ᠥᠪᠥᠷ ᠮᠣᠩᠭᠤᠯ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠵᠦ ᠦᠨᠳᠦᠰᠦᠨ ᠵᠦᠢᠯ ᠢ ᠪᠠᠲᠤᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠶ᠎ᠡ
ᠨᠡᠶᠢᠲᠡᠯᠡᠭᠰᠡᠨ ᠴᠠᠭ᠄
2021/7/20
   7 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠵᠤ ᠦᠨᠳᠦᠰᠦᠨ ᠵᠦᠶ᠋ᠯ ᠢ ᠪᠠᠲᠤᠯᠠᠬᠤ ᠪᠠᠲᠤᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ ᠡᠭᠦᠨ ᠤ ᠵᠣᠷᠢᠯᠭ᠎ᠠ ᠨᠢ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠭᠦᠨᠵᠡᠭᠡᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ ᠶᠤᠮ᠃    ᠣᠶᠢᠯᠠᠭᠠᠭᠰᠠᠨ ᠢᠶᠠᠷ᠂  ︽ᠲᠥᠰᠦᠯ︾ ᠰᠢᠯᠵᠢᠯᠲᠡ ᠶᠢᠨ ᠬᠤᠭᠤᠴᠠᠭᠠᠨ ᠳᠠᠬᠢ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠠᠴᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢᠨ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ ᠲᠦᠷᠭᠡᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠣᠷᠣᠯᠭ᠎ᠠ ᠪᠠᠭᠠᠲᠠᠶ ᠬᠥᠮᠦᠨ ᠠᠮᠠ ᠶᠢ ᠲᠡᠰ ᠬᠤᠪᠢᠶᠠᠨ ᠲᠦᠷᠦᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠪᠠᠴᠢᠮ ᠪᠡᠷᠬᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠢᠳᠡᠪᠬᠢᠲᠡᠶ ᠥᠷᠨᠢᠭᠦᠯᠵᠦ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠵᠡᠷᠭᠡ ᠨᠠᠢᠮᠠᠨ ᠲᠠᠯ᠎ᠠ ᠪᠠᠷ ᠡᠭᠦᠷᠭᠡ ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠦᠷᠭᠦᠯᠵᠢᠯᠡᠨ ᠪᠠᠲᠤᠯᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠮᠥᠷᠲᠡᠭᠡᠨ ᠠᠵᠤ ᠦᠶ᠋ᠯᠡᠰ ᠤᠨ ᠠᠵᠢᠯ ᠣᠯᠭᠤᠯᠲᠠ ᠪᠠᠷ ᠳᠡᠮᠵᠢᠨ ᠲᠣᠭᠲᠠᠪᠤᠷᠢᠲᠠᠶ ᠣᠷᠣᠯᠭ᠎ᠠ ᠤᠯᠬᠤ ᠶᠢᠨ ᠠᠷᠭ᠎ᠠ ᠥᠬᠡᠶ ᠬᠥᠮᠦᠨ ᠠᠮᠠ ᠶᠢ ᠲᠣᠭᠲᠠᠭᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠬᠤ ᠶᠢᠨ ᠬᠠᠮᠲᠤ ᠬᠦᠴᠢᠷᠳᠡᠯᠲᠡᠶ ᠲᠥᠷᠥᠯ ᠬᠡᠯᠪᠡᠷᠢ ᠶᠢ ᠨᠢ ᠦᠨᠳᠦᠰᠦᠯᠡᠨ ᠵᠣᠬᠢᠬᠤ ᠲᠤᠰᠬᠠᠶ ᠵᠦᠶ᠋ᠯ ᠤᠨ ᠲᠡᠩᠬᠡᠷᠡᠭᠦᠯᠦᠨ ᠲᠤᠰᠠᠯᠠᠬᠤ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠵᠡᠷᠭᠡ ᠶᠢ ᠣᠯᠭᠤᠨ᠎ᠠ᠃ ᠡᠪᠡᠳᠴᠢᠨ ᠤ ᠰᠢᠯᠲᠠᠭᠠᠨ ᠪᠠ ᠦᠯᠡᠳᠡᠭᠳᠡᠯ ᠰᠢᠯᠲᠠᠭᠠᠨ ᠤ ᠰᠤᠷᠭᠠᠭᠤᠯᠢ ᠵᠡᠷᠭᠡ ᠠᠴᠠ ᠪᠣᠯᠵᠣ ᠨᠡᠮᠡᠭᠳᠡᠭᠰᠡᠨ ᠵᠠᠶᠢᠯᠠᠰᠢ ᠥᠬᠡᠶ ᠵᠠᠷᠤᠯᠭ᠎ᠠ ᠪᠠ ᠠᠵᠢᠯ ᠣᠯᠭᠤᠯᠲᠠ ᠠᠴᠠ ᠪᠣᠶ ᠪᠣᠯᠤᠭᠰᠠᠨ ᠴᠢᠬᠤᠯᠠ ᠪᠥᠬᠦᠶ ᠥᠪᠡᠷ ᠤᠨ ᠥᠷᠲᠡᠭ ᠢ ᠬᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠡᠭᠡᠨ ᠵᠣᠬᠢᠬᠤ ᠬᠡᠮᠵᠢᠶ᠎ᠡ ᠪᠠᠷ ᠬᠠᠰᠤᠨ᠎ᠠ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠲᠣᠭᠠᠴᠠᠭ᠎ᠠ ᠬᠢᠬᠦ ᠠᠷᠭ᠎ᠠ ᠶᠢ ᠲᠡᠭᠦᠯᠳᠡᠷᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠥᠪ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ ᠶᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ᠂ ᠣᠨᠴᠠ ᠬᠦᠴᠢᠷᠳᠡᠯᠲᠡᠶ ᠬᠥᠮᠦᠰ ᠤᠨ ᠣᠷᠣᠯᠭ᠎ᠠ ᠳᠤ ᠪᠤᠳᠤᠵᠤ ᠣᠷᠣᠭᠤᠯᠬᠤ ᠥᠬᠡᠶ᠃ ᠡᠭᠦᠨ ᠠᠴᠠ ᠭᠠᠳᠠᠨ᠎ᠠ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠳᠡᠭ ᠢᠳᠡᠭ ᠢᠶᠠᠷ ᠪᠤᠴᠠᠭᠠᠬᠤ ᠲᠥᠷᠥ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠢᠳᠡᠭ ᠢᠳᠡᠭ ᠢᠶᠠᠷ ᠠᠵᠢᠯ ᠠᠴᠠ ᠪᠠᠨ ᠪᠠᠭᠤᠬᠤ ᠬᠤᠭᠤᠴᠠᠭ᠎ᠠ ᠶᠢ ᠲᠥᠷᠥᠯ ᠪᠠ ᠲᠠᠰ ᠬᠤᠪᠢᠶᠠᠨ ᠲᠣᠭᠲᠠᠭᠠᠵᠤ᠂ ᠬᠡᠷ ᠪᠦᠯᠢ ᠶᠢᠨ ᠪᠦᠷᠢᠯᠳᠦᠬᠦᠨ ᠳᠤ ᠠᠮᠢᠳᠤᠯᠢᠭ ᠢᠶᠠᠷ ᠠᠵᠢᠯ ᠤᠯᠬᠤ᠂ ᠭᠠᠳᠠᠭᠰᠢ ᠭᠠᠷᠴᠤ ᠠᠵᠢᠯ ᠬᠢᠬᠦ᠂ ᠪᠡᠶ᠎ᠡ ᠪᠠᠨ ᠳᠠᠭᠠᠭᠠᠵᠤ ᠠᠳᠠᠯ ᠦᠶ᠋ᠯᠡᠰ ᠴᠣᠭᠴᠠᠯᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠤᠯᠬᠤ ᠶᠢ ᠪᠡᠶᠡᠯᠡᠭᠦᠯᠦᠭᠰᠡᠨ ᠮᠥᠷᠲᠡᠭᠡᠨ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠬᠡᠷ ᠪᠦᠯᠢ ᠳᠤ 6 ᠰᠠᠷ᠎ᠠ ᠠᠴᠠ ᠬᠡᠲᠦᠷᠡᠬᠦ ᠥᠬᠡᠶ ᠢᠳᠡᠭ ᠢᠳᠡᠭ ᠢᠶᠠᠷ ᠠᠵᠢᠯ ᠠᠴᠠ ᠪᠠᠨ ᠪᠠᠭᠤᠬᠤ ᠬᠤᠭᠤᠴᠠᠭ᠎ᠠ ᠣᠯᠭᠤᠨ᠎ᠠ︔ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠷᠠᠬᠢ ᠠᠵᠤ ᠦᠶ᠋ᠯᠡᠰ ᠢᠶᠠᠷ ᠬᠠᠪᠰᠤᠷᠤᠨ ᠲᠡᠳᠬᠦᠬᠦ᠂ ᠬᠤᠪᠢ ᠣᠷᠣᠭᠤᠯᠤᠯᠲᠠ ᠶᠢᠨ ᠬᠦᠤ ᠮᠥᠩᠭᠦ ᠪᠠᠷ ᠠᠰᠢᠭ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠭᠰᠡᠨ ᠮᠥᠷᠲᠡᠭᠡᠨ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠬᠡᠷ ᠪᠦᠯᠢ ᠳᠤ 6 — 12 ᠰᠠᠷ᠎ᠠ ᠶᠢᠨ ᠠᠭᠠᠵᠢᠮ ᠢᠶᠠᠷ ᠪᠤᠴᠠᠭᠠᠬᠤ ᠬᠤᠭᠤᠴᠠᠭ᠎ᠠ ᠣᠯᠭᠤᠨ᠎ᠠ︔ ᠪᠤᠰᠤᠳ ᠪᠠᠶᠢᠳᠠᠯ ᠢ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠵᠤ ᠪᠣᠯᠤᠨ᠎ᠠ᠃    ᠡᠯ᠎ᠡ ᠭᠠᠵᠠᠷ ᠤᠨ ᠬᠢᠨ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠰᠣᠯᠢᠯᠴᠠᠭᠠᠨ ᠤ ᠲᠠᠪᠴᠠᠩ ᠤᠨ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠬᠤ᠂ ᠡᠮ ᠡᠮᠨᠡᠯᠭᠡ ᠶᠢᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠨ᠎ᠡ᠃ ᠲᠣᠮᠣ ᠳ᠋ᠠᠶᠢᠲ᠋ᠠ ᠶᠢᠨ ᠬᠠᠷᠢᠴᠠᠯ ᠢ ᠠᠳᠠᠯᠢ ᠲᠡᠭᠰᠢ ᠪᠠᠶᠢᠯᠭᠠᠬᠤ ᠠᠷᠭ᠎ᠠ ᠪᠠᠷᠢᠯ ᠢᠶᠠᠷ ᠳᠠᠮᠵᠢᠭᠤᠯᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠬᠥᠮᠦᠰ᠂ ᠡᠪᠡᠳᠴᠢᠨ ᠤ ᠰᠢᠯᠲᠠᠭᠠᠨ ᠪᠠ ᠭᠠᠮᠰᠢᠭ ᠠᠴᠠ ᠪᠣᠯᠤᠭᠰᠠᠨ ᠭᠡᠨᠡᠳᠲᠡ ᠶᠢᠨ ᠠᠳᠡᠯ ᠵᠡᠷᠭᠡ ᠵᠠᠶᠢᠯᠠᠰᠢ ᠥᠬᠡᠶ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠤᠨ ᠲᠠᠯ᠎ᠠ ᠪᠠᠷ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠬᠥᠮᠦᠨ ᠠᠮᠠ ᠵᠢᠴᠢ ᠪᠤᠰᠤᠳ ᠣᠷᠣᠯᠭ᠎ᠠ ᠪᠠᠭᠠᠲᠠᠶ ᠬᠥᠮᠦᠨ ᠠᠮᠠ ᠳᠤ ᠪᠠᠶᠢᠩᠭᠤ ᠶᠢᠨ ᠬᠢᠨᠠᠨ ᠬᠡᠮᠵᠢᠯᠲᠡ ᠬᠢᠨ᠎ᠠ᠃ ᠠᠪᠤᠷᠠᠨ ᠲᠤᠰᠠᠯᠠᠬᠤ ᠴᠢᠬᠤᠯᠠ ᠲᠠᠢ ᠣᠷᠣᠯᠭ᠎ᠠ ᠪᠠᠭᠠᠲᠠᠶ ᠬᠥᠮᠦᠨ ᠠᠮᠠ ᠶᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ ᠪᠠᠶᠢᠭᠠᠳ ᠣᠯᠵᠤ ᠮᠡᠳᠡᠬᠦ ᠬᠡᠷᠡᠭᠲᠡᠶ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠠᠵᠢᠯᠲᠠᠨ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠬᠥᠮᠦᠰ ᠢ ᠴᠠᠭ ᠲᠤᠬᠠᠶ ᠳᠤᠨᠢ ᠲᠡᠩᠬᠡᠷᠡᠭᠦᠯᠦᠨ ᠲᠤᠰᠠᠯᠠᠵᠤ ᠪᠠᠲᠤᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠵᠣᠬᠢᠴᠠᠯᠳᠤᠨ ᠨᠡᠪᠲᠡᠷᠡᠯᠴᠡᠬᠦ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠱᠠᠲᠤᠯᠢᠭ᠂ ᠣᠯᠠᠨ ᠲᠠᠰ ᠳᠠᠪᠬᠤᠷᠭ᠎ᠠ ᠳᠠᠰᠢ ᠤᠷᠲᠤᠳᠬᠠᠬᠤ ᠶᠢ ᠳᠥᠯᠭᠢᠨ ᠠᠬᠢᠭᠤᠯᠵᠤ᠂ ᠣᠷᠣᠯᠭ᠎ᠠ ᠪᠠᠭᠠᠲᠠᠶ ᠬᠥᠮᠦᠨ ᠠᠮᠠ ᠶᠢ ᠠᠪᠤᠷᠠᠨ ᠲᠤᠰᠠᠯᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃ ᠣᠷᠣᠯᠭ᠎ᠠ ᠪᠠᠭᠠᠲᠠᠶ ᠬᠡᠷ ᠪᠦᠯᠢ ᠶᠢᠨ ᠳᠣᠲᠣᠷᠠᠬᠢ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠦᠨᠳᠦ ᠵᠡᠮᠳᠡᠭ ᠬᠥᠮᠦᠨ ᠪᠠ ᠭᠤᠷᠪᠠᠳᠤᠭᠠᠷ ᠳᠡᠰ ᠤᠨ ᠣᠶᠤᠨ ᠮᠡᠳᠡᠷᠡᠯ᠂ ᠣᠶᠤᠨ ᠤ ᠵᠡᠮᠳᠡᠭ ᠬᠥᠮᠦᠨ ᠵᠢᠴᠢ ᠬᠦᠨᠳᠦ ᠡᠪᠡᠳᠴᠢᠲᠡᠨ ᠵᠡᠷᠭᠡ ᠣᠨᠴᠣᠭᠤᠶ ᠬᠦᠴᠢᠷᠳᠡᠯᠲᠡᠶ ᠬᠥᠮᠦᠰ ᠲᠤ ᠪᠣᠯ᠂ ᠭᠤᠶᠤᠴᠢᠯᠠᠯ ᠢ ᠨᠢ ᠦᠨᠳᠦᠰᠦᠯᠡᠨ ︽ᠭᠠᠭᠴᠠ ᠬᠥᠮᠦᠨ ᠤ ᠡᠷᠦᠬᠡ︾ ᠪᠠᠷ ᠯᠠᠪᠯᠠᠯᠲᠠ ᠪᠣᠯᠭᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠤᠨ᠎ᠠ᠃ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠬᠥᠮᠦᠨ ᠠᠮᠠ ᠳᠤ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠵᠣᠬᠢᠴᠠᠩᠭᠤᠶ ᠡᠮ ᠡᠮᠨᠡᠯᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠤᠰᠬᠠᠶ ᠵᠦᠢᠯ ᠤᠨ ᠲᠤᠰᠠᠯᠠᠮᠵᠢ ᠦᠵᠡᠭᠦᠯᠬᠦ ᠪᠤᠶᠤ ᠪᠤᠰᠤᠳ ᠴᠢᠬᠤᠯᠠ ᠪᠦᠬᠦᠢ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ᠂ ᠰᠠᠭᠤᠭ᠎ᠠ ᠭᠠᠵᠠᠷ ᠤᠨ ᠭᠤᠶᠤᠴᠢᠯᠠᠯ ᠤᠨ ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠥᠬᠡᠶ ᠪᠣᠯᠭᠠᠵᠤ᠂ ᠪᠠᠴᠢᠮ ᠪᠡᠷᠬᠡ ᠭᠠᠷᠤᠭᠰᠠᠨ ᠭᠠᠵᠠᠷ ᠢᠶᠠᠷ ᠬᠢᠨᠠᠨ ᠬᠠᠷᠭᠤᠭᠤᠯᠬᠤ ᠶᠢᠨ ᠬᠠᠮᠲᠤ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠨ᠎ᠠ᠃ ᠪᠠᠴᠢᠮ ᠪᠡᠷᠬᠡ ᠪᠠᠶᠢᠳᠠᠯ ᠢ ᠠᠪᠤᠷᠠᠨ ᠲᠤᠰᠠᠯᠠᠬᠤ ᠴᠢᠳᠠᠮᠵᠢ ᠶᠢ ᠴᠢᠩᠭᠠᠷᠠᠭᠤᠯᠤᠨ᠂ ︽ᠪᠠᠭ᠎ᠠ ᠵᠣᠭᠤᠰ ᠤᠨ ᠲᠤᠭ᠎ᠠ ᠪᠠᠷ ᠤᠷᠢᠳᠠᠪᠠᠷ ᠠᠪᠤᠷᠠᠨ ᠲᠤᠰᠠᠯᠠᠬᠤ︾ ᠶᠢ ᠬᠡᠷᠡᠭᠵᠢᠭᠦᠯᠵᠦ᠂ ᠬᠡᠷᠡᠭ ᠤᠨ ᠳᠠᠷᠠᠭ᠎ᠠ ᠪᠠᠶᠢᠳᠠᠯ ᠢ ᠨᠥᠬᠦᠪᠥᠷᠢᠯᠡᠨ ᠲᠣᠳᠣᠷᠬᠠᠶᠢᠯᠠᠨ᠎ᠠ᠃ ︽ᠤᠷᠢᠳᠠᠪᠠᠷ ᠲᠡᠩᠬᠡᠷᠡᠭᠦᠯᠦᠨ ᠲᠤᠰᠠᠯᠠᠬᠤ︾᠂ ︽ᠱᠠᠲᠤ ᠬᠤᠪᠢᠶᠠᠨ ᠬᠢᠨᠠᠨ ᠵᠥᠪᠰᠢᠶᠡᠷᠡᠬᠦ︾ ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠠᠭᠠᠵᠤ ᠲᠡᠩᠬᠡᠷᠡᠭᠦᠯᠦᠨ ᠲᠤᠰᠠᠯᠠᠬᠤ︾ ᠂ ︽ᠨᠢᠭᠡ ᠯᠡ ᠤᠳᠠᠭ᠎ᠠ ᠳᠤ ᠬᠢᠨᠠᠨ ᠵᠥᠪᠰᠢᠶᠡᠷᠡᠬᠦ᠂ ᠱᠠᠲᠤ ᠬᠤᠪᠢᠶᠠᠨ ᠲᠡᠩᠬᠡᠷᠡᠭᠦᠯᠦᠨ ᠲᠤᠰᠠᠯᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠲᠡᠩᠬᠡᠷᠡᠭᠦᠯᠦᠨ ᠲᠤᠰᠠᠯᠠᠬᠤ ᠬᠤᠭᠤᠴᠠᠭᠠᠲᠤ ᠴᠢᠨᠠᠷ ᠢ ᠴᠢᠩᠭᠠᠷᠠᠭᠤᠯᠤᠨ᠎ᠠ᠃ ᠴᠢᠬᠤᠯᠠᠲᠠᠶ ᠦᠶ᠎ᠡ ᠳᠤ ᠰᠢᠶᠠᠨ ᠤ ᠱᠠᠲᠤᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠡᠬᠢᠯᠡᠭᠦᠯᠦᠨ ︽ᠨᠢᠭᠡ ᠬᠡᠷᠡᠭ ᠢ ᠨᠢᠭᠡ ᠵᠥᠪᠯᠡᠬᠦ︾ ᠬᠢᠨᠠᠨ ᠵᠥᠪᠰᠢᠶᠡᠷᠡᠯ ᠢ ᠶᠠᠪᠤᠭᠳᠠᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号