ᠥᠪᠥᠷ ᠮᠣᠩᠭᠤᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠨᠴᠠ ᠬᠦᠴᠢᠷᠳᠡᠯ ᠢ ᠠᠪᠤᠷᠠᠨ ᠲᠤᠰᠠᠯᠠᠬᠤ ᠪᠠᠯᠠ ᠮᠥᠩᠭᠦ 39.68 ᠳ᠋ᠦᠩᠰᠢᠭᠤᠷ ᠲᠥᠭᠦᠷᠢᠭ ᠲᠠᠷᠬᠠᠭᠠᠪᠠ︕
ᠨᠡᠶᠢᠲᠡᠯᠡᠭᠰᠡᠨ ᠴᠠᠭ᠄
2021/7/21
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 1 — 6 ᠳ᠋ᠤᠭᠠᠷ ᠰᠠᠷ᠎ᠠ ᠳᠤ᠂ ᠥᠪᠥᠷ ᠮᠣᠩᠭᠤᠯ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠨᠡᠶᠢᠲᠡ 162.41 ᠲᠦᠮᠡᠨ ᠬᠥᠮᠦᠨ᠂ ᠣᠨᠴᠠ ᠬᠦᠴᠢᠷᠳᠡᠯᠲᠡᠶ ᠬᠥᠮᠦᠰ ᠢ 9.6 ᠲᠦᠮᠡᠨ ᠬᠥᠮᠦᠨ ᠪᠠᠲᠤᠯᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠪᠠᠯᠠ ᠮᠥᠩᠭᠦ ᠶᠢ 39.68 ᠳ᠋ᠦᠩᠰᠢᠭᠤᠷ ᠲᠥᠭᠦᠷᠢᠭ ᠲᠠᠷᠬᠠᠭᠠᠪᠠ︔ ᠲᠦᠷ ᠴᠠᠭ ᠤᠨ ᠴᠢᠨᠠᠷᠲᠠᠶ᠂ ᠭᠡᠨᠡᠳᠲᠡ ᠡᠭᠦᠰᠦᠭᠰᠡᠨ ᠬᠤᠷᠢᠴᠠᠯ ᠤᠨ ᠠᠮᠢᠳᠤᠷᠠᠯ ᠤᠨ ᠬᠦᠴᠢᠷᠳᠡᠯ ᠳᠤ ᠤᠴᠠᠷᠠᠭᠰᠠᠨ ᠭᠡᠷ ᠪᠦᠯᠢ ᠳᠤ 9~18 ᠲᠦᠮᠡᠨ ᠬᠥᠮᠦᠨ ᠤᠳᠠᠭ᠎ᠠ ᠲᠦᠷ ᠴᠠᠭ ᠤᠨ ᠠᠪᠤᠷᠠᠨ ᠲᠤᠰᠠᠯᠠᠯᠲᠠ ᠬᠢᠵᠦ᠂ 1~33 ᠳ᠋ᠦᠩᠰᠢᠭᠤᠷ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠯᠲᠠ ᠶᠢᠨ ᠪᠡᠯᠡ ᠮᠥᠩᠭᠦ ᠲᠠᠷᠬᠠᠭᠠᠪᠠ᠃     ᠡᠨᠡ ᠵᠢᠯ ᠠᠴᠠ ᠨᠠᠰᠢ᠂ ᠥᠪᠥᠷ ᠮᠣᠩᠭᠤᠯ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠠᠪᠤᠷᠠᠨ ᠲᠤᠰᠠᠯᠠᠬᠤ ᠡᠲᠡᠭᠡᠳ ᠢ ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠬᠥᠮᠦᠰ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠤᠭᠰᠠᠨ ᠪᠠᠶᠢᠨ᠎ᠠ᠃ ᠲᠦᠷ ᠴᠠᠭ ᠤᠨ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ ᠴᠢᠨᠠᠷᠲᠠᠶ᠂ ᠲᠤᠯᠭᠠᠮ᠎ᠠ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠳᠤ ᠲᠤᠯᠭᠠᠷᠠᠭᠰᠠᠨ ᠡᠲᠡᠭᠡᠳ ᠲᠤ ᠲᠦᠷ ᠴᠠᠭ ᠤᠨ ᠠᠪᠤᠷᠠᠨ ᠲᠤᠰᠠᠯᠠᠯᠲᠠ ᠣᠯᠭᠤᠬᠤ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠪᠤᠷᠠᠨ ᠲᠤᠰᠠᠯᠠᠬᠤ ᠪᠠᠯᠠ ᠮᠥᠩᠭᠦ ᠶᠢ ᠣᠯᠭᠤᠬᠤ ᠳᠤ ᠴᠠᠭ ᠲᠤᠬᠠᠶ ᠳᠤᠨᠢ ᠬᠢᠨᠠᠯᠲᠠ ᠲᠠᠯᠪᠢᠵᠤ᠂ ᠪᠠᠯᠠ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ᠂ ᠣᠨᠣᠪᠴᠢᠲᠠᠶ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号