ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠭᠤᠷᠪᠠᠨ ᠶᠡᠭᠡ︾ ᠪᠠᠶᠢᠯᠳᠤᠬᠤ ᠪᠤᠳᠤᠯᠭ᠎ᠠ ᠶᠢ ᠵᠣᠯᠭᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2021/9/16
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠤᠯᠤᠰ ᠤᠨ ᠶᠡᠭᠡ ᠦᠢᠯᠡᠰ ᠢ ᠴᠣᠭᠴᠠᠯᠠᠨ᠎ᠠ᠃    ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠵᠤ᠂ ᠬᠠᠮᠤᠭ ᠤᠨ ᠥᠷᠭᠡᠨ ᠳᠡᠯᠭᠡᠷ ᠬᠠᠮᠤᠭ ᠤᠨ ᠭᠦᠨ ᠵᠤᠵᠠᠭᠠᠨ ᠰᠠᠭᠤᠷᠢ ᠮᠥᠨ ᠯᠡ ᠬᠥᠳᠡᠭᠡ ᠲᠣᠰᠬᠤᠨ ᠳᠤ ᠪᠠᠶᠢᠬᠤ ᠶᠤᠮ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠤᠳᠤᠪᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠤᠷᠳᠤ ᠬᠤᠭᠤᠴᠠᠭᠠᠲᠤ ᠴᠢᠨᠠᠷ ᠢᠶᠠᠷ ᠨᠡᠩ ᠶᠡᠭᠡ ᠪᠠᠶᠢᠳᠠᠭ᠃    ᠭᠦᠨᠴᠡ ᠶᠢᠨ ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠭᠤᠣᠯᠳᠠᠭᠤ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠠᠰᠠᠭᠤᠳᠠᠯ ᠢ ᠰᠢᠢᠳᠪᠦᠷᠢᠯᠡᠨ᠎ᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠨᠥᠬᠦᠴᠡᠯ ᠪᠣᠯᠤᠨ ᠬᠥᠭᠵᠢᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠰᠠᠶᠢᠵᠢᠷᠠᠭᠤᠯᠤᠨ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃    ᠥᠷᠭᠡᠴᠡ ᠶᠢᠨ ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠬᠦᠴᠢᠷᠳᠡᠯᠲᠡᠢ ᠰᠢᠶᠠᠨ ᠢ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠪᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ᠂ ᠵᠡᠭᠦᠨ ᠳᠤᠮᠳᠠ ᠪᠠᠷᠠᠭᠤᠨ ᠣᠷᠣᠨ ᠢ ᠪᠦᠬᠦ ᠣᠷᠣᠨ ᠪᠦᠰᠡ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠶᠡᠷᠦᠩᠬᠡᠢ ᠬᠠᠷᠠᠯᠲᠠ ᠳᠤ ᠰᠠᠭᠤᠷᠢᠯᠠᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠵᠡᠷᠭᠡ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠥᠷᠭᠡᠨ ᠤᠯᠠᠨ ᠲᠠᠷᠢᠶᠠᠴᠢᠨ ᠲᠦᠮᠡᠨ ᠳᠤ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃    ᠬᠦᠴᠢᠷ ᠤᠨ ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢ ᠭᠤᠣᠯᠳᠠᠭᠤ 2020 ᠣᠨ ᠤ ᠡᠨᠡᠬᠦ ᠵᠠᠩᠭᠢᠯᠠᠭ᠎ᠠ ᠶᠢᠨ ᠴᠡᠭ ᠢ ᠬᠠᠷᠠᠭᠠᠯᠠᠵᠤ᠂ ᠲᠣᠭᠲᠠᠭᠰᠠᠨ ᠬᠠᠷᠠᠯᠲᠠ ᠪᠠᠨ ᠪᠠᠲᠤ ᠡᠵᠡᠮᠳᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ ᠢ ᠬᠢᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠭᠡᠬᠦ 20 ᠦᠰᠦᠭ ᠤᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠬᠤᠳᠠ ᠬᠥᠳᠡᠭᠡ ᠶᠢᠨ ᠵᠥᠷᠢ᠊ ᠡᠶ᠎ᠡ ᠶᠢ ᠬᠦᠴᠦᠯᠡᠨ ᠪᠠᠭᠠᠰᠬᠠᠵᠤ᠂ 3 ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠᠷ ᠬᠥᠳᠡᠭᠡ ᠠᠵᠤ ᠠᠬᠤᠢ ᠬᠥᠳᠡᠭᠡ ᠲᠣᠰᠬᠤᠨ ᠢ ᠣᠳᠣᠬᠢᠴᠢᠯᠠᠯᠲᠠ ᠶᠢᠨ ᠠᠬᠢᠴᠠ ᠳᠤ ᠠᠯᠬᠤᠮ ᠠᠯᠬᠤᠮ ᠢᠶᠠᠷ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠣᠭᠲᠠᠭᠤᠨ ᠢᠶᠠᠷ ᠠᠬᠢᠭᠤᠯᠤᠭᠠᠳ ᠨᠢᠭᠡᠨᠲᠡ ᠲᠦᠷᠪᠡᠨ ᠵᠢᠯ ᠰᠢᠬᠠᠮ ᠪᠣᠯᠵᠠᠢ ᠭᠡᠵᠦ ᠵᠢᠩᠬᠢᠨᠢ ᠪᠠᠷ ᠳᠤᠷᠠᠳᠤᠨ ᠭᠠᠷᠭᠠᠪᠠ᠃    ᠦᠵᠦ ᠲᠥᠯᠥᠪᠯᠡᠭᠡ ᠠᠴᠠ ᠦᠵᠡᠪᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠢᠮ ᠤᠨ ᠪᠣᠷᠣ ᠲᠥᠯᠥᠪ ᠡᠳᠦᠷ ᠢᠷᠡᠬᠦᠶ᠎ᠡ ᠪᠦᠷᠢᠯᠳᠦᠵᠦ ᠪᠠᠶᠢᠨ᠎ᠠ᠄ 2018 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢ᠊ ᠡᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠭᠡᠬᠦ ᠰᠡᠳᠦᠪ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠪᠠᠶᠢᠷᠢᠰᠢᠭᠤᠯᠪᠠ︔ ᠲᠤᠬᠠᠶ ᠶᠢᠨ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 — 2022 ᠣᠨ︶︾ ᠶᠢ ᠳᠠᠷᠤᠮᠠᠯᠯᠠᠨ ᠲᠠᠷᠬᠠᠭᠠᠪᠠ︔ 2019 ᠣᠨ ᠳᠤ ᠲᠥᠪ ᠬᠤᠷᠢᠶ᠎ᠠ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠲᠦᠷᠢᠮ︾ ᠢ 2021 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ ᠭᠡᠵᠦ ᠳᠤᠷᠠᠳᠴᠠᠢ᠃    ᠢᠯᠠᠩᠭᠤᠶ᠎ᠠ ᠡᠨᠡ ᠵᠢᠯ ᠤᠨ 6 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠨᠢ ᠮᠠᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢᠨ ᠬᠤᠭᠤᠰᠣᠨ ᠢ ᠨᠥᠬᠦᠪᠥᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠢᠷᠤᠮᠯᠠᠬᠤ ᠬᠠᠤᠯᠢ ᠲᠠᠢ᠂ ᠬᠠᠤᠯᠢ ᠶᠣᠰᠣᠭᠠᠷ ᠬᠡᠷᠡᠭᠵᠢᠭᠦᠯᠬᠦ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃    ᠪᠣᠳᠠᠲᠠᠢ ᠦᠢᠯᠡᠳᠦᠯᠭᠡ ᠠᠴᠠ ᠦᠵᠡᠪᠡᠯ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲᠧᠮ ᠢ ᠴᠢᠨᠠᠭᠰᠢᠳᠠ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠨ ᠡᠬᠢᠯᠡᠯᠲᠡ ᠲᠠᠢ ᠪᠣᠯᠭᠠᠪᠠ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ︽ᠭᠤᠷᠪᠠᠨ ᠠᠯᠬᠤᠮ ᠢᠶᠠᠷ ᠶᠠᠪᠤᠬᠤ︾ ᠴᠠᠭ ᠤᠨ ᠬᠦᠰᠦᠨᠦᠭᠲᠦ ᠶᠢ ᠦᠨᠳᠦᠰᠦᠯᠡᠪᠡᠯ᠂ 2021 ᠣᠨ ᠠᠴᠠ 2035 ᠣᠨ ᠪᠣᠯᠲᠠᠯ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 20 ᠦᠰᠦᠭ ᠤᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠣᠳᠣᠬᠢᠴᠢᠯᠠᠯᠲᠠ ᠶᠢᠨ ᠠᠬᠢᠴᠠ ᠳᠤᠮᠳᠠ ᠬᠥᠳᠡᠭᠡ ᠠᠵᠤ ᠠᠬᠤᠢ ᠬᠥᠳᠡᠭᠡ ᠲᠣᠰᠬᠤᠨ ᠢ ᠡᠩᠨᠡᠭᠡ ᠠᠴᠠ ᠪᠠᠨ ᠬᠤᠴᠣᠷᠤᠭᠤᠯᠬᠤ ᠦᠭᠡᠢ ᠪᠠᠶᠢᠬᠤ ᠶᠢ ᠪᠠᠲᠤᠯᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠵᠡᠷᠭᠡᠪᠡᠷ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃    ᠠᠵᠢᠯ ᠲᠥᠷᠥᠯ ᠤᠨ ᠳᠣᠲᠣᠭᠠᠳᠤ ᠶᠢᠨ ᠬᠥᠮᠦᠰ ᠤᠨ ᠦᠵᠡᠬᠦ ᠪᠠᠷ᠂ ᠣᠳᠣᠬᠠᠨ ᠤ ᠵᠠᠩᠭᠢᠯᠠᠭ᠎ᠠ ᠪᠣᠯ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠲᠠᠢ ᠪᠦᠲᠦᠮᠵᠢᠲᠡᠶ ᠵᠣᠯᠭᠠᠯᠳᠤᠭᠤᠯᠬᠤ ᠶᠠᠪᠤᠳᠠᠯ ᠪᠣᠯᠤᠨ᠎ᠠ᠃ ︽ᠬᠠᠷᠠᠭ᠎ᠠ︾ ᠰᠣᠨᠢᠨ ᠮᠡᠳᠡᠭᠡᠨ ᠤ ᠭᠠᠷᠠᠭ ᠤᠨ ᠰᠡᠳᠬᠦᠯ ᠤᠨ ᠰᠤᠷᠪᠤᠯᠵᠢᠯᠠᠭᠴᠢ ᠤᠢᠢᠷ᠎ᠠ ᠶᠢᠨ ᠬᠤᠭᠤᠴᠠᠭᠠᠨ ᠳᠤ ᠶᠦᠨᠨᠠᠨ ᠭᠦᠢᠵᠧᠦ ᠭᠤᠸᠠᠩᠰᠢ ᠲᠥᠪᠡᠳ ᠨᠢᠩᠰᠢᠶᠠ ᠶᠢᠨ ᠶᠠᠳᠠᠭᠤ ᠠᠴᠠ ᠠᠩᠭᠢᠵᠢᠷᠠᠭᠤᠯᠬᠤ 10 ᠭᠠᠷᠤᠢ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠦᠨᠳᠦᠰᠦᠨ ᠱᠠᠲᠤᠨ ᠤ ᠺᠠᠳ᠋ᠷᠴᠤᠳ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠠᠲᠤᠯᠠᠪᠤᠷᠢ ᠶᠢᠨ ᠲᠦᠷᠢᠮ᠂ ᠬᠥᠭᠵᠢᠯᠲᠡ ᠶᠢᠨ ᠲᠣᠭᠲᠠᠴᠠ ᠪᠣᠯᠤᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠬᠠᠷᠢᠴᠠᠩᠭᠤᠢ ᠶᠠᠳᠠᠭᠤ ᠬᠦᠴᠢᠷᠳᠡᠯ ᠢ ᠰᠢᠢᠳᠪᠦᠷᠢᠯᠡᠬᠦ ᠳᠤ ᠲᠤᠷᠰᠢᠯᠭ᠎ᠠ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠶᠢᠨ ᠰᠠᠭᠤᠷᠢ ᠲᠠᠯᠪᠢᠬᠤ ᠬᠡᠷᠡᠭᠲᠡᠢ ᠭᠡᠵᠦ ᠰᠠᠨᠠᠭᠤᠯᠵᠠᠢ᠃    ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ    ᠬᠥᠳᠡᠭᠡ ᠲᠣᠰᠬᠤᠨ ᠢ ᠬᠡᠷᠬᠢᠨ ᠬᠥᠭᠵᠢᠭᠦᠯᠦᠨ ᠮᠠᠨᠳᠤᠭᠤᠯᠬᠤ ᠪᠤᠢ︖    ᠰᠤᠷᠪᠤᠯᠵᠢᠯᠠᠭᠴᠢ ᠪᠠᠶᠢᠴᠠᠭᠠᠨ ᠰᠤᠳᠤᠯᠤᠯᠲᠠ ᠬᠢᠬᠦ ᠳᠡᠭᠡᠨ ᠣᠯᠵᠤ ᠮᠡᠳᠡᠭᠰᠡᠨ ᠨᠢ᠂ ᠡᠯ᠎ᠡ ᠭᠠᠵᠠᠷ ᠤᠨ ᠬᠢᠨ ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠯᠡᠵᠦ ᠪᠠᠶᠢᠭ᠎ᠠ ᠪᠣᠯᠬᠤᠷ ᠲᠡᠭᠦᠨ ᠤ ᠬᠢᠵᠠᠭᠠᠷᠲᠤ ᠴᠢᠨᠠᠷ ᠨᠢ ᠡᠬᠢᠯᠡᠨ ᠢᠯᠡᠷᠡᠵᠦ ᠪᠠᠶᠢᠨ᠎ᠠ᠃ ᠬᠡᠰᠡᠭ ᠺᠠᠳ᠋ᠷ ᠤᠨ ᠠᠵᠢᠯᠯᠠᠭ᠎ᠠ ᠨᠢ ᠬᠡᠪᠰᠢᠮᠡᠯ᠂ ᠬᠡᠰᠡᠭ ᠠᠵᠢᠯ ᠤᠨ ᠠᠬᠢᠴᠠ ᠨᠢ ᠤᠳᠠᠭᠠᠨ ᠪᠠᠶᠢᠨ᠎ᠠ᠃    ᠦᠨᠳᠦᠰᠦᠨ ᠱᠠᠲᠤᠨ ᠤ ᠺᠠᠳ᠋ᠷ ᠰᠠᠨᠠᠭᠤᠯᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶ᠋ᠳᠪᠦᠷᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠲᠤᠯᠠᠭ᠎ᠠ ᠶᠢᠨ ᠲᠦᠷᠢᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠠᠨᠳᠤᠯᠭᠠᠲᠤ ᠴᠢᠨᠠᠷ ᠢ ᠴᠢᠩᠭᠠᠳᠬᠠᠨ᠂ ᠦᠨᠳᠦᠰᠦᠨ ᠱᠠᠲᠤᠨ ᠤ ᠠᠵᠢᠯᠯᠠᠭ᠎ᠠ ᠶᠢᠨ ᠠᠶᠢᠵᠠᠮ ᠢ ᠬᠤᠪᠢᠷᠠᠭᠤᠯᠬᠤ ᠥᠬᠡᠶ᠂ ᠦᠷ᠎ᠡ ᠪᠦᠲᠦᠮᠵᠢ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨ    ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠰᠢᠰᠲ᠋ᠧᠮ ᠲᠠᠢ ᠪᠠᠶᠢᠷᠢᠯᠠᠭᠤᠯᠤᠨ᠎ᠠ᠃ ᠣᠳᠣᠬᠠᠨ ᠳᠤ᠂ ᠡᠯ᠎ᠡ ᠭᠠᠵᠠᠷ ᠤᠨ ᠬᠢᠨ ᠦᠨᠳᠦᠰᠦᠨ ᠳᠡᠭᠡᠨ ᠪᠡᠶ᠎ᠡ ᠪᠠᠨ ᠳᠠᠭᠠᠭᠠᠨ ︽ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠡᠶ ᠡᠷᠦᠬᠡ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ︾ ᠠᠵᠢᠯ ᠢ ᠬᠢᠵᠦ᠂ ᠬᠢᠨᠠᠨ ᠬᠡᠮᠵᠢᠭᠳᠡᠬᠦ ᠡᠲᠡᠭᠡᠳ ᠤᠨ ᠣᠷᠣᠯᠭ᠎ᠠ ᠶᠢᠨ ᠪᠠᠷᠢᠮᠵᠢᠶ᠎ᠠ᠂ ᠳᠠᠬᠢᠨ ᠶᠠᠳᠠᠭᠤᠷᠠᠬᠤ ᠲᠦᠭᠰᠢᠭᠦᠷᠢ ᠶᠢᠨ ᠵᠠᠳᠠᠯᠤᠯᠲᠠ ᠵᠡᠷᠭᠡ ᠲᠠᠯ᠎ᠠ ᠪᠠᠷ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ 【 ᠬᠢᠨᠠᠨ ᠰᠢᠯᠭᠠᠬᠤ ᠡᠲᠡᠭᠡᠳ ᠪᠠ ᠬᠦᠷᠢᠶ᠎ᠡ ᠬᠡᠪᠴᠢᠶ᠎ᠡ ᠶᠢ ᠲᠣᠳᠣᠷᠬᠠᠶ ᠪᠣᠯᠭᠠᠵᠤ᠂ ᠥᠷᠭᠡᠨ ᠢᠶᠠᠷ ᠵᠢᠭᠰᠠᠭᠠᠨ ᠪᠠᠶᠢᠴᠠᠭᠠᠵᠤ᠂ ᠨᠠᠷᠢᠯᠢᠭ ᠣᠨᠣᠴᠠᠲᠠᠶ ᠪᠠᠷ ᠬᠢᠨᠠᠨ ᠰᠢᠯᠭᠠᠬᠤ ᠬᠡᠷᠡᠭᠲᠡᠶ᠃ 】 ᠶᠦᠨᠨᠠᠨ ᠤ ᠰᠢᠶᠠᠩ ᠭᠧ ᠯᠢ ᠯᠡ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠢᠦᠶ ᠷᠦᠩ ᠵᠢᠶᠧ᠂ ᠨᠢᠩᠰᠢᠶᠠ ᠶᠢᠨ ᠰᠢ ᠵᠢᠶ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠬᠠᠶ ᠪᠢᠨ ᠰᠠᠨᠠᠭᠤᠯᠬᠤ ᠳᠠᠭᠠᠨ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠠᠵᠢᠯ ᠤᠨ ᠰᠢᠰᠲ᠋ᠧᠮᠵᠢ ᠪᠠ ᠲᠣᠭᠲᠠᠴᠠ ᠶᠢ ᠴᠢᠩᠭ᠎ᠠ ᠵᠢᠷᠤᠮᠯᠠᠨ᠂ ᠤᠷᠢᠳᠴᠢᠯᠠᠨ ᠰᠡᠷᠡᠮᠵᠢᠯᠡᠭᠦᠯᠬᠦ ᠬᠠᠮᠲᠤᠷᠠᠭᠰᠠᠨ ᠬᠤᠷᠠᠯ ᠪᠠ ᠵᠠᠳᠠᠯᠤᠨ ᠰᠤᠳᠤᠯᠵᠤ ᠮᠠᠭᠠᠳᠯᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠤᠷᠢᠳᠴᠢᠯᠠᠨ ᠰᠡᠷᠡᠮᠵᠢᠯᠡᠭᠦᠯᠬᠦ᠂ ᠲᠠᠷᠢᠶᠠᠴᠢᠨ ᠡᠷᠦᠬᠡ ᠭᠤᠶᠤᠴᠢᠯᠠᠨ ᠮᠡᠳᠡᠭᠦᠯᠬᠦ᠂ ᠰᠤᠮᠤ ᠭᠠᠴᠠᠭᠠᠨ ᠤ ᠺᠠᠳ᠋ᠷ ᠢ ᠰᠤᠷᠪᠤᠯᠵᠢᠯᠠᠵᠤ ᠵᠢᠭᠰᠠᠭᠠᠨ ᠪᠠᠶᠢᠴᠠᠭᠠᠬᠤ ᠵᠡᠷᠭᠡ ᠣᠯᠠᠨ‌ᠵᠦ᠋ᠢᠯ ᠤᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠳᠣᠤᠷᠠ ᠠᠴᠠ ᠳᠡᠭᠡᠭᠰᠢ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠬᠤ ᠪᠠ ᠳᠡᠭᠡᠷ᠎ᠡ ᠠᠴᠠ ᠳᠣᠷᠣᠭᠰᠢ ᠠᠵᠢᠯ ᠤᠨ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠪᠠᠶᠢᠩᠭᠤᠵᠢᠭᠰᠠᠨ ᠬᠥᠳᠡᠯᠦᠩᠭᠦᠶ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃    ᠦᠳᠲᠡᠷ ᠲᠦᠷᠭᠡᠨ ᠴᠤᠤᠷᠢᠶᠠᠲᠤᠨ ᠲᠠᠭᠠᠬᠰᠠᠨ ᠠᠪᠤᠷᠠᠨ ᠲᠤᠰᠠᠯᠠᠬᠤ ᠪᠠᠲᠤᠯᠠᠭ᠎ᠠ ᠶᠢᠨ ᠠᠷᠭ᠎ᠠ ᠶᠢ ᠲᠡᠭᠦᠯᠳᠡᠷᠵᠢᠭᠦᠯᠦᠨ᠎ᠡ᠃ ︽ᠪᠢᠳᠡ ᠶᠠᠳᠠᠭᠤ ᠶᠢ ᠲᠡᠳᠬᠦᠬᠦ ᠲᠣᠮᠣ ᠳ᠋ᠠᠶᠢᠲ᠋ᠠ ᠶᠢᠨ ᠲᠠᠪᠴᠠᠩ᠂ ᠸᠧᠶ ᠵᠢᠶᠠᠨ ᠰᠢᠰᠲ᠋ᠧᠮ ᠤᠨ ᠳ᠋ᠠᠶᠢᠲ᠋ᠠ ᠶᠢᠨ ᠲᠠᠪᠴᠠᠩ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠰᠢᠰᠲ᠋ᠧᠮ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠰᠢᠨᠡᠴᠢᠯᠡᠯᠲᠡ ᠶᠢᠨ ᠪᠠᠶᠢᠳᠠᠯ ᠢᠶᠠᠷ ᠳᠡᠮᠵᠢᠨ ᠠᠰᠠᠭᠤᠳᠠᠯ ᠢ ᠢᠯᠡᠷᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠭᠡᠳᠡᠷᠭᠦ ᠰᠢᠬᠠᠮᠳᠠᠭᠤᠯᠵᠤ᠂ ︿ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ﹀ ᠶᠢᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠡᠶᠡᠯᠡᠭᠦᠯᠦᠨ᠎ᠡ᠂ ᠭᠡᠪᠡᠴᠦ ᠠᠪᠤᠷᠠᠨ ᠲᠤᠰᠠᠯᠠᠵᠤ ᠪᠠᠲᠤᠯᠠᠬᠤ ᠠᠷᠭ᠎ᠠ ᠪᠠ ᠲᠦᠷᠢᠮ ᠤᠨ ᠵᠢᠷᠤᠭ ᠲᠥᠯᠥᠪᠯᠡᠭᠡ ᠶᠢ ᠮᠥᠨ ᠬᠦ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ︾ ᠭᠡᠵᠡᠶ᠃ ᠶᠦᠨᠨᠠᠨ ᠤ ᠪᠠᠷᠠᠭᠤᠨ ᠠᠶᠢᠮᠠᠭ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠤᠸᠠᠢ ᠵᠡᠷᠭᠡ ᠬᠥᠮᠦᠰ ᠰᠠᠨᠠᠭᠤᠯᠬᠤ ᠳᠠᠭᠠᠨ᠂ ᠣᠲᠣ ᠶᠢᠨ ᠪᠠᠶᠢᠭ᠎ᠠ ᠠᠪᠤᠷᠠᠨ ᠲᠤᠰᠠᠯᠠᠬᠤ ᠰᠢᠰᠲ᠋ᠧᠮ ᠤᠨ ᠰᠠᠭᠤᠷᠢᠨ ᠳᠡᠭᠡᠷ᠎ᠡ᠂ ᠨᠠᠩ ᠠᠮᠢᠳᠤᠯᠢᠭ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠨᠥᠬᠦᠪᠥᠷᠢᠯᠡᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠴᠢᠩᠭᠠᠳᠬᠠᠵᠤ᠂ ᠦᠨᠡᠨᠬᠦ ᠬᠡᠷᠡᠭᠴᠡᠭᠡ ᠲᠠᠢ ᠣᠯᠠᠨ ᠲᠦᠮᠡᠨ ᠢ ᠰᠢᠭᠤᠳ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠠᠭᠤᠳᠠᠯ ᠢ ᠰᠢᠶ᠋ᠳᠪᠦᠷᠢᠯᠡᠵᠦ ᠪᠣᠯᠤᠨ᠎ᠠ ᠭᠡᠵᠡᠶ᠃    ᠪᠦᠲᠦᠭᠡᠨ ᠪᠠᠶᠢᠭᠤᠯᠤᠯᠲᠠ ᠶᠢᠨ ᠭᠦᠢᠴᠡᠳᠬᠡᠬᠦ ᠲᠤᠭ᠎ᠠ ᠶᠢ ᠨᠠᠷᠢᠯᠢᠬᠵᠢᠭᠤᠯᠤᠨ᠂ ᠲᠦᠷᠦ ᠶᠢᠨ ᠪᠤᠳᠤᠯᠭ᠎ᠠ ᠶᠢ ᠭᠤᠸᠠᠩᠰᠢ ᠶᠢᠨ ᠳ᠋ᠦ᠋ ᠠᠨ ᠤ ᠶᠣᠣ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶᠠᠨ ᠤ ᠳᠡᠳ᠋ ᠳᠠᠷᠤᠭ᠎ᠠ ᠯᠠᠨ ᠪᠢ ᠭᠦ᠋ᠩ ᠤᠨ ᠦᠵᠡᠬᠦ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠤᠳᠠᠯ ᠥᠬᠡᠶ᠂ ᠬᠡᠮᠵᠢᠶᠡᠵᠢᠭᠦᠯᠵᠦ ᠪᠣᠯᠬᠤ ᠭᠦᠶ᠋ᠴᠡᠳᠬᠡᠯ ᠲᠤᠭ᠎ᠠ ᠶᠢ ᠪᠠᠰᠠ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠶ ᠪᠠᠶᠢᠨ᠎ᠠ᠃ ᠲᠣᠭᠤᠷᠢᠤ ᠵᠠᠮ ᠢᠶᠠᠷ ᠶᠠᠪᠤᠬᠤ᠂ ᠳᠠᠪᠬᠤᠷᠳᠠᠭᠤᠯᠤᠨ ᠪᠦᠳᠦᠭᠡᠨ ᠪᠠᠶᠢᠭᠤᠯᠬᠤ ᠠᠴᠠ ᠵᠠᠶᠢᠯᠠᠰᠬᠢᠬᠦ ᠶᠢᠨ ᠲᠥᠯᠥᠭᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠶ᠃ ᠡᠭᠦᠨ ᠤ ᠵᠡᠷᠭᠡᠪᠡᠷ᠂ ᠡᠯ᠎ᠡ ᠮᠤᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢ᠊ ᠡᠶ᠎ᠡ ᠨᠢᠭᠡᠨᠲᠡ ᠫᠠᠶᠢᠰᠠ ᠡᠯᠭᠦᠭᠰᠡᠨ ᠪᠣᠯᠪᠠᠴᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠯᠠᠭ᠎ᠠ ᠮᠥᠴᠢᠷ ᠲᠠᠢ ᠵᠣᠬᠢᠴᠠᠯᠳᠤᠬᠤ ᠬᠤᠭᠤᠴᠠᠭᠠᠨ ᠳᠤ ᠪᠠᠶᠢᠵᠤ᠂ ᠲᠤᠬᠢᠷᠠᠭᠤᠯᠬᠤ ᠲᠣᠭᠲᠠᠴᠠ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠯ᠎ᠠ ᠪᠠᠷ ᠨᠡᠩ ᠰᠠᠶᠢᠲᠤᠷ ᠤᠶᠠᠯᠳᠤᠭᠤᠯᠬᠤ ᠴᠢᠬᠤᠯᠠᠲᠠᠢ ᠪᠠᠶᠢᠵᠤ᠂ ᠬᠠᠮᠵᠢᠯᠴᠠᠨ ᠪᠠᠶᠢᠯᠳᠤᠬᠤ ᠶᠢ ᠴᠢᠨᠠᠭᠰᠢᠳᠠ ᠴᠢᠩᠭᠠᠳᠬᠠᠬᠤ ᠴᠢᠬᠤᠯᠠᠲᠠᠢ ᠪᠠᠶᠢᠨ᠎ᠠ᠃    ᠡᠭᠦᠨ ᠠᠴᠠ ᠭᠠᠳᠠᠨ᠎ᠠ᠂ ᠣᠶᠢᠷ᠎ᠠ ᠶᠢᠨ ᠵᠢᠯ ᠤᠳ ᠲᠤ ᠲᠥᠪ ᠬᠤᠷᠢᠶ᠎ᠠ ᠠᠴᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠦᠨᠳᠦᠰᠦᠨ ᠱᠠᠲᠤᠨ ᠤ ᠺᠠᠳ᠋ᠷᠴᠤᠳ ᠤᠨ ᠳᠠᠷᠤᠭᠠᠰᠤ ᠶᠢ ᠬᠥᠩᠭᠡᠯᠡᠵᠦ ᠬᠦᠯᠢᠶᠡᠰᠦ ᠶᠢ ᠰᠤᠯᠠᠷᠠᠭᠤᠯᠬᠤ ᠳᠤ ᠢᠳᠡᠪᠬᠢᠲᠡᠶ ᠦᠶ᠋ᠯᠡᠳᠦᠯ ᠦᠵᠡᠭᠦᠯᠦᠭᠰᠡᠨ ᠪᠣᠯᠪᠠᠴᠤ ᠪᠠᠶᠢᠯᠳᠤᠬᠤ ᠪᠣᠳᠣᠯᠭ᠎ᠠ ᠶᠢᠨ ᠵᠣᠯᠭᠠᠯᠳᠤᠯ ᠤᠨ ᠶᠠᠪᠤᠴᠠ ᠳᠤ ᠮᠥᠨ ᠯᠡ ᠬᠦᠯᠢᠶᠡᠰᠦᠯᠡᠭᠳᠡᠵᠦ ᠪᠠᠶᠢᠭ᠎ᠠ ᠲᠥᠷᠥᠭᠳᠡᠯ ᠲᠠᠢ ᠪᠠᠶᠢᠵᠤ᠂ ᠬᠡᠰᠡᠭ ᠲᠤᠰᠬᠠᠶ ᠺᠠᠳ᠋ᠷᠴᠤᠳ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠢ ᠵᠠᠰᠠᠭ ᠵᠠᠬᠢᠷᠭᠠᠨ ᠤ ᠨᠠᠷᠢᠨ ᠪᠢᠴᠢᠭᠡᠴᠢ ᠪᠣᠯᠭᠠᠵᠤ᠂ ᠲᠡᠭᠦᠨ ᠤ ᠦᠶ᠋ᠯᠡᠳᠦᠯ ᠢ ᠪᠠᠳᠠᠷᠠᠭᠤᠯᠬᠤ ᠶᠢ ᠬᠢᠵᠠᠭᠠᠷᠯᠠᠵᠠᠶ᠃ ᠦᠨᠳᠦᠰᠦᠨ ᠱᠠᠲᠤᠨ ᠤ ᠬᠡᠰᠡᠭ ᠺᠠᠳ᠋ᠷ ᠰᠠᠨᠠᠭᠤᠯᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠶᠠᠪᠤᠴᠠ ᠳᠠᠬᠢ ᠬᠤᠯᠪᠣᠭᠳᠠᠯ ᠪᠥᠬᠦᠶ ᠬᠥᠮᠦᠰ ᠤᠨ ᠡᠭᠦᠷᠭᠡ ᠴᠢᠳᠠᠪᠤᠷᠢ ᠶᠢᠨ ᠡᠭᠦᠷᠭᠡ ᠶᠢ ᠲᠣᠳᠣᠷᠬᠠᠶ ᠲᠣᠭᠲᠠᠭᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠨ ᠰᠠᠶᠢᠲᠤᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠶ ᠭᠡᠵᠡᠶ᠃     ᠨᠢᠭᠡᠳᠦᠯᠲᠡᠶ ᠲᠥᠯᠥᠪᠯᠡᠨ ᠬᠥᠭᠵᠢᠭᠦᠯᠬᠦ ᠲᠣᠭᠲᠠᠴᠠ    ᠬᠥᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠴᠢᠬᠤᠯᠠ ᠠᠷᠭ᠎ᠠ ᠬᠡᠮᠵᠢ᠊ ᠡᠶ᠎ᠡ ᠪᠣᠯᠬᠤ ᠪᠥᠭᠡᠳ ᠪᠠᠰᠠ ᠴᠤ ᠬᠠᠷᠢᠴᠠᠩᠭᠤᠢ ᠶᠠᠳᠠᠭᠤ ᠬᠦᠴᠢᠷᠳᠡᠯ ᠢ ᠰᠢᠢᠳᠪᠦᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢ᠊ ᠡᠶ᠎ᠡ ᠪᠣᠯᠤᠨ᠎ᠠ᠃ ᠦᠨᠳᠦᠰᠦᠨ ᠱᠠᠲᠤᠨ ᠤ ᠰᠠᠨᠠᠭᠤᠯᠭ᠎ᠠ ᠪᠠᠷ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠴᠢᠳᠠᠪᠤᠷᠢᠲᠠᠨ ᠢ ᠬᠥᠮᠦᠵᠢᠭᠦᠯᠦᠨ᠂ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠠᠵᠤ ᠦᠶ᠋ᠯᠡᠰ ᠤᠨ ᠬᠥᠭᠵᠢᠯ ᠪᠠᠳᠠᠷᠠᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃    ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠤᠯᠠᠨ ᠲᠦᠮᠡᠨ ᠤ ᠠᠵᠢᠯ ᠦᠨᠳᠦᠰᠦᠨ ᠱᠠᠲᠤᠨ ᠤ ᠺᠠᠳ᠋ᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ᠂ ᠲᠡᠳᠡ ᠭᠤᠣᠯ ᠬᠦᠴᠦ ᠪᠠᠨ ᠤᠨᠢᠨ ᠳᠡᠭᠡᠷ᠎ᠡ ᠨᠢ ᠡᠷᠦᠬᠡ ᠳᠤ ᠬᠦᠷᠭᠡᠬᠦ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢ᠊ ᠡᠶ᠎ᠡ ᠳᠡᠭᠡᠷ᠎ᠡ ᠲᠠᠯᠪᠢᠵᠤ᠂ ᠤᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠱᠠᠲᠤᠨ ᠳᠤ ᠣᠷᠣᠵᠤ᠂ ᠰᠢᠶᠠᠨ ᠰᠢᠶᠠᠩ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠪᠠᠷ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠲᠠᠶᠢᠴᠢᠯᠠᠵᠦ ᠪᠣᠯᠤᠨ᠎ᠠ ᠭᠡᠵᠦ ᠢᠯᠡᠳᠬᠡᠪᠡ᠃    ᠲᠥᠪᠡᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠢᠶᠠᠨ ᠤ ᠬᠡᠪᠴᠢᠶᠡᠨ ᠤ ᠠᠵᠤ ᠠᠬᠤᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠳᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠠᠵᠢᠯ ᠣᠯᠭᠤᠯᠲᠠ ᠶᠢ ᠭᠦᠢᠴᠡᠳ ᠠᠬᠢᠭᠤᠯᠬᠤ ᠪᠠᠷ ᠴᠢᠬᠤᠯᠠ ᠠᠭᠤᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠰᠠᠨ ᠡᠷᠤᠭᠡ ᠶᠢᠨ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠲᠤᠭ᠎ᠠ ᠶᠢ ᠨᠡᠮᠡᠭᠳᠡᠭᠦᠯᠵᠦ᠂ ᠴᠠᠯᠢᠩ ᠤᠨ ᠲᠦᠪᠰᠢᠨ ᠢᠶᠠᠷ ᠨᠡᠯᠢᠶᠡᠳ ᠥᠨᠳᠥᠷ ᠰᠠᠯᠠᠭ᠎ᠠ ᠮᠥᠴᠢᠷ ᠤᠨ ᠠᠵᠢᠯ ᠣᠯᠭᠤᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠤᠭᠡ ᠶᠢᠨ ᠠᠵᠢᠯ ᠬᠥᠳᠡᠯᠮᠦᠷᠢ ᠬᠢᠵᠦ ᠪᠠᠶᠢᠭ᠎ᠠ ᠣᠷᠣᠯᠭ᠎ᠠ ᠶᠢᠨ ᠤᠯᠠᠮ ᠨᠢᠭᠡ ᠠᠯᠬᠤᠮ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠰᠠᠨᠠᠭᠤᠯᠵᠠᠢ᠃ ᠭᠦᠢᠵᠧᠦ ᠶᠢᠨ ᠰᠦᠢ ᠶᠠᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢ᠊ ᠡᠶ᠎ᠡ ᠶᠢᠨ ᠳᠡᠳ᠋ ᠳᠠᠷᠤᠭ᠎ᠠ ᠦ᠋ ᠢ ᠵᠡᠷᠭᠡ ᠬᠥᠮᠦᠰ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠪᠣᠭᠤᠷᠰᠤᠭ ᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠡᠷᠬᠢᠨ ᠲᠣᠭᠤᠷᠢᠨ ᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠪᠣᠯᠤᠨ ᠬᠡᠷᠡᠭᠴᠡᠭᠡ ᠶᠢ ᠢᠳᠡᠪᠬᠢᠲᠡᠢ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠳᠤ ᠬᠠᠨᠳᠤᠯᠭᠠᠲᠤ ᠴᠢᠨᠠᠷᠲᠠᠢ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠦ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠬᠥᠳᠡᠯᠮᠦᠷᠢ ᠶᠢᠨ ᠬᠦᠴᠦᠨ ᠤ ᠲᠤᠰ ᠭᠠᠵᠠᠷ ᠤᠨ ᠲᠠᠷᠢᠶᠠᠯᠠᠩ ᠤᠨ ᠪᠤᠰᠤ ᠠᠵᠢᠯ ᠤᠯᠬᠤ ᠲᠣᠬᠢᠶᠠᠯ ᠢ ᠨᠡᠮᠡᠭᠳᠡᠭᠦᠯᠬᠦ ᠬᠡᠷᠡᠭᠲᠡᠢ ᠭᠡᠵᠦ ᠰᠠᠨᠠᠭᠤᠯᠵᠠᠢ᠃    ᠬᠥᠳᠡᠭᠡ ᠲᠣᠰᠬᠤᠨ ᠤ ᠠᠵᠤ ᠦᠢᠯᠡᠰ ᠤᠨ ᠪᠥᠭᠡᠮᠨᠡᠷᠡᠯ ᠤᠨ ᠪᠠᠶᠢᠭᠤᠯᠤᠯᠲᠠ ᠶᠢ ᠰᠤᠷᠪᠤᠯᠵᠢᠯᠠᠭᠴᠢ ᠶᠦᠨᠨᠠᠨ᠂ ᠭᠦᠶ᠋ᠵᠧᠤ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠬᠦ ᠳᠡᠭᠡᠨ ᠣᠯᠵᠤ ᠮᠡᠳᠡᠭᠰᠡᠨ ᠨᠢ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶ᠋ᠳᠪᠦᠷᠢᠯᠡᠬᠦ ᠬᠤᠭᠤᠴᠠᠭᠠᠨ ᠳᠤ ᠪᠥᠲᠥᠭᠡᠨ ᠪᠠᠶᠢᠭᠤᠯᠤᠭᠰᠠᠨ ᠬᠥᠳᠡᠭᠡ ᠲᠣᠰᠬᠤᠨ ᠤ ᠠᠵᠤ ᠦᠶ᠋ᠯᠡᠰ ᠨᠢᠭᠡᠨᠲᠡ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠮᠥᠨ ᠬᠦ ︽ᠪᠠᠭ᠎ᠠ ᠲᠠᠷᠠᠬᠠᠶ ᠪᠠᠭᠤᠷᠠᠶ︾ ᠪᠠᠶᠢᠳᠠᠯ ᠣᠷᠣᠰᠢᠵᠤ᠂ ᠠᠵᠤ ᠦᠶ᠋ᠯᠡᠰ ᠤᠨ ᠲᠥᠪᠯᠡᠷᠡᠯ ᠤᠨ ᠦᠶ᠋ᠯᠡᠳᠦᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃    ︽ᠬᠥᠳᠡᠭᠡ ᠲᠣᠰᠬᠤᠨ ᠤ ᠠᠵᠤ ᠦᠶ᠋ᠯᠡᠰ ᠤᠨ ᠪᠥᠭᠡᠮᠨᠡᠷᠡᠯ ᠤᠨ ᠪᠥᠲᠥᠭᠡᠨ ᠪᠠᠶᠢᠭᠤᠯᠤᠯᠲᠠ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠵᠤ ᠦᠶ᠋ᠯᠡᠰ ᠪᠠ ᠡᠬᠢ ᠪᠠᠶᠠᠯᠢᠭ ᠤᠨ ᠬᠦᠴᠦᠨ ᠵᠦᠶ᠋ᠯ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠯᠠᠩ ᠤᠨ ᠪᠥᠬᠦ ᠠᠵᠤ ᠦᠶ᠋ᠯᠡᠰ ᠤᠨ ᠬᠡᠯᠬᠢᠶᠡᠵᠢᠯ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠬᠡᠷᠡᠭᠲᠡᠶ︾᠃ ᠪᠠᠷᠠᠭᠤᠨ ᠠᠶᠢᠮᠠᠭ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠭᠦᠸᠧ ᠶᠦᠨ᠂ ᠭᠦᠢᠵᠧᠦ ᠶᠢᠨ ᠵᠢᠶᠠᠵᠢᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠾᠧ ᡁᠢ ᠰᠥᠩ ᠵᠡᠷᠭᠡ ᠬᠥᠮᠦᠰ ᠤᠨ ᠰᠠᠨᠠᠭᠤᠯᠭ᠎ᠠ ᠪᠠᠷ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠢᠭᠡ ᠰᠢᠶᠠᠨ ᠨᠢᠭᠡ ᠠᠵᠤ ᠦᠢᠯᠡᠰ᠂ ᠨᠢᠭᠡ ᠲᠣᠰᠬᠤᠨ ᠨᠢᠭᠡ ᠪᠦᠲᠦᠭᠡᠭᠳᠡᠬᠦᠨ ᠢ ᠬᠦᠴᠦᠷᠬᠡᠭᠵᠢᠭᠦᠯᠬᠦ ᠳᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ︽ᠨᠠᠮ ᠤᠨ ᠡᠭᠦᠷ +︾ ᠶᠢᠨ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠳᠡᠯᠭᠡᠷᠡᠭᠦᠯᠵᠦ᠂ ᠪᠣᠷᠣᠯᠠᠭᠤᠯᠭ᠎ᠠ ᠶᠢᠨ ᠭᠤᠣᠯ ᠬᠦᠴᠦᠨ ᠢ ᠪᠤᠵᠠᠭᠠᠶᠢᠷᠠᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠬᠡᠷᠡᠭᠲᠡᠢ᠃    2020 ᠣᠨ ᠠᠴᠠ ᠨᠠᠰᠢ᠂ ᠪᠠᠷᠠᠭᠤᠨ ᠠᠶᠢᠮᠠᠭ ᠰᠢᠶᠠᠨ ᠤ ᠬᠢᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠠᠷᠠᠭᠤᠨ ᠠᠶᠢᠮᠠᠭ ᠤᠨ ᠤᠷᠠᠨ ᠳᠠᠷᠬᠠᠨ︾ ᠢ ᠪᠤᠶᠢᠵᠢᠭᠤᠯᠬᠤ ᠲᠥᠯᠥᠪᠯᠡᠭᠡ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ︽ᠬᠥᠮᠦᠨ ᠢ ᠰᠣᠩᠭᠤᠵᠤ ᠬᠥᠮᠦᠨ ᠢ ᠬᠥᠮᠦᠵᠢᠭᠦᠯᠬᠦ᠂ ᠬᠥᠮᠦᠨ ᠢ ᠳᠠᠭᠠᠭᠤᠯᠬᠤ᠂ ᠬᠥᠮᠦᠨ ᠢ ᠬᠠᠮᠢᠶᠠᠷᠬᠤ᠂ ᠬᠥᠮᠦᠨ ᠢ ᠬᠡᠷᠡᠭᠯᠡᠬᠦ︾ ᠲᠠᠪᠤ ᠶᠢ ᠨᠢᠭᠡ ᠴᠤᠭᠴᠠᠵᠢᠭᠤᠯᠬᠤ ᠵᠠᠭᠪᠤᠷ ᠶᠣᠰᠣᠭᠠᠷ᠂ ᠨᠢᠳᠤᠨᠤᠨ ᠵᠢᠯ 2020 ︽ᠪᠠᠷᠠᠭᠤᠨ ᠠᠶᠢᠮᠠᠭ ᠤᠨ ᠤᠷᠠᠨ ᠳᠠᠷᠬᠠᠨ︾ ᠢ ᠪᠤᠶᠢᠵᠢᠭᠤᠯᠤᠨ ᠳᠠᠭᠤᠰᠬᠠᠵᠤ᠂ ᠲᠣᠰᠬᠤᠨ ᠤ ᠠᠷᠠᠳ ᠤᠨ ᠳᠤᠭᠤᠶᠢᠯᠠᠩ ᠪᠦᠷᠢ ᠳᠤ ᠳᠤᠮᠳᠠᠴᠢ ᠪᠠᠷ 5 ᠠᠴᠠ 6 ᠬᠥᠮᠦᠨ ᠨᠣᠭᠳᠠᠵᠤ ᠂ ᠬᠥᠮᠦᠨ ᠪᠦᠷᠢ 5 ᠠᠴᠠ ᠳᠡᠭᠡᠭᠰᠢᠬᠢ ᠲᠠᠷᠢᠶᠠᠴᠢᠨ ᠡᠷᠦᠬᠡ ᠶᠢ ᠳᠠᠶᠢᠴᠢᠯᠠᠬᠤ ᠪᠠᠷ ᠪᠤᠳᠤᠵᠤ᠂ ᠪᠣᠶ ᠪᠥᠬᠦᠶ ᠲᠠᠷᠢᠶᠠᠴᠢᠨ ᠡᠷᠦᠬᠡ ᠶᠢᠨ ᠴᠢᠳᠠᠪᠤᠷᠢ ᠬᠡᠪ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠣᠯᠠᠨ ᠲᠦᠮᠡᠨ ᠤ ᠦᠵᠡᠯ ᠰᠠᠨᠠᠭᠠᠨ ᠤ ᠶᠠᠳᠠᠭᠤᠷᠠᠯ᠂ ᠣᠶᠤᠨ ᠰᠠᠨᠠᠭᠠᠨ ᠤ ᠶᠠᠳᠠᠭᠤᠷᠠᠯ ᠪᠠ ᠦᠵᠡᠯ ᠤᠬᠠᠮᠰᠠᠷ ᠤᠨ ᠶᠠᠳᠠᠭᠤᠷᠠᠯ ᠤᠨ ᠠᠰᠠᠭᠤᠳᠠᠯ ᠢ ᠪᠦᠲᠦᠮᠵᠢᠲᠡᠶ ᠰᠢᠶ᠋ᠳᠪᠦᠷᠢᠯᠡᠵᠦ᠂ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ᠂ ᠴᠢᠳᠠᠪᠤᠷᠢᠲᠠᠨ᠂ ᠠᠵᠤ ᠦᠶ᠋ᠯᠡᠰ᠂ ᠰᠣᠶᠣᠯ᠂ ᠠᠮᠢ ᠠᠬᠤᠶ ᠶᠢᠨ ᠪᠥᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃    ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠡᠮᠵᠢᠯᠭᠡ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢ᠊ ᠡᠶ᠎ᠡ ᠪᠠᠷ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠭᠦᠸᠧ ᠶᠦᠨ ᠵᠡᠷᠭᠡ ᠬᠥᠮᠦᠰ ᠤᠨ ᠦᠵᠡᠬᠦ ᠪᠠᠷ᠂ ᠶᠡᠭᠡ ᠳᠡᠭᠡᠳᠦ ᠰᠤᠷᠭᠠᠭᠤᠯᠢ ᠬᠡᠰᠡᠭ ᠰᠤᠷᠤᠬᠴᠢ ᠶᠢᠨ ᠢᠷᠡᠯᠳᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠥᠮᠦᠵᠢᠭᠦᠯᠵᠦ᠂ ᠦᠨᠳᠦᠰᠦᠨ ᠱᠠᠳᠤ ᠶᠢ ᠬᠥᠭᠵᠢᠭᠦᠯᠦᠨ ᠮᠠᠨᠳᠤᠭᠤᠯᠬᠤ ᠡᠩᠨᠡᠭᠡ ᠶᠢᠨ ᠪᠦᠲᠦᠴᠡ ᠶᠢ ᠰᠠᠶᠢᠵᠢᠷᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠣᠨᠴᠠᠭᠠᠢ ᠠᠵᠢᠯ ᠤᠨ ᠪᠠᠶᠢᠷᠢ ᠶᠢᠨ ᠪᠠᠭᠰᠢ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠᠭᠰᠢ᠂ ᠶᠡᠷᠦᠩᠬᠡᠢ ᠰᠠᠯᠠᠭᠠᠨ ᠤ ᠡᠮᠴᠢ ᠶᠢᠨ ᠣᠨᠴᠠᠭᠠᠢ ᠠᠵᠢᠯ ᠤᠨ ᠪᠠᠶᠢᠷᠢ ᠪᠣᠯᠤᠨ ᠬᠥᠳᠡᠭᠡ ᠲᠣᠰᠬᠤᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠠᠨᠠᠭᠠᠬᠤ ᠤᠬᠠᠭᠠᠨ ᠤ ᠰᠤᠷᠤᠬᠴᠢ ᠶᠢ ᠰᠦᠢᠳᠬᠡᠯ ᠬᠤᠷᠢᠶᠠᠬᠤ ᠦᠭᠡᠢ ᠪᠠᠷ ᠬᠥᠮᠦᠵᠢᠭᠦᠯᠬᠦ ᠵᠡᠷᠭᠡ ᠲᠠᠯ᠎ᠠ ᠪᠠᠷ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ ᠪᠣᠯᠤᠨ᠎ᠠ᠃ 【 ᠨᠤᠲᠤᠭ ᠲᠠᠭᠠᠨ ᠪᠤᠴᠠᠭᠰᠠᠨ ᠴᠢᠳᠠᠪᠤᠷᠢᠲᠠᠨ ᠪᠠ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠵᠤ ᠪᠣᠯᠤᠨ᠎ᠠ᠃ 】 ᠭᠤᠸᠠᠩᠰᠢ ᠶᠢᠨ ᠳ᠋ᠠᠬᠤᠸᠠ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠦ ᠰᠤᠨ ᠴᠥᠩ᠂ ᠨᠠᠫᠥᠤᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠤᠸᠠᠩ ᠮᠧᠶ ᠬᠦᠶ ᠨᠡᠷ ᠤᠨ ᠦᠵᠡᠬᠦ ᠪᠠᠷ᠂ ᠣᠳᠣᠬᠠᠨ ᠳᠤ ᠨᠤᠲᠤᠭ ᠲᠠᠭᠠᠨ ᠪᠤᠴᠠᠵᠤ ᠦᠶ᠋ᠯᠡᠰ ᠴᠣᠭᠴᠠᠯᠠᠵᠤ ᠪᠠᠶᠢᠭ᠎ᠠ ᠬᠥᠮᠦᠨ ᠴᠥᠭᠡᠨ᠂ ᠦᠶ᠋ᠯᠡᠰ ᠴᠣᠭᠴᠠᠯᠠᠬᠤ ᠬᠡᠪᠴᠢᠶ᠎ᠡ ᠮᠠᠰᠢ ᠪᠠᠭ᠎ᠠ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠲᠤᠰᠬᠠᠶ ᠲᠥᠷᠥ ᠶᠢᠨ ᠪᠣᠳᠣᠯᠭ᠎ᠠ ᠨᠡᠶᠢᠲᠡᠯᠡᠵᠦ᠂ ᠴᠢᠳᠠᠪᠤᠷᠢ ᠲᠠᠢ᠂ ᠬᠠᠶᠢᠷ᠎ᠠ ᠰᠡᠳᠬᠢᠯᠭᠡ ᠲᠠᠢ ᠵᠠᠯᠠᠭᠤᠴᠤᠳ ᠢ ᠬᠥᠳᠡᠭᠡ ᠲᠣᠰᠬᠤᠨ ᠳᠤ ᠦᠨᠳᠦᠰᠦᠯᠡᠭᠦᠯᠵᠦ ᠪᠣᠯᠤᠨ᠎ᠠ᠃    ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠶ᠎ᠠ    ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠭᠤᠯᠭ᠎ᠠ ᠪᠣᠯᠤᠨ᠎ᠠ᠂ ᠮᠥᠨᠴᠦ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠰᠢᠨ᠎ᠡ ᠳᠦᠷᠰᠦ ᠪᠠᠶᠢᠳᠠᠯ ᠢ ᠪᠠᠳᠠᠷᠠᠭᠤᠯᠬᠤ᠂ ᠰᠢᠨ᠎ᠡ ᠡᠷᠴᠢ ᠵᠣᠷᠢᠭ ᠢ ᠬᠥᠪᠴᠢᠯᠡᠬᠦ᠂ ᠦᠨᠳᠦᠰᠦᠨ ᠱᠠᠲᠤᠨ ᠤ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ᠃ ᠦᠨᠳᠦᠰᠦᠨ ᠱᠠᠲᠤᠨ ᠤ ᠺᠠᠳ᠋ᠷᠴᠤᠳ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠱᠠᠲᠤᠨ ᠳᠤ᠂ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠠᠵᠢᠯ ᠢ ᠰᠠᠶᠢᠲᠤᠷ ᠬᠢᠵᠦ᠂ ᠤᠯᠠᠨ ᠢ ᠪᠣᠯᠪᠠᠰᠤᠨ ᠪᠠ ᠤᠳᠤ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠬᠤ ᠬᠡᠷᠡᠭᠲᠡᠢ ᠭᠡᠵᠦ ᠰᠠᠨᠠᠭᠤᠯᠵᠠᠢ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ᠂ ᠡᠯ᠎ᠡ ᠭᠠᠵᠠᠷ ᠤᠨ ᠬᠢᠨ ︽ᠥᠪᠡᠷ ᠢ ᠪᠠᠨ ᠬᠦᠴᠦᠷᠬᠡᠭᠵᠢᠭᠦᠯᠬᠦ᠂ ᠦᠨᠡᠨᠴᠢ ᠢᠲᠡᠭᠡᠮᠵᠢᠲᠡᠢ᠂ ᠠᠴᠢ ᠬᠠᠷᠢᠭᠤᠯᠠᠬᠤ︾ ᠬᠥᠮᠦᠵᠢᠯ ᠲᠠᠢ ᠤᠶᠠᠯᠳᠤᠭᠤᠯᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠮᠠᠨ ᠤ ᠬᠢ ᠶᠢ ᠬᠥᠭᠵᠢᠭᠦᠯᠬᠦ ᠶᠢ ᠮᠠᠨ ᠤ ᠬᠢ ᠶᠢ ᠬᠥᠭᠵᠢᠭᠦᠯᠬᠦ ᠪᠣᠯᠭᠠᠨ ᠬᠤᠪᠢᠷᠠᠭᠤᠯᠵᠤ᠂ ᠮᠠᠰᠢ ᠤᠯᠠᠨ ᠤᠯᠠᠨ ᠲᠦᠮᠡᠨ ᠢ ᠬᠦᠯᠢᠶᠡᠬᠦ ᠳᠤ ᠲᠦᠰᠢᠭᠯᠡᠬᠦ ᠦᠵᠡᠯ ᠰᠠᠨᠠᠭ᠎ᠠ ᠶᠢ ᠬᠤᠪᠢᠷᠠᠭᠤᠯᠵᠠᠢ᠃  ︽ᠵᠣᠷᠢᠭ ᠰᠠᠨᠠᠭ᠎ᠠ ᠶᠢ ᠲᠡᠳᠬᠦᠬᠦ ᠪᠠ ᠣᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠬᠤ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ︾᠃ ᠬᠠᠶ ᠪᠢᠨ᠂ ᠢᠦᠶ ᠷᠦᠩ ᠵᠢᠶᠧ ᠵᠡᠷᠭᠡ ᠬᠥᠮᠦᠰ ᠤᠨ ᠰᠠᠨᠠᠭᠤᠯᠭ᠎ᠠ ᠪᠠᠷ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠶᠤᠨ ᠰᠠᠨᠠᠭᠠᠨ ᠤ ᠠᠮᠢᠳᠤᠷᠠᠯ᠂ ᠦᠵᠡᠯ ᠰᠠᠨᠠᠭ᠎ᠠ ᠣᠶᠢᠯᠠᠭᠠᠭᠳᠠᠬᠤᠨ᠂ ᠬᠥᠮᠦᠨ ᠤ ᠬᠦᠴᠦᠨ ᠤ ᠬᠥᠷᠥᠩᠭᠡ ᠵᠡᠷᠭᠡ ᠲᠠᠯ᠎ᠠ ᠪᠠᠷ ᠬᠢ ᠳᠡᠮᠵᠢᠯᠭᠡ ᠶᠢ ᠴᠢᠬᠤᠯᠠᠴᠢᠯᠠᠨ ᠴᠢᠩᠭᠠᠳᠬᠠᠵᠤ᠂ ᠤᠶᠤᠨ ᠤ ᠰᠣᠶᠣᠯ ᠵᠡᠷᠭᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠤ ᠬᠠᠷᠢᠭᠤᠴᠠᠯᠭᠠᠲᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠵᠠᠬ᠎ᠠ ᠳᠡᠯᠭᠡᠭᠦᠷ ᠤᠨ ᠤᠬᠠᠮᠰᠠᠷ ᠪᠠ ᠢᠲᠡᠭᠡᠮᠵᠢ ᠶᠢᠨ ᠤᠬᠠᠮᠰᠠᠷ ᠢ ᠪᠤᠶᠢᠵᠢᠭᠤᠯᠬᠤ ᠶᠢ ᠴᠢᠩᠭᠠᠳᠬᠠᠵᠤ᠂ ᠲᠡᠳᠡᠨ ᠤ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠤᠬᠠᠮᠰᠠᠷᠲᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶ᠋ᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤᠮᠳᠠ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠪᠣᠯᠭᠠᠨ᠎ᠠ᠃    ᠬᠥᠳᠡᠭᠡ ᠲᠣᠰᠬᠤᠨ ᠤ ᠳᠦᠷᠰᠦ ᠪᠠᠶᠢᠳᠠᠯ ᠢ ᠡᠮᠬᠢ ᠵᠢᠷᠤᠮ ᠲᠠᠢ ᠲᠥᠯᠥᠪᠵᠢᠭᠦᠯᠬᠦ ᠬᠡᠷᠡᠭᠲᠡᠶ᠃ ᠰᠤᠷᠪᠤᠯᠵᠢᠯᠠᠭᠴᠢ ᠬᠡᠰᠡᠭ ᠭᠠᠵᠠᠷ ᠣᠷᠣᠨ ᠳᠤ ᠰᠤᠷᠪᠤᠯᠵᠢᠯᠠᠭ᠎ᠠ ᠬᠢᠬᠦ ᠳᠡᠭᠡᠨ ᠣᠯᠵᠤ ᠮᠡᠳᠡᠭᠰᠡᠨ ᠨᠢ᠂ ᠬᠡᠰᠡᠭ ᠬᠥᠳᠡᠭᠡ ᠲᠣᠰᠬᠤᠨ ᠳᠤ ᠰᠢᠨ᠎ᠡ ᠬᠡᠷ ᠪᠠᠶᠢᠰᠢᠩ ᠲᠠᠢ ᠪᠠᠶᠢᠭᠠᠳ ᠰᠢᠨ᠎ᠡ ᠲᠣᠰᠬᠤᠨ ᠥᠬᠡᠶ᠂ ᠰᠢᠨ᠎ᠡ ᠲᠣᠰᠬᠤᠨ ᠲᠠᠢ ᠪᠠᠶᠢᠭᠠᠳ ᠰᠢᠨ᠎ᠡ ᠳᠦᠷᠰᠦ ᠪᠠᠶᠢᠳᠠᠯ ᠥᠬᠡᠶ᠂ ᠠᠶᠢᠯ ᠲᠣᠰᠬᠤᠨ ᠤ ᠪᠠᠶᠢᠷᠢᠰᠢᠯ ᠡᠷᠦᠶ ᠬᠤᠷᠤᠶ ᠥᠬᠡᠶ᠂ ᠵᠠᠷᠢᠮ ᠬᠡᠷ ᠪᠠᠶᠢᠰᠢᠩ ᠢ ᠡᠮᠬᠢ ᠵᠢᠷᠤᠮ ᠥᠬᠡᠶ ᠪᠠᠷ ᠪᠠᠷᠢᠵᠤ᠂ ᠬᠥᠳᠡᠭᠡ ᠲᠣᠰᠬᠤᠨ ᠤ ᠪᠦᠬᠦ᠋ᠢᠯᠡ ᠳᠦᠷᠰᠦ ᠪᠠᠶᠢᠳᠠᠯ ᠢ ᠡᠪᠳᠡᠵᠦ ᠪᠠᠶᠢᠨ᠎ᠠ᠃ ᠭᠤᠸᠠᠩᠰᠢ ᠶᠢᠨ ᠯᠦᠩ ᠯᠢᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠥᠪ ᠤᠨ ᠡᠷᠬᠢᠯᠡᠭᠴᠢ ᠬᠤᠸᠠᠩ ᠮᠢᠩ ᠸᠧᠢ ᠨᠡᠷ ᠤᠨ ᠦᠵᠡᠬᠦ ᠪᠠᠷ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠪᠡᠶᠡᠯᠡᠭᠦᠯᠬᠦ ᠳᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠤᠨ ᠪᠠᠶᠢᠭᠤᠯᠤᠯᠲᠠ ᠶᠢᠨ ᠲᠠᠯ᠎ᠠ ᠪᠠᠷ ᠰᠤᠯᠠᠷᠠᠭᠤᠯᠵᠤ ᠪᠣᠯᠬᠤ ᠦᠭᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠴᠠᠭ ᠦᠶ᠎ᠡ ᠶᠢᠨ ᠪᠠᠶᠢᠳᠠᠯ ᠳᠤᠨᠢ ᠲᠣᠬᠢᠷᠠᠭᠤᠯᠵᠤ᠂ ᠬᠤᠲᠠ ᠪᠠᠯᠭᠠᠰᠤ ᠶᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠶ᠃ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠤᠨᠴᠠᠯᠢᠬᠳᠤ ᠳᠦᠷᠰᠦ ᠪᠠᠶᠢᠳᠠᠯ ᠢ ᠬᠠᠮᠠᠭᠠᠯᠠᠬᠤ ᠶᠢ ᠴᠢᠬᠤᠯᠠᠴᠢᠯᠠᠵᠤ᠂ ᠨᠢᠭᠡ ᠶᠠᠩᠵᠤ ᠪᠠᠷ ᠪᠦᠲᠡᠭᠡᠬᠦ ᠪᠠ ᠨᠢᠭᠡ ᠵᠦᠢᠯ ᠤᠨ ᠥᠩᠭᠡ ᠪᠠᠷ ᠡᠴᠦᠰ ᠲᠤᠨᠢ ᠲᠤᠯᠲᠠᠯ᠎ᠠ ᠪᠤᠳᠤᠬᠤ ᠠᠴᠠ ᠵᠠᠶᠢᠯᠠᠰᠬᠢᠬᠦ ᠬᠡᠷᠡᠭᠲᠡᠢ᠃    ᠣᠳᠣᠬᠢᠴᠢᠯᠠᠭᠰᠠᠨ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠦᠨᠨᠠᠨ ᠵᠡᠷᠭᠡ ᠭᠠᠵᠠᠷ ᠤᠨ ᠦᠨᠳᠦᠰᠦᠨ ᠱᠠᠲᠤᠨ ᠤ ᠺᠠᠳ᠋ᠷᠴᠤᠳ ᠤᠨ ᠦᠵᠡᠬᠦ ᠪᠠᠷ᠂ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠶ᠋ᠯᠡᠳᠦᠯ ᠢ ᠪᠠᠳᠠᠷᠠᠭᠤᠯᠬᠤ ᠠᠴᠠ ᠭᠠᠳᠠᠨ᠎ᠠ᠂ ᠵᠣᠬᠢᠬᠤ ᠲᠤᠷᠰᠢᠯᠭ᠎ᠠ ᠲᠠᠢ ᠨᠡᠶᠢᠭᠡᠮ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ᠂ ᠦᠶ᠋ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠭᠢᠳᠬᠡᠯᠳᠦ ᠮᠠᠶ᠋ᠢᠭ ᠤᠨ ᠵᠠᠰᠠᠯᠲᠠ ᠶᠢᠨ ᠵᠠᠭᠪᠤᠷ ᠢ ᠴᠢᠩᠭᠠᠳᠬᠠᠵᠤ᠂ ᠬᠠᠷᠢᠯᠴᠠᠨ ᠠᠬᠢᠭᠤᠯᠵᠤ᠂ ᠬᠠᠷᠢᠯᠴᠠᠨ ᠳᠡᠭᠡᠭᠰᠢᠯᠡᠭᠦᠯᠵᠦ᠂ ᠡᠴᠦᠰ ᠲᠡᠭᠡᠨ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠵᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号