【ᠦᠨᠳᠦᠰᠦᠨ ᠱᠠᠲᠤᠨ ᠤ ᠴᠤᠭ ᠵᠢᠪᠬᠤᠭ᠎ᠠ】 ᠴᠢ ᠰᠢᠶᠤᠤ ᠵᠢᠩ᠄ ᠬᠥᠳᠡᠭᠡ ᠲᠣᠰᠬᠤᠨ ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠦᠷ᠎ᠡ ᠪᠦᠲᠦᠭᠡᠯ ᠭᠠᠷᠭᠠᠨ᠎ᠠ
ᠨᠡᠶᠢᠲᠡᠯᠡᠭᠰᠡᠨ ᠴᠠᠭ᠄
2022/1/12
   ᠴᠢ ᠰᠢᠶᠤᠤ ᠵᠢᠩ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪᠯᠡᠯ ᠤᠨ ᠬᠤᠷᠢᠶ᠎ᠠ ᠶᠢᠨ ᠲᠤᠰᠢᠶᠠᠯ ᠬᠠᠪᠰᠤᠷᠭᠠᠭᠰᠠᠨ ᠳᠡᠳ᠋ ᠱᠦᠵᠢ᠂ ᠬᠤᠷᠴᠢᠨ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠲᠥᠪ ᠤᠨ ᠬᠠᠷᠢᠭᠤᠴᠠᠯᠭᠠᠲᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠯᠭᠡᠨ ᠦᠵᠡᠭᠦᠯᠬᠦ ᠲᠠᠷᠢᠮᠠᠯ ᠤᠨ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ᠃ ᠲᠡᠷᠡ ᠬᠥᠳᠡᠭᠡ ᠲᠣᠰᠬᠤᠨ ᠳᠤ ᠠᠷᠪᠠᠨ ᠬᠡᠳᠦᠨ ᠵᠢᠯ ᠦᠨᠳᠦᠰᠦ ᠬᠠᠳᠬᠤᠵᠤ᠂ ᠦᠢᠯᠡᠰ ᠪᠤᠰᠬᠠᠬᠤ᠂ ᠪᠠᠶᠠᠵᠢᠯ ᠢ ᠳᠠᠭᠠᠭᠤᠯᠬᠤ᠂ ᠬᠥᠮᠦᠨ ᠢ ᠬᠥᠮᠦᠵᠢᠭᠦᠯᠬᠦ ᠪᠠᠷ ᠴᠢᠷᠮᠠᠶᠢᠵᠤ᠂ ᠤᠷᠢᠳ ᠬᠤᠵᠢᠳ ᠬᠠᠮᠤᠭ ᠤᠨ ᠭᠤᠶᠤ ᠦᠨᠳᠦᠰᠦᠨ ᠱᠠᠲᠤᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠪᠦᠬᠦ ᠤᠯᠤᠰ ᠤᠨ ︽3 · 8︾ ᠶᠢᠨ ᠤᠯᠠᠭᠠᠨ ᠲᠤᠭᠴᠢ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ ᠵᠡᠷᠭᠡ ᠢᠷᠠᠭᠤ ᠠᠯᠳᠠᠷ ᠢ ᠬᠦᠷᠳᠡᠪᠡ᠃    12 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢ ᠰᠢᠶᠤᠤ ᠵᠢᠩ ᠨᠤᠲᠤᠭ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠳᠠᠭᠠᠨ ᠬᠠᠷᠢᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠭᠤᠨ ᠢ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠣᠯᠠᠨ ᠲᠦᠮᠡᠨ ᠳᠤ ᠳᠠᠮᠵᠢᠭᠤᠯᠵᠠᠶ᠃ ᠤᠬᠠᠭᠤᠯᠤᠨ ᠲᠠᠶᠢᠯᠪᠤᠷᠢᠯᠠᠬᠤ ᠳᠠᠭᠠᠨ᠂ ᠲᠡᠷᠡ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠤᠨ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠲᠠᠢ ᠤᠶᠠᠯᠳᠤᠭᠤᠯᠤᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠳᠤ ᠲᠠᠶᠢᠯᠤᠮᠵᠢ ᠬᠢᠵᠡᠢ᠃ ᠲᠡᠭᠦᠨ ᠤ ᠦᠭᠡ ᠬᠡᠯᠡ ᠨᠢ ᠠᠮᠢᠳᠤ ᠴᠣᠪᠣᠭᠤᠯᠢᠭ ᠪᠥᠭᠡᠳ ᠣᠯᠠᠨ ᠲᠦᠮᠡᠨ ᠲᠠᠢ ᠣᠶᠢᠷᠠᠳᠴᠤ᠂ ᠨᠤᠲᠤᠭ ᠤᠨ ᠠᠬ᠎ᠠ ᠳᠡᠭᠦᠦ ᠨᠡᠷ ᠨᠢ ᠮᠠᠰᠢ ᠲᠠᠭᠠᠲᠠᠶ ᠰᠣᠨᠣᠰᠳᠠᠵᠤ ᠪᠠᠶᠢᠯ᠎ᠠ᠃    ᠴᠢ ᠰᠢᠶᠤᠤ ᠵᠢᠩ ᠲᠠᠷᠢᠶᠠᠴᠢᠨ ᠠᠶᠢᠯ ᠳᠤ ᠲᠦᠷᠦᠵᠠᠢ᠂ ᠶᠠᠳᠠᠭᠤ ᠬᠤᠴᠣᠷᠤᠩᠭᠤᠢ ᠨᠢ ᠲᠡᠭᠦᠨ ᠤ ᠦᠰᠦᠨ ᠪᠤᠶᠢᠵᠢᠯᠲᠠ ᠶᠢᠨ ᠳᠤᠮᠳᠠᠬᠢ ᠬᠠᠮᠤᠭ ᠤᠨ ᠭᠦᠨ ᠰᠠᠭᠤᠭᠳᠠᠯ ᠪᠣᠯᠤᠨ᠎ᠠ᠃ 2004 ᠣᠨ ᠳᠤ ᠲᠡᠷᠡ ᠪᠦᠬᠦ ᠲᠣᠰᠬᠤᠨ ᠤ ᠬᠠᠮᠤᠭ ᠠᠩᠬᠠᠨ ᠤ ᠣᠶᠤᠲᠠᠨ ᠪᠣᠯᠵᠤ᠂ ᠠᠶᠢᠯ ᠰᠠᠭᠠᠬᠠᠯᠲᠠ ᠪᠠᠷ ᠢᠶᠠᠨ ᠵᠣᠭᠤᠰ ᠴᠤᠭᠯᠠᠭᠤᠯᠵᠤ ᠰᠤᠷᠤᠯᠭ᠎ᠠ ᠪᠠᠨ ᠲᠡᠭᠦᠰᠬᠡᠵᠡᠶ᠃ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ᠂ ᠨᠤᠲᠤᠭ ᠤᠨ ᠠᠬ᠎ᠠ ᠳᠡᠭᠦᠦ ᠨᠡᠷ ᠢᠶᠠᠨ ᠬᠠᠪᠰᠤᠷᠴᠤ ᠵᠣᠪᠠᠭᠤᠷᠢ ᠵᠦᠳᠡᠭᠦᠷᠢ ᠶᠢ ᠠᠮᠰᠠᠬᠤ ᠬᠤᠪᠢ ᠵᠠᠶᠠᠭ᠎ᠠ ᠠᠴᠠ ᠨᠢ ᠠᠩᠭᠢᠵᠢᠷᠠᠭᠤᠯᠬᠤ ᠨᠢ ᠴᠢ ᠰᠢᠶᠤᠤ ᠵᠢᠩ ᠤᠨ ᠬᠠᠮᠤᠭ ᠤᠨ ᠴᠢᠩᠭ᠎ᠠ ᠬᠦᠰᠡᠯ ᠡᠷᠡᠮᠡᠯᠵᠡᠯ ᠪᠣᠯᠤᠭᠰᠠᠨ ᠪᠠᠶᠢᠨ᠎ᠠ᠃ 2009 ᠣᠨ ᠠᠴᠠ ᠨᠠᠰᠢ ᠴᠢ ᠰᠢᠶᠤᠤ ᠵᠢᠩ ᠬᠤᠷᠴᠢᠨ ᠪᠠᠯᠭᠠᠰᠤᠨ ᠳᠤ ᠪᠤᠴᠠᠵᠤ 4 ᠵᠢᠯ ᠣᠶᠤᠲᠠᠨ ᠭᠠᠴᠠᠭᠠᠨ ᠳᠠᠷᠤᠭ᠎ᠠ ᠪᠣᠯᠵᠠᠶ᠃ ᠰᠡᠭᠦᠯᠡᠷ ᠨᠢ ᠲᠡᠷᠡ ᠭᠡᠷ ᠤᠨ ᠬᠥᠮᠦᠰ ᠤᠨ ᠢᠶᠠᠨ ᠡᠰᠡᠷᠭᠦᠴᠡᠯ ᠢ ᠬᠠᠶᠢᠬᠤᠷᠤᠯ ᠦᠭᠡᠢ ᠪᠠᠷ ᠨᠥᠬᠦᠷ ᠲᠠᠢ ᠪᠠᠨ ᠬᠠᠮᠲᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠳᠤ ᠦᠯᠡᠳᠡᠵᠦ ᠦᠢᠯᠡᠰ ᠪᠤᠰᠬᠠᠵᠦ᠂ ᠬᠤᠶᠠᠷ ᠬᠦᠯᠡᠮᠵᠢ ᠶᠢ ᠲᠦᠷᠢᠶᠡᠰᠦᠯᠡᠨ ᠢᠳᠡᠰᠢᠨ ᠤ ᠮᠥᠭᠦ ᠶᠢ ᠲᠠᠷᠢᠵᠠᠢ᠃ ᠲᠠᠷᠠᠭ᠎ᠠ ᠵᠢᠯ ᠳᠤᠨᠢ ᠲᠡᠷᠡ ᠪᠠᠰᠠ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ᠪᠤᠰᠤᠳ 4 ᠣᠶᠤᠲᠠᠨ ᠭᠠᠴᠠᠭᠠᠨ ᠳᠠᠷᠤᠭ᠎ᠠ ᠲᠠᠢ ᠬᠠᠮᠲᠤᠷᠠᠨ ᠲᠤᠰᠬᠠᠶ ᠠᠵᠢᠯ ᠤᠨ ᠬᠤᠷᠰᠢᠶ᠎ᠠ ᠪᠠᠶᠢᠭᠤᠯᠵᠠᠶ᠃ ᠬᠤᠷᠰᠢᠶ᠎ᠠ ᠨᠢ ᠤᠨᠴᠠᠯᠢᠬᠳᠤ ᠲᠠᠷᠢᠮᠠᠯ ᠲᠠᠷᠢᠬᠤ ᠪᠠ ᠲᠡᠭᠦᠵᠦ ᠰᠣᠨᠢᠷᠬᠠᠬᠤ ᠶᠢ ᠭᠤᠣᠯᠯᠠᠨ ᠡᠵᠡᠩᠨᠡᠵᠦ ᠂ ︽ᠵᠢᠭᠦᠷ ᠢᠶᠠᠨ ᠳᠡᠯᠭᠡᠨ ᠦᠵᠡᠭᠦᠯᠬᠦ︾ ᠭᠡᠰᠡᠨ ᠨᠡᠷ᠎ᠡ ᠲᠠᠢ ᠪᠠᠶᠢᠵᠤ᠂ ᠳᠠᠯᠠᠪᠴᠢ ᠨᠢ ᠤᠯᠠᠮ ᠢᠶᠠᠷ ᠡᠯᠪᠡᠭᠵᠢᠭᠰᠡᠨ ᠤᠶᠤᠲᠠᠳ ᠤᠨ ᠬᠥᠳᠡᠭᠡ ᠲᠣᠰᠬᠤᠨ ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠦᠢᠯᠡᠳᠦᠯ ᠭᠠᠷᠭᠠᠬᠤ ᠶᠢ ᠪᠡᠯᠭᠡᠳᠡᠵᠡᠢ᠃    ᠤᠢᠢᠷ᠎ᠠ ᠶᠢᠨ ᠬᠡᠳᠦᠨ ᠵᠢᠯ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠲᠠᠭᠠᠯᠳᠤᠨ᠂ ᠨᠤᠲᠤᠭ ᠤᠰᠤᠨ ᠤ ᠬᠤᠪᠢᠷᠠᠯᠲᠠ ᠲᠩᠷᠢ ᠭᠠᠵᠠᠷ ᠢ ᠳᠣᠩᠰᠣᠯᠭᠠᠮ᠎ᠠ ᠪᠤᠯᠵᠤ᠂ ᠬᠤᠷᠰᠢᠶ᠎ᠠ ᠴᠤ ᠡᠳᠦᠷ ᠢᠷᠡᠬᠦᠶ᠎ᠡ ᠪᠤᠵᠠᠭᠠᠶᠢᠷᠠᠵᠤ᠂ ᠬᠠᠮᠤᠭ ᠤᠨ ᠡᠬᠢᠨ ᠤ ᠡᠷ᠎ᠡ ᠡᠮ᠎ᠡ 2 ᠬᠥᠮᠦᠨ 2 ᠬᠦᠯᠡᠮᠵᠢ ᠲᠠᠢ ᠪᠠᠶᠢᠭᠰᠠᠨ ᠠᠴᠠ ᠪᠠᠨ ᠤᠳᠤ ᠶᠢᠨ 31 ᠭᠡᠰᠢᠭᠦᠨ ᠲᠠᠢ᠂ ᠬᠤᠪᠢ ᠶᠢᠨ 35 ᠬᠦᠯᠡᠮᠵᠢ ᠲᠠᠢ᠂ 78 ᠭᠡᠷ᠎ᠡ ᠲᠣᠭᠲᠠᠭᠰᠠᠨ ᠬᠦᠯᠡᠮᠵᠢ ᠲᠠᠢ᠂ 12 ᠪᠦᠲᠦᠭᠡᠭᠳᠡᠬᠦᠨ ᠤ ᠰᠠᠭᠤᠷᠢᠨ ᠲᠠᠢ ᠪᠤᠯᠵᠤ᠂ ᠵᠢᠯ ᠤᠨ ᠣᠷᠣᠯᠭ᠎ᠠ ᠨᠢ 300 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃    ᠨᠢᠭᠡ ᠬᠥᠮᠦᠨ ᠪᠠᠶᠠᠵᠢᠭᠰᠠᠨ ᠨᠢ ᠪᠠᠶᠠᠵᠢᠭᠰᠠᠨ ᠳᠤ ᠲᠣᠭᠠᠴᠠᠭᠳᠠᠬᠤ ᠦᠭᠡᠢ᠂ ᠴᠢ ᠰᠢᠶᠤᠤ ᠵᠢᠩ ᠲᠤᠬᠠᠢ ᠶᠢᠨ ᠦᠶ᠎ᠡ ᠳᠤ ᠨᠤᠲᠤᠭ ᠲᠠᠭᠠᠨ ᠬᠠᠷᠢᠵᠤ ᠢᠷᠡᠭᠰᠡᠨ ᠠᠩᠬᠠᠨ ᠤ ᠬᠦᠰᠡᠯ ᠢᠶᠠᠨ ᠢᠮᠠᠭᠲᠠ ᠴᠡᠭᠡᠵᠢᠯᠡᠭᠰᠡᠭᠡᠷ ᠢᠷᠡᠵᠠᠢ᠃ ᠬᠤᠷᠰᠢᠶ᠎ᠠ ᠵᠥᠪ ᠵᠠᠮ ᠳᠠᠭᠠᠨ ᠣᠷᠣᠮᠠᠭᠴᠠ᠂ ᠲᠡᠷᠡ ᠳᠠᠷᠤᠶ ᠶᠠᠭᠠᠬᠢᠪᠠᠯ ᠰᠠᠶ᠋ᠢ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠵᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠪᠣᠳᠣᠯᠬᠢᠯᠠᠵᠤ ᠡᠬᠢᠯᠡᠵᠡᠶ᠃ ᠫᠢᠩ ᠠᠨ ᠲᠣᠰᠬᠤᠨ ᠤ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠣᠯᠠᠩᠬᠢ ᠨᠢ ᠡᠪᠡᠳᠴᠢᠨ ᠠᠴᠠ ᠪᠤᠯᠵᠤ ᠶᠠᠳᠠᠭᠤᠷᠠᠵᠤ ᠂ ᠪᠠᠭᠤᠷᠠᠢ ᠠᠴᠠ ᠪᠤᠯᠵᠤ ᠶᠠᠳᠠᠭᠤᠷᠠᠵᠤ᠂ ᠪᠠᠭᠤᠷᠠᠢ ᠬᠥᠳᠡᠯᠮᠦᠷᠢ ᠬᠦᠴᠦ ᠨᠢ ᠪᠠᠶᠢᠩᠭᠤ ᠰᠠᠭᠤᠭ᠎ᠠ ᠬᠥᠮᠦᠨ ᠠᠮᠠ ᠶᠢᠨ 90% ᠠᠴᠠ ᠳᠡᠭᠡᠭᠰᠢᠬᠢ ᠶᠢ ᠡᠵᠡᠯᠡᠵᠦ ᠪᠤᠢ᠃ ᠡᠶᠢᠮᠦ ᠠᠴᠠ ᠵᠠᠨ ᠢ ᠬᠤᠷᠰᠢᠶᠠᠨ ᠤ ᠬᠢᠨ ᠲᠣᠰᠬᠤᠨ ᠤ ᠠᠷᠠᠳ ᠲᠤ ︽ᠲᠠᠬᠢᠶ᠎ᠠ ᠵᠢᠭᠡᠯᠡᠵᠦ ᠲᠠᠬᠢᠶ᠎ᠠ ᠶᠢ ᠪᠤᠴᠠᠭᠠᠬᠤ︾ ︽ᠲᠠᠬᠢᠶ᠎ᠠ ᠵᠢᠭᠡᠯᠡᠵᠦ ᠥᠨᠳᠡᠭᠡ ᠶᠢ ᠪᠤᠴᠠᠭᠠᠬᠤ︾ ︽ᠴᠢᠬᠢ ᠵᠢᠭᠡᠯᠡᠵᠦ ᠮᠢᠬ᠎ᠠ ᠶᠢ ᠪᠤᠴᠠᠭᠠᠬᠤ︾ ︽ᠵᠠᠬᠢᠶᠠᠯᠠᠭ᠎ᠠ ᠶᠢᠨ ᠬᠠᠭᠤᠳᠠᠰᠤ ᠶᠢ ᠬᠦᠷᠢᠶᠡᠨ ᠳᠤ ᠬᠦᠷᠭᠡᠬᠦ︾ ᠵᠡᠷᠭᠡ ᠪᠠᠶᠠᠵᠢᠯ ᠤᠨ ᠵᠠᠭᠪᠤᠷ ᠢ ᠲᠥᠯᠥᠪᠯᠡᠵᠦ ᠥᠭᠴᠡᠶ᠃ ᠠᠰᠢᠭ ᠬᠦᠷᠲᠡᠭᠰᠡᠨ ᠲᠣᠰᠬᠤᠨ ᠤ ᠠᠷᠠᠳ ᠨᠢᠭᠡ ᠠᠴᠠ ᠠᠷᠪᠠ᠂ ᠠᠷᠪᠠ ᠠᠴᠠ ᠵᠠᠭᠤ ᠪᠠᠷ ᠳᠠᠮᠵᠢᠵᠤ᠂ ᠵᠠᠨ ᠢ ᠬᠤᠷᠰᠢᠶᠠᠵᠢᠯ ᠤᠨ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠭᠰᠠᠨ ᠴᠢᠮᠡᠭᠡ ᠶᠢ ᠲᠠᠪᠤᠨ ᠰᠢᠶᠠᠩ ᠨᠠᠢᠮᠠᠨ ᠲᠣᠰᠬᠤᠨ ᠳᠤ ᠳᠠᠮᠵᠢᠭᠤᠯᠵᠤ᠂ ᠤᠯᠠᠮ ᠠᠴᠠ ᠤᠯᠠᠮ ᠤᠯᠠᠨ ᠶᠠᠳᠠᠭᠤ ᠬᠦᠴᠢᠷᠳᠡᠯᠲᠡᠢ ᠡᠷᠦᠬᠡ ᠰᠠᠨᠠᠭᠠᠴᠢᠯᠠᠭ᠎ᠠ ᠠᠴᠠ ᠪᠠᠨ ᠡᠷᠢᠵᠦ ᠢᠷᠡᠭᠰᠡᠨ ᠪᠠᠶᠢᠨ᠎ᠠ᠃ ᠬᠤᠷᠰᠢᠶ᠎ᠠ ᠨᠢ 416 ᠡᠷᠦᠬᠡ ᠲᠠᠷᠢᠶᠠᠴᠢᠨ ᠡᠷᠦᠬᠡ ᠲᠠᠢ ᠭᠡᠷ᠎ᠡ ᠲᠣᠭᠲᠠᠵᠤ᠂ ᠡᠷᠦᠬᠡ ᠪᠦᠷᠢ ᠶᠢᠨ ᠣᠷᠣᠯᠭ᠎ᠠ ᠶᠢ ᠳᠤᠮᠳᠠᠴᠢ ᠪᠠᠷ 1200 ᠲᠥᠭᠦᠷᠢᠭ ᠨᠡᠮᠡᠭᠳᠡᠭᠦᠯᠵᠡᠶ᠃ ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠴᠢ ᠰᠢᠶᠤᠤ ᠵᠢᠩ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠰᠠᠷᠠᠭᠤᠯ ᠳᠠᠷᠳᠠᠩ ᠵᠠᠮ ᠢ ᠨᠡᠭᠡᠭᠡᠵᠡᠢ᠃ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠳᠤ ᠴᠢ ᠰᠢᠶᠤᠤ ᠵᠢᠩ ᠮᠠᠰᠢ ᠰᠡᠳᠬᠢᠯ ᠳᠣᠭᠳᠣᠯᠵᠤ᠂ ᠮᠠᠰᠢ ᠪᠠᠶᠠᠷᠯᠠᠪᠠ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ ︽ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠵᠡᠷᠭᠡ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︾ ᠭᠡᠵᠦ ᠳᠤᠷᠠᠳᠴᠠᠢ᠂ ᠡᠨᠡ ᠨᠢ ᠲᠡᠭᠦᠨ ᠤ ᠰᠡᠳᠬᠢᠯ ᠤᠨ ᠦᠭᠡ ᠶᠢ ᠶᠠᠷᠢᠵᠠᠢ᠃ ᠴᠢ ᠰᠢᠶᠤᠤ ᠵᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠴᠢᠳᠠᠪᠤᠷᠢᠲᠠᠨ ᠳᠤ ᠪᠠᠶᠢᠨ᠎ᠠ᠂ ᠬᠠᠮᠤᠭ ᠤᠨ ᠳᠤᠲᠠᠭᠳᠠᠵᠤ ᠪᠠᠶᠢᠭ᠎ᠠ ᠨᠢ ᠮᠥᠨᠴᠦ ᠴᠢᠳᠠᠪᠤᠷᠢᠲᠠᠨ ᠪᠣᠯᠤᠨ᠎ᠠ ᠭᠡᠳᠡᠭ ᠢ ᠭᠦᠨ ᠣᠶᠢᠯᠠᠭᠠᠵᠤ ᠪᠠᠶᠢᠨ᠎ᠠ᠃   2019 ᠣᠨ ᠳᠤ᠂ ᠬᠤᠰᠢᠭᠤᠨ ᠤ ᠵᠠᠰᠠᠭ ᠤᠨ ᠣᠷᠳᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠲᠥᠪ ᠢ ᠪᠠᠶᠢᠭᠤᠯᠵᠤ᠂ ᠴᠢ ᠰᠢᠶᠤᠤ ᠵᠢᠩ ᠲᠥᠪ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ᠃ ᠨᠡᠪᠴᠢᠭᠦᠯᠬᠦ ᠲᠥᠪ ᠪᠣᠯ ᠳᠠᠷᠤᠶ ᠰᠢᠨ᠎ᠡ ᠲᠠᠷᠢᠶᠠᠴᠢᠨ ᠢ ᠬᠥᠮᠦᠵᠢᠭᠦᠯᠬᠦ ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ ᠪᠣᠯᠤᠨ᠎ᠠ᠂ ᠡᠭᠦᠨ ᠤ ᠵᠣᠷᠢᠯᠭ᠎ᠠ ᠨᠢ ᠨᠤᠲᠤᠭ ᠤᠨ ᠴᠢᠳᠠᠪᠤᠷᠢᠲᠠᠨ ᠳᠤ ᠪᠥᠬᠦ ᠠᠵᠤ ᠦᠶ᠋ᠯᠡᠰ ᠤᠨ ᠬᠡᠯᠬᠢᠶ᠎ᠡ ᠶᠢᠨ ᠡᠵᠡᠩᠨᠡᠯᠲᠡ ᠳᠤ ᠣᠷᠣᠯᠴᠠᠬᠤ ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠬᠠᠩᠭᠠᠬᠤ ᠶᠢᠨ ᠲᠥᠯᠥᠭᠡ ᠶᠤᠮ᠂ ᠣᠲᠣ 3 ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠠᠢ᠂ 53 ᠴᠢᠳᠠᠪᠤᠷᠢᠲᠠᠨ ᠢ ᠨᠡᠪᠴᠢᠭᠦᠯᠵᠦ᠂ ᠨᠤᠲᠤᠭ ᠲᠠᠭᠠᠨ ᠪᠤᠴᠠᠭᠰᠠᠨ ᠶᠡᠭᠡ ᠰᠤᠷᠭᠠᠭᠤᠯᠢ ᠲᠡᠭᠦᠰᠦᠭᠰᠡᠨ ᠰᠣᠷᠣᠭᠴᠢ᠂ ᠴᠡᠷᠢᠭ ᠠᠴᠠ ᠬᠠᠯᠠᠭᠳᠠᠭᠰᠠᠳ᠂ ᠠᠵᠢᠯ ᠬᠥᠳᠡᠯᠮᠦᠷᠢ ᠬᠢᠭᠰᠡᠳ ᠢᠶᠠᠷ ᠭᠤᠤᠯᠯᠠᠭᠤᠯᠤᠨ᠎ᠠ᠃ ︽ᠮᠢᠨᠦ ᠪᠤᠳᠤᠬᠤ ᠪᠠᠷ᠂ ᠪᠢ ᠥᠪᠡᠷ ᠤᠨ ᠨᠤᠲᠤᠭ ᠭᠡᠬᠦ ᠡᠨᠡᠬᠦ ᠬᠠᠷ᠎ᠠ ᠬᠥᠷᠥᠰᠥᠨ ᠠᠴᠠ ︿ᠨᠡᠪᠴᠢᠭᠦᠯᠵᠦ﹀ ᠭᠠᠷᠴᠤ ᠢᠷᠡᠭᠰᠡᠨ ᠨᠤᠲᠤᠭ ᠤᠨ ᠴᠢᠳᠠᠪᠤᠷᠢᠲᠠᠨ ᠪᠣᠯᠤᠨ᠎ᠠ᠂ ᠨᠡᠩ ᠤᠯᠠᠨ ᠰᠢᠨ᠎ᠡ ᠲᠠᠷᠢᠶᠠᠴᠢᠨ ᠢ ᠬᠠᠪᠰᠤᠷᠴᠤ ᠦᠢᠯᠡᠰ ᠪᠤᠰᠬᠠᠨ ᠴᠢᠨᠡᠭᠡᠯᠢᠭᠵᠢᠭᠦᠯᠵᠦ᠂ ᠡᠳᠡᠬᠡᠷ ︿ᠠᠯᠳᠠᠨ ᠦᠷ᠎ᠡ﹀ ᠶᠢ ᠨᠤᠲᠤᠭ ᠲᠠᠭᠠᠨ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠬᠠᠷᠢᠭᠤᠴᠠᠯᠭ᠎ᠠ ᠲᠠᠢ ᠶᠤᠮ︾᠃ ᠭᠡᠵᠦ ᠴᠢ ᠰᠢᠶᠤᠤ ᠵᠢᠩ ᠬᠡᠯᠡᠪᠡ᠃    ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ᠂ ᠴᠢ ᠰᠢᠶᠤᠤ ᠵᠢᠩ ᠭᠦᠨ ᠲᠦᠷᠦᠭᠳᠡᠯ ᠲᠠᠢ᠄ ︽ᠬᠥᠳᠡᠭᠡ ᠲᠣᠰᠬᠤᠨ ᠤ ᠴᠢᠳᠠᠪᠤᠷᠢᠲᠠᠨ ᠤ ᠢᠷᠡᠯᠳᠡ ᠨᠢ ᠨᠡᠭᠡᠭᠡᠯᠲᠡᠲᠡᠢ᠂ ᠤᠯᠠᠨ ᠡᠰᠢ ᠲᠠᠢ ᠪᠠᠶᠢᠬᠤ ᠬᠡᠷᠡᠭᠲᠡᠢ᠂ ᠬᠥᠳᠡᠭᠡ ᠲᠣᠰᠬᠤᠨ ᠳᠤ ᠬᠤᠪᠢ ᠨᠡᠮᠡᠷᠢ ᠦᠵᠡᠭᠦᠯᠬᠦ ᠳᠤᠷᠠᠲᠠᠢ ᠬᠥᠮᠦᠨ ᠪᠦᠬᠦᠨ ᠴᠥᠮ ᠬᠥᠳᠡᠭᠡ ᠲᠣᠰᠬᠤᠨ ᠤ ᠴᠢᠳᠠᠪᠤᠷᠢᠲᠠᠨ ᠪᠤᠯᠵᠤ ᠪᠣᠯᠤᠨ᠎ᠠ︾᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠳᠠᠪᠤᠷᠢᠲᠠᠨ ᠤ ᠬᠡᠷᠡᠭᠴᠡᠭᠡ ᠪᠣᠯ ᠶᠡᠷᠦᠩᠬᠡᠶᠢᠯᠡᠭᠰᠡᠨ ᠴᠢᠨᠠᠷᠲᠠᠢ ᠶᠤᠮ᠂ ᠠᠵᠤ ᠦᠢᠯᠡᠰ ᠤᠨ ᠴᠢᠳᠠᠪᠤᠷᠢᠲᠠᠨ᠂ ᠮᠡᠷᠭᠡᠵᠢᠯ ᠤᠨ ᠴᠢᠳᠠᠪᠤᠷᠢᠲᠠᠨ᠂ ᠰᠣᠶᠣᠯ ᠤᠷᠠᠯᠢᠭ ᠤᠨ ᠴᠢᠳᠠᠪᠤᠷᠢᠲᠠᠨ ᠢ ᠱᠠᠭᠠᠷᠳᠠᠬᠤ ᠪᠠᠷ ᠪᠠᠷᠠᠬᠤ ᠦᠭᠡᠢ ᠪᠠᠰᠠ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ᠂ ᠬᠠᠮᠢᠶᠠᠷᠤᠯᠲᠠ ᠶᠢᠨ ᠴᠢᠳᠠᠪᠤᠷᠢᠲᠠᠨ ᠢ ᠱᠠᠭᠠᠷᠳᠠᠨ᠎ᠠ᠃ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠳᠤ ᠲᠦᠰᠢᠭᠯᠡᠨ ᠥᠨᠳᠥᠷ ᠬᠡᠪ ᠴᠢᠨᠠᠷ ᠪᠦᠬᠦᠢ ᠲᠠᠷᠢᠶᠠᠴᠢᠳ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠠᠷᠢᠶᠠᠴᠢᠨ ᠰᠤᠷᠤᠭᠴᠢᠳ ᠢ ᠵᠣᠬᠢᠶᠠᠨ ᠪᠠᠶᠢᠭᠤᠯᠤᠨ ᠰᠠᠭᠤᠷᠢᠨ ᠭᠠᠵᠠᠷ ᠲᠤ ᠣᠴᠢᠭᠤᠯᠤᠨ ᠳᠠᠳᠤᠯᠭ᠎ᠠ ᠪᠣᠯᠪᠠᠰᠤᠷᠠᠯ ᠤᠨ ᠰᠣᠷᠢᠯᠲᠠ᠂ ᠦᠵᠡᠭᠦᠯᠦᠯᠭᠡ ᠶᠢᠨ ᠰᠣᠯᠢᠯᠴᠠᠭ᠎ᠠ ᠬᠢᠯᠭᠡᠵᠦ᠂ ᠲᠣᠭᠠᠴᠢᠯᠠᠯᠲᠠ᠂ ᠤᠶᠤᠨᠴᠢᠯᠠᠯᠳᠠ ᠶᠢᠨ ᠲᠠᠯ᠎ᠠ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠰᠤᠷᠤᠯᠴᠠᠭᠤᠯᠵᠤ᠂ ᠦᠢᠯᠡᠳᠦᠯᠭᠡ ᠶᠢᠨ ᠳᠤᠮᠳᠠ ᠴᠢᠳᠠᠪᠤᠷᠢ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠴᠢᠨ ᠤ ᠰᠤᠷᠭᠠᠨ ᠬᠥᠮᠦᠵᠢᠯ ᠤᠨ ᠥᠪᠡᠷᠮᠢᠴᠡ ᠴᠢᠨᠠᠷ ᠠᠴᠠ ᠡᠭᠦᠰᠴᠦ᠂ ᠲᠠᠷᠢᠶᠠᠴᠢᠨ ᠪᠠ ᠬᠥᠳᠡᠭᠡ ᠲᠣᠰᠬᠤᠨ ᠤ ᠣᠨᠴᠠᠯᠢᠭ ᠲᠤ ᠳᠣᠭᠢᠷᠬᠠᠰᠠᠨ ᠬᠥᠮᠦᠵᠢᠭᠦᠯᠬᠦ ᠲᠥᠰᠦᠯ ᠢ ᠲᠣᠭᠲᠠᠭᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠣᠷᠣᠯᠭ᠎ᠠ ᠶᠢᠨ ᠲᠦᠪᠰᠢᠨ᠂ ᠠᠮᠢᠳᠤᠷᠠᠯ ᠤᠨ ᠣᠷᠴᠢᠨ ᠲᠣᠭᠤᠷᠢᠨ᠂ ᠨᠡᠶᠢᠭᠡᠮ ᠤᠨ ᠬᠦᠨᠳᠦᠳᠬᠡᠯ ᠵᠡᠷᠭᠡ ᠲᠠᠯ᠎ᠠ ᠠᠴᠠ ᠨᠤᠲᠤᠭ ᠤᠨ ᠴᠢᠳᠠᠪᠤᠷᠢᠲᠠᠨ ᠳᠤ ᠥᠰᠦᠨ ᠪᠤᠶᠢᠵᠢᠬᠤ ᠰᠠᠶᠢᠨ ᠨᠥᠬᠦᠴᠡᠯ ᠢ ᠬᠠᠩᠭᠠᠵᠤ᠂ ᠲᠠᠷᠢᠶᠠᠴᠢᠳ ᠢ ᠬᠥᠮᠦᠰ ᠤᠨ ᠪᠠᠭ᠋ᠠᠷᠬᠠᠯ ᠢ ᠲᠠᠲᠠᠭᠰᠠᠨ ᠠᠵᠢᠯ ᠲᠥᠷᠥᠯ ᠪᠣᠯᠭᠠᠬᠤ ᠬᠡᠷᠡᠭᠲᠡᠶ︾ ᠭᠡᠵᠡᠶ᠃ ᠴᠢ ᠰᠢᠶᠤᠤ ᠵᠢᠩ᠂ ᠢᠷᠡᠭᠡᠳᠦᠶ ᠳᠤ ᠨᠠᠩ ᠣᠯᠠᠨ ᠵᠠᠯᠠᠭᠤᠴᠤᠳ ᠮᠠᠯᠵᠢᠬᠤ ᠲᠠᠷᠢᠶᠠᠯᠠᠬᠤ ᠣᠷᠣᠨ ᠳᠤ ᠢᠷᠡᠵᠦ᠂ ᠨᠤᠲᠤᠭ ᠲᠠᠭᠠᠨ ᠬᠠᠷᠢᠵᠤ᠂ ︽ᠵᠢᠭᠦᠷ ᠢᠶᠠᠨ ᠳᠡᠯᠭᠡᠨ︾ ᠨᠢᠰᠬᠦ ᠪᠣᠯᠤᠨ᠎ᠠ ᠭᠡᠳᠡᠭ ᠢ ᠪᠠᠲᠤ ᠢᠲᠡᠭᠡᠵᠦ ᠪᠠᠶᠢᠨ᠎ᠠ︕  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号