【 ᠦᠨᠳᠦᠰᠦᠨ ᠱᠠᠲᠤᠨ ᠤ ᠴᠤᠭ ᠵᠢᠪᠬᠤᠭ᠎ᠠ 】 ᠲᠠᠷᠢᠶᠠᠴᠢᠳ ᠤᠨ ᠲᠥᠯᠥᠭᠡ ᠴᠢᠩ ᠰᠡᠳᠬᠢᠯ ᠠᠴᠠ ᠪᠠᠨ ᠵᠢᠳᠬᠦᠨ᠎ᠠ
ᠨᠡᠶᠢᠲᠡᠯᠡᠭᠰᠡᠨ ᠴᠠᠭ᠄
2021/9/10
   ᠤᠯᠠᠭᠠᠨᠬᠠᠳᠠ ᠬᠤᠳᠠ ᠶᠢᠨ ᠨᠢᠩᠴᠧᠩ ᠰᠢᠶᠠᠨ ᠤ ᠪᠠ ᠯᠢ ᠬᠠᠨ ᠪᠠᠯᠭᠠᠰᠤᠨ ᠤ ᠪᠠ ᠯᠢ ᠬᠠᠨ ᠲᠣᠰᠬᠤᠨ ᠳᠤ᠂ ᠨᠠᠨ ᠯᠢ ᡁᠢ ᠭᠡᠳᠡᠭ ᠡᠭᠡᠯ ᠵᠢᠷ ᠤᠨ ᠪᠥᠭᠡᠳ ᠭᠠᠶᠢᠬᠠᠮᠰᠢᠭᠲᠠᠢ ᠬᠥᠮᠦᠨ ᠪᠤᠢ᠂ ᠲᠡᠷᠡ ᠪᠣᠯ ᠪᠠ ᠯᠢ ᠬᠠᠨ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠭᠡᠰᠢᠭᠦᠨ᠂ ᠨᠢᠩᠴᠧᠩ ᠰᠢᠶᠠᠨ ᠤ ᠯᠢ ᡁᠢ ᠵᠢᠮᠢᠰ ᠢᠳᠡᠰᠢᠨ ᠨᠣᠭᠤᠭᠠᠨ ᠤ ᠲᠤᠰᠬᠠᠢ ᠬᠤᠷᠰᠢᠶ᠎ᠠ ᠶᠢᠨ ᠨᠠᠮ ᠤᠨ ᠡᠭᠦᠷ ᠤᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠪᠣᠯᠤᠨ᠎ᠠ᠃ ︽ᠨᠢᠭᠡ ᠰᠠᠷᠠᠪᠴᠢᠨ ᠳᠤ ᠵᠢᠮᠢᠰ ᠨᠣᠭᠤᠭ᠎ᠠ ᠪᠠᠷ ᠨᠢᠭᠡ ᠭᠡᠷ ᠤᠨ ᠬᠥᠮᠦᠰ ᠢ ᠪᠠᠶᠠᠵᠢᠭᠤᠯᠵᠤ᠂ ᠨᠢᠭᠡ ᠰᠠᠭᠤᠷᠢᠨ ᠢᠶᠠᠷ ᠨᠢᠭᠡ ᠬᠡᠰᠡᠭ ᠠᠵᠤ ᠦᠢᠯᠡᠰ ᠢ ᠲᠠᠶᠢᠴᠢᠯᠠᠵᠤ᠂ ᠨᠢᠭᠡ ᠬᠤᠪᠢ ᠠᠵᠤ ᠦᠢᠯᠡᠰ ᠢᠶᠠᠷ ᠨᠢᠭᠡ ᠭᠠᠵᠠᠷ ᠤᠨ ᠬᠥᠮᠦᠰ ᠲᠤ ᠪᠤᠶᠠᠨ ᠦᠢᠯᠡᠳᠦᠨ᠎ᠡ︾᠃ ᠡᠨᠡᠬᠦ ᠡᠷᠡᠰ ᠪᠠᠲᠤ ᠢᠲᠡᠭᠡᠯ ᠵᠣᠷᠢᠭ ᠢ ᠡᠪᠦᠷᠯᠡᠵᠦ᠂ ᠡᠮᠦᠨᠡᠲᠦ ᠶᠢᠨ ᠬᠢᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠢᠨ ᠲᠣᠭᠤᠷᠢᠨ ᠤ ᠠᠷᠠᠳ ᠲᠦᠮᠡᠨ ᠢᠶᠠᠨ ᠳᠠᠭᠠᠭᠤᠯᠤᠨ ᠴᠢᠨᠡᠭᠡᠯᠢᠭᠵᠢᠯ ᠤᠨ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠡᠪ ᠬᠠᠮᠲᠤ ᠨᠠᠮ ᠤᠨ ᠭᠡᠰᠢᠭᠦᠨ ᠤ ᠴᠤᠭ ᠵᠢᠪᠬᠤᠭ᠎ᠠ ᠶᠢ ᠢᠯᠡᠷᠡᠭᠦᠯᠪᠡ᠃    ᠨᠢᠩᠴᠧᠩ ᠰᠢᠶᠠᠨ ᠤ ᠯᠢ ᡁᠢ ᠵᠢᠮᠢᠰ ᠢᠳᠡᠰᠢᠨ ᠨᠣᠭᠤᠭ᠎ᠠ ᠶᠢᠨ ᠲᠤᠰᠬᠠᠢ ᠬᠤᠷᠰᠢᠶ᠎ᠠ ᠶᠢᠨ ᠬᠦᠯᠡᠮᠵᠢ ᠶᠢᠨ ᠰᠠᠭᠤᠷᠢᠨ ᠳᠤ᠂ ᠬᠦᠯᠡᠮᠵᠢ ᠶᠢᠨ ᠳᠣᠲᠣᠷ᠎ᠠ ᠶᠠᠭᠠᠷᠠᠯᠲᠠᠢ ᠪᠠᠶᠢᠳᠠᠯ ᠢᠯᠡᠷᠡᠨ᠎ᠡ᠃ ︽ᠪᠢᠳᠡ 300 ᠭᠠᠷᠤᠶ ᠫᠤᠩ ᠥᠷᠭᠡᠰᠦᠲᠦ ᠬᠡᠮᠬᠡ ᠳᠠᠷᠢᠵᠠᠶ᠂ ᠡᠳᠡᠭᠡᠷ ᠥᠷᠭᠡᠰᠦᠲᠦ ᠬᠡᠮᠬᠡ ᠶᠢ ᠵᠡᠭᠦᠨ ᠭᠤᠷᠪᠠᠨ ᠮᠤᠵᠢ᠂ ᠪᠡᠭᠡᠵᠢᠩ ᠲᠢᠶᠠᠨᠵᠢᠨ ᠲᠠᠩᠱᠠᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠳᠤ ᠪᠣᠷᠣᠯᠠᠭᠤᠯᠬᠤ ᠪᠣᠯᠤᠨ᠎ᠠ᠂ ᠥᠷᠭᠡᠰᠦᠲᠦ ᠬᠡᠮᠬᠡ ᠠᠴᠠ ᠭᠠᠳᠠᠨ᠎ᠠ ᠪᠢᠳᠡ ᠪᠠᠰᠠ ᠲᠥᠪᠡᠳ ᠬᠠᠰᠢ᠂ ᠯᠠᠵᠤᠤ᠂ ᠬᠠᠰᠢ ᠵᠡᠷᠭᠡ ᠶᠢ ᠳᠠᠷᠢᠵᠤ᠂ ᠴᠥᠮ ᠨᠣᠭᠤᠭᠠᠨ ᠢᠳᠡᠭᠡᠨ ᠤ A ᠳᠡᠰ ᠤᠨ ᠪᠦᠲᠦᠭᠡᠭᠳᠡᠬᠦᠨ ᠢᠶᠠᠷ ᠦᠨᠡᠯᠡᠭᠳᠡᠵᠦ ᠪᠠᠶᠢᠨ᠎ᠠ᠂ ᠣᠳᠣᠬᠠᠨ ᠳᠤ ᠬᠤᠷᠰᠢᠶᠠᠨ ᠤ ᠵᠢᠯ ᠪᠦᠷᠢ ᠶᠢᠨ ᠢᠳᠡᠰᠢᠨ ᠨᠣᠭᠤᠭ᠎ᠠ ᠶᠢᠨ ᠭᠠᠷᠤᠯᠲᠠ 9600 ᠲᠣᠨ ᠳᠤ ᠬᠦᠷᠴᠦ᠂ ᠦᠢᠯᠡᠳᠬᠦᠨ ᠤ ᠥᠷᠲᠡᠭ ᠨᠢ 3000 ᠭᠠᠷᠤᠶ ᠲᠦᠮᠡᠨ ᠲᠥᠭᠦᠷᠢᠭ ᠲᠤ ᠬᠦᠷᠴᠦ ᠪᠠᠶᠢᠨ᠎ᠠ︾᠃ ᠭᠡᠵᠦ ᠨᠠᠨ ᠯᠢ ᡁᠢ ᠬᠡᠯᠡᠪᠡ᠃   2000 ᠣᠨ ᠠᠴᠠ ᠡᠬᠢᠯᠡᠨ ᠲᠦᠬᠦᠭᠡᠷᠦᠮᠵᠢᠳᠤ ᠲᠠᠷᠢᠶᠠᠯᠠᠩ ᠢ ᠡᠷᠬᠢᠯᠡᠭᠰᠡᠡ ᠠᠴᠠ ᠤᠳᠤ ᠪᠣᠯᠲᠠᠯ᠎ᠠ 5800 ᠭᠠᠷᠤᠢ ᠮᠦ ᠭᠠᠵᠠᠷ ᠡᠵᠡᠯᠡᠬᠦ ᠬᠤᠷᠰᠢᠶ᠎ᠠ ᠲᠠᠢ ᠪᠤᠯᠵᠤ᠂ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠤᠨ ︽ᠵᠣᠷᠢᠭ ᠰᠢᠭᠤᠳᠬᠤ ᠲᠠᠷᠢᠶᠠᠯᠠᠩ ᠤᠨ ᠲᠠᠯᠠᠪᠠᠢ︾ ᠶᠢ ᠳᠠᠩᠰᠠᠯᠠᠭᠤᠯᠤᠭᠰᠠᠨ ᠪᠥᠭᠡᠳ ᠪᠠᠰᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠳᠤ ᠪᠠᠷᠢᠮᠵᠢᠶᠠᠵᠢᠭᠰᠠᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠢᠶᠠᠷ ᠦᠨᠡᠯᠡᠭᠳᠡᠪᠡ᠂ ᠡᠳᠡᠭᠡᠷ ᠠᠮᠵᠢᠯᠲᠠ ᠪᠦᠲᠦᠮᠵᠢ ᠪᠠ ᠢᠷᠠᠭᠤ ᠠᠯᠳᠠᠷ ᠤᠨ ᠠᠷᠤ ᠳᠤ ᠴᠥᠮ ᠡᠮᠦᠨᠡᠲᠦ ᠶᠢᠨ ᠵᠣᠷᠢᠭ ᠰᠢᠭᠤᠳᠤᠨ ᠰᠢᠷᠭᠠᠭᠤ ᠬᠠᠲᠠᠭᠤᠵᠢᠯᠲᠠᠢ ᠵᠢᠳᠬᠦᠭᠰᠡᠨ ᠪᠠ ᠰᠢᠨᠲᠠᠷᠠᠰᠢ ᠦᠭᠡᠢ ᠪᠠᠷᠢᠮᠲᠠᠯᠠᠭᠰᠠᠨ ᠠᠴᠠ ᠪᠣᠯᠤᠭᠰᠠᠨ ᠶᠤᠮ᠃   1996 ᠣᠨ ᠳᠤ᠂ 18 ᠨᠠᠰᠤᠲᠠᠢ ᠨᠠᠨ ᠯᠢ ᡁᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠡᠳ ᠪᠠ ᠯᠢ ᠬᠠᠨ ᠭᠠᠴᠠᠭᠠᠨ ᠤ ᠭᠠᠴᠠᠭᠠᠨ ᠤ ᠠᠷᠠᠳ ᠤᠨ ᠵᠥᠪᠯᠡᠯ ᠳᠤ ᠰᠣᠩᠭᠤᠭᠳᠠᠨ ᠡᠪᠯᠡᠯ ᠤᠨ ᠡᠭᠦᠷ ᠤᠨ ᠱᠦᠵᠢ᠂ ᠡᠷᠦᠬᠡ ᠶᠢᠨ ᠴᠡᠷᠢᠭ ᠤᠨ ᠰᠤᠮᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠲᠤᠬᠠᠶ ᠶᠢᠨ ᠦᠶ᠎ᠡ ᠳᠤ ᠲᠡᠷᠡ ᠠᠵᠢᠯ ᠤᠨ ᠲᠤᠷᠰᠢᠯᠭ᠎ᠠ ᠥᠴᠦᠬᠡᠨ ᠴᠦ ᠦᠭᠡᠢ᠂ ᠲᠠᠷᠢᠬᠢ ᠲᠣᠯᠣᠭᠠᠶ ᠨᠢ ᠬᠤᠭᠤᠰᠣᠨ ᠪᠠᠶᠢᠭᠰᠠᠨ ᠪᠣᠯᠬᠤᠷ ᠰᠠᠶᠢᠨ ᠠᠵᠢᠯᠯᠠᠪᠠᠯ ᠤᠯᠠᠨ ᠲᠦᠮᠡᠨ ᠤ ᠬᠦᠷᠢᠶᠡᠯᠡᠯ᠂ ᠳᠡᠭᠡᠳᠦ ᠱᠠᠲᠤᠨ ᠤ ᠢᠲᠡᠭᠡᠯ ᠢ ᠣᠯᠵᠤ᠂ ᠰᠠᠶᠢᠨ ᠠᠵᠢᠯᠯᠠᠵᠤ ᠴᠢᠳᠠᠬᠤ ᠦᠭᠡᠢ ᠪᠣᠯ ᠤᠷᠮ᠎ᠠ ᠬᠤᠭᠤᠷᠠᠨ ᠭᠡᠷ ᠲᠡᠭᠡᠨ ᠬᠠᠷᠢᠬᠤ ᠶᠢ ᠯᠠ ᠮᠡᠳᠡᠨ᠎ᠡ᠃ ᠲᠡᠷᠡ ᠠᠬᠠᠰ ᠵᠠᠬᠠᠰ ᠠᠬ᠎ᠠ ᠳᠡᠭᠦᠦ ᠨᠡᠷ ᠤᠨ ᠢᠶᠠᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠵᠠᠪᠠᠯ ᠰᠠᠶᠢᠨ ᠬᠢᠬᠦ ᠪᠠᠷ ᠰᠡᠮᠡᠭᠡᠷ ᠵᠣᠷᠢᠭ ᠰᠢᠭᠤᠳᠴᠠᠶ᠃ ᠤᠨᠤᠯ ᠳᠤᠲᠠᠮᠠᠭ ᠪᠠᠶᠢᠬᠤ ᠳᠤ᠂ ᠲᠡᠷᠡ ᠰᠠᠭᠤᠷᠢ ᠰᠤᠷᠤᠯᠴᠠᠯᠭ᠎ᠠ ᠠᠴᠠ ᠡᠬᠢᠯᠡᠵᠦ᠂ ᠦᠢᠯᠡᠳᠦᠯᠭᠡ ᠪᠠᠷ ᠳᠤᠲᠠᠮᠠᠭ ᠪᠠᠶᠢᠵᠤ᠂ ᠠᠬᠠᠮᠠᠳ ᠭᠠᠴᠠᠭᠠᠨ ᠤ ᠺᠠᠳ᠋ᠷᠴᠤᠳ ᠠᠴᠠ ᠳᠠᠷᠤᠤ ᠬᠢᠴᠢᠶᠡᠩᠭᠦᠢ ᠪᠠᠷ ᠠᠰᠠᠭᠤᠨ ᠯᠠᠪᠯᠠᠵᠤ᠂ ᠰᠠᠶᠢᠨ ᠭᠠᠴᠠᠭᠠᠨ ᠤ ᠺᠠᠳ᠋ᠷ ᠪᠣᠯᠬᠤ ᠶᠢᠨ ᠲᠥᠯᠥᠭᠡ ᠶᠡᠬᠡᠩᠬᠢ ᠠᠮᠠᠷᠠᠯᠲᠠ ᠶᠢᠨ ᠴᠠᠭ ᠢᠶᠠᠨ ᠪᠦᠷ ᠰᠤᠷᠤᠯᠴᠠᠳᠠᠭ᠃  ︽ᠪᠦᠬᠦ ᠭᠠᠴᠠᠭᠠᠨ ᠤ ᠬᠥᠮᠦᠨ ᠪᠦᠷᠢ ᠳᠤ ᠳᠤᠮᠳᠠᠴᠢ ᠪᠠᠷ ᠨᠢᠭᠡ ᠮᠥ ᠲᠠᠷᠢᠶ᠎ᠠ ᠨᠣᠭᠳᠠᠵᠤ᠂ ᠬᠢᠵᠠᠭᠠᠷ ᠲᠠᠢ ᠭᠠᠵᠠᠷ ᠰᠢᠷᠣᠶ ᠨᠢ ᠮᠥᠨ ᠬᠦ ᠭᠠᠴᠠᠭᠠᠨ ᠤ ᠠᠷᠠᠳ ᠤᠨ ᠠᠮᠢ ᠭᠤᠣᠯ ᠪᠣᠯᠤᠭᠰᠠᠭᠠᠷ ᠪᠠᠶᠢᠨ᠎ᠠ᠂ 1999 ᠣᠨ ᠠᠴᠠ 2000 ᠣᠨ ᠪᠣᠯᠲᠠᠯ᠎ᠠ ᠬᠤᠶᠠᠷ ᠵᠢᠯ ᠳᠠᠷᠠᠭᠠᠯᠠᠨ ᠶᠡᠭᠡ ᠭᠠᠩᠳᠠᠭᠰᠠᠨ ᠶᠠᠪᠤᠳᠠᠯ ᠨᠢ ᠭᠠᠴᠠᠭᠠᠨ ᠤ ᠠᠷᠠᠳ ᠤᠨ ᠭᠠᠵᠠᠷ ᠰᠢᠷᠣᠶ ᠶᠢ ᠨᠡᠩ ᠴᠤ ᠳᠠᠷᠢᠵᠤ ᠴᠢᠳᠠᠬᠤ ᠦᠭᠡᠶ ᠪᠣᠯᠭᠠᠵᠤ᠂ ᠠᠵᠤ ᠦᠢᠯᠡᠰ ᠢ ᠬᠥᠭᠵᠢᠭᠦᠯᠵᠦ ᠠᠵᠢᠯ ᠣᠯᠭᠤᠯᠲᠠ ᠶᠢ ᠰᠢᠶ᠋ᠳᠪᠦᠷᠢᠯᠡᠨ ᠣᠷᠣᠯᠭ᠎ᠠ ᠶᠢ ᠨᠡᠮᠡᠭᠳᠡᠭᠦᠯᠬᠦ ᠶᠠᠪᠤᠳᠠᠯ ᠪᠠᠴᠢᠮ ᠱᠠᠭᠠᠷᠳᠠᠭᠳᠠᠵᠤ ᠪᠠᠶᠢᠨ᠎ᠠ︾᠃ ᠡᠮᠦᠨᠡᠲᠦ ᠣᠷᠣᠨ ᠤ ᠬᠢᠨ ᠡᠷᠭᠢᠴᠡᠭᠦᠯᠦᠯ ᠢᠶᠠᠷ ᠵᠣᠷᠢᠭ ᠰᠢᠭᠤᠳᠪᠠ᠃    ᠲᠤᠬᠠᠶ ᠶᠢᠨ ᠦᠶ᠎ᠡ ᠶᠢᠨ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠲᠡᠷᠡ ᠠᠯᠠᠰᠢᠨ ᠦᠬᠡᠷ ᠲᠡᠵᠢᠭᠡᠬᠦ᠂ ᠭᠠᠭ᠋ᠠᠶ ᠲᠡᠵᠢᠭᠡᠬᠦ᠂ ᠬᠤᠨᠢ ᠲᠡᠵᠢᠭᠡᠬᠦ᠂ ᠢᠳᠡᠰᠢᠨ ᠲᠠᠬᠢᠶ᠎ᠠ ᠲᠡᠵᠢᠭᠡᠬᠦ᠂ ᠬᠠᠷ᠎ᠠ ᠠᠷᠢᠬᠢ ᠲᠡᠵᠢᠭᠡᠬᠦ᠂ ᠲᠡᠷᠭᠡ ᠲᠡᠭᠡᠭᠡᠪᠦᠷᠢᠯᠡᠬᠦ ᠶᠢ ᠲᠤᠷᠰᠢᠵᠤ ᠦᠵᠡᠭᠰᠡᠨ ᠪᠣᠯᠪᠠᠴᠤ ᠪᠦᠷ ᠬᠢᠵᠦ ᠳᠡᠶᠢᠯᠦᠭᠰᠡᠨ ᠦᠭᠡᠢ᠃ ᠬᠠᠮᠤᠭ ᠰᠡᠭᠦᠯ ᠳᠤᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠱᠠᠨᠳᠦ᠋ᠩ ᠤᠨ ᠱᠸᠤ ᠭᠤᠸᠠᠩ ᠳᠤ ᠬᠦᠷᠴᠦ ᠬᠦᠯᠡᠮᠵᠢ ᠶᠢᠨ ᠢᠳᠡᠰᠢᠨ ᠨᠣᠭᠤᠭ᠎ᠠ ᠶᠢ ᠰᠤᠷᠤᠯᠴᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠲᠡᠭᠦᠨ ᠢ ᠲᠦᠬᠦᠭᠡᠷᠦᠮᠵᠢᠳᠤ ᠲᠠᠷᠢᠶᠠᠯᠠᠩ ᠢ ᠡᠷᠬᠢᠯᠡᠬᠦ ᠪᠠᠷ ᠵᠣᠷᠢᠭ ᠰᠢᠭᠤᠳᠤᠭᠤᠯᠪᠠ᠃ ᠲᠡᠷᠡ ᠲᠣᠰᠬᠤᠨ ᠳᠠᠭᠠᠨ ᠬᠠᠷᠢᠭᠰᠠᠨ ᠤ ᠲᠠᠷᠠᠭ᠎ᠠ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠠᠭᠤᠯᠠᠨ ᠬᠥᠲᠥᠯ ᠤᠨ 600 ᠲᠥᠭᠦᠷᠢᠭ᠂ ᠲᠡᠭᠰᠢ ᠭᠠᠵᠠᠷ ᠤᠨ 800 ᠲᠥᠭᠦᠷᠢᠭ ᠠᠴᠠ 900 ᠲᠥᠭᠦᠷᠢᠭ ᠤᠨ ᠦᠨ᠎ᠡ ᠪᠠᠷ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠠᠶ᠂ ᠡᠨᠡ ᠨᠢ ᠲᠣᠰᠬᠤᠨ ᠳᠤ ᠯᠤᠲᠤ ᠶᠡᠭᠡ ᠬᠤᠪᠢᠷᠠᠯᠲᠠ ᠭᠠᠷᠭᠠᠵᠠᠶ᠄ ᠨᠢᠭᠡ ᠪᠦᠯᠦᠭ ᠢᠳᠡᠪᠬᠢᠵᠢᠯ ᠲᠠᠢ᠂ ᠬᠥᠳᠡᠯᠮᠦᠷᠢᠯᠡᠬᠦ ᠴᠢᠳᠠᠪᠤᠷᠢ ᠲᠠᠢ ᠲᠣᠰᠬᠤᠨ ᠤ ᠠᠷᠠᠳ ᠡᠵᠡᠩᠨᠡᠯᠲᠡ ᠬᠢᠵᠦ ᠪᠠᠶᠢᠨ᠎ᠠ︔ ᠨᠢᠭᠡ ᠪᠦᠯᠦᠭ ᠭᠠᠴᠠᠭᠠᠨ ᠤ ᠠᠷᠠᠳ ᠦᠨ᠎ᠡ ᠲᠥᠯᠥᠪᠦᠷᠢ ᠲᠠᠢ ᠪᠠᠷ ᠠᠵᠢᠯ ᠬᠢᠵᠦ ᠪᠠᠰᠠ ᠨᠢᠭᠡ ᠪᠦᠯᠦᠭ ᠭᠠᠴᠠᠭᠠᠨ ᠤ ᠠᠷᠠᠳ ᠭᠠᠵᠠᠷ ᠰᠢᠷᠣᠶ ᠠᠴᠠ ᠪᠠᠨ ᠴᠢᠯᠥᠭᠡᠯᠡᠭᠳᠡᠵᠦ ᠠᠳᠠᠯ ᠦᠢᠯᠡᠰ ᠴᠣᠭᠴᠠᠯᠠᠬᠤ ᠪᠤᠶᠤ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠣᠷᠣᠯᠭ᠎ᠠ ᠶᠢᠨ ᠠᠰᠠᠭᠤᠳᠠᠯ ᠪᠠ ᠭᠠᠵᠠᠷ ᠰᠢᠷᠣᠶ ᠶᠢᠨ ᠦᠷᠭᠦᠯᠵᠢᠯᠡᠨ ᠬᠥᠭᠵᠢᠵᠦ ᠴᠢᠳᠠᠬᠤ ᠦᠭᠡᠢ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠶ᠋ᠳᠪᠦᠷᠢᠯᠡᠵᠡᠶ᠃    ︽ᠲᠦᠷᠦᠭᠦᠦ ᠨᠢᠭᠡ ᠵᠢᠯ ᠤᠨ ᠬᠦᠯᠡᠮᠵᠢ ᠶᠢᠨ ᠥᠷᠭᠡᠰᠦᠲᠦ ᠬᠡᠮᠬᠡ ᠶᠢᠨ ᠬᠤᠷᠢᠶᠠᠯᠲᠠ ᠵᠦᠭᠡᠷ ᠪᠠᠶᠢᠵᠠᠢ᠂ ᠡᠬᠢᠨ ᠤ ᠦᠶ᠎ᠡ ᠳᠡᠭᠡᠨ ᠪᠣᠷᠣᠯᠠᠭᠤᠯᠬᠤ ᠵᠠᠮ ᠦᠭᠡᠢ ᠪᠠᠶᠢᠬᠤ ᠳᠤ᠂ ᠪᠢ ᠭᠠᠳᠠᠨ᠎ᠠ ᠣᠷᠣᠨ ᠳᠤ ᠣᠴᠢᠵᠤ ᠬᠤᠳᠠᠯᠳᠤᠭᠠᠴᠢᠨ ᠡᠷᠢᠵᠦ᠂ ᠬᠠᠮᠤᠭ ᠰᠡᠭᠦᠯ ᠳᠤᠨᠢ ᠪᠦᠷ ᠬᠤᠳᠠᠯᠳᠤᠪᠠ᠂ ᠬᠦᠯᠡᠮᠵᠢ ᠪᠦᠷᠢ ᠶᠢᠨ ᠳᠤᠮᠳᠠᠴᠢ ᠣᠷᠣᠯᠭ᠎ᠠ ᠨᠢ 3 ᠲᠦᠮᠡᠨ ᠲᠥᠭᠦᠷᠢᠭ ᠣᠷᠴᠢᠮ ᠬᠦᠷᠴᠦ᠂ ᠲᠤᠬᠠᠢ ᠶᠢᠨ ᠦᠶ᠎ᠡ ᠶᠢᠨ ᠵᠠᠭᠤᠨ ᠮᠦ ᠲᠠᠷᠢᠶ᠎ᠠ ᠲᠠᠷᠢᠭᠰᠠᠨ ᠤ ᠣᠷᠣᠯᠭ᠎ᠠ ᠲᠠᠢ ᠲᠡᠩᠴᠡᠵᠡᠢ︾ ᠭᠡᠵᠦ ᠬᠡᠯᠡᠵᠡᠢ᠃ ᠲᠦᠷᠦᠭᠦᠦ ᠨᠢᠭᠡ ᠵᠢᠯ ᠤᠨ ᠣᠷᠣᠯᠭ᠎ᠠ ᠶᠢᠨ ᠲᠤᠬᠠᠢ ᠶᠠᠷᠢᠬᠤ ᠳᠤ ᠡᠮᠦᠨᠡᠲᠦ ᠶᠢᠨ ᠬᠢᠨ ᠳᠣᠭᠳᠣᠯᠤᠭᠰᠠᠨ ᠰᠡᠳᠬᠢᠯᠭᠡ ᠪᠠᠨ ᠳᠠᠷᠤᠵᠤ ᠶᠠᠳᠠᠨ᠎ᠠ᠃ ᠦᠷ᠎ᠡ ᠠᠰᠢᠭ ᠢ ᠣᠯᠵᠤ ᠬᠠᠷᠠᠭᠰᠠᠨ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠣᠷᠣᠯᠴᠠᠵᠤ᠂ ᠤᠳᠠᠯ ᠦᠭᠡᠢ ᠪᠦᠬᠦ ᠲᠣᠰᠬᠤᠨ ᠤ 80% ᠤᠨ ᠭᠠᠵᠠᠷ ᠰᠢᠷᠣᠢ ᠶᠢ ᠪᠦᠷ ᠲᠡᠭᠦᠨ ᠤ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠪᠠᠷ ᠪᠡᠯᠡᠳᠭᠡᠮᠵᠢᠳᠤ ᠲᠠᠷᠢᠶᠠᠯᠠᠩ ᠢ ᠡᠷᠬᠢᠯᠡᠵᠦ᠂ ᠡᠷᠬᠢᠨ ᠲᠣᠭᠤᠷᠢᠨ ᠤ ᠪᠸᠢ ᠯᠢᠶᠠᠩ ᠲᠣᠰᠬᠤᠨ᠂ ᠳ᠋ᠠ ᠪᠸᠢ ᠭᠸᠤ ᠲᠣᠰᠬᠤᠨ᠂ ᠰᠢᠶᠤᠤ ᠪᠸᠢ ᠭᠸᠤ ᠲᠣᠰᠬᠤᠨ᠂ ᠫᠢᠩ ᠹᠠᠩ ᠲᠣᠰᠬᠤᠨ ᠵᠡᠷᠭᠡ ᠶᠢᠨ ᠭᠠᠵᠠᠷ ᠰᠢᠷᠣᠢ ᠶᠢ ᠴᠤ ᠠᠯᠬᠤᠮ ᠠᠯᠬᠤᠮ ᠢᠶᠠᠷ ᠡᠷᠭᠢᠯᠲᠡ ᠳᠤ ᠣᠷᠣᠭᠤᠯᠵᠤ᠂ ᠴᠡᠴᠡᠭᠯᠡᠨ ᠬᠥᠭᠵᠢᠭᠰᠡᠨ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠦᠷᠢᠯᠳᠦᠭᠦᠯᠵᠡᠢ᠃    ᠲᠡᠭᠦᠨ ᠤ ᠳᠠᠭᠠᠭᠤᠯᠭ᠎ᠠ ᠪᠠᠷ ᠬᠤᠷᠰᠢᠶ᠎ᠠ ᠨᠢ ᠨᠢᠭᠡᠳᠦᠯᠲᠡᠶ ᠪᠦᠳᠦᠭᠡᠨ ᠪᠠᠶᠢᠭᠤᠯᠬᠤ᠂ ᠲᠣᠭᠤᠷᠢᠭ ᠬᠤᠪᠢᠶᠠᠨ ᠲᠠᠷᠢᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠱᠠᠳᠤ ᠬᠤᠪᠢᠶᠠᠨ ᠪᠣᠷᠣᠯᠠᠭᠤᠯᠬᠤ ᠵᠡᠷᠭᠡ ᠠᠵᠢᠯᠯᠠᠭᠠᠨ ᠤ ᠵᠠᠭᠪᠤᠷ ᠢ ᠬᠡᠷᠡᠭᠯᠡᠵᠦ᠂ ᠲᠠᠷᠢᠮᠠᠯ ᠤᠨ ᠡᠷᠤᠭᠡ ᠶᠢᠨ ᠦᠢᠯᠡᠳᠪᠦᠷᠢᠯᠡᠬᠦ ᠠᠴᠠ ᠡᠮᠦᠨᠡᠬᠢ ᠭᠤᠤᠷᠰᠤ ᠶᠢ ᠲᠣᠬᠢᠷᠠᠭᠤᠯᠬᠤ ᠪᠠ ᠲᠦᠷᠦᠯ ᠵᠦᠢᠯ ᠢ ᠰᠣᠩᠭᠤᠬᠤ᠂ ᠦᠢᠯᠡᠳᠪᠦᠷᠢᠯᠡᠯ ᠤᠨ ᠳᠤᠮᠳᠠᠬᠢ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ᠂ ᠦᠢᠯᠡᠳᠪᠦᠷᠢᠯᠡᠯ ᠤᠨ ᠳᠠᠷᠠᠭᠠᠬᠢ ᠦᠢᠯᠡᠳᠬᠦᠨ ᠢ ᠪᠣᠷᠣᠯᠠᠭᠤᠯᠬᠤ ᠵᠡᠷᠭᠡ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠶ᠋ᠳᠪᠦᠷᠢᠯᠡᠵᠦ᠂ ᠲᠠᠷᠢᠮᠠᠯ ᠤᠨ ᠦᠷ᠎ᠡ ᠠᠰᠢᠭ ᠵᠢᠯ ᠳᠠᠷᠠᠭᠠᠯᠠᠨ ᠳᠡᠭᠡᠭᠰᠢᠯᠡᠵᠦ᠂ ᠭᠡᠰᠢᠭᠦᠳ ᠤᠨ ᠡᠩᠨᠡᠭᠡ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ ᠤᠳᠤ ᠨᠢᠭᠡᠨᠲᠡ 316 ᠭᠡᠰᠢᠭᠦᠨ ᠲᠠᠢ ᠪᠣᠯᠵᠠᠶ᠃ ᠨᠠᠨ ᠯᠢ ᡁᠢ ᠪᠣᠯᠤᠨ ᠲᠡᠭᠦᠨ ᠤ ᠤᠳᠤᠷᠢᠳᠤᠭᠰᠠᠨ ᠬᠤᠷᠰᠢᠶ᠎ᠠ ᠨᠢ ᠪᠠᠰᠠ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ᠂ ᠨᠠᠮ ᠤᠨ ᠭᠡᠰᠢᠭᠦᠨ ᠤ ᠵᠢᠱᠢ᠊ ᠡᠶ᠎ᠡ ᠦᠵᠡᠭᠦᠯᠵᠦ ᠬᠦᠳᠦᠯᠦᠨ ᠳᠠᠭᠠᠭᠤᠯᠬᠤ ᠪᠠ ᠤᠯᠠᠮᠵᠢᠯᠠᠵᠤ ᠬᠠᠪᠰᠤᠷᠴᠤ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠨᠠᠮ ᠤᠨ ᠭᠡᠰᠢᠭᠦᠨ ᠪᠣᠯᠤᠨ ᠬᠦᠴᠢᠷᠳᠡᠯᠲᠡᠢ ᠤᠯᠠᠨ ᠲᠦᠮᠡᠨ ᠢ ᠵᠣᠬᠢᠶᠠᠨ ᠪᠠᠶᠢᠭᠤᠯᠤᠨ ︽ᠨᠠᠮ ᠤᠯᠠᠨ ᠲᠦᠮᠡᠨ ᠬᠠᠮᠲᠤᠪᠠᠷ ᠪᠠᠶᠠᠵᠢᠬᠤ ᠬᠤᠯᠪᠣᠭᠠᠲᠤ ᠴᠣᠭᠴᠠ︾ ᠶᠢ ᠪᠦᠷᠢᠯᠳᠦᠭᠦᠯᠵᠦ᠂ ᠦᠵᠡᠯ ᠰᠠᠨᠠᠭᠠᠨ ᠤ ᠲᠠᠯ᠎ᠠ ᠪᠠᠷ ᠬᠠᠪᠰᠤᠷᠴᠤ᠂ ᠮᠡᠷᠭᠡᠵᠢᠯ ᠤᠨ ᠲᠠᠯ᠎ᠠ ᠪᠠᠷ ᠵᠢᠯᠣᠭᠤᠳᠴᠤ᠂ ᠪᠡᠯᠡ ᠮᠥᠩᠭᠦ ᠶᠢᠨ ᠲᠠᠯ᠎ᠠ ᠪᠠᠷ ᠲᠡᠳᠬᠦᠵᠦ᠂ ᠡᠳ᠋ ᠪᠣᠳᠠᠰ ᠤᠨ ᠲᠠᠯ᠎ᠠ ᠪᠠᠷ ᠲᠤᠰᠠᠯᠠᠵᠤ᠂ ᠮᠡᠳᠡᠭᠡ ᠵᠠᠩᠭᠢ ᠶᠢᠨ ᠲᠠᠯ᠎ᠠ ᠪᠠᠷ ᠬᠠᠮᠲᠤᠪᠠᠷ ᠡᠳ᠋ᠯᠡᠵᠦ᠂ ᠨᠠᠮ ᠤᠯᠠᠨ ᠲᠦᠮᠡᠨ ᠤ ᠬᠠᠮᠲᠤᠪᠠᠷ ᠪᠠᠶᠠᠵᠢᠬᠤ ᠶᠢ ᠲᠦᠢᠯ ᠤᠨ ᠶᠡᠭᠡ ᠪᠠᠷ ᠠᠬᠢᠭᠤᠯᠤᠭᠰᠠᠨ ᠪᠠᠶᠢᠨ᠎ᠠ᠃    ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠠᠨ ᠯᠢ ᡁᠢ ᠢᠮᠠᠭᠲᠠ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠤᠷᠰᠢᠶ᠎ᠠ ᠶᠢᠨ ᠨᠠᠮ ᠤᠨ ᠡᠭᠦᠷ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠵᠤ᠂ ᠲᠣᠰᠬᠤᠨ ᠤ ᠠᠷᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠵᠣᠷᠢᠭ ᠰᠢᠭᠤᠳᠴᠠᠢ᠃ ᠲᠡᠷᠡ 650 ᠮᠦ ᠶᠢᠨ ᠶᠠᠳᠠᠭᠤ ᠶᠢ ᠲᠡᠳᠬᠦᠬᠦ ᠬᠦᠷᠢᠶᠡᠯᠡᠩ ᠲᠣᠭᠤᠷᠢᠭ ᠪᠠᠶᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠠᠵᠤ ᠦᠢᠯᠡᠰ ᠢ ᠬᠥᠭᠵᠢᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠤᠨ ᠡᠭᠦᠳᠡᠨ ᠳᠤ ᠠᠵᠢᠯ ᠤᠯᠬᠤ ᠬᠦᠰᠡᠯ ᠢ ᠪᠡᠶᠡᠯᠡᠭᠦᠯᠵᠦ᠂ ᠣᠳᠣᠬᠠᠨ ᠳᠤ 96 ᠡᠷᠦᠬᠡ ᠶᠢᠨ 183 ᠬᠥᠮᠦᠨ ᠠᠰᠢᠭ ᠬᠦᠷᠳᠡᠵᠡᠢ᠃  ︽ᠰᠠᠷ᠎ᠠ ᠪᠦᠷᠢ ᠬᠤᠷᠰᠢᠶᠠᠨ ᠳᠤ ᠬᠥᠯᠥᠰᠥᠨ ᠠᠵᠢᠯ ᠬᠢᠵᠦ 3000 ᠲᠥᠭᠦᠷᠢᠭ ᠤᠨ ᠴᠠᠯᠢᠩ ᠠᠪᠲᠠᠭ ᠪᠥᠭᠡᠳ ᠭᠠᠵᠠᠷ ᠰᠢᠷᠣᠶ ᠶᠢᠨ ᠡᠷᠭᠢᠯᠲᠡ ᠶᠢᠨ ᠵᠣᠭᠤᠰ ᠢ ᠨᠡᠮᠡᠪᠡᠯ᠂ ᠣᠳᠣ ᠶᠢᠨ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ︾᠃ ᠵᠢᠯ ᠲᠤᠷᠰᠢ ᠬᠤᠷᠰᠢᠶᠠᠨ ᠳᠤ ᠬᠥᠯᠥᠰᠥᠨ ᠠᠵᠢᠯ ᠬᠢᠵᠦ ᠪᠠᠶᠢᠭᠰᠠᠨ ᠴᠧᠨ ᠢᠦᠢ ᠰᠢᠨ ᠤᠳᠤ ᠶᠢᠨ ᠠᠮᠢᠳᠤᠷᠠᠯ ᠤᠨ ᠴᠢᠷᠠᠢ ᠳᠤ ᠵᠣᠯ ᠵᠢᠷᠭᠠᠯᠲᠤ ᠢᠨᠢᠶᠡᠮᠰᠦᠭᠯᠡᠯ ᠪᠢᠯᠬᠠᠨ᠎ᠠ᠃ ᠣᠳᠣᠬᠠᠨ ᠳᠤ᠂ 600 ᠰᠢᠬᠠᠮ ᠮᠦ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠪᠡᠯᠡᠳᠬᠡᠵᠦ ᠪᠤᠢ᠂ ᠲᠡᠷᠡ ᠦᠶ᠎ᠡ ᠳᠤ 20 ᠭᠠᠷᠤᠢ ᠡᠷᠦᠬᠡ ᠶᠢᠨ ᠲᠣᠰᠬᠤᠨ ᠤ ᠠᠷᠠᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ ᠪᠣᠯᠤᠨ᠎ᠠ᠃    ᠤᠯᠠᠨ ᠵᠢᠯ ᠤᠨ ᠲᠤᠷᠰᠢ᠂ ᠡᠮᠦᠨᠡᠲᠦ ᠠᠹᠷᠢᠺᠠ ᠶᠢᠨ ᠬᠢᠨ ᠤᠭ ᠰᠠᠨᠠᠭ᠎ᠠ ᠪᠠᠨ ᠪᠠᠲᠤ ᠰᠠᠬᠢᠵᠤ᠂ ᠬᠠᠷᠠᠮ ᠦᠭᠡᠢ ᠵᠣᠷᠢᠭᠤᠯᠵᠤ᠂ ᠤᠯᠤᠰ ᠣᠷᠣᠨ᠂ ᠬᠠᠮᠲᠤ ᠨᠡᠶᠢᠳᠡ᠂ ᠤᠯᠠᠨ ᠲᠦᠮᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠪᠠᠷ ᠵᠣᠷᠢᠭ ᠰᠢᠭᠤᠳᠴᠠᠢ᠃ ᠵᠢᠯ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠲᠠᠪᠤᠨ ᠪᠠᠲᠤᠯᠠᠭᠠᠲᠤ ᠡᠷᠦᠬᠡ᠂ ᠶᠠᠳᠠᠭᠤ ᠬᠦᠴᠢᠷᠳᠡᠯᠲᠡᠢ ᠡᠷᠦᠬᠡ᠂ ᠨᠠᠰᠤᠲᠠᠨ ᠢ ᠠᠰᠠᠷᠠᠬᠤ ᠬᠦᠷᠢᠶᠡᠯᠡᠩ ᠪᠣᠯᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠢ ᠲᠣᠬᠤᠨᠢᠭᠤᠯᠬᠤ ᠪᠠᠷ ᠣᠴᠢᠳᠠᠭ︔ ᠮᠡᠷᠭᠡᠵᠢᠯ ᠤᠨ ᠵᠢᠯᠤᠭᠤᠳᠤᠯᠭ᠎ᠠ ᠶᠢᠨ ᠲᠥᠪ ᠢ ᠪᠠᠶᠢᠭᠤᠯᠵᠤ᠂ ᠥᠪᠡᠷ ᠤᠨ ᠤᠯᠠᠨ ᠵᠢᠯ ᠤᠨ ᠲᠠᠷᠢᠬᠰᠠᠨ ᠲᠤᠷᠰᠢᠯᠭ᠎ᠠ ᠪᠣᠯᠤᠨ ᠣᠯᠤᠯᠲᠠ ᠲᠦᠷᠦᠭᠳᠡᠯ ᠢᠶᠠᠨ ᠲᠤᠬᠠᠢ ᠶᠢᠨ ᠭᠠᠵᠠᠷ ᠤᠨ ᠲᠠᠷᠢᠶᠠᠴᠢᠳ ᠲᠤ ᠬᠠᠷᠠᠮ ᠦᠭᠡᠢ ᠬᠤᠪᠢᠶᠠᠨ ᠡᠳ᠋ᠯᠡᠭᠦᠯᠦᠨ᠎ᠡ︔ ᠠᠶᠤᠯ ᠲᠦᠭᠰᠢᠭᠦᠷᠢ ᠶᠢᠨ ᠡᠮᠦᠨ᠎ᠡ᠂ ᠲᠡᠷᠡ ᠡᠷᠡᠰ ᠰᠢᠭᠤᠷᠬᠠᠢ ᠪᠠᠷ ᠦᠶᠡᠷ ᠲᠠᠢ ᠲᠡᠮᠡᠴᠡᠬᠦ᠂ ᠠᠶᠤᠯ ᠠᠴᠠ ᠠᠪᠤᠷᠠᠬᠤ᠂ ᠭᠠᠯ ᠠᠴᠠ ᠠᠪᠤᠷᠠᠬᠤ ᠨᠢᠭᠡᠳᠦᠭᠡᠷ ᠹᠷᠣᠨᠲ ᠲᠤ ᠣᠯᠠᠨᠲᠠ ᠳᠠᠭᠠᠷᠢᠪᠠ᠃ ᠲᠡᠭᠦᠨ ᠤ ᠡᠶᠢᠮᠦᠷᠬᠦᠦ ᠠᠶᠤᠯ ᠲᠦᠭᠰᠢᠭᠦᠷᠢ ᠠᠴᠠ ᠠᠶᠤᠬᠤ ᠦᠭᠡᠢ᠂ ᠪᠡᠶ᠎ᠡ ᠪᠠᠷ ᠢᠶᠠᠨ ᠦᠯᠢᠭᠡᠷ ᠵᠢᠱᠢᠶ᠎ᠡ ᠦᠵᠡᠭᠦᠯᠵᠦ᠂ ᠵᠣᠷᠢᠭᠲᠠᠶ ᠪᠠᠷ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠨᠢ ᠲᠤᠬᠠᠶ ᠶᠢᠨ ᠭᠠᠵᠠᠷ ᠤᠨ ᠤᠯᠠᠨ ᠲᠦᠮᠡᠨ ᠤ ᠥᠨᠳᠥᠷ ᠦᠨᠡᠯᠡᠯᠲᠡ ᠪᠠ ᠮᠠᠭᠲᠠᠭᠠᠯ ᠢ ᠣᠯᠤᠭᠰᠠᠨ ᠪᠠᠶᠢᠨ᠎ᠠ᠃ ᠲᠡᠷᠡ ᠪᠠᠰᠠ ᠡᠭᠦᠨ ᠠᠴᠠ ᠪᠣᠯᠵᠤ ︽ᠪᠦᠬᠦ ᠤᠯᠤᠰ ᠤᠨ ᠲᠠᠷᠢᠶᠠᠯᠠᠩ ᠤᠨ ᠬᠥᠳᠡᠯᠮᠦᠷᠢ ᠶᠢᠨ ᠵᠢᠱᠢᠶᠡᠴᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠵᠡᠷᠭᠡ ᠢᠷᠠᠭᠤ ᠠᠯᠳᠠᠷ ᠢ ᠬᠦᠷᠳᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号