ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠵᠢᠴᠢ ᠦᠨᠳᠦᠰᠦᠲᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/2
    ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ 7 ᠰᠠᠷ᠎ᠠ ᠶᠢᠨ 27 ᠤ ᠡᠳᠦᠷ᠂ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠵᠢᠴᠢ ᠦᠨᠳᠦᠰᠦᠲᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠪᠠᠶᠠᠨᠨᠠᠭᠤᠷ ᠬᠤᠳᠠ ᠳᠤ ᠬᠤᠷᠠᠯᠳᠤᠵᠠᠢ᠃    ᠬᠤᠷᠠᠯ ᠠᠴᠠ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠣᠯ ᠨᠠᠮ ᠤᠨ ᠬᠢᠯᠢ ᠬᠢᠵᠠᠭᠠᠷ ᠣᠷᠣᠨ ᠤ ᠵᠠᠰᠠᠯᠲᠠ ᠶᠢ ᠴᠢᠩᠭᠠᠳᠬᠠᠬᠤ ᠨᠢᠭᠡ ᠵᠦᠢᠯ ᠤᠨ ︽ᠲᠤᠰᠠᠲᠤ ᠵᠠᠰᠠᠭ ᠤᠨ ᠢᠨᠵᠧᠨᠧᠷᠢᠩ︾᠂ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠤᠨ᠎ᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠪᠣᠯᠤᠨ ᠦᠨᠳᠦᠰᠦᠲᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠢᠯᠢ ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠬᠢᠯᠢ ᠬᠢᠵᠠᠭᠠᠷ ᠣᠷᠣᠨ ᠤ ᠪᠣᠳᠠᠲᠠᠢ ᠪᠠᠶᠢᠳᠠᠯ ᠳᠤ ᠰᠠᠭᠤᠷᠢᠯᠠᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠨᠢᠭᠡ ᠪᠦᠯᠦᠭ ᠲᠦᠷᠦᠯ ᠵᠦᠢᠯ ᠢ ᠬᠡᠷᠡᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠢ ᠠᠬᠢᠭᠤᠯᠵᠤ᠂ ᠬᠢᠯᠢ ᠬᠢᠵᠠᠭᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠠᠳᠬᠤᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠠᠵᠢᠯ᠂ ᠦᠨᠳᠦᠰᠦᠲᠡᠨ ᠤ ᠠᠵᠢᠯ ᠤᠨ ᠬᠢᠨᠠᠨ ᠰᠢᠯᠭᠠᠵᠤ ᠦᠨᠡᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠡᠯᠡᠨ ᠵᠢᠱᠢᠵᠦ ᠦᠨᠡᠮᠰᠢᠬᠦ ᠪᠠ ᠦᠨᠳᠦᠰᠦᠲᠡᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ︽ᠳᠥᠷᠪᠡᠨ ᠵᠦᠶ᠋ᠯ︾ ᠤᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠨᠡᠨᠬᠦ ᠰᠠᠶᠢᠲᠤᠷ ᠬᠠᠮᠠᠭᠠᠯᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号