠲᠣᠳᠣᠷᠬᠠᠶ ᠲᠠᠨᠢᠭᠤᠯᠵᠤ᠂ | ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠭᠠᠪᠢᠶᠠᠲᠤ ᠨᠠᠮ ᠤᠨ ᠭᠡᠰᠢᠭᠦᠨ ᠤ ᠢᠲᠡᠭᠡᠯ | ᠵᠣᠷᠢᠭ ᠢᠶᠠᠨ ᠪᠠᠲᠤᠳᠬᠠᠬᠤ᠂ ᠵᠣᠷᠢᠯᠲᠠ ᠪᠠᠨ ᠦᠢᠯᠡᠳᠦᠯᠭᠡᠵᠢᠭᠦᠯᠬᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ | ᠦᠵᠡᠭᠦᠯᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠣᠯᠤᠨ | ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠠᠰᠢᠭᠯᠠᠨ ᠲᠤᠰ ᠪᠡᠶ᠎ᠡ ᠶᠢᠨ ᠪᠠᠶᠢᠭᠤᠯᠤᠯᠲᠠ ᠪᠠᠨ ᠨᠡᠩ ᠰᠠᠶᠢᠲᠤᠷ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤᠮᠳᠠ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠶᠠᠨ | ᠵᠠᠮ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠣᠪᠴᠢᠶᠠᠨ ᠤ ᠪᠠᠶᠢᠭᠤᠯᠤᠯᠭ᠎ᠠ ᠶᠢᠨ ᠭᠡᠷ ᠲᠡᠭᠡᠨ ᠪᠠᠶᠢᠭ᠎ᠠ ᠤᠳᠤᠷᠢᠳᠬᠤ ᠪᠠᠭ ᠤᠨ ᠪᠦᠷᠢᠯᠳᠦᠬᠦᠨ᠂ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠪᠦᠬᠦ | ᠨᠠᠮ ᠤᠨ ᠭᠡᠰᠢᠭᠦᠨ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠡᠰᠡᠭ ᠨᠠᠮ ᠤᠨ ᠭᠡᠰᠢᠭᠦᠨ ᠨᠡᠶᠢᠲᠡ 50 ᠬᠥᠮᠦᠨ | ᠬᠤᠷᠠᠯ ᠳᠤ ᠣᠷᠣᠯᠴᠠᠪᠠ᠃ |