︽ᠸᠠᠩ ᠱᠦᠵᠢ ᠡ᠂ ᠲᠠ ᠨᠠᠮᠠᠢ ᠬᠠᠪᠰᠤᠷᠴᠤ ᠲᠤᠰᠬᠠᠶ ᠮᠡᠷᠭᠡᠵᠢᠯᠲᠡᠨ ᠣᠯᠵᠤ ᠦᠵᠦᠮ ᠤᠨ ᠨᠠᠪᠴᠢᠨ ᠤ ᠪᠣᠷᠣ | ᠡᠪᠡᠳᠴᠢᠨ ᠢ ᠡᠳᠡᠭᠡᠭᠡᠳ ᠥᠭᠴᠢᠬᠡᠯ᠎ᠡ᠂ ᠦᠭᠡᠢ ᠪᠣᠯ ᠡᠨᠡ ᠵᠢᠯ ᠮᠢᠨᠦ ᠡᠨᠡ ᠦᠵᠦᠮ ᠲᠠᠯᠠᠭᠠᠷ ᠲᠠᠷᠢᠨ᠎ᠠ ᠰᠢᠤ︕ | ᠡᠨᠡ ᠭᠡᠷ ᠤᠨ ᠢᠷᠡᠬᠦ ᠵᠢᠯ ᠤᠨ ᠣᠷᠣᠯᠭ᠎ᠠ ᠪᠠᠰᠠ ᠨᠢᠭᠡ ᠵᠦᠢᠯ ᠢᠯᠡᠭᠦᠦ ᠪᠣᠯᠤᠨ᠎ᠠ︕︾ ᠭᠡᠵᠦ ᠠᠰᠠᠭᠤᠪᠠ᠃᠂ ︽ | ᠸᠠᠩ ᠱᠦᠵᠢ ᠡ᠂ ᠲᠠ ᠨᠠᠮᠠᠢ ᠬᠠᠪᠰᠤᠷᠴᠤ ᠦᠵᠦᠮ ᠤᠨ ᠨᠠᠪᠴᠢᠨ ᠤ ᠪᠣᠷᠣ ᠨᠠᠪᠴᠢ ᠶᠢᠨ ᠡᠪᠡᠳᠴᠢᠨ ᠢ ᠡᠳᠡᠭᠡᠭᠡᠵᠦ | ᠥᠭᠬᠦ ᠦᠭᠡᠶ ᠪᠣᠯ ᠡᠨᠡ ᠵᠢᠯ ᠮᠢᠨᠦ ᠡᠨᠡ ᠦᠵᠦᠮ ᠢ ᠵᠦᠭᠡᠷ ᠲᠠᠷᠢᠨ᠎ᠠ ᠰᠢᠤ︕︾ ᠭᠡᠪᠡ᠃ ᠬᠥᠬᠡᠭᠡ ᠡᠪᠦᠯ ᠤᠨ | ᠤᠯᠠᠷᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠯᠢᠰ ᠪᠠᠯᠭᠠᠰᠤᠨ ᠤ ᠤᠯᠠᠭᠠᠨ ᠲᠤᠭ | ᠲᠣᠰᠬᠤᠨ ᠤ ᠠᠷᠠᠳ ᠵᠠᠩ ᠯᠢ ᠵᠤ᠋ ᠶᠢᠨ ᠬᠢᠨ ᠮᠠᠰᠢ ᠬᠦᠷ ᠬᠥᠭᠵᠢᠶᠡᠨ ᠲᠠᠢ ᠪᠠᠶᠢᠯ᠎ᠠ᠂ ᠲᠡᠷᠡ ᠶᠠᠭ ᠠᠶᠢᠯᠴᠢᠯᠠᠬᠤ ᠪᠠᠷ | ᠢᠷᠡᠭᠰᠡᠨ ᠺᠠᠳ᠋ᠷᠴᠤᠳ ᠲᠠᠢ ᠤᠢᠢᠷ᠎ᠠ ᠶᠢᠨ ᠬᠤᠭᠤᠴᠠᠭᠠᠨ ᠤ ᠭᠡᠷ ᠪᠦᠯᠢ ᠶᠢᠨ ᠬᠤᠪᠢᠷᠠᠯᠲᠠ ᠪᠠᠨ ᠬᠠᠯᠠᠭᠤᠨ ᠢᠶᠠᠷ | ᠬᠤᠪᠢᠶᠠᠯᠴᠠᠵᠤ ᠪᠠᠶᠢᠯ᠎ᠠ᠃ ᠵᠠᠩ ᠯᠢ ᠵᠤ᠋ ᠶᠢᠨ ᠠᠮᠠᠨ ᠳᠠᠬᠢ ᠸᠠᠩ ᠱᠦᠵᠢ ᠪᠣᠯ ᠪᠡᠭᠡᠵᠢᠩ ᠤᠨ ᠤᠢ ᠰᠢᠭᠤᠢ ᠶᠢᠨ | ᠶᠡᠭᠡ ᠰᠤᠷᠭᠠᠭᠤᠯᠢ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠯᠢᠰ ᠪᠠᠯᠭᠠᠰᠤᠨ ᠤ ᠤᠯᠠᠭᠠᠨ | ᠲᠤᠭ ᠲᠣᠰᠬᠤᠨ ᠤ ᠨᠢᠭᠡᠳᠦᠭᠡᠷ ᠱᠦᠵᠢ ᠸᠠᠩ ᠲᠢᠩ ᠴᠢᠨ ᠪᠣᠯᠤᠨ᠎ᠠ᠃ 2021 ᠣᠨ ᠤ 4 ᠰᠠᠷ᠎ᠠ ᠳᠤ᠂ ᠸᠠᠩ | ᠲᠢᠩ ᠴᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠤᠤᠬᠢ᠊ ᠡᠶ᠎ᠡ︾ ᠶᠢ ᠳᠤᠰᠴᠤ ᠠᠪᠤᠭᠠᠳ | ᠨᠡᠶᠢᠰᠯᠡᠯ ᠪᠡᠭᠡᠵᠢᠩ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ᠂ ᠬᠦᠯᠢᠰ ᠪᠠᠯᠭᠠᠰᠤᠨ ᠤ | ᠤᠯᠠᠭᠠᠨ ᠲᠤᠭ ᠲᠣᠰᠬᠤᠨ ᠤ ᠠᠷᠠᠳ ᠤᠯᠠᠨ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠠᠷᠳᠠᠩ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠪᠠ᠃ ᠸᠠᠩ ᠲᠢᠩ ᠴᠢᠨ ᠤ ᠠᠯᠪᠠᠨ ᠭᠡᠷ ᠲᠤ ᠬᠦᠷᠬᠦ ᠳᠤ᠂ | ᠬᠤᠶᠠᠷ ᠲᠤᠮᠤ ᠤᠯᠠᠭᠠᠨ ᠲᠤᠭ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠷᠢᠰᠢᠭᠤᠯᠤᠯᠲᠠ ᠶᠢᠨ ᠵᠢᠯᠣᠭᠤᠳᠬᠤ ᠵᠢᠷᠤᠭ ᠪᠣᠯᠤᠨ ᠨᠢᠭᠡᠨ ᠤᠯᠠᠭᠠᠨ ᠲᠤᠭ ᠲᠣᠰᠬᠤᠨ ᠤ ᠬᠥᠭᠵᠢᠯᠲᠡ ᠶᠢᠨ | ᠰᠡᠳᠬᠢᠴᠡ ᠶᠢᠨ ᠵᠢᠷᠤᠭ ᠬᠠᠷᠠᠭᠳᠠᠨ᠎ᠠ᠃ ᠸᠠᠩ ᠲᠢᠩ ᠴᠢᠨ ᠲᠠᠨᠢᠯᠴᠠᠭᠤᠯᠬᠤ ᠳᠤ ᠪᠠᠨ᠄ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠶᠠᠭᠤ ᠶᠢ ᠬᠥᠭᠵᠢᠭᠦᠯᠦᠨ ᠮᠠᠨᠳᠤᠭᠤᠯᠬᠤ ᠪᠤᠢ︖ ᠬᠡᠷᠬᠢᠨ ᠬᠥᠭᠵᠢᠭᠦᠯᠦᠨ | ᠮᠠᠨᠳᠤᠭᠤᠯᠬᠤ ᠪᠤᠢ︖ ᠡᠨᠡ ᠪᠣᠯ ᠮᠢᠨᠦ ᠤᠯᠠᠭᠠᠨ ᠲᠤᠭ ᠲᠣᠰᠬᠤᠨ ᠳᠤ ᠠᠩᠬ᠎ᠠ ᠬᠦᠷᠬᠦ ᠳᠤ ᠪᠣᠳᠣᠯᠬᠢᠯᠠᠭᠰᠠᠨ | ᠠᠰᠠᠭᠤᠳᠠᠯ ᠪᠣᠯᠤᠨ᠎ᠠ᠂ ᠪᠢ ᠠᠰᠠᠭᠤᠯᠲᠠ ᠶᠢᠨ ᠬᠠᠷᠢᠭᠤᠯᠲᠠ ᠶᠢ ᠭᠤᠷᠪᠠᠨ ᠬᠠᠭᠤᠳᠠᠰᠤ ᠵᠢᠷᠤᠭ ᠪᠣᠯᠭᠠᠨ | ᠪᠣᠯᠪᠠᠰᠤᠷᠠᠭᠤᠯᠪᠠ᠂ ᠡᠨᠡ ᠭᠤᠷᠪᠠᠨ ᠬᠠᠭᠤᠳᠠᠰᠤ ᠵᠢᠷᠤᠭ ᠨᠢ ᠮᠢᠨᠦ ᠤᠯᠠᠭᠠᠨ ᠲᠤᠭ ᠢ ᠣᠶᠢᠯᠠᠭᠠᠬᠤ ᠮᠠᠲ᠋ᠧᠷᠢᠶᠠᠯ | ᠪᠣᠯᠬᠤ ᠪᠠᠷ ᠪᠠᠷᠠᠬᠤ ᠦᠭᠡᠢ᠂ ᠨᠡᠩ ᠴᠤ ᠮᠢᠨᠦ ᠤᠯᠠᠭᠠᠨ ᠲᠤᠭ ᠢ ᠬᠥᠭᠵᠢᠭᠦᠯᠬᠦ ᠰᠡᠳᠬᠢᠬᠦᠢ ᠶᠢᠨ | ᠵᠢᠯᠤᠭᠤᠳᠤᠯᠭ᠎ᠠ ᠶᠢᠨ ᠵᠢᠷᠤᠭ ᠪᠣᠯᠤᠨ᠎ᠠ︾ ᠭᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ | ᠨᠢᠭᠡ ᠤᠳᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠬᠤ ᠪᠠᠷ ᠪᠠᠷᠠᠬᠤ ᠦᠭᠡᠢ ᠨᠡᠩ ᠴᠤ ᠨᠢᠭᠡ | ᠤᠳᠠᠭ᠎ᠠ ᠶᠢᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠪᠣᠯᠤᠨ᠎ᠠ᠂ ᠰᠠᠶᠢᠲᠤᠷ ᠪᠠᠶᠢᠯᠳᠤᠵᠤ᠂ ᠢᠯᠠᠯᠲᠠ ᠤᠯᠬᠤ ᠳᠤ | ᠨᠠᠮ ᠤᠨ ᠡᠭᠦᠷ ᠤᠨ ᠤᠳᠤᠷᠢᠳᠤᠯᠭ᠎ᠠ ᠪᠣᠯ ᠵᠠᠩᠭᠢᠯᠠᠭ᠎ᠠ ᠪᠣᠯᠤᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠲᠠᠶᠢᠴᠢᠨ ᠪᠠᠬᠢᠯᠡᠯᠲᠡ ᠶᠢᠨ | ᠦᠢᠯᠡᠳᠦᠯ ᠢ ᠬᠡᠷᠬᠢᠨ ᠪᠠᠳᠠᠷᠠᠭᠤᠯᠬᠤ ᠨᠢ ᠸᠠᠩ ᠲᠢᠩ ᠴᠢᠨ ᠤᠯᠤᠰ ᠤᠨ ᠡᠬᠢᠨ ᠤ ᠦᠶ᠎ᠡ ᠶᠢᠨ ᠤᠯᠠᠭᠠᠨ ᠲᠤᠭ | ᠲᠣᠰᠬᠤᠨ ᠳᠤ ᠬᠦᠷᠬᠦ ᠶᠢᠨ ᠲᠡᠷᠢᠭᠦᠨ ᠴᠢᠬᠤᠯᠠ ᠡᠭᠦᠷᠭᠡ ᠪᠣᠯᠵᠠᠢ᠃ ᠲᠡᠷᠡ ᠪᠦᠬᠦ ᠲᠣᠰᠬᠤᠨ ᠤ ᠠᠷᠠᠳ ᠢᠶᠠᠨ | ᠳᠠᠭᠠᠭᠤᠯᠤᠨ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ︽156 ᠵᠡᠭᠡᠯᠢ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠪᠡ᠂ ᠲᠤᠬᠠᠶᠢᠯᠠᠪᠠᠯ᠄ ᠨᠢᠭᠡ ᠵᠡᠭᠡᠯᠢ | ᠭᠤᠳᠤᠮᠵᠢ᠂ ᠵᠡᠭᠡᠯᠢ ᠶᠢᠨ ᠳᠠᠷᠤᠭ᠎ᠠ᠂ ᠵᠡᠭᠡᠯᠢ ᠶᠢ ᠳᠠᠭᠠᠭᠠᠴᠢᠯᠠᠭᠰᠠᠨ ᠨᠠᠮ ᠤᠨ ᠭᠡᠰᠢᠭᠦᠨ᠂ ᠪᠣᠯᠪᠠᠰᠤᠨ ᠢᠳᠬᠠᠭᠴᠢ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠭᠴᠢ᠂ ᠲᠣᠰᠬᠤᠨ ᠢ ᠳᠠᠭᠠᠭᠠᠴᠢᠯᠠᠭᠰᠠᠨ ᠠᠷᠠᠳ ᠤᠨ ᠴᠠᠭᠳᠠᠭ᠎ᠠ ᠵᠡᠷᠭᠡ | ᠲᠠᠪᠤᠨ ᠲᠠᠯ᠎ᠠ ᠪᠠᠷ ᠢᠶᠠᠨ ᠬᠠᠮᠲᠤᠪᠠᠷ ᠵᠠᠰᠠᠯᠲᠠ ᠳᠤ ᠣᠷᠣᠯᠴᠠᠵᠤ᠂ ︽ᠨᠠᠮ ᠤᠨ ᠡᠭᠦᠷ ᠲᠦᠷᠦᠭᠦᠯᠡᠵᠦ᠂ ᠲᠣᠰᠬᠤᠨ ᠤ | ᠠᠷᠠᠳ ᠤᠨ ᠵᠥᠪᠯᠡᠯ ᠬᠡᠷᠡᠭᠵᠢᠭᠦᠯᠵᠦ᠂ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ᠂ ᠤᠯᠠᠨ ᠲᠦᠮᠡᠨ | ᠣᠷᠣᠯᠴᠠᠵᠤ᠂ ᠨᠡᠶᠢᠭᠡᠮ ᠢᠶᠠᠷ ᠢᠶᠠᠨ ᠬᠠᠮᠵᠢᠯᠴᠠᠵᠤ᠂ ᠶᠡᠷᠦᠩᠬᠡᠶᠢᠯᠡᠨ ᠪᠠᠲᠤᠯᠠᠬᠤ︾ ᠵᠢᠷᠭᠤᠭᠠᠨ ᠶᠡᠭᠡ ᠦᠢᠯᠡᠳᠦᠯ ᠲᠠᠢ | ᠦᠨᠳᠦᠰᠦᠨ ᠱᠠᠲᠤᠨ ᠤ ᠵᠠᠰᠠᠯᠲᠠ ᠶᠢᠨ ᠰᠢᠰᠲᠧᠮ ᠢ ᠪᠦᠷᠢᠯᠳᠦᠭᠦᠯᠵᠡᠢ᠃ ︽ᠵᠡᠭᠡᠯᠢ ᠶᠢᠨ ᠳᠠᠷᠤᠭ᠎ᠠ ᠶᠢᠨ ᠲᠦᠷᠢᠮ︾ | ᠢ ᠬᠡᠷᠡᠭᠵᠢᠭᠦᠯᠦᠭᠰᠡᠨ ᠨᠢ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠲᠦᠷᠢᠮ ᠢ ᠲᠡᠭᠦᠯᠳᠡᠷᠵᠢᠭᠦᠯᠦᠭᠰᠡᠨ ᠢᠶᠠᠷ | ᠪᠠᠷᠠᠬᠤ ᠦᠭᠡᠢ ᠪᠠᠰᠠ ᠵᠠᠰᠠᠯᠲᠠ ᠶᠢᠨ ᠭᠤᠣᠯᠳᠠᠯᠭ᠎ᠠ ᠶᠢ ︽ᠬᠠᠮᠢᠶᠠᠷᠤᠯᠲᠠ︾ ᠠᠴᠠ ︽ᠦᠢᠯᠡᠴᠢᠯᠡᠭᠡ︾ ᠲᠡᠰᠢ | ᠰᠢᠯᠵᠢᠭᠦᠯᠬᠦ ᠶᠢ ᠪᠡᠶᠡᠯᠡᠭᠦᠯᠵᠦ᠂ ᠨᠠᠮ ᠤᠯᠠᠨ ᠲᠦᠮᠡᠨ ᠤ ᠬᠠᠮᠲᠤᠷᠠᠯ ᠤᠨ ᠬᠦᠴᠦᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠦᠴᠦᠷᠬᠡᠭ ᠬᠥᠳᠡᠯᠭᠡᠬᠦ ᠬᠦᠴᠦᠨ ᠢ ᠨᠡᠩ ᠨᠢᠭᠲᠠᠷᠠᠭᠤᠯᠤᠭᠰᠠᠨ ᠪᠠᠶᠢᠨ᠎ᠠ᠃ | ᠪᠤᠰᠤᠳ ᠤᠨ ᠦᠵᠡᠬᠦ ᠪᠠᠷ᠂ ᠤᠯᠠᠭᠠᠨ ᠲᠤᠭ ᠲᠣᠰᠬᠤᠨ ᠨᠢ ᠬᠤᠳᠠ ᠶᠢᠨ ᠲᠡᠭᠦᠷᠭᠡ ᠳᠤ ᠪᠠᠶᠢᠷᠢᠯᠠᠵᠤ᠂ ᠲᠠᠷᠢᠶᠠᠨ | ᠭᠠᠵᠠᠷ ᠤᠨ ᠲᠠᠯᠠᠪᠠᠢ ᠨᠢ ᠨᠡᠯᠢᠶᠡᠳ ᠪᠠᠭ᠎ᠠ᠂ ᠠᠵᠤ ᠦᠢᠯᠡᠰ ᠤᠨ ᠬᠥᠭᠵᠢᠯᠲᠡ ᠨᠢ ᠬᠡᠪᠴᠢ᠊ ᠡᠶ᠎ᠡ ᠬᠡᠪᠴᠢ᠊ ᠡᠶ᠎ᠡ ᠲᠠᠢ | ᠪᠣᠯᠬᠤ ᠳᠤ ᠬᠦᠴᠢᠷ ᠪᠠᠶᠢᠳᠠᠭ᠃ ᠭᠡᠪᠡᠴᠦ ᠸᠠᠩ ᠲᠢᠩ ᠴᠢᠨ ᠬᠠᠷᠢᠨ ᠥᠪᠡᠷ ᠤᠨ ᠥᠪᠡᠷᠮᠢᠴᠡ ᠦᠵᠡᠯᠲᠡ ᠲᠠᠢ᠄ | ᠤᠯᠠᠭᠠᠨ ᠲᠤᠭ ᠲᠣᠰᠬᠤᠨ ᠤ ᠭᠠᠵᠠᠷ ᠵᠦᠢ ᠶᠢᠨ ᠪᠠᠶᠢᠷᠢᠯᠠᠯ ᠨᠢ ᠶᠠᠭ ᠰᠠᠶᠢᠬᠠᠨ ᠣᠷᠣᠨ ᠪᠠᠶᠢᠷᠢ ᠶᠢᠨ ᠳᠠᠪᠠᠭᠤᠯᠢᠭ ᠢ | ᠬᠦᠴᠦᠷᠬᠡᠭ ᠠᠵᠤ ᠦᠢᠯᠡᠰ ᠤᠨ ᠬᠥᠭᠵᠢᠯᠲᠡ ᠶᠢᠨ ᠨᠢᠭᠤᠴᠠ ᠲᠡᠮᠳᠡᠭ ᠪᠣᠯᠭᠠᠭᠰᠠᠨ ᠪᠠᠶᠢᠨ᠎ᠠ᠃ ᠲᠡᠷᠡ ᠤᠯᠠᠭᠠᠨ | ᠲᠤᠭ ᠲᠣᠰᠬᠤᠨ ᠤ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ ᠡᠮᠦᠨ᠎ᠡ | ᠬᠤᠰᠢᠭᠤᠨ ᠤ ᠤᠯᠠᠭᠠᠨ ᠬᠤᠳᠠᠯᠳᠤᠭ᠎ᠠ ᠠᠷᠠᠯᠵᠢᠶ᠎ᠠ ᠶᠢᠨ ᠬᠤᠯᠪᠣᠭ᠎ᠠ ᠶᠢ ᠪᠠᠶᠢᠭᠤᠯᠵᠤ᠂ ᠲᠣᠰᠬᠤᠨ ᠤ ᠬᠠᠮᠲᠤ ᠶᠢᠨ | ᠠᠵᠤ ᠠᠬᠤᠶ ᠶᠢᠨ ᠬᠤᠷᠰᠢᠶ᠎ᠠ ᠪᠠᠷ ᠳᠠᠮᠵᠢᠭᠤᠯᠤᠨ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤᠨ ᠤ ᠤᠨᠴᠠᠯᠢᠬᠳᠤ | ᠠᠵᠤ ᠦᠶ᠋ᠯᠡᠰ ᠤᠨ ᠬᠤᠷᠰᠢᠶ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠥᠬᠦ | ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠲᠣᠤᠷ ᠰᠦᠯᠵᠢᠶ᠎ᠡ ᠶᠢ ᠪᠠᠶᠢᠭᠤᠯᠪᠠ᠃ | ᠡᠭᠦᠨ ᠤ ᠬᠠᠮᠲᠤ᠂ ᠸᠠᠩ ᠲᠢᠩ ᠴᠢᠨ ᠨᠤᠲᠤᠭ ᠤᠨ ᠴᠢᠳᠠᠪᠤᠷᠢᠲᠠᠨ ᠢ ᠨᠡᠪᠴᠢᠭᠦᠯᠬᠦ ᠰᠠᠭᠤᠷᠢᠨ ᠢ ᠭᠦᠢᠴᠡᠳ | ᠠᠰᠢᠭᠯᠠᠵᠤ᠂ ᠲᠣᠰᠬᠤᠨ ᠤ ᠵᠠᠯᠠᠭᠤ ᠠᠵᠤ ᠠᠬᠤᠶᠢᠯᠠᠯᠲᠠᠨ ᠪᠣᠯᠤᠨ ᠪᠠᠶᠠᠵᠢᠯ ᠤᠨ ᠳᠠᠭᠠᠭᠤᠯᠤᠭᠴᠢ ᠳᠤ ᠦᠢᠯᠡᠴᠢᠯᠡᠪᠡ | ᠃ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠬᠤᠶᠠᠷ ᠪᠠᠭᠰᠢ ᠶᠢ ᠠᠵᠤ ᠦᠶ᠋ᠯᠡᠰ ᠤᠨ ᠵᠢᠭᠠᠨ | ᠵᠢᠯᠣᠭᠤᠳᠣᠭᠴᠢ ᠪᠠᠷ ᠤᠷᠢᠨ ᠬᠡᠷᠡᠭᠯᠡᠵᠦ᠂ ᠲᠣᠰᠬᠤᠨ ᠤ ᠳᠣᠲᠣᠷᠠᠬᠢ ᠬᠤᠶᠠᠷ ᠬᠡᠷ ᠤᠨ ᠡᠳ᠋ᠯᠡᠯ ᠤᠨ ᠦᠶ᠋ᠯᠡᠳᠪᠦᠷᠢ᠂ | ᠡᠬᠢ ᠪᠠᠶᠠᠯᠢᠭ ᠦᠶ᠋ᠯᠡᠳᠬᠦ ᠠᠵᠤ ᠠᠬᠤᠶᠢᠯᠠᠯ ᠤᠨ ᠰᠦᠯᠵᠢᠶᠡᠨ ᠤ ᠥᠷᠲᠡᠭᠡ ᠶᠢ ᠵᠣᠬᠢᠴᠠᠭᠤᠯᠬᠤ᠂ | ᠦᠶ᠋ᠯᠡᠳᠪᠦᠷᠢᠯᠡᠯ ᠤᠨ ᠤᠷ᠎ᠠ ᠮᠡᠷᠭᠡᠰᠢᠯ ᠢ ᠰᠢᠯᠢᠳᠡᠭᠵᠢᠭᠦᠯᠬᠦ ᠵᠡᠷᠭᠡ ᠶᠢ ᠳᠡᠮᠵᠢᠵᠦ᠂ ᠬᠤᠶᠠᠷ ᠬᠡᠷ ᠤᠨ ᠡᠳ᠋ᠯᠡᠯ ᠤᠨ | ᠦᠶ᠋ᠯᠡᠳᠪᠦᠷᠢ ᠶᠢᠨ ᠵᠢᠯ ᠤᠨ ᠦᠶ᠋ᠯᠡᠳᠬᠦᠨ ᠤ ᠥᠷᠲᠡᠭ ᠢ ᠮᠢᠩᠭᠠᠨ ᠲᠦᠮᠡ ᠰᠢᠬᠠᠮ ᠲᠥᠭᠦᠷᠢᠭ ᠲᠤ ᠬᠦᠷᠭᠡᠨ᠎ᠡ᠃ | ᠨᠢᠭᠡᠳᠦᠭᠡᠷ ᠱᠦᠵᠢ ᠳᠤ ᠠᠪᠴᠤ ᠬᠡᠯᠡᠪᠡᠯ᠂ ᠨᠠᠮ ᠪᠣᠯᠤᠨ ᠤᠯᠠᠨ ᠲᠦᠮᠡᠨ ᠤ ᠬᠠᠮᠲᠤᠷᠠᠯ ᠤᠨ ᠬᠦᠴᠦᠨ ᠢ | ᠨᠢᠭᠲᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠨᠢ ᠵᠥᠪᠬᠡᠨ | ᠨᠢᠭᠡᠳᠦᠭᠡᠷ ᠠᠯᠬᠤᠮ ᠪᠣᠯᠤᠨ᠎ᠠ᠂ ᠣᠷᠴᠢᠨ ᠲᠣᠭᠤᠷᠢᠨ ᠤ ᠳᠦᠷᠰᠦ ᠪᠠᠶᠢᠳᠠᠯ ᠢ ᠥᠭᠡᠷᠡᠴᠢᠯᠡᠵᠦ᠂ ᠰᠣᠶᠣᠯ ᠤᠨ | ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ ᠁ ︽ᠬᠠᠲᠠᠭᠤ ᠲᠤᠨᠤᠭ︾ ︽ᠵᠥᠭᠡᠯᠡᠨ ᠲᠤᠨᠤᠭ︾ ᠢ ᠵᠡᠷᠭᠡᠪᠡᠷ | ᠠᠳᠬᠤᠪᠠᠯ ᠰᠠᠢᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠠᠮᠢᠵᠢᠷᠠᠯ ᠤᠨ | ᠬᠦᠴᠦᠨ ᠢ ᠦᠨᠳᠦᠰᠦᠨ ᠠᠴᠠ ᠨᠢ ᠨᠡᠮᠡᠷᠢᠯᠡᠵᠦ ᠴᠢᠳᠠᠨ᠎ᠠ᠃ ᠸᠠᠩ ᠲᠢᠩ ᠴᠢᠨ ᠤᠯᠠᠭᠠᠨ ᠲᠤᠭ ᠲᠣᠰᠬᠤᠨ ᠳᠤ | ︽ᠨᠠᠮ ᠤᠨ ᠪᠠᠶᠢᠭᠤᠯᠤᠯᠲᠠ + ᠲᠠᠪᠤᠨ ᠣᠳᠣᠬᠢᠴᠢᠯᠠᠯᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ︾ | ᠵᠠᠭᠪᠤᠷ ᠢ ᠪᠠᠶᠢᠭᠤᠯᠵᠤ᠂ ᠬᠥᠳᠡᠭᠡ ᠲᠣᠰᠬᠤᠨ ᠤ ︽ᠲᠠᠪᠤᠨ ᠣᠳᠣᠬᠢᠴᠢᠯᠠᠯᠲᠠ︾ ᠶᠢᠨ ᠠᠵᠢᠯᠯᠠᠭ᠎ᠠ ᠶᠢ ᠥᠷᠨᠢᠭᠦᠯᠪᠡ | ᠂ ᠲᠤᠬᠠᠶᠢᠯᠠᠪᠠᠯ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠵᠠᠮ ᠤᠨ ᠳ᠋ᠧᠩ ᠢ ᠭᠡᠷᠡᠯᠲᠦᠭᠦᠯᠬᠦ᠂ ᠵᠠᠮ ᠤᠨ | ᠬᠠᠵᠠᠭᠤ ᠶᠢ ᠨᠣᠭᠤᠭᠠᠷᠠᠭᠤᠯᠬᠤ᠂ ᠵᠠᠮ ᠢ ᠴᠡᠪᠡᠷᠰᠢᠭᠦᠯᠬᠦ᠂ ᠪᠦᠬᠦ ᠲᠣᠰᠬᠤᠨ ᠢ ᠭᠤᠶᠤᠵᠢᠭᠤᠯᠬᠤ ᠠᠵᠢᠯᠯᠠᠭ᠎ᠠ | ᠪᠣᠯᠤᠨ᠎ᠠ᠃ ᠲᠡᠷᠡ ᠤᠯᠤᠰ ᠤᠨ ᠴᠡᠴᠡᠭ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ | ᠪᠣᠯᠤᠨ ᠲᠤᠬᠠᠢ ᠶᠢᠨ ᠭᠠᠵᠠᠷ ᠤᠨ ᠡᠬᠢ ᠪᠠᠶᠠᠯᠢᠭ ᠢ ᠵᠣᠬᠢᠴᠠᠭᠤᠯᠵᠤ᠂ ᠤᠯᠠᠭᠠᠨ ᠲᠤᠭ ᠲᠣᠰᠬᠤᠨ ᠤ ᠵᠠᠮ ᠤᠨ | ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠮ ᠢ 103 ᠮᠧᠲᠷ ᠬᠠᠲᠠᠭᠤᠷᠠᠭᠤᠯᠵᠤ᠂ | ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠤᠷᠠᠯᠢᠭ ᠤᠨ ᠵᠢᠷᠤᠭ ᠲᠥᠯᠥᠪᠯᠡᠭᠡ ᠶᠢᠨ ᠳᠡᠭᠡᠳᠦ | ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ ᠠᠩᠬᠢ ᠶᠢᠨ 4 ᠬᠡᠷᠡᠮ ᠤᠨ ᠵᠢᠷᠤᠭ ᠦᠢᠯᠡᠳᠬᠦ ᠶᠢ | ᠵᠣᠬᠢᠴᠠᠭᠤᠯᠵᠤ᠂ ᠤᠯᠠᠭᠠᠨ ᠲᠤᠭ ᠲᠣᠰᠬᠤᠨ ᠤ ᠠᠷᠠᠳ ᠤᠯᠠᠨ ᠤ ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠤᠯᠠᠭᠠᠨ ᠲᠤᠭ ᠲᠣᠰᠬᠤᠨ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠡᠬᠡ ᠭᠠᠵᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ ᠤᠨ ᠬᠦᠴᠦᠨ ᠲᠠᠢ | ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠳᠦᠷᠢ ᠲᠥᠷᠬᠦ︾ ᠶᠢ ᠱᠤᠭᠤᠬᠤ ᠪᠠᠷ | ᠪᠠᠷᠠᠬᠤ ᠦᠭᠡᠢ ᠨᠡᠩ ᠴᠤ ︽ᠰᠦᠭ ᠰᠦᠨᠡᠰᠦ︾ ᠶᠢ ᠱᠤᠭᠤᠵᠤ᠂ ︽ᠵᠢᠰᠦ ᠴᠢᠷᠠᠢ︾ ᠶᠢ ᠦᠵᠡᠬᠦ ᠪᠠᠷ ᠪᠠᠷᠠᠬᠤ | ᠦᠭᠡᠢ ᠨᠡᠩ ᠴᠤ ︽ᠰᠦᠷ ᠵᠢᠪᠬᠤᠭ᠎ᠠ︾ ᠶᠢ ᠦᠵᠡᠬᠦ ᠬᠡᠷᠡᠭᠲᠡᠢ᠂ ᠰᠣᠶᠣᠯ ᠤᠨ ᠬᠥᠭᠵᠢᠯ ᠮᠠᠨᠳᠤᠯ ᠴᠤ ᠤᠯᠠᠭᠠᠨ | ᠲᠤᠭ ᠤᠨ ᠡᠬᠡ ᠭᠠᠵᠠᠷ ᠲᠤ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠬᠡᠷᠡᠭᠲᠡᠢ᠃ ᠸᠠᠩ ᠲᠢᠩ ᠴᠢᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ︽ᠨᠠᠮ ᠤᠨ ᠪᠠᠶᠢᠭᠤᠯᠤᠯᠲᠠ + ᠪᠣᠯᠪᠠᠰᠤᠨ | ᠦᠢᠯᠡᠳᠦᠯᠭᠡ ᠶᠢᠨ ᠠᠩᠬᠢ + ᠲᠠᠷᠢᠶᠠᠴᠢᠨ ᠡᠷᠦᠬᠡ︾ ᠶᠢᠨ ᠵᠠᠭᠪᠤᠷ ᠢ ᠪᠠᠶᠢᠭᠤᠯᠪᠠ᠃ ᠪᠣᠯᠪᠠᠰᠤᠨ ᠤ | ᠦᠢᠯᠡᠳᠦᠯᠭᠡ ᠶᠢᠨ ᠠᠩᠬᠢ ᠶᠢ ᠠᠰᠢᠭᠯᠠᠵᠤ᠂ ︽ᠰᠤᠷᠤᠯᠴᠠᠬᠤ᠂ ᠶᠠᠷᠢᠬᠤ᠂ ᠣᠶᠢᠯᠠᠭᠠᠬᠤ᠂ ᠡᠷᠬᠢᠯᠡᠬᠦ᠂ ᠪᠠᠶᠢᠭᠤᠯᠬᠤ᠂ | ᠪᠤᠢ ᠪᠣᠯᠭᠠᠬᠤ᠂ ᠮᠡᠳᠡᠷᠡᠬᠦ︾ ᠳᠤᠯᠤᠭᠠᠨ ᠦᠰᠦᠭ ᠤᠨ ᠠᠵᠢᠯ ᠤᠨ ᠠᠷᠭ᠎ᠠ ᠶᠢᠨ ᠲᠣᠭᠤᠷᠢᠨ ᠳᠤ᠂ ᠨᠠᠮ ᠤᠨ | ᠲᠡᠦᠬᠡ ᠶᠢ ᠰᠤᠷᠤᠯᠴᠠᠬᠤ ᠪᠠᠭ᠎ᠠ ᠬᠦᠷᠢᠶᠡᠯᠡᠩ ᠢ ᠪᠠᠶᠢᠭᠤᠯᠵᠤ᠂ ︽ᠤᠯᠠᠨ ᠲᠦᠮᠡᠨ ᠤ ᠵᠣᠭᠤᠭᠳᠠᠨ ᠶᠠᠷᠢᠯᠴᠠᠬᠤ︾ | ᠠᠵᠢᠯᠯᠠᠭ᠎ᠠ ᠶᠢᠨ ᠰᠢᠨ᠎ᠡ ᠶᠢ ᠡᠭᠦᠳᠴᠦ᠂ ᠤᠯᠠᠭᠠᠨ ᠲᠤᠭ ᠤᠨ ᠲᠡᠦᠬᠡ ᠶᠢ ᠠᠭᠤᠳᠠᠯᠵᠤ᠂ ᠤᠯᠠᠭᠠᠨ ᠲᠤᠭ ᠤᠨ | ᠦᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠬᠥᠭᠵᠢᠯ ᠮᠠᠨᠳᠤᠯ ᠢᠶᠠᠷ ᠬᠥᠳᠡᠭᠡ ᠲᠣᠰᠬᠤᠨ ᠤ ᠳᠣᠲᠣᠭᠠᠳᠤ ᠶᠢᠨ | ᠬᠥᠳᠡᠯᠭᠡᠬᠦ ᠬᠦᠴᠦᠨ ᠢ ᠬᠥᠭᠵᠢᠭᠡᠨ᠎ᠡ᠃ ᠪᠣᠷᠣᠯᠠᠭᠤᠯᠭ᠎ᠠ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ᠂ ᠥᠷᠨᠢᠭᠦᠨ ᠬᠥᠭᠵᠢᠵᠦ ᠪᠠᠶᠢᠭ᠎ᠠ ᠭᠡᠷ ᠤᠨ ᠡᠳ᠋ᠯᠡᠯ ᠤᠨ ᠦᠢᠯᠡᠳᠪᠦᠷᠢ᠂ ᠲᠣᠰᠬᠤᠨ ᠤ ᠠᠷᠠᠳ ᠤᠨ | ᠶᠡᠭᠡ ᠶᠠᠪᠤᠳᠠᠯ ᠪᠠᠭ᠎ᠠ ᠪᠠᠶᠢᠳᠠᠯ ᠢ ᠰᠢᠢᠳᠪᠦᠷᠢᠯᠡᠬᠦ ︽ᠵᠡᠭᠡᠯᠢ ᠶᠢᠨ ᠳᠠᠷᠤᠭ᠎ᠠ ᠶᠢᠨ ᠲᠦᠷᠢᠮ︾ ᠁ ᠠᠵᠤ | ᠦᠢᠯᠡᠰ ᠤᠨ ᠬᠥᠭᠵᠢᠯᠲᠡ ᠠᠴᠠ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠠᠴᠠ ᠬᠥᠳᠡᠭᠡ ᠲᠣᠰᠬᠤᠨ ᠤ ᠰᠤᠷᠲᠠᠯ ᠪᠣᠯᠪᠠᠰᠤᠨ ᠤ | ᠪᠠᠶᠢᠭᠤᠯᠤᠯᠲᠠ ᠬᠦᠷᠲᠡᠯ᠎ᠡ᠂ ᠸᠠᠩ ᠲᠢᠩ ᠴᠢᠨ ᠤᠯᠠᠭᠠᠨ ᠲᠤᠭ ᠲᠣᠰᠬᠤᠨ ᠳᠤ ᠢᠷᠡᠭᠰᠡᠨ ᠣᠬᠤᠷᠬᠠᠨ 9 | ᠰᠠᠷ᠎ᠠ ᠶᠢᠨ ᠬᠤᠭᠤᠴᠠᠭᠠᠨ ᠳᠤ᠂ ᠤᠯᠠᠭᠠᠨ ᠲᠤᠭ ᠲᠣᠰᠬᠤᠨ ᠤ ᠠᠯᠢᠪᠠ ᠪᠦᠬᠦᠨ ᠳᠤ ᠰᠡᠮᠡᠭᠡᠷ ᠬᠤᠪᠢᠷᠠᠯᠲᠠ ᠭᠠᠷᠴᠠᠢ | ᠃ ᠸᠠᠩ ᠲᠢᠩ ᠴᠢᠨ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠦᠭᠰᠡᠡ ᠠᠩᠬᠠᠨ ᠤ | ᠡᠳᠦᠷ ᠠᠴᠠ ᠡᠬᠢᠯᠡᠨ᠂ ᠪᠢ ᠠᠶᠠᠨ ᠤ ᠪᠣᠭᠴᠣ ᠪᠠᠨ ᠡᠭᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠠᠮ ᠢᠶᠠᠷ ᠵᠠᠮᠨᠠᠪᠠ᠂ ᠪᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠤᠤᠬᠢ᠊ ᠡᠶ᠎ᠡ ᠶᠢ ᠲᠣᠰᠴᠤ | ᠠᠪᠤᠭᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠴᠢᠷᠮᠠᠶᠢᠨ ᠤᠷᠤᠭᠰᠢᠯᠠᠵᠠᠢ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠪᠢ ᠵᠠᠮ ᠳᠠᠭᠠᠨ ᠪᠠᠶᠢᠭᠰᠠᠭᠠᠷ ᠪᠠᠶᠢᠨ᠎ᠠ︕︾ ᠭᠡᠵᠦ ᠬᠡᠯᠡᠪᠡ᠃ | |