ᠴᠢ ᠰᠢᠶᠤᠤ ᠵᠢᠩ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪᠯᠡᠯ ᠤᠨ | ᠬᠤᠷᠢᠶ᠎ᠠ ᠶᠢᠨ ᠲᠤᠰᠢᠶᠠᠯ ᠬᠠᠪᠰᠤᠷᠭᠠᠭᠰᠠᠨ ᠳᠡᠳ᠋ ᠱᠦᠵᠢ᠂ ᠬᠤᠷᠴᠢᠨ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ | ᠨᠡᠪᠴᠢᠭᠦᠯᠬᠦ ᠲᠥᠪ ᠤᠨ ᠬᠠᠷᠢᠭᠤᠴᠠᠯᠭᠠᠲᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠯᠭᠡᠨ | ᠦᠵᠡᠭᠦᠯᠬᠦ ᠲᠠᠷᠢᠮᠠᠯ ᠤᠨ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ᠃ ᠲᠡᠷᠡ ᠬᠥᠳᠡᠭᠡ ᠲᠣᠰᠬᠤᠨ ᠳᠤ ᠠᠷᠪᠠᠨ | ᠬᠡᠳᠦᠨ ᠵᠢᠯ ᠦᠨᠳᠦᠰᠦ ᠬᠠᠳᠬᠤᠵᠤ᠂ ᠦᠢᠯᠡᠰ ᠪᠤᠰᠬᠠᠬᠤ᠂ ᠪᠠᠶᠠᠵᠢᠯ ᠢ ᠳᠠᠭᠠᠭᠤᠯᠬᠤ᠂ ᠬᠥᠮᠦᠨ ᠢ | ᠬᠥᠮᠦᠵᠢᠭᠦᠯᠬᠦ ᠪᠠᠷ ᠴᠢᠷᠮᠠᠶᠢᠵᠤ᠂ ᠤᠷᠢᠳ ᠬᠤᠵᠢᠳ ᠬᠠᠮᠤᠭ ᠤᠨ ᠭᠤᠶᠤ ᠦᠨᠳᠦᠰᠦᠨ ᠱᠠᠲᠤᠨ ᠤ ᠶᠡᠭᠡ ᠳᠡᠭᠡᠳᠦ | ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠪᠦᠬᠦ ᠤᠯᠤᠰ ᠤᠨ ︽3 · 8︾ ᠶᠢᠨ ᠤᠯᠠᠭᠠᠨ ᠲᠤᠭᠴᠢ᠂ ᠪᠦᠬᠦ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ ᠵᠡᠷᠭᠡ ᠢᠷᠠᠭᠤ | ᠠᠯᠳᠠᠷ ᠢ ᠬᠦᠷᠳᠡᠪᠡ᠃ | 12 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠢ ᠰᠢᠶᠤᠤ ᠵᠢᠩ ᠨᠤᠲᠤᠭ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠳᠠᠭᠠᠨ ᠬᠠᠷᠢᠵᠤ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠭᠤᠨ ᠢ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠣᠯᠠᠨ ᠲᠦᠮᠡᠨ ᠳᠤ ᠳᠠᠮᠵᠢᠭᠤᠯᠵᠠᠶ᠃ | ᠤᠬᠠᠭᠤᠯᠤᠨ ᠲᠠᠶᠢᠯᠪᠤᠷᠢᠯᠠᠬᠤ ᠳᠠᠭᠠᠨ᠂ ᠲᠡᠷᠡ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠤᠨ | ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠲᠠᠢ ᠤᠶᠠᠯᠳᠤᠭᠤᠯᠤᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠳᠤ ᠲᠠᠶᠢᠯᠤᠮᠵᠢ ᠬᠢᠵᠡᠢ᠃ ᠲᠡᠭᠦᠨ ᠤ ᠦᠭᠡ ᠬᠡᠯᠡ ᠨᠢ ᠠᠮᠢᠳᠤ ᠴᠣᠪᠣᠭᠤᠯᠢᠭ ᠪᠥᠭᠡᠳ | ᠣᠯᠠᠨ ᠲᠦᠮᠡᠨ ᠲᠠᠢ ᠣᠶᠢᠷᠠᠳᠴᠤ᠂ ᠨᠤᠲᠤᠭ ᠤᠨ ᠠᠬ᠎ᠠ ᠳᠡᠭᠦᠦ ᠨᠡᠷ ᠨᠢ ᠮᠠᠰᠢ ᠲᠠᠭᠠᠲᠠᠶ ᠰᠣᠨᠣᠰᠳᠠᠵᠤ ᠪᠠᠶᠢᠯ᠎ᠠ᠃ | ᠴᠢ ᠰᠢᠶᠤᠤ ᠵᠢᠩ ᠲᠠᠷᠢᠶᠠᠴᠢᠨ ᠠᠶᠢᠯ ᠳᠤ ᠲᠦᠷᠦᠵᠠᠢ᠂ ᠶᠠᠳᠠᠭᠤ ᠬᠤᠴᠣᠷᠤᠩᠭᠤᠢ ᠨᠢ ᠲᠡᠭᠦᠨ ᠤ ᠦᠰᠦᠨ | ᠪᠤᠶᠢᠵᠢᠯᠲᠠ ᠶᠢᠨ ᠳᠤᠮᠳᠠᠬᠢ ᠬᠠᠮᠤᠭ ᠤᠨ ᠭᠦᠨ ᠰᠠᠭᠤᠭᠳᠠᠯ ᠪᠣᠯᠤᠨ᠎ᠠ᠃ 2004 ᠣᠨ ᠳᠤ ᠲᠡᠷᠡ ᠪᠦᠬᠦ | ᠲᠣᠰᠬᠤᠨ ᠤ ᠬᠠᠮᠤᠭ ᠠᠩᠬᠠᠨ ᠤ ᠣᠶᠤᠲᠠᠨ ᠪᠣᠯᠵᠤ᠂ ᠠᠶᠢᠯ ᠰᠠᠭᠠᠬᠠᠯᠲᠠ ᠪᠠᠷ ᠢᠶᠠᠨ ᠵᠣᠭᠤᠰ ᠴᠤᠭᠯᠠᠭᠤᠯᠵᠤ | ᠰᠤᠷᠤᠯᠭ᠎ᠠ ᠪᠠᠨ ᠲᠡᠭᠦᠰᠬᠡᠵᠡᠶ᠃ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ᠂ ᠨᠤᠲᠤᠭ ᠤᠨ ᠠᠬ᠎ᠠ ᠳᠡᠭᠦᠦ | ᠨᠡᠷ ᠢᠶᠠᠨ ᠬᠠᠪᠰᠤᠷᠴᠤ ᠵᠣᠪᠠᠭᠤᠷᠢ ᠵᠦᠳᠡᠭᠦᠷᠢ ᠶᠢ ᠠᠮᠰᠠᠬᠤ ᠬᠤᠪᠢ ᠵᠠᠶᠠᠭ᠎ᠠ ᠠᠴᠠ ᠨᠢ ᠠᠩᠭᠢᠵᠢᠷᠠᠭᠤᠯᠬᠤ ᠨᠢ ᠴᠢ | ᠰᠢᠶᠤᠤ ᠵᠢᠩ ᠤᠨ ᠬᠠᠮᠤᠭ ᠤᠨ ᠴᠢᠩᠭ᠎ᠠ ᠬᠦᠰᠡᠯ ᠡᠷᠡᠮᠡᠯᠵᠡᠯ ᠪᠣᠯᠤᠭᠰᠠᠨ ᠪᠠᠶᠢᠨ᠎ᠠ᠃ 2009 ᠣᠨ ᠠᠴᠠ ᠨᠠᠰᠢ ᠴᠢ | ᠰᠢᠶᠤᠤ ᠵᠢᠩ ᠬᠤᠷᠴᠢᠨ ᠪᠠᠯᠭᠠᠰᠤᠨ ᠳᠤ ᠪᠤᠴᠠᠵᠤ 4 ᠵᠢᠯ ᠣᠶᠤᠲᠠᠨ ᠭᠠᠴᠠᠭᠠᠨ ᠳᠠᠷᠤᠭ᠎ᠠ ᠪᠣᠯᠵᠠᠶ᠃ ᠰᠡᠭᠦᠯᠡᠷ ᠨᠢ | ᠲᠡᠷᠡ ᠭᠡᠷ ᠤᠨ ᠬᠥᠮᠦᠰ ᠤᠨ ᠢᠶᠠᠨ ᠡᠰᠡᠷᠭᠦᠴᠡᠯ ᠢ ᠬᠠᠶᠢᠬᠤᠷᠤᠯ ᠦᠭᠡᠢ ᠪᠠᠷ ᠨᠥᠬᠦᠷ ᠲᠠᠢ ᠪᠠᠨ ᠬᠠᠮᠲᠤ ᠬᠤᠷᠴᠢᠨ | ᠪᠠᠯᠭᠠᠰᠤᠨ ᠤ ᠫᠢᠩ ᠠᠨ ᠲᠣᠰᠬᠤᠨ ᠳᠤ ᠦᠯᠡᠳᠡᠵᠦ ᠦᠢᠯᠡᠰ ᠪᠤᠰᠬᠠᠵᠦ᠂ ᠬᠤᠶᠠᠷ ᠬᠦᠯᠡᠮᠵᠢ ᠶᠢ ᠲᠦᠷᠢᠶᠡᠰᠦᠯᠡᠨ | ᠢᠳᠡᠰᠢᠨ ᠤ ᠮᠥᠭᠦ ᠶᠢ ᠲᠠᠷᠢᠵᠠᠢ᠃ ᠲᠠᠷᠠᠭ᠎ᠠ ᠵᠢᠯ ᠳᠤᠨᠢ ᠲᠡᠷᠡ ᠪᠠᠰᠠ ᠦᠢᠯᠡᠴᠢᠯᠡᠭᠡᠨ ᠤ ᠬᠤᠭᠤᠴᠠᠭ᠎ᠠ ᠨᠢ | ᠳᠦᠭᠦᠷᠦᠭᠰᠡᠨ ᠪᠤᠰᠤᠳ 4 ᠣᠶᠤᠲᠠᠨ ᠭᠠᠴᠠᠭᠠᠨ ᠳᠠᠷᠤᠭ᠎ᠠ ᠲᠠᠢ ᠬᠠᠮᠲᠤᠷᠠᠨ ᠲᠤᠰᠬᠠᠶ ᠠᠵᠢᠯ ᠤᠨ ᠬᠤᠷᠰᠢᠶ᠎ᠠ | ᠪᠠᠶᠢᠭᠤᠯᠵᠠᠶ᠃ ᠬᠤᠷᠰᠢᠶ᠎ᠠ ᠨᠢ ᠤᠨᠴᠠᠯᠢᠬᠳᠤ ᠲᠠᠷᠢᠮᠠᠯ ᠲᠠᠷᠢᠬᠤ ᠪᠠ ᠲᠡᠭᠦᠵᠦ ᠰᠣᠨᠢᠷᠬᠠᠬᠤ ᠶᠢ ᠭᠤᠣᠯᠯᠠᠨ ᠡᠵᠡᠩᠨᠡᠵᠦ | ᠂ ︽ᠵᠢᠭᠦᠷ ᠢᠶᠠᠨ ᠳᠡᠯᠭᠡᠨ ᠦᠵᠡᠭᠦᠯᠬᠦ︾ ᠭᠡᠰᠡᠨ ᠨᠡᠷ᠎ᠡ ᠲᠠᠢ ᠪᠠᠶᠢᠵᠤ᠂ ᠳᠠᠯᠠᠪᠴᠢ ᠨᠢ ᠤᠯᠠᠮ ᠢᠶᠠᠷ ᠡᠯᠪᠡᠭᠵᠢᠭᠰᠡᠨ | ᠤᠶᠤᠲᠠᠳ ᠤᠨ ᠬᠥᠳᠡᠭᠡ ᠲᠣᠰᠬᠤᠨ ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠦᠢᠯᠡᠳᠦᠯ ᠭᠠᠷᠭᠠᠬᠤ ᠶᠢ | ᠪᠡᠯᠭᠡᠳᠡᠵᠡᠢ᠃ | ᠤᠢᠢᠷ᠎ᠠ ᠶᠢᠨ ᠬᠡᠳᠦᠨ ᠵᠢᠯ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠲᠠᠭᠠᠯᠳᠤᠨ᠂ ᠨᠤᠲᠤᠭ ᠤᠰᠤᠨ ᠤ ᠬᠤᠪᠢᠷᠠᠯᠲᠠ | ᠲᠩᠷᠢ ᠭᠠᠵᠠᠷ ᠢ ᠳᠣᠩᠰᠣᠯᠭᠠᠮ᠎ᠠ ᠪᠤᠯᠵᠤ᠂ ᠬᠤᠷᠰᠢᠶ᠎ᠠ ᠴᠤ ᠡᠳᠦᠷ ᠢᠷᠡᠬᠦᠶ᠎ᠡ ᠪᠤᠵᠠᠭᠠᠶᠢᠷᠠᠵᠤ᠂ ᠬᠠᠮᠤᠭ ᠤᠨ ᠡᠬᠢᠨ ᠤ | ᠡᠷ᠎ᠡ ᠡᠮ᠎ᠡ 2 ᠬᠥᠮᠦᠨ 2 ᠬᠦᠯᠡᠮᠵᠢ ᠲᠠᠢ ᠪᠠᠶᠢᠭᠰᠠᠨ ᠠᠴᠠ ᠪᠠᠨ ᠤᠳᠤ ᠶᠢᠨ 31 ᠭᠡᠰᠢᠭᠦᠨ ᠲᠠᠢ᠂ ᠬᠤᠪᠢ ᠶᠢᠨ | 35 ᠬᠦᠯᠡᠮᠵᠢ ᠲᠠᠢ᠂ 78 ᠭᠡᠷ᠎ᠡ ᠲᠣᠭᠲᠠᠭᠰᠠᠨ ᠬᠦᠯᠡᠮᠵᠢ ᠲᠠᠢ᠂ 12 ᠪᠦᠲᠦᠭᠡᠭᠳᠡᠬᠦᠨ ᠤ ᠰᠠᠭᠤᠷᠢᠨ ᠲᠠᠢ ᠪᠤᠯᠵᠤ᠂ | ᠵᠢᠯ ᠤᠨ ᠣᠷᠣᠯᠭ᠎ᠠ ᠨᠢ 300 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ | ᠨᠢᠭᠡ ᠬᠥᠮᠦᠨ ᠪᠠᠶᠠᠵᠢᠭᠰᠠᠨ ᠨᠢ ᠪᠠᠶᠠᠵᠢᠭᠰᠠᠨ ᠳᠤ ᠲᠣᠭᠠᠴᠠᠭᠳᠠᠬᠤ ᠦᠭᠡᠢ᠂ ᠴᠢ ᠰᠢᠶᠤᠤ ᠵᠢᠩ ᠲᠤᠬᠠᠢ ᠶᠢᠨ | ᠦᠶ᠎ᠡ ᠳᠤ ᠨᠤᠲᠤᠭ ᠲᠠᠭᠠᠨ ᠬᠠᠷᠢᠵᠤ ᠢᠷᠡᠭᠰᠡᠨ ᠠᠩᠬᠠᠨ ᠤ ᠬᠦᠰᠡᠯ ᠢᠶᠠᠨ ᠢᠮᠠᠭᠲᠠ ᠴᠡᠭᠡᠵᠢᠯᠡᠭᠰᠡᠭᠡᠷ ᠢᠷᠡᠵᠠᠢ᠃ | ᠬᠤᠷᠰᠢᠶ᠎ᠠ ᠵᠥᠪ ᠵᠠᠮ ᠳᠠᠭᠠᠨ ᠣᠷᠣᠮᠠᠭᠴᠠ᠂ ᠲᠡᠷᠡ ᠳᠠᠷᠤᠶ ᠶᠠᠭᠠᠬᠢᠪᠠᠯ ᠰᠠᠶ᠋ᠢ ᠨᠤᠲᠤᠭ ᠤᠨ ᠠᠬ᠎ᠠ ᠳᠡᠭᠦᠦ ᠨᠡᠷ ᠢᠶᠠᠨ | ᠳᠠᠭᠠᠭᠤᠯᠵᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠪᠣᠳᠣᠯᠬᠢᠯᠠᠵᠤ ᠡᠬᠢᠯᠡᠵᠡᠶ᠃ ᠫᠢᠩ ᠠᠨ ᠲᠣᠰᠬᠤᠨ ᠤ | ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠣᠯᠠᠩᠬᠢ ᠨᠢ ᠡᠪᠡᠳᠴᠢᠨ ᠠᠴᠠ ᠪᠤᠯᠵᠤ ᠶᠠᠳᠠᠭᠤᠷᠠᠵᠤ | ᠂ ᠪᠠᠭᠤᠷᠠᠢ ᠠᠴᠠ ᠪᠤᠯᠵᠤ ᠶᠠᠳᠠᠭᠤᠷᠠᠵᠤ᠂ ᠪᠠᠭᠤᠷᠠᠢ ᠬᠥᠳᠡᠯᠮᠦᠷᠢ ᠬᠦᠴᠦ ᠨᠢ ᠪᠠᠶᠢᠩᠭᠤ ᠰᠠᠭᠤᠭ᠎ᠠ ᠬᠥᠮᠦᠨ ᠠᠮᠠ ᠶᠢᠨ | 90% ᠠᠴᠠ ᠳᠡᠭᠡᠭᠰᠢᠬᠢ ᠶᠢ ᠡᠵᠡᠯᠡᠵᠦ ᠪᠤᠢ᠃ ᠡᠶᠢᠮᠦ ᠠᠴᠠ ᠵᠠᠨ ᠢ ᠬᠤᠷᠰᠢᠶᠠᠨ ᠤ ᠬᠢᠨ ᠲᠣᠰᠬᠤᠨ ᠤ | ᠠᠷᠠᠳ ᠲᠤ ︽ᠲᠠᠬᠢᠶ᠎ᠠ ᠵᠢᠭᠡᠯᠡᠵᠦ ᠲᠠᠬᠢᠶ᠎ᠠ ᠶᠢ ᠪᠤᠴᠠᠭᠠᠬᠤ︾ ︽ᠲᠠᠬᠢᠶ᠎ᠠ ᠵᠢᠭᠡᠯᠡᠵᠦ ᠥᠨᠳᠡᠭᠡ ᠶᠢ ᠪᠤᠴᠠᠭᠠᠬᠤ︾ ︽ | ᠴᠢᠬᠢ ᠵᠢᠭᠡᠯᠡᠵᠦ ᠮᠢᠬ᠎ᠠ ᠶᠢ ᠪᠤᠴᠠᠭᠠᠬᠤ︾ ︽ᠵᠠᠬᠢᠶᠠᠯᠠᠭ᠎ᠠ ᠶᠢᠨ ᠬᠠᠭᠤᠳᠠᠰᠤ ᠶᠢ ᠬᠦᠷᠢᠶᠡᠨ ᠳᠤ ᠬᠦᠷᠭᠡᠬᠦ︾ ᠵᠡᠷᠭᠡ | ᠪᠠᠶᠠᠵᠢᠯ ᠤᠨ ᠵᠠᠭᠪᠤᠷ ᠢ ᠲᠥᠯᠥᠪᠯᠡᠵᠦ ᠥᠭᠴᠡᠶ᠃ ᠠᠰᠢᠭ ᠬᠦᠷᠲᠡᠭᠰᠡᠨ ᠲᠣᠰᠬᠤᠨ ᠤ ᠠᠷᠠᠳ ᠨᠢᠭᠡ ᠠᠴᠠ ᠠᠷᠪᠠ᠂ | ᠠᠷᠪᠠ ᠠᠴᠠ ᠵᠠᠭᠤ ᠪᠠᠷ ᠳᠠᠮᠵᠢᠵᠤ᠂ ᠵᠠᠨ ᠢ ᠬᠤᠷᠰᠢᠶᠠᠵᠢᠯ ᠤᠨ ᠶᠠᠳᠠᠭᠤ ᠬᠦᠴᠢᠷᠳᠡᠯᠲᠡᠢ ᠡᠷᠦᠬᠡ ᠶᠢ | ᠬᠠᠪᠰᠤᠷᠤᠭᠰᠠᠨ ᠴᠢᠮᠡᠭᠡ ᠶᠢ ᠲᠠᠪᠤᠨ ᠰᠢᠶᠠᠩ ᠨᠠᠢᠮᠠᠨ ᠲᠣᠰᠬᠤᠨ ᠳᠤ ᠳᠠᠮᠵᠢᠭᠤᠯᠵᠤ᠂ ᠤᠯᠠᠮ ᠠᠴᠠ ᠤᠯᠠᠮ ᠤᠯᠠᠨ | ᠶᠠᠳᠠᠭᠤ ᠬᠦᠴᠢᠷᠳᠡᠯᠲᠡᠢ ᠡᠷᠦᠬᠡ ᠰᠠᠨᠠᠭᠠᠴᠢᠯᠠᠭ᠎ᠠ ᠠᠴᠠ ᠪᠠᠨ ᠡᠷᠢᠵᠦ ᠢᠷᠡᠭᠰᠡᠨ ᠪᠠᠶᠢᠨ᠎ᠠ᠃ ᠬᠤᠷᠰᠢᠶ᠎ᠠ ᠨᠢ 416 | ᠡᠷᠦᠬᠡ ᠲᠠᠷᠢᠶᠠᠴᠢᠨ ᠡᠷᠦᠬᠡ ᠲᠠᠢ ᠭᠡᠷ᠎ᠡ ᠲᠣᠭᠲᠠᠵᠤ᠂ ᠡᠷᠦᠬᠡ ᠪᠦᠷᠢ ᠶᠢᠨ ᠣᠷᠣᠯᠭ᠎ᠠ ᠶᠢ ᠳᠤᠮᠳᠠᠴᠢ ᠪᠠᠷ 1200 | ᠲᠥᠭᠦᠷᠢᠭ ᠨᠡᠮᠡᠭᠳᠡᠭᠦᠯᠵᠡᠶ᠃ ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠴᠢ ᠰᠢᠶᠤᠤ ᠵᠢᠩ ᠨᠤᠲᠤᠭ ᠤᠨ ᠠᠬ᠎ᠠ | ᠳᠡᠭᠦᠦ ᠨᠡᠷ ᠢᠶᠠᠨ ᠳᠠᠭᠠᠭᠤᠯᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠰᠠᠷᠠᠭᠤᠯ ᠳᠠᠷᠳᠠᠩ ᠵᠠᠮ ᠢ ᠨᠡᠭᠡᠭᠡᠵᠡᠢ᠃ ᠵᠣᠯ ᠢᠶᠠᠷ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯᠤᠭᠰᠠᠨ ᠳᠤ ᠴᠢ ᠰᠢᠶᠤᠤ ᠵᠢᠩ ᠮᠠᠰᠢ ᠰᠡᠳᠬᠢᠯ ᠳᠣᠭᠳᠣᠯᠵᠤ᠂ ᠮᠠᠰᠢ ᠪᠠᠶᠠᠷᠯᠠᠪᠠ᠃ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ ︽ᠬᠥᠳᠡᠭᠡ ᠲᠣᠰᠬᠤᠨ ᠤ ᠠᠵᠤ ᠦᠢᠯᠡᠰ᠂ | ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠵᠡᠷᠭᠡ ᠶᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ︾ ᠭᠡᠵᠦ ᠳᠤᠷᠠᠳᠴᠠᠢ᠂ ᠡᠨᠡ ᠨᠢ ᠲᠡᠭᠦᠨ ᠤ ᠰᠡᠳᠬᠢᠯ ᠤᠨ ᠦᠭᠡ ᠶᠢ ᠶᠠᠷᠢᠵᠠᠢ᠃ | ᠴᠢ ᠰᠢᠶᠤᠤ ᠵᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠴᠢᠳᠠᠪᠤᠷᠢᠲᠠᠨ ᠳᠤ | ᠪᠠᠶᠢᠨ᠎ᠠ᠂ ᠬᠠᠮᠤᠭ ᠤᠨ ᠳᠤᠲᠠᠭᠳᠠᠵᠤ ᠪᠠᠶᠢᠭ᠎ᠠ ᠨᠢ ᠮᠥᠨᠴᠦ ᠴᠢᠳᠠᠪᠤᠷᠢᠲᠠᠨ ᠪᠣᠯᠤᠨ᠎ᠠ ᠭᠡᠳᠡᠭ ᠢ ᠭᠦᠨ ᠣᠶᠢᠯᠠᠭᠠᠵᠤ | ᠪᠠᠶᠢᠨ᠎ᠠ᠃ | 2019 ᠣᠨ ᠳᠤ᠂ ᠬᠤᠰᠢᠭᠤᠨ ᠤ ᠵᠠᠰᠠᠭ ᠤᠨ ᠣᠷᠳᠣᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠤᠷᠴᠢᠨ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠲᠥᠪ ᠢ ᠪᠠᠶᠢᠭᠤᠯᠵᠤ᠂ ᠴᠢ | ᠰᠢᠶᠤᠤ ᠵᠢᠩ ᠲᠥᠪ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ᠃ ᠨᠡᠪᠴᠢᠭᠦᠯᠬᠦ ᠲᠥᠪ ᠪᠣᠯ ᠳᠠᠷᠤᠶ ᠰᠢᠨ᠎ᠡ | ᠲᠠᠷᠢᠶᠠᠴᠢᠨ ᠢ ᠬᠥᠮᠦᠵᠢᠭᠦᠯᠬᠦ ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ ᠪᠣᠯᠤᠨ᠎ᠠ᠂ ᠡᠭᠦᠨ ᠤ ᠵᠣᠷᠢᠯᠭ᠎ᠠ ᠨᠢ | ᠨᠤᠲᠤᠭ ᠤᠨ ᠴᠢᠳᠠᠪᠤᠷᠢᠲᠠᠨ ᠳᠤ ᠪᠥᠬᠦ ᠠᠵᠤ ᠦᠶ᠋ᠯᠡᠰ ᠤᠨ ᠬᠡᠯᠬᠢᠶ᠎ᠡ ᠶᠢᠨ ᠡᠵᠡᠩᠨᠡᠯᠲᠡ ᠳᠤ ᠣᠷᠣᠯᠴᠠᠬᠤ ᠪᠣᠳᠠᠲᠠᠶ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠬᠠᠩᠭᠠᠬᠤ ᠶᠢᠨ ᠲᠥᠯᠥᠭᠡ ᠶᠤᠮ᠂ ᠣᠲᠣ 3 ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠲᠠᠢ᠂ 53 ᠴᠢᠳᠠᠪᠤᠷᠢᠲᠠᠨ ᠢ ᠨᠡᠪᠴᠢᠭᠦᠯᠵᠦ᠂ ᠨᠤᠲᠤᠭ ᠲᠠᠭᠠᠨ ᠪᠤᠴᠠᠭᠰᠠᠨ ᠶᠡᠭᠡ ᠰᠤᠷᠭᠠᠭᠤᠯᠢ | ᠲᠡᠭᠦᠰᠦᠭᠰᠡᠨ ᠰᠣᠷᠣᠭᠴᠢ᠂ ᠴᠡᠷᠢᠭ ᠠᠴᠠ ᠬᠠᠯᠠᠭᠳᠠᠭᠰᠠᠳ᠂ ᠠᠵᠢᠯ ᠬᠥᠳᠡᠯᠮᠦᠷᠢ ᠬᠢᠭᠰᠡᠳ ᠢᠶᠠᠷ ᠭᠤᠤᠯᠯᠠᠭᠤᠯᠤᠨ᠎ᠠ᠃ | ︽ᠮᠢᠨᠦ ᠪᠤᠳᠤᠬᠤ ᠪᠠᠷ᠂ ᠪᠢ ᠥᠪᠡᠷ ᠤᠨ ᠨᠤᠲᠤᠭ ᠭᠡᠬᠦ ᠡᠨᠡᠬᠦ ᠬᠠᠷ᠎ᠠ ᠬᠥᠷᠥᠰᠥᠨ ᠠᠴᠠ ︿ᠨᠡᠪᠴᠢᠭᠦᠯᠵᠦ﹀ | ᠭᠠᠷᠴᠤ ᠢᠷᠡᠭᠰᠡᠨ ᠨᠤᠲᠤᠭ ᠤᠨ ᠴᠢᠳᠠᠪᠤᠷᠢᠲᠠᠨ ᠪᠣᠯᠤᠨ᠎ᠠ᠂ ᠨᠡᠩ ᠤᠯᠠᠨ ᠰᠢᠨ᠎ᠡ ᠲᠠᠷᠢᠶᠠᠴᠢᠨ ᠢ ᠬᠠᠪᠰᠤᠷᠴᠤ | ᠦᠢᠯᠡᠰ ᠪᠤᠰᠬᠠᠨ ᠴᠢᠨᠡᠭᠡᠯᠢᠭᠵᠢᠭᠦᠯᠵᠦ᠂ ᠡᠳᠡᠬᠡᠷ ︿ᠠᠯᠳᠠᠨ ᠦᠷ᠎ᠡ﹀ ᠶᠢ ᠨᠤᠲᠤᠭ ᠲᠠᠭᠠᠨ ᠦᠨᠳᠦᠰᠦᠯᠡᠭᠦᠯᠵᠦ᠂ | ᠴᠡᠴᠡᠭᠯᠡᠭᠦᠯᠦᠨ ᠵᠢᠮᠢᠰᠯᠡᠭᠦᠯᠬᠦ ᠬᠠᠷᠢᠭᠤᠴᠠᠯᠭ᠎ᠠ ᠲᠠᠢ ᠶᠤᠮ︾᠃ ᠭᠡᠵᠦ ᠴᠢ ᠰᠢᠶᠤᠤ ᠵᠢᠩ ᠬᠡᠯᠡᠪᠡ᠃ | ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ᠂ ᠴᠢ ᠰᠢᠶᠤᠤ ᠵᠢᠩ ᠭᠦᠨ | ᠲᠦᠷᠦᠭᠳᠡᠯ ᠲᠠᠢ᠄ ︽ᠬᠥᠳᠡᠭᠡ ᠲᠣᠰᠬᠤᠨ ᠤ ᠴᠢᠳᠠᠪᠤᠷᠢᠲᠠᠨ ᠤ ᠢᠷᠡᠯᠳᠡ ᠨᠢ ᠨᠡᠭᠡᠭᠡᠯᠲᠡᠲᠡᠢ᠂ ᠤᠯᠠᠨ ᠡᠰᠢ ᠲᠠᠢ | ᠪᠠᠶᠢᠬᠤ ᠬᠡᠷᠡᠭᠲᠡᠢ᠂ ᠬᠥᠳᠡᠭᠡ ᠲᠣᠰᠬᠤᠨ ᠳᠤ ᠬᠤᠪᠢ ᠨᠡᠮᠡᠷᠢ ᠦᠵᠡᠭᠦᠯᠬᠦ ᠳᠤᠷᠠᠲᠠᠢ ᠬᠥᠮᠦᠨ ᠪᠦᠬᠦᠨ ᠴᠥᠮ | ᠬᠥᠳᠡᠭᠡ ᠲᠣᠰᠬᠤᠨ ᠤ ᠴᠢᠳᠠᠪᠤᠷᠢᠲᠠᠨ ᠪᠤᠯᠵᠤ ᠪᠣᠯᠤᠨ᠎ᠠ︾᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠴᠢᠳᠠᠪᠤᠷᠢᠲᠠᠨ ᠤ ᠬᠡᠷᠡᠭᠴᠡᠭᠡ ᠪᠣᠯ ᠶᠡᠷᠦᠩᠬᠡᠶᠢᠯᠡᠭᠰᠡᠨ ᠴᠢᠨᠠᠷᠲᠠᠢ ᠶᠤᠮ᠂ ᠠᠵᠤ ᠦᠢᠯᠡᠰ ᠤᠨ | ᠴᠢᠳᠠᠪᠤᠷᠢᠲᠠᠨ᠂ ᠮᠡᠷᠭᠡᠵᠢᠯ ᠤᠨ ᠴᠢᠳᠠᠪᠤᠷᠢᠲᠠᠨ᠂ ᠰᠣᠶᠣᠯ ᠤᠷᠠᠯᠢᠭ ᠤᠨ ᠴᠢᠳᠠᠪᠤᠷᠢᠲᠠᠨ ᠢ ᠱᠠᠭᠠᠷᠳᠠᠬᠤ ᠪᠠᠷ ᠪᠠᠷᠠᠬᠤ | ᠦᠭᠡᠢ ᠪᠠᠰᠠ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ᠂ ᠬᠠᠮᠢᠶᠠᠷᠤᠯᠲᠠ ᠶᠢᠨ ᠴᠢᠳᠠᠪᠤᠷᠢᠲᠠᠨ ᠢ ᠱᠠᠭᠠᠷᠳᠠᠨ᠎ᠠ᠃ | ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠳᠤ ᠲᠦᠰᠢᠭᠯᠡᠨ ᠥᠨᠳᠥᠷ ᠬᠡᠪ ᠴᠢᠨᠠᠷ ᠪᠦᠬᠦᠢ ᠲᠠᠷᠢᠶᠠᠴᠢᠳ ᠤᠨ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠠᠷᠢᠶᠠᠴᠢᠨ ᠰᠤᠷᠤᠭᠴᠢᠳ ᠢ ᠵᠣᠬᠢᠶᠠᠨ | ᠪᠠᠶᠢᠭᠤᠯᠤᠨ ᠰᠠᠭᠤᠷᠢᠨ ᠭᠠᠵᠠᠷ ᠲᠤ ᠣᠴᠢᠭᠤᠯᠤᠨ ᠳᠠᠳᠤᠯᠭ᠎ᠠ ᠪᠣᠯᠪᠠᠰᠤᠷᠠᠯ ᠤᠨ ᠰᠣᠷᠢᠯᠲᠠ᠂ ᠦᠵᠡᠭᠦᠯᠦᠯᠭᠡ ᠶᠢᠨ | ᠰᠣᠯᠢᠯᠴᠠᠭ᠎ᠠ ᠬᠢᠯᠭᠡᠵᠦ᠂ ᠲᠣᠭᠠᠴᠢᠯᠠᠯᠲᠠ᠂ ᠤᠶᠤᠨᠴᠢᠯᠠᠯᠳᠠ ᠶᠢᠨ ᠲᠠᠯ᠎ᠠ ᠶᠢᠨ ᠲᠤᠰᠬᠠᠶ ᠮᠡᠷᠭᠡᠵᠢᠯ ᠤᠨ ᠤᠷ᠎ᠠ | ᠴᠢᠳᠠᠪᠤᠷᠢ ᠶᠢ ᠰᠤᠷᠤᠯᠴᠠᠭᠤᠯᠵᠤ᠂ ᠦᠢᠯᠡᠳᠦᠯᠭᠡ ᠶᠢᠨ ᠳᠤᠮᠳᠠ ᠴᠢᠳᠠᠪᠤᠷᠢ ᠶᠢᠨ ᠬᠢᠷᠢ ᠲᠦᠪᠰᠢᠨ ᠢ ᠨᠢ | ᠳᠡᠭᠡᠭᠰᠢᠯᠡᠭᠦᠯᠬᠦ ᠬᠡᠷᠡᠭᠲᠡᠶ᠃ ᠲᠠᠷᠢᠶᠠᠴᠢᠨ ᠤ ᠰᠤᠷᠭᠠᠨ ᠬᠥᠮᠦᠵᠢᠯ ᠤᠨ ᠥᠪᠡᠷᠮᠢᠴᠡ ᠴᠢᠨᠠᠷ ᠠᠴᠠ ᠡᠭᠦᠰᠴᠦ᠂ | ᠲᠠᠷᠢᠶᠠᠴᠢᠨ ᠪᠠ ᠬᠥᠳᠡᠭᠡ ᠲᠣᠰᠬᠤᠨ ᠤ ᠣᠨᠴᠠᠯᠢᠭ ᠲᠤ ᠳᠣᠭᠢᠷᠬᠠᠰᠠᠨ ᠬᠥᠮᠦᠵᠢᠭᠦᠯᠬᠦ ᠲᠥᠰᠦᠯ ᠢ ᠲᠣᠭᠲᠠᠭᠠᠬᠤ | ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠣᠷᠣᠯᠭ᠎ᠠ ᠶᠢᠨ ᠲᠦᠪᠰᠢᠨ᠂ ᠠᠮᠢᠳᠤᠷᠠᠯ ᠤᠨ ᠣᠷᠴᠢᠨ | ᠲᠣᠭᠤᠷᠢᠨ᠂ ᠨᠡᠶᠢᠭᠡᠮ ᠤᠨ ᠬᠦᠨᠳᠦᠳᠬᠡᠯ ᠵᠡᠷᠭᠡ ᠲᠠᠯ᠎ᠠ ᠠᠴᠠ ᠨᠤᠲᠤᠭ ᠤᠨ ᠴᠢᠳᠠᠪᠤᠷᠢᠲᠠᠨ ᠳᠤ ᠥᠰᠦᠨ ᠪᠤᠶᠢᠵᠢᠬᠤ | ᠰᠠᠶᠢᠨ ᠨᠥᠬᠦᠴᠡᠯ ᠢ ᠬᠠᠩᠭᠠᠵᠤ᠂ ᠲᠠᠷᠢᠶᠠᠴᠢᠳ ᠢ ᠬᠥᠮᠦᠰ ᠤᠨ ᠪᠠᠭ᠋ᠠᠷᠬᠠᠯ ᠢ ᠲᠠᠲᠠᠭᠰᠠᠨ ᠠᠵᠢᠯ ᠲᠥᠷᠥᠯ ᠪᠣᠯᠭᠠᠬᠤ | ᠬᠡᠷᠡᠭᠲᠡᠶ︾ ᠭᠡᠵᠡᠶ᠃ ᠴᠢ ᠰᠢᠶᠤᠤ ᠵᠢᠩ᠂ ᠢᠷᠡᠭᠡᠳᠦᠶ ᠳᠤ ᠨᠠᠩ ᠣᠯᠠᠨ ᠵᠠᠯᠠᠭᠤᠴᠤᠳ ᠮᠠᠯᠵᠢᠬᠤ ᠲᠠᠷᠢᠶᠠᠯᠠᠬᠤ | ᠣᠷᠣᠨ ᠳᠤ ᠢᠷᠡᠵᠦ᠂ ᠨᠤᠲᠤᠭ ᠲᠠᠭᠠᠨ ᠬᠠᠷᠢᠵᠤ᠂ ︽ᠵᠢᠭᠦᠷ ᠢᠶᠠᠨ ᠳᠡᠯᠭᠡᠨ︾ ᠨᠢᠰᠬᠦ ᠪᠣᠯᠤᠨ᠎ᠠ ᠭᠡᠳᠡᠭ ᠢ ᠪᠠᠲᠤ | ᠢᠲᠡᠭᠡᠵᠦ ᠪᠠᠶᠢᠨ᠎ᠠ︕ |