7 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ | ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠣᠯᠤᠨ ᠮᠤᠷᠢᠨᠳᠠᠪᠠᠭ᠎ᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠮᠰᠢᠭ ᠠᠴᠠ | ᠠᠪᠤᠷᠬᠠᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠰᠢ ᠶᠢᠨ ᠫᠢᠩ ᠤ ᠶᠡᠷᠦᠩᠬᠡᠶ ᠱᠦᠵᠢ ᠶᠢᠨ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ | ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠶ ᠠᠳᠬᠤᠵᠤ᠂ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠰᠠᠨᠠᠭᠠᠴᠢᠯᠠᠭᠠᠲᠤ ᠲᠠᠶᠢᠨ ᠢ ᠬᠦᠴᠦᠲᠡᠶ ᠪᠥᠭᠡᠳ ᠡᠮᠬᠢ ᠵᠢᠷᠤᠮ ᠲᠠᠢ | ᠪᠥᠭᠡᠳ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠦᠶᠡᠷ ᠤᠷᠤᠭᠰᠠᠨ ᠠᠴᠠ ᠨᠠᠰᠢ᠂ ᠢᠯᠠᠩᠭᠤᠶ᠎ᠠ ᠣᠶᠢᠷ᠎ᠠ ᠶᠢᠨ ᠡᠳᠦᠷ ᠤᠳ ᠲᠤ ᠬᠥᠯᠥᠨ ᠪᠤᠶᠢᠷ ᠬᠤᠲᠠ ᠳᠤ | ᠣᠯᠠᠨ ᠤᠳᠠᠭ᠎ᠠ ᠰᠢᠷᠦᠭᠦᠨ ᠪᠣᠷᠣᠭᠠᠨ ᠣᠷᠣᠵᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ ᠨᠡᠩ ᠴᠤ ᠬᠦᠨᠳᠦ ᠨᠣᠴᠢᠲᠠᠶ ᠪᠣᠯᠵᠤ᠂ ᠲᠠᠷᠢᠶᠠᠨ ᠭᠠᠵᠠᠷ ᠭᠠᠮᠰᠢᠭᠳᠠᠨ᠂ ᠵᠠᠮ ᠡᠪᠳᠡᠭᠳᠡᠵᠦ᠂ ᠣᠯᠠᠨ | ᠲᠦᠮᠡᠨ ᠪᠠᠴᠢᠮ ᠲᠦᠷᠭᠡᠨ ᠢᠶᠠᠷ ᠰᠢᠯᠵᠢᠭᠰᠡᠨ ᠪᠠᠶᠢᠨ᠎ᠠ᠃ | ᠦᠶᠡᠷ ᠤᠨ ᠭᠠᠮᠰᠢᠭ ᠡᠭᠦᠰᠦᠭᠰᠡᠨ ᠤ ᠲᠠᠷᠠᠭ᠎ᠠ᠂ ᠱᠢ ᠲᠠᠢ ᠹᠧᠩ ᠭᠠᠮᠰᠢᠭᠳᠠᠭᠰᠠᠨ ᠤᠯᠠᠨ ᠲᠦᠮᠡᠨ ᠢ ᠴᠠᠭ | ᠢᠮᠠᠭᠲᠠ ᠰᠠᠨᠠᠭᠠᠯᠵᠠᠵᠤ᠂ ᠨᠢᠭᠡᠳᠦᠭᠡᠷ ᠹᠷᠣᠨᠲ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠶᠢᠳᠠᠯ ᠢ | ᠨᠢᠭᠲᠠ ᠠᠩᠬᠠᠷᠴᠤ᠂ ᠲᠡᠷᠡ ᠳᠠᠷᠤᠢ ᠳᠤᠨᠢ ᠦᠶᠡᠷ ᠢ ᠰᠡᠷᠭᠡᠶᠢᠯᠡᠬᠦ ᠠᠵᠢᠯ ᠤᠨ ᠸᠢᠳᠢᠣ᠋ ᠪᠠᠷ ᠲᠤᠬᠢᠷᠠᠭᠤᠯᠤᠭᠰᠠᠨ | ᠲᠤᠬᠠᠢ ᠶᠢᠨ ᠲᠠᠯᠠᠪᠠᠢ ᠶᠢᠨ ᠠᠪᠤᠷᠠᠨ ᠲᠤᠰᠠᠯᠠᠵᠤ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠤᠯᠠᠨ ᠤᠳᠠᠭ᠎ᠠ ᠴᠣᠬᠤᠯᠠᠪᠤᠷᠢ ᠥᠭᠴᠦ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠤᠬᠠᠢ | ᠪᠣᠳᠠᠲᠠᠢ ᠱᠠᠭᠠᠷᠳᠠᠯᠭ᠎ᠠ ᠳᠤᠷᠠᠳᠴᠠᠢ᠃ | 21 ᠤ ᠥᠷᠯᠥᠭᠡ ᠡᠷᠲᠡ᠂ ᠱᠢ ᠲᠠᠢ ᠹᠧᠩ 3 ᠴᠠᠭ ᠭᠠᠷᠤᠢ ᠶᠢᠨ ᠨᠢᠰᠦᠯᠲᠡ ᠶᠢ ᠥᠩᠭᠡᠷᠡᠭᠡᠭᠡᠳ᠂ ᠮᠠᠰᠢᠨ | ᠲᠡᠷᠭᠡ ᠪᠠᠷ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠯᠢ ᠭᠤᠣᠯ ᠪᠠᠯᠭᠠᠰᠤᠨ ᠳᠤ ᠬᠦᠷᠴᠦ᠂ | ᠲᠤᠰᠬᠠᠶᠢᠯᠠᠨ ᠠᠯᠢ ᠭᠤᠣᠯ ᠤᠨ ᠬᠠᠰᠢᠯᠭ᠎ᠠ ᠶᠢᠨ ᠳ᠋ᠦᠩᠹᠧᠩ ᠶᠡᠭᠡ ᠬᠥᠭᠦᠷᠭᠡ ᠶᠢᠨ ᠬᠡᠰᠡᠭ ᠲᠤ ᠬᠦᠷᠴᠡᠢ᠃ ᠲᠡᠷᠡ | ᠰᠢᠪᠠᠷ ᠱᠠᠯᠴᠢᠭ ᠢ ᠭᠢᠰᠬᠢᠨ ᠬᠠᠰᠢᠯᠭ᠎ᠠ ᠳᠤ ᠭᠠᠷᠴᠤ᠂ ᠲᠤᠬᠠᠢ ᠶᠢᠨ ᠭᠠᠵᠠᠷ ᠤᠨ ᠭᠠᠮᠰᠢᠭᠳᠠᠭᠰᠠᠨ ᠵᠢᠴᠢ ᠦᠶᠡᠷ ᠢ | ᠰᠡᠷᠭᠡᠶᠢᠯᠡᠨ ᠭᠠᠮᠰᠢᠭ ᠠᠴᠠ ᠠᠪᠤᠷᠠᠬᠤ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠢᠨ᠎ᠡ ᠪᠠᠷ ᠪᠠᠶᠢᠭᠤᠯᠤᠭᠰᠠᠨ | ᠭᠤᠣᠯ ᠤᠨ ᠬᠠᠰᠢᠯᠭ᠎ᠠ ᠶᠢ ᠪᠠᠬᠢᠯᠡᠭᠰᠡᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠪᠠ᠃ | ᠲᠦᠷ ᠴᠠᠭ ᠪᠠᠬᠢᠯᠡᠭᠰᠡᠨ ᠭᠤᠣᠯ ᠤᠨ ᠬᠠᠰᠢᠯᠭ᠎ᠠ ᠶᠢ ᠭᠤᠣᠯᠳᠠᠭᠤ ᠡᠯᠡᠰᠦ ᠰᠢᠷᠣᠶ ᠪᠠᠷ ᠣᠪᠣᠭᠠᠯᠠᠨ | ᠭᠠᠷᠭᠠᠭᠰᠠᠨ ᠢ ᠦᠵᠡᠭᠡᠳ ᠱᠢ ᠲᠠᠢ ᠹᠧᠩ ᠶᠡᠬᠡᠳᠡ ᠰᠡᠳᠬᠢᠯ ᠵᠣᠪᠠᠵᠤ ᠬᠡᠯᠡᠬᠦ ᠳᠡᠭᠡᠨ᠂ ᠡᠶᠢᠮᠦᠷᠬᠦᠦ ᠰᠦᠯᠵᠢᠮᠡᠯ | ᠤᠭᠤᠲᠠ ᠦᠭᠡᠶ ᠪᠣᠯ ᠵᠥᠪᠬᠡᠨ ᠡᠯᠡᠰᠦ ᠰᠢᠷᠣᠶ ᠪᠠᠷ ᠣᠪᠣᠭᠠᠯᠠᠭᠰᠠᠨ ᠳᠠᠯᠠᠩ ᠨᠢ ᠲᠤᠰᠠ ᠦᠭᠡᠶ᠂ ᠦᠶᠡᠷ ᠤᠨ | ᠤᠰᠤ ᠢᠷᠡᠮᠡᠭᠴᠡ ᠬᠤᠷᠢᠭᠯᠠᠵᠤ ᠳᠡᠶᠢᠯᠬᠦ ᠦᠭᠡᠶ᠂ ᠭᠤᠣᠯ ᠤᠨ ᠬᠠᠰᠢᠯᠭ᠎ᠠ ᠶᠢ ᠱᠠᠯᠠᠪᠳᠠᠨ ᠪᠠᠬᠢᠯᠡᠵᠦ᠂ ᠪᠠᠴᠢᠮ | ᠪᠠᠶᠢᠳᠠᠯ ᠢ ᠯᠠᠪᠲᠠᠶ ᠣᠯᠵᠤ ᠴᠢᠳᠠᠬᠤ ᠬᠡᠷᠡᠭᠲᠡᠶ᠂ ᠶᠠᠭᠠᠬᠢᠭᠰᠠᠨ ᠴᠤ ᠬᠥᠮᠦᠨ ᠢ ᠮᠡᠬᠡᠯᠡᠵᠦ ᠬᠡᠷᠡᠭ ᠤᠴᠢᠷ ᠢ | ᠠᠷᠭᠠᠴᠠᠭᠠᠵᠤ ᠪᠣᠯᠬᠤ ᠦᠭᠡᠶ ᠭᠡᠵᠡᠶ᠃ ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ ᠬᠡᠷᠡᠭᠲᠡᠶ᠂ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠡᠷᠬᠡᠪᠰᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ | ᠪᠠᠲᠤᠯᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠦᠶᠡᠷ ᠤᠨ ᠪᠠᠶᠢᠳᠠᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠠᠭ ᠲᠤᠬᠠᠶ ᠳᠤᠨᠢ ᠣᠨᠣᠪᠴᠢᠲᠠᠶ ᠰᠠᠶᠢᠲᠤᠷ ᠬᠢᠵᠦ᠂ ᠣᠯᠠᠨ ᠲᠦᠮᠡᠨ ᠢ | ᠵᠣᠬᠢᠶᠠᠨ ᠪᠠᠶᠢᠭᠤᠯᠵᠤ ᠰᠢᠯᠵᠢᠭᠦᠯᠬᠦ ᠠᠵᠢᠯ ᠢ ᠡᠷᠡᠰ ᠢᠶᠠᠷ ᠬᠦᠴᠦᠲᠡᠶ ᠬᠢᠵᠦ᠂ ︽ᠬᠠᠷᠢᠶᠠᠯ ᠰᠣᠨᠣᠰᠬᠤ ᠠᠴᠠ ᠪᠢᠰᠢ | ᠤᠬᠢᠯᠠᠬᠤ ᠳᠠᠭᠤᠨ ᠢ ᠰᠣᠨᠣᠰᠬᠤ ᠦᠭᠡᠶ︾ ᠪᠠᠶᠢᠬᠤ ᠬᠡᠷᠡᠭᠲᠡᠶ᠃ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ | ᠠᠵᠢᠯ ᠢ ᠦᠳᠲᠡᠷ ᠲᠦᠷᠭᠡᠨ ᠥᠷᠨᠢᠭᠦᠯᠵᠦ᠂ ᠠᠶᠤᠯ ᠠᠴᠠ ᠠᠪᠤᠷᠠᠨ ᠲᠤᠰᠠᠯᠠᠬᠤ ᠡᠯ᠎ᠡ ᠵᠦᠢᠯ ᠤᠨ ᠪᠡᠯᠡᠳᠬᠡᠯ ᠢ | ᠪᠥᠬᠦ ᠲᠠᠯ᠎ᠠ ᠪᠠᠷ ᠰᠠᠶᠢᠲᠤᠷ ᠬᠢᠵᠦ᠂ ᠠᠵᠢᠯ ᠢᠶᠠᠨ ᠡᠷᠬᠡᠪᠰᠢ ᠪᠣᠳᠠᠲᠠᠶ ᠪᠥᠭᠡᠳ ᠨᠠᠷᠢᠯᠢᠭ ᠪᠥᠭᠡᠳ ᠪᠣᠳᠠᠲᠠᠶ ᠪᠠᠷ ᠬᠢᠬᠦ | ᠬᠡᠷᠡᠭᠲᠡᠶ᠃ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠶ ᠲᠥᠪᠬᠢᠨᠡᠭᠦᠯᠵᠦ᠂ ᠲᠡᠳᠡᠨ ᠢ ᠬᠠᠪᠰᠤᠷᠤᠨ ᠲᠡᠳᠬᠦᠵᠦ | ᠠᠪᠤᠷᠠᠨ ᠲᠤᠰᠠᠯᠠᠬᠤ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ | ᠶᠠᠳᠠᠭᠤ ᠬᠦᠴᠢᠷᠳᠡᠯ ᠲᠠᠢ ᠡᠷᠦᠬᠡ ᠶᠢᠨ ᠭᠠᠮᠰᠢᠭᠳᠠᠭᠰᠠᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ | ᠭᠠᠮᠰᠢᠭᠳᠠᠭᠰᠠᠨ ᠣᠷᠣᠨ ᠤ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠨ᠂ ᠡᠭᠦᠰᠦᠮᠡᠯ ᠭᠠᠮᠰᠢᠭ ᠡᠭᠦᠰᠬᠦ ᠶᠢ | ᠴᠢᠩᠭ᠎ᠠ ᠰᠡᠷᠭᠡᠶᠢᠯᠡᠵᠦ᠂ ᠭᠠᠮᠰᠢᠭᠳᠠᠭᠰᠠᠨ ᠣᠷᠣᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠠᠯᠢ | ᠲᠦᠷᠭᠡᠨ ᠢᠶᠠᠷ ᠰᠡᠷᠭᠦᠭᠡᠬᠦ ᠬᠡᠷᠡᠭᠲᠡᠶ᠃ | ᠳᠠᠷᠠᠭ᠎ᠠ ᠨᠢ᠂ ᠱᠢ ᠲᠠᠢ ᠹᠧᠩ ᠦᠷᠭᠦᠯᠵᠢᠯᠡᠨ 4 ᠴᠠᠭ ᠭᠠᠷᠤᠢ ᠲᠡᠷᠭᠡ ᠵᠢᠯᠣᠭᠤᠳᠤᠨ ᠮᠤᠷᠢᠨᠳᠠᠪᠠᠭ᠎ᠠ ᠶᠢᠨ | ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠬᠦᠷᠴᠦ᠂ ᠤᠢᠢᠷ᠎ᠠ ᠶᠢᠨ ᠡᠳᠦᠷ ᠰᠡᠲᠡᠯᠦᠭᠰᠡᠨ | ᠶᠦᠩ ᠠᠨ ᠤᠰᠤᠨ ᠴᠥᠭᠦᠷᠥᠮ ᠪᠣᠯᠤᠨ ᠬᠠᠰᠢᠯᠭ᠎ᠠ ᠶᠢ ᠰᠡᠲᠡᠯᠦᠭᠰᠡᠨ ᠰᠢᠨ ᠹᠠ ᠤᠰᠤᠨ ᠴᠥᠭᠦᠷᠥᠮ ᠢ ᠰᠢᠨᠵᠢᠯᠡᠨ | ᠪᠠᠶᠢᠴᠠᠭᠠᠵᠤ᠂ ᠲᠤᠬᠠᠢ ᠶᠢᠨ ᠲᠠᠯᠠᠪᠠᠢ ᠳᠤ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠪᠣᠯᠤᠨ | ᠠᠶᠤᠯ ᠭᠠᠮᠰᠢᠭ ᠠᠴᠠ ᠠᠪᠤᠷᠠᠬᠤ ᠵᠡᠷᠭᠡ ᠠᠵᠢᠯ ᠢ ᠵᠢᠯᠣᠭᠤᠳᠪᠠ᠃ ᠬᠠᠰᠢᠯᠭ᠎ᠠ ᠶᠢᠨ ᠲᠤᠬᠠᠢ ᠶᠢᠨ ᠲᠠᠯᠠᠪᠠᠢ ᠳᠤ | ᠰᠢᠷᠬ᠎ᠠ ᠰᠣᠷᠪᠢ ᠪᠠᠷ ᠳᠦᠭᠦᠷᠴᠦ᠂ ᠬᠥᠳᠡᠭᠡ ᠶᠢᠨ ᠵᠠᠮ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ | ᠲᠥᠬᠦᠭᠡᠷᠦᠮᠵᠢ ᠪᠣᠯᠤᠨ ᠲᠠᠷᠢᠶᠠᠨ ᠭᠠᠵᠠᠷ ᠬᠦᠨᠳᠦ ᠨᠣᠴᠢᠲᠠᠢ ᠡᠪᠳᠡᠭᠳᠡᠵᠦ᠂ ᠱᠢ ᠲᠠᠢ ᠹᠧᠩ ᠤᠨ ᠪᠠᠶᠢᠳᠠᠯ ᠬᠦᠨᠳᠦ | ᠨᠣᠴᠢᠲᠠᠢ ᠪᠠᠶᠢᠬᠤ ᠶᠢ ᠣᠯᠵᠤ ᠬᠠᠷᠠᠪᠠ᠃ | ᠲᠡᠷᠡ ᠵᠢᠭᠠᠵᠤ ᠭᠠᠷᠭᠠᠭᠰᠠᠨ ᠨᠢ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠠᠴᠠ ᠦᠵᠡᠪᠡᠯ᠂ | ᠣᠶᠢᠷ᠎ᠠ ᠶᠢᠨ ᠬᠤᠭᠤᠴᠠᠭᠠᠨ ᠳᠤ ᠪᠠᠰᠠ ᠰᠢᠷᠦᠭᠦᠨ ᠪᠣᠷᠣᠭᠠᠨ ᠣᠷᠣᠵᠤ ᠪᠠᠶᠢᠨ᠎ᠠ᠂ ᠦᠶᠡᠷ ᠤᠨ ᠰᠢᠨ᠎ᠡ ᠪᠠᠶᠢᠳᠠᠯ ᠢ | ᠢᠳᠡᠪᠬᠢᠲᠡᠶ ᠪᠠᠷ ᠠᠷᠭᠠᠴᠠᠵᠤ᠂ ᠬᠥᠮᠦᠨ ᠤ ᠦᠬᠦᠯ ᠰᠢᠷᠬᠠᠲᠤᠯ ᠪᠣᠯᠤᠨ ᠡᠳ᠋ ᠬᠥᠷᠥᠩᠭᠡ ᠶᠢᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠣᠯ ᠣᠳᠣᠬᠠᠨ ᠤ ᠪᠠᠴᠢᠮ ᠡᠭᠦᠷᠭᠡ ᠪᠣᠯᠤᠨ᠎ᠠ᠃ ᠬᠦᠴᠢᠷᠳᠡᠯ ᠲᠠᠢ | ᠦᠶ᠎ᠡ ᠳᠤ᠂ ᠨᠠᠮ ᠤᠨ ᠵᠣᠬᠢᠶᠠᠨ ᠪᠠᠶᠢᠭᠤᠯᠤᠯᠲᠠ ᠡᠷᠡᠰ ᠴᠢᠩᠭ᠎ᠠ ᠬᠦᠴᠦᠨ ᠲᠠᠢ ᠪᠤᠯᠵᠤ᠂ ᠤᠯᠠᠨ ᠲᠦᠮᠡᠨ ᠳᠠᠷᠤᠶ ︽ | ᠲᠦᠰᠢᠭ ᠲᠤᠯᠭᠠᠭᠤᠷᠢ︾ ᠲᠠᠢ ᠪᠤᠯᠳᠠᠭ᠂ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ | ᠠᠵᠢᠯ ᠢ ᠨᠠᠷᠢᠯᠢᠭ ᠪᠥᠭᠡᠳ ᠪᠣᠳᠠᠲᠠᠶ ᠪᠥᠭᠡᠳ ᠰᠠᠶᠢᠲᠤᠷ ᠬᠢᠵᠦ᠂ ᠤᠯᠠᠨ ᠢ ᠵᠣᠬᠢᠶᠠᠨ ᠪᠠᠶᠢᠭᠤᠯᠤᠨ ᠳᠠᠭᠠᠭᠤᠯᠵᠤ | ᠶᠡᠭᠡ ᠠᠶᠤᠯ ᠢ ᠵᠠᠪᠳᠤᠨ ᠶᠡᠭᠡ ᠭᠠᠮᠰᠢᠭ ᠠᠴᠠ ᠠᠪᠤᠷᠠᠵᠤ᠂ ᠦᠢᠯᠡᠳᠪᠦᠷᠢᠯᠡᠯ ᠠᠮᠢᠳᠤᠷᠠᠯ ᠢ ᠰᠡᠷᠭᠦᠭᠡᠬᠦ ᠠᠵᠢᠯ ᠢ | ᠲᠦᠷᠭᠡᠪᠴᠢᠯᠡᠨ ᠵᠣᠬᠢᠶᠠᠨ ᠪᠠᠶᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠪᠠᠴᠢᠮ | ᠬᠥᠳᠡᠯᠦᠯᠴᠡᠵᠦ᠂ ᠡᠪᠳᠡᠭᠳᠡᠭᠰᠡᠨ ᠲᠥᠬᠦᠭᠡᠷᠦᠮᠵᠢ ᠶᠢ ᠲᠦᠷᠭᠡᠬᠡᠨ ᠰᠡᠯᠪᠢᠨ ᠵᠠᠰᠠᠵᠤ᠂ ᠵᠠᠮ ᠬᠠᠷᠢᠯᠴᠠᠭ᠎ᠠ᠂ ᠤᠰᠤ | ᠬᠠᠩᠭᠠᠬᠤ ᠵᠡᠷᠭᠡ ᠪᠠᠲᠤᠯᠠᠭ᠎ᠠ ᠪᠣᠯᠤᠨ ᠬᠠᠩᠭᠠᠯᠭ᠎ᠠ ᠶᠢ ᠱᠠᠯᠠᠪᠳᠠᠨ ᠰᠡᠷᠭᠦᠭᠡᠬᠦ ᠬᠡᠷᠡᠭᠲᠡᠢ᠃ ᠭᠠᠮᠰᠢᠭ ᠤᠨ ᠪᠠᠶᠢᠳᠠᠯ ᠢ | ᠬᠢᠨᠠᠨ ᠪᠠᠶᠢᠴᠠᠭᠠᠬᠤ᠂ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ ᠠᠵᠢᠯ ᠢ ᠨᠠᠷᠢᠨ ᠨᠢᠮᠪᠠᠶ ᠥᠷᠨᠢᠭᠦᠯᠵᠦ᠂ | ᠭᠠᠮᠰᠢᠭᠳᠠᠭᠰᠠᠨ ᠣᠯᠠᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠤᠨ ᠬᠤᠬᠢᠷᠠᠯ ᠢ ᠪᠦᠷᠢᠳᠬᠡᠨ ᠳᠡᠭᠡᠭᠰᠢ ᠮᠡᠳᠡᠭᠦᠯᠬᠦ | ᠠᠵᠢᠯ ᠢ ᠰᠠᠶᠢᠲᠤᠷ ᠬᠢᠬᠦ ᠬᠡᠷᠡᠭᠲᠡᠶ᠃ | ᠱᠢ ᠲᠠᠢ ᠹᠧᠩ ᠪᠠᠰᠠ ᠶᠠᠩ ᠪᠥᠸᠧ ᠶᠢᠨ ᠢᠳᠡᠰᠢᠨ ᠲᠠᠭᠲᠠᠭ᠎ᠠ ᠲᠡᠵᠢᠭᠡᠨ ᠦᠷᠡᠵᠢᠭᠦᠯᠬᠦ ᠲᠤᠰᠬᠠᠢ | ᠬᠤᠷᠰᠢᠶ᠎ᠠ ᠳᠤ ᠬᠦᠷᠴᠦ᠂ ᠲᠤᠬᠠᠢ ᠶᠢᠨ ᠲᠠᠯᠠᠪᠠᠢ ᠳᠤ ᠭᠠᠮᠰᠢᠭᠳᠠᠭᠰᠠᠨ ᠪᠠᠶᠢᠳᠠᠯ ᠢ ᠪᠠᠶᠢᠴᠠᠭᠠᠨ ᠦᠵᠡᠵᠦ᠂ | ᠭᠠᠮᠰᠢᠭᠳᠠᠭᠰᠠᠨ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ | ᠪᠦᠯᠬᠦᠮᠳᠡᠨ ᠨᠢᠭᠡᠳᠴᠦ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠵᠦ᠂ ᠦᠢᠯᠡᠳᠪᠦᠷᠢᠯᠡᠯ ᠠᠮᠢᠳᠤᠷᠠᠯ ᠢᠶᠠᠨ | ᠰᠡᠷᠭᠦᠭᠡᠵᠦ᠂ ᠭᠠᠮᠰᠢᠭ ᠠᠴᠠ ᠪᠣᠯᠤᠭᠰᠠᠨ ᠬᠤᠬᠢᠷᠠᠯ ᠢ ᠪᠦᠬᠦ ᠬᠦᠴᠦᠨ ᠢᠶᠠᠷ ᠢᠶᠠᠨ ᠡᠭᠡᠭᠦᠯᠦᠨ ᠠᠪᠴᠢᠷᠠᠬᠤ ᠬᠡᠷᠡᠭᠲᠡᠢ | ᠭᠡᠵᠦ ᠵᠣᠷᠢᠭᠵᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ | ᠣᠷᠣᠯᠴᠠᠪᠠ᠃ |