ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ ᠭᠤᠣᠯ ᠤᠳᠤᠷᠢᠳᠤᠯᠭ᠎ᠠ ᠶᠢᠨ ᠲᠣᠮᠢᠯᠠᠯᠲᠠ ᠶᠢ ᠵᠡᠷᠯᠡᠪᠠ
ᠨᠡᠶᠢᠲᠡᠯᠡᠭᠰᠡᠨ ᠴᠠᠭ᠄
2021/7/21
   
   7 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠥᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠤᠤᠯ ᠤᠳᠤᠷᠢᠳᠤᠯᠭ᠎ᠠ ᠶᠢ ᠲᠤᠰᠢᠶᠠᠯ ᠳᠤ ᠲᠣᠮᠢᠯᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠦᠨ ᠶᠠᠨ ᠵᠢᠶᠦ᠋ᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠭᠤᠷᠪᠠᠳᠤᠭᠠᠷ ᠭᠠᠵᠠᠷ ᠤᠨ ᠳᠠᠷᠤᠭ᠎ᠠ ᠸᠠᠩ ᠪᠦᠦ ᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ᠂ ᠵᠢᠶᠠ ᠶᠤᠸᠠᠢ ᠹᠧᠩ ᠨᠥᠬᠦᠷ ᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠳᠤ ᠲᠣᠮᠢᠯᠠᠵᠤ᠂ ᠨᠡᠷ᠎ᠡ ᠳᠤᠷᠠᠳᠬᠤ ᠲᠣᠪᠴᠢᠶᠠᠨ ᠳᠠᠷᠤᠭ᠎ᠠ ᠶᠢᠨ ᠲᠤᠰᠢᠶᠠᠯ ᠳᠤ ᠲᠣᠮᠢᠯᠠᠵᠤ᠂ ᠬᠠᠨ ᠵᠢᠶᠠᠨ ᠭᠠᠩ᠂ ᠹᠧᠩ ᠠᠢ ᠰᠢᠶᠠ᠂ ᠰᠢᠤᠸᠠᠢ ᠶᠦᠩ ᠨᠥᠬᠦᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠭᠠᠵᠤ᠂ ᠨᠡᠷ᠎ᠡ ᠳᠤᠷᠠᠳᠬᠤ ᠳᠡᠳ᠋ ᠲᠣᠪᠴᠢᠶᠠᠨ ᠳᠠᠷᠤᠭ᠎ᠠ᠂ ᠶᠦᠨ ᠯᠢ ᠶᠠᠨ ᠨᠥᠬᠦᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃    ᠵᠢᠶᠠ ᠶᠤᠸᠠᠢ ᠹᠧᠩ ᠨᠥᠬᠦᠷ ᠣᠪᠣᠷ ᠢᠶᠠᠨ ᠢᠯᠡᠳᠬᠡᠬᠦ ᠦᠭᠡ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠡᠷ ᠲᠡᠭᠡᠨ ᠪᠠᠶᠢᠭ᠎ᠠ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠦᠬᠦ ᠺᠠᠳ᠋ᠷ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号