【 ᠨᠢᠭᠡᠳᠦᠭᠡᠷ ᠱᠦᠵᠢ ᠶᠢᠨ ᠴᠤᠭ ᠵᠢᠪᠬᠤᠭ᠎ᠠ 】 ᠭᠦᠸᠧ ᠶᠠᠨ ᠯᠦᠩ᠄ ︽ᠤᠳᠬᠤᠭᠤᠷ ᠲᠡᠷᠭᠡ︾ ᠶᠢᠨ ᠱᠦᠵᠢ ᠣᠯᠠᠨ ᠲᠦᠮᠡᠨ ᠤ ᠰᠡᠳᠬᠢᠯ ᠢ ᠮᠡᠳᠡᠭᠴᠢ
ᠨᠡᠶᠢᠲᠡᠯᠡᠭᠰᠡᠨ ᠴᠠᠭ᠄
2022/1/12
   ︽ᠤᠳᠬᠤᠭᠤᠷ ᠲᠡᠷᠭᠡ︾ ᠶᠢᠨ ᠱᠦᠵᠢ ᠶᠢᠨ ᠲᠤᠬᠠᠶ ᠶᠠᠷᠢᠬᠤ ᠳᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠤᠵᠢᠳᠤ ᠰᠢᠶᠠᠩ ᠤᠨ ᠰᠦᠮ᠎ᠡ ᠶᠢᠨ ᠠᠷᠤ ᠳᠠᠬᠢ ᠵᠠᠰᠠᠭ ᠵᠠᠬᠢᠷᠭᠠᠨ ᠤ ᠲᠣᠰᠬᠤᠨ ᠤ ᠠᠷᠠᠳ ᠮᠡᠳᠡᠬᠦ ᠥᠬᠡᠶ ᠬᠥᠮᠦᠨ ᠥᠬᠡᠶ᠃ ᠡᠨᠡ ᠱᠦᠵᠢ ᠪᠣᠯ ᠳᠠᠷᠤᠢ ᠬᠤᠵᠢᠳᠤ ᠰᠢᠶᠠᠩ ᠤᠨ ᠰᠦᠮ᠎ᠡ ᠶᠢᠨ ᠠᠷᠤ ᠳᠠᠬᠢ ᠲᠣᠰᠬᠤᠨ ᠤ ᠠᠷᠠᠳ ᠤᠨ ᠵᠥᠪᠯᠡᠯ ᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠦᠸᠧ ᠶᠠᠨ ᠯᠦᠩ ᠪᠣᠯᠤᠨ᠎ᠠ ᠂ ᠲᠡᠷᠡ ᠳᠥᠷᠪᠡᠳ ᠬᠤᠰᠢᠭᠤᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠣᠰᠬᠤᠨ ᠳᠤ ᠲᠣᠮᠢᠯᠠᠭᠠᠳ ᠨᠢᠭᠡᠨᠲᠡ ᠭᠤᠷᠪᠠᠨ ᠵᠢᠯ ᠪᠤᠯᠵᠤ᠂ ᠢᠮᠠᠭᠲᠠ ︽ᠵᠠᠭᠤᠨ ᠡᠷᠤᠭᠡ ᠳᠤ ᠬᠦᠷᠴᠦ᠂ ᠵᠠᠭᠤᠨ ᠡᠷᠤᠭᠡ ᠶᠢᠨ ᠪᠠᠶᠢᠳᠠᠯ ᠢ ᠣᠶᠢᠯᠠᠭᠠᠵᠤ᠂ ᠵᠠᠭᠤᠨ ᠡᠷᠤᠭᠡ ᠶᠢᠨ ᠶᠠᠪᠤᠳᠠᠯ ᠢ ᠰᠢᠢᠳᠪᠦᠷᠢᠯᠡᠬᠦ︾ ᠪᠠᠷ ᠠᠵᠢᠯ ᠤᠨ ᠬᠠᠷᠠᠯᠲᠠ ᠪᠠᠨ ᠪᠣᠯᠭᠠᠵᠤ᠂ ᠰᠦᠮ᠎ᠡ ᠶᠢᠨ ᠠᠷᠤ ᠳᠠᠬᠢ ᠲᠣᠰᠬᠤᠨ ᠤ ᠠᠷᠠᠳ ᠢ ᠳᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠵᠠᠢ᠃    2020 ᠣᠨ ᠳᠤ ᠬᠤᠷ᠎ᠠ ᠪᠣᠷᠣᠭᠠᠨ ᠤᠷᠳᠤ᠂ ᠬᠤᠵᠢᠳᠤ ᠰᠢᠶᠠᠩ ᠤᠨ ᠰᠦᠮ᠎ᠡ ᠶᠢᠨ ᠠᠷᠤ ᠳᠠᠬᠢ ᠵᠠᠰᠠᠭ ᠵᠠᠬᠢᠷᠭᠠᠨ ᠤ ᠲᠣᠰᠬᠤᠨ ᠤ ᠬᠡᠳᠦᠨ ᠠᠶᠢᠯ ᠲᠣᠰᠬᠤᠨ ᠤ ᠵᠠᠮ ᠤᠨ ᠭᠠᠳᠠᠷᠭᠤ ᠨᠡᠯᠢᠶᠡᠳ ᠬᠦᠨᠳᠦ ᠨᠣᠴᠢᠲᠠᠢ ᠡᠪᠳᠡᠭᠳᠡᠵᠦ᠂ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠮᠠᠰᠢ ᠶᠡᠭᠡ ᠬᠦᠴᠢᠷᠳᠡᠯ ᠤᠴᠠᠷᠠᠭᠤᠯᠵᠠᠢ᠂ ᠲᠣᠰᠬᠤᠨ ᠤ ᠠᠷᠠᠳ ᠵᠠᠯᠭᠠᠭ᠎ᠠ ᠵᠠᠯᠭᠠᠭ᠎ᠠ ᠪᠠᠷ ᠤᠲᠠᠰᠤ ᠢᠷᠡᠭᠦᠯᠵᠦ ᠠᠳᠠᠯᠢ ᠨᠢᠭᠡᠨ ᠠᠰᠠᠭᠤᠳᠠᠯ ᠢ ᠲᠤᠰᠬᠠᠵᠠᠢ᠂ ︽ᠰᠢᠶᠤᠤ ᠭᠦᠸᠧ ᠱᠦᠵᠢ ᠮᠠᠨ ᠤ ᠲᠣᠰᠬᠤᠨ ᠳᠤ ᠵᠠᠮ ᠵᠠᠰᠠᠵᠤ ᠥᠭᠴᠦ ᠳᠡᠶᠢᠯᠬᠦ ᠡᠰᠡᠬᠦ ᠨᠢ ᠦᠨᠡᠬᠡᠷ ᠶᠠᠪᠤᠬᠤ ᠳᠤ ᠬᠦᠴᠢᠷᠲᠡᠢ︾ ᠭᠡᠵᠦ ᠬᠡᠯᠡᠪᠡ᠃ ︽ᠰᠢᠶᠤᠤ ᠭᠦᠸᠧ ᠱᠦᠵᠢ ᠪᠢᠳᠡᠨ ᠳᠤ ᠦᠶᠡᠷ ᠢ ᠰᠡᠷᠭᠡᠶᠢᠯᠡᠬᠦ ᠬᠠᠰᠢᠯᠭ᠎ᠠ ᠵᠠᠰᠠᠵᠤ ᠥᠭᠴᠦ ᠪᠣᠯᠤᠨ᠎ᠠ ᠤᠣ᠂ ᠪᠣᠷᠣᠭᠠᠨ ᠣᠷᠣᠵᠤ ᠦᠶᠡᠷ ᠤᠨ ᠤᠰᠤ ᠲᠣᠰᠬᠤᠨ ᠳᠤ ᠣᠷᠣᠬᠤ ᠠᠴᠠ ᠪᠣᠯᠭᠤᠮᠵᠢᠯᠠᠵᠤ ᠪᠣᠯᠬᠤ ᠤᠤ︾ ᠭᠡᠵᠦ ᠬᠡᠯᠡᠪᠡ᠃ ᠲᠣᠰᠬᠤᠨ ᠤ ᠠᠷᠠᠳ ᠤᠳ ᠶᠠᠭᠠᠷᠠᠤ ᠰᠠᠨᠳᠤᠷᠤᠤ ᠦᠭᠡ ᠶᠠᠷᠢᠶ᠎ᠠ ᠨᠤᠭᠤᠳ ᠢᠶᠠᠨ ᠶᠠᠷᠢᠵᠤ᠂ ᠤᠯᠠᠨ ᠤ ᠶᠠᠪᠤᠳᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠡᠶᠢᠮᠦ ᠠᠴᠠ ᠲᠡᠷᠡ ᠭᠠᠷ ᠲᠠᠬᠢ ᠠᠵᠢᠯ ᠢᠶᠠᠨ ᠬᠠᠶᠠᠵᠤ᠂ ᠵᠣᠬᠢᠴᠠᠭᠤᠯᠭ᠎ᠠ ᠪᠠ ᠪᠠᠶᠢᠭᠤᠯᠭ᠎ᠠ ︵ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ︶ ᠪᠠᠷ ᠲᠠᠮᠵᠢᠨ ᠨᠢᠭᠡ ᠤᠳᠬᠤᠭᠤᠷ ᠲᠡᠷᠭᠡ ᠵᠢᠭᠡᠯᠡᠨ ᠠᠪᠴᠢᠷᠠᠵᠤ᠂ ᠥᠪᠡᠷ ᠤᠨ ᠪᠡᠶ᠎ᠡ ᠪᠠᠷ ᠢᠶᠠᠨ ᠵᠢᠯᠣᠭᠤᠳᠴᠤ ᠪᠠᠶᠢᠭᠠᠳ ᠲᠣᠰᠬᠤᠨ ᠤ ᠠᠷᠠᠳ ᠲᠤ ᠬᠠᠰᠢᠯᠭ᠎ᠠ ᠳᠠᠯᠠᠩ ᠪᠠᠷᠢᠵᠤ ᠥᠭᠭᠦᠨ ᠵᠠᠮ ᠲᠡᠭᠰᠢᠯᠡᠵᠦ᠂ ᠠᠷᠠᠳ ᠤᠯᠠᠨ ᠤ ᠭᠠᠳᠠᠭᠰᠢ ᠭᠠᠷᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠶᠡᠷ ᠤᠨ ᠤᠰᠤᠨ ᠤ ᠲᠣᠰᠬᠤᠨ ᠳᠤ ᠣᠷᠣᠬᠤ ᠠᠶᠤᠯ ᠢ ᠰᠢᠢᠳᠪᠦᠷᠢᠯᠡᠵᠡᠢ᠃ ᠲᠣᠰᠬᠤᠨ ᠤ ᠠᠷᠠᠳ ᠤᠨ ᠶᠠᠪᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠦᠶᠡᠷ ᠤᠨ ᠤᠰᠤᠨ ᠤ ᠲᠣᠰᠬᠤᠨ ᠳᠤ ᠣᠷᠣᠬᠤ ᠠᠶᠤᠯ ᠢ ᠰᠢᠢᠳᠪᠦᠷᠢᠯᠡᠨ ᠥᠭᠴᠡᠶ᠃ ᠡᠷᠬᠢᠨ ᠲᠣᠭᠤᠷᠢᠨ ᠤ ᠠᠷᠠᠳ ᠤᠳ ᠲᠡᠭᠦᠨ ᠢ ᠳᠤᠷᠠᠳᠬᠤ ᠪᠣᠯᠭᠠᠨ ᠪᠦᠷ ᠥᠪᠡᠷ ᠤᠨ ᠡᠷᠬᠡ ᠦᠭᠡᠢ ᠡᠷᠡᠬᠡᠶ ᠬᠤᠷᠤᠭᠤ ᠪᠠᠨ ᠭᠤᠵᠦ᠋ᠢᠯᠭᠠᠨ ᠮᠠᠭᠲᠠᠵᠤ᠂ ᠳᠣᠲᠣᠨᠣᠰᠤᠭ ᠢᠶᠠᠷ ᠲᠡᠭᠦᠨ ᠢ ︽ᠤᠳᠬᠤᠭᠤᠷ ᠲᠡᠷᠭᠡ︾ ᠶᠢᠨ ᠱᠦᠵᠢ ᠭᠡᠵᠦ ᠳᠠᠭᠤᠳᠠᠳᠠᠭ᠃    ᠰᠦᠮ᠎ᠡ ᠶᠢᠨ ᠠᠷᠤ ᠳᠠᠬᠢ ᠵᠠᠰᠠᠭ ᠵᠠᠬᠢᠷᠭᠠᠨ ᠤ ᠲᠣᠰᠬᠤᠨ ᠨᠢ ᠳᠥᠷᠪᠡᠳ ᠬᠤᠰᠢᠭᠤᠨ ᠠᠴᠠ ᠵᠡᠭᠦᠨᠰᠢ ᠪᠠᠨ 20 ᠺᠢᠯᠤᠮᠧᠲᠷ ᠵᠠᠶᠢᠲᠠᠢ ᠭᠠᠵᠠᠷ ᠲᠤ ᠪᠠᠶᠢᠷᠢᠯᠠᠵᠤ᠂ ᠬᠤᠵᠢᠳᠤ ᠰᠢᠶᠠᠩ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠬᠤ ᠪᠥᠭᠡᠳ ᠪᠠᠰᠠ ᠨᠡᠶᠢᠲᠡᠯᠢᠭ ᠴᠢᠨᠠᠷᠲᠠᠢ ᠲᠠᠷᠢᠶᠠᠯᠠᠩ ᠮᠠᠯ ᠠᠵᠤ ᠠᠬᠤᠢ ᠶᠢᠨ ᠬᠤᠯᠢᠮᠠᠭ ᠲᠣᠰᠬᠤᠨ ᠪᠣᠯᠤᠨ᠎ᠠ᠃ ᠰᠦᠮ᠎ᠡ ᠶᠢᠨ ᠠᠷᠤ ᠳᠠᠬᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠤᠳᠤ 6 ᠬᠥᠮᠦᠨ ᠪᠤᠢ᠂ ᠲᠤᠰ ᠪᠦᠷᠢ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠲᠡᠰ ᠤᠨ ᠪᠠᠶᠢᠭᠤᠯᠤᠯᠭ᠎ᠠ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠪᠣᠯᠤᠨ ᠪᠠᠶᠢᠭ᠎ᠠ ᠰᠢᠶᠠᠩ ᠪᠠᠯᠭᠠᠰᠤ ᠠᠴᠠ ᠢᠷᠡᠵᠤ᠂ ᠠᠵᠢᠯᠯᠠᠬᠤ ᠠᠩᠬᠢ ᠶᠢᠨ ᠳᠤᠮᠳᠠᠴᠢ ᠨᠠᠰᠤ ᠨᠢ 40 ᠪᠠᠶᠢᠵᠤ᠂ ᠨᠢᠭᠡᠳᠦᠭᠡᠷ ᠱᠦᠵᠢ ᠭᠦᠸᠧ ᠶᠠᠨ ᠯᠦᠩ 32 ᠨᠠᠰᠤᠲᠠᠢ ᠪᠠᠶᠢᠯ᠎ᠠ᠃ ᠲᠡᠳᠡ ᠵᠢᠷᠭᠤᠭᠤᠯᠠ ᠪᠠᠨ ᠰᠦᠮ᠎ᠡ ᠶᠢᠨ ᠠᠷᠤ ᠳᠠᠬᠢ ᠨᠤᠲᠤᠭ ᠤᠨ ᠠᠶᠠᠯᠭᠤ᠂ ᠵᠠᠩ ᠠᠭᠠᠯᠢ ᠶᠢ ᠰᠠᠶᠢᠨ ᠮᠡᠳᠡᠳᠡᠭ᠂ ᠡᠨᠡ ᠨᠢ ᠤᠯᠠᠨ ᠲᠦᠮᠡᠨ ᠤ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ︽ᠤᠳᠬᠤᠭᠤᠷ ᠲᠡᠷᠭᠡ︾ ᠶᠢᠨ ᠱᠦᠵᠢ ᠭᠦᠸᠧ ᠶᠠᠨ ᠯᠦᠩ ᠪᠦᠯᠬᠦᠮ ᠤᠨ ᠲᠦᠰᠢᠭ ᠪᠣᠯᠤᠭᠰᠠᠨ ᠤ ᠬᠤᠪᠢ ᠳᠤ᠂ ᠢᠮᠠᠭᠲᠠ ᠤᠯᠠᠨ ᠤ ᠬᠦᠴᠦᠨ ᠢ ᠨᠢᠭᠲᠠᠷᠠᠭᠤᠯᠵᠤ ᠴᠢᠳᠠᠨ᠎ᠠ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠭᠦᠸᠧ ᠶᠠᠨ ᠯᠦᠩ ᠭᠡᠰᠢᠭᠦᠳ ᠢᠶᠠᠨ ᠳᠠᠭᠠᠭᠤᠯᠤᠨ ᠠᠶᠢᠯ ᠲᠣᠰᠬᠤᠨ ᠢᠶᠠᠷ ᠶᠠᠪᠤᠵᠤ᠂ ᠲᠠᠷᠢᠶᠠᠨ ᠭᠠᠵᠠᠷ ᠲᠤ ᠶᠠᠳᠠᠭᠤ ᠶᠢ ᠲᠡᠳᠬᠦᠵᠦ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠪᠠ︔ ᠬᠠᠨᠵᠤᠨ ᠳᠡᠭᠡᠷᠡᠬᠢ ᠬᠤᠨᠢᠨ ᠬᠠᠰᠢᠶᠠᠨ ᠳᠤ ᠳᠠᠷᠢᠵᠤ ᠲᠡᠵᠢᠭᠡᠬᠦ ᠦᠶ᠋ᠯᠡᠰ ᠤᠨ ᠬᠥᠭᠵᠢᠯᠲᠡ ᠶᠢ ᠲᠠᠶᠢᠯᠪᠤᠷᠢᠯᠠᠨ᠎ᠠ︔ ᠶᠠᠳᠠᠭᠤ ᠬᠦᠴᠢᠷᠳᠡᠯᠲᠡᠶ ᠡᠷᠦᠬᠡ ᠳᠤ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠢ ᠲᠣᠭᠲᠠᠭᠠᠵᠤ ᠥᠭᠭᠦᠨ᠎ᠡ︔ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠵᠢᠴᠢ ᠲᠣᠰᠬᠤᠨ ᠤ ᠠᠷᠠᠳ ᠤᠨ ᠵᠥᠪᠯᠡᠯ ᠢ ᠳᠠᠭᠠᠭᠤᠯᠤᠨ ᠡᠯ᠎ᠡ ᠨᠢᠭᠡᠴᠡ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠥᠷᠭᠡᠨ ᠤᠯᠠᠨ ᠲᠠᠷᠢᠶᠠᠴᠢᠨ ᠡᠷᠦᠬᠡ ᠳᠤ ᠡᠯ᠎ᠡ ᠲᠦᠷᠦᠯ ᠤᠨ ᠮᠡᠷᠭᠡᠵᠢᠯ ᠤᠨ ᠳᠡᠮᠵᠢᠯᠭᠡ᠂ ᠪᠡᠯᠡ ᠮᠥᠩᠭᠦ ᠶᠢᠨ ᠨᠥᠬᠦᠪᠥᠷᠢ ᠪᠣᠯᠤᠨ ᠪᠠᠭ᠎ᠠ ᠲᠣᠭᠠᠨ ᠤ ᠵᠢᠭᠡᠯᠡᠯᠭᠡ ᠵᠡᠷᠭᠡ ᠶᠢ ᠣᠯᠭᠤᠵᠤ᠂ 46 ᠶᠠᠳᠠᠭᠤ ᠬᠦᠴᠢᠷᠳᠡᠯᠲᠡᠢ ᠡᠷᠦᠬᠡ ᠶᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠬᠦᠴᠢᠷᠳᠡᠯᠲᠡᠢ ᠤᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠵᠠᠢ᠃    ᠰᠡᠳᠬᠢᠯ ᠵᠢᠷᠦᠬᠡᠨ ᠳᠡᠭᠡᠨ ᠢᠲᠡᠭᠡᠯ ᠪᠢᠰᠢᠷᠡᠯ ᠲᠠᠢ᠂ ᠬᠦᠯ ᠳᠣᠣᠷ᠎ᠠ ᠪᠠᠨ ᠬᠦᠴᠦᠨ ᠴᠢᠳᠠᠯ ᠲᠠᠢ︕ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠠᠮ ᠳᠡᠭᠡᠷᠡᠬᠢ ᠬᠥᠮᠦᠰ ᠢ ᠪᠠᠶᠠᠷᠯᠠᠭᠤᠯᠤᠮ᠎ᠠ ᠠᠮᠵᠢᠯᠲᠠ ᠶᠢᠨ ᠠᠷᠤ ᠳᠤ ᠭᠦᠸᠧ ᠶᠠᠨ ᠯᠦᠩ ᠮᠡᠲᠦ ᠶᠢᠨ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠠᠵᠢᠯ ᠤᠨ ᠠᠩᠬᠢ ᠶᠢᠨ ᠭᠡᠰᠢᠭᠦᠳ ᠬᠦᠴᠦ ᠬᠥᠯᠥᠰᠥ ᠪᠠᠨ ᠰᠢᠪᠬᠠᠨ ᠦᠨᠡᠨ ᠰᠡᠳᠬᠢᠯ ᠠᠴᠠ ᠪᠠᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠤᠢ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠭᠦᠸᠧ ᠶᠠᠨ ᠯᠦᠩ ᠴᠠᠭ ᠢᠮᠠᠭᠲᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠲᠦᠷᠢ ᠲᠥᠷᠬᠦ ᠪᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号