ᠠᠯᠪᠠᠨ ᠨᠡᠶᠢᠳᠡᠯᠡᠯ︕ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠤᠲᠠ ᠬᠥᠳᠡᠭᠡ ᠭᠡᠵᠦ ᠢᠯᠭᠠᠬᠤ ᠦᠭᠡᠢ ᠪᠤᠯᠵᠠᠢ
ᠨᠡᠶᠢᠲᠡᠯᠡᠭᠰᠡᠨ ᠴᠠᠭ᠄
2021/8/2
    ᠰᠤᠷᠪᠤᠯᠵᠢᠯᠠᠭᠴᠢ 28 ᠤ ᠡᠳᠦᠷ ᠬᠤᠷᠠᠯᠳᠤᠭᠤᠯᠤᠭᠰᠠᠨ ᠠᠷᠠᠳ ᠤᠨ ᠶᠠᠪᠤᠳᠠᠯ ᠤᠨ ᠶᠠᠮᠤᠨ ᠤ ᠭᠤᠷᠪᠠᠳᠤᠭᠠᠷ ᠤᠯᠠᠷᠢᠯ ᠤᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠠᠷᠠᠳ ᠤᠨ ᠶᠠᠪᠤᠳᠠᠯ ᠤᠨ ᠶᠠᠮᠤᠨ ᠤ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ᠳᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠬᠠᠶ ᠤᠬᠠᠭᠳᠠᠬᠤᠨ ᠢ ᠬᠠᠰᠤᠵᠤ᠂ ᠪᠣᠶ ᠪᠥᠬᠦᠶ ᠲᠣᠭᠲᠠᠭᠠᠯ ᠢ ᠬᠤᠲᠠ ᠬᠥᠳᠡᠭᠡ ᠶᠢ ᠳᠠᠭᠢᠵᠤ ᠢᠯᠭᠠᠬᠤ ᠥᠬᠡᠶ᠂ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ︾ ᠭᠡᠵᠦ ᠨᠢᠭᠡᠳᠦᠯᠲᠡᠶ ᠵᠢᠷᠤᠮᠵᠢᠭᠤᠯᠤᠭᠰᠠᠨ ᠪᠠᠶᠢᠨ᠎ᠠ᠃ ᠠᠷᠠᠳ ᠤᠨ ᠶᠠᠪᠤᠳᠠᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠣᠷᠣᠨ ᠨᠤᠲᠤᠭ ᠢ ᠵᠢᠯᠣᠭᠤᠳᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠤᠲᠠ ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠤᠨ ᠬᠤᠲᠠ ᠬᠥᠳᠡᠭᠡ ᠳᠤ ᠨᠢᠭᠡᠳᠦᠯᠲᠡᠶ ᠬᠦᠭᠵᠢᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号