ᠯᠢᠦ ᠹᠦ᠋ ᠸᠧᠢ᠄ ᠲᠠᠷᠢᠶᠠᠨ ᠭᠠᠵᠠᠷ ᠳᠡᠭᠡᠷ᠎ᠡ ᠬᠥᠯᠥᠰᠦ ᠪᠠᠨ ᠠᠰᠬᠠᠭᠰᠠᠨ ︽ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯᠲᠡᠨ︾
ᠨᠡᠶᠢᠲᠡᠯᠡᠭᠰᠡᠨ ᠴᠠᠭ᠄
2022/1/20
   ᠲᠡᠷᠡ ᠲᠠᠷᠢᠶᠠᠨ ᠭᠠᠵᠠᠷ ᠲᠤ ᠦᠨᠳᠦᠰᠦᠯᠡᠵᠦ᠂ ᠲᠠᠷᠢᠶᠠᠴᠢᠳ ᠤᠨ ᠬᠦᠰᠡᠨ ᠡᠷᠡᠮᠡᠯᠵᠡᠵᠦ ᠪᠠᠶᠢᠭ᠎ᠠ ᠮᠡᠷᠭᠡᠵᠢᠯ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠴᠢᠭᠯᠡᠯ ᠢᠶᠠᠨ ᠪᠣᠯᠭᠠᠵᠤ᠂ ᠲᠠᠷᠢᠶᠠᠴᠢᠳ ᠤᠨ ᠨᠢᠳᠤᠨ ᠳᠤ ︽ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯᠲᠡᠨ︾ ᠪᠣᠯᠪᠠ᠃ ᠲᠡᠷᠡ ᠭᠤᠴᠢ ᠭᠠᠷᠤᠶ ᠵᠢᠯ ᠤᠨ ᠲᠤᠷᠰᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠶ᠋ᠯᠡᠴᠢᠯᠡᠬᠦ ᠪᠠᠷ ᠡᠬᠢᠯᠡᠯᠲᠡ ᠪᠠ ᠲᠡᠭᠦᠰᠬᠡᠯ ᠪᠣᠯᠭᠠᠵᠤ᠂ ᠲᠠᠷᠢᠶᠠᠴᠢᠨ ᠡᠷᠦᠬᠡ ᠶᠢᠨ ᠬᠤᠪᠢ ᠬᠥᠮᠦᠨ ᠳᠤ ︽ᠵᠣᠷ︾ ᠵᠠᠬᠢᠶᠠᠯᠠᠨ ᠥᠭᠴᠦ᠂ ᠲᠤᠷᠰᠢᠯᠲᠠ ᠶᠢᠨ ᠲᠠᠰᠤᠭ ᠢ ᠲᠠᠷᠢᠶᠠᠨ ᠭᠠᠵᠠᠷ ᠲᠤ ᠪᠠᠶᠢᠭᠤᠯᠵᠤ᠂ ᠵᠣᠬᠢᠶᠠᠯ ᠪᠦᠲᠦᠭᠡᠯ ᠢᠶᠠᠨ ᠡᠬᠡ ᠭᠠᠵᠠᠷ ᠲᠤ ᠪᠢᠴᠢᠭᠰᠡᠨ ᠪᠠᠶᠢᠨ᠎ᠠ᠂ ᠲᠡᠷᠡ ᠪᠣᠯ ᠳᠠᠷᠤᠶ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠯᠭᠡᠷᠡᠭᠦᠯᠬᠦ ᠰᠤᠳᠤᠯᠤᠭᠴᠢ ᠯᠢᠦ ᠹᠦ᠋ ᠸᠧᠶ ᠪᠣᠯᠤᠨ᠎ᠠ᠃

   ᠲᠠᠷᠢᠶᠠᠴᠢᠨ ᠡᠷᠦᠬᠡ ᠶᠢᠨ ᠬᠤᠪᠢ ᠬᠥᠮᠦᠨ ᠳᠤ ︽ᠨᠠᠶᠢᠷᠠᠯᠭ᠎ᠠ︾ ᠵᠠᠬᠢᠶᠠᠯᠠᠵᠤ ᠥᠭᠬᠦ
   2021 ᠣᠨ ᠳᠤ᠂
ᠰᠢᠷ᠎ᠠ ᠪᠤᠷᠴᠠᠭ ᠲᠠᠷᠢᠬᠤ ᠨᠢ ᠠᠮᠢᠳᠤᠷᠠᠯ ᠳᠤ ᠠᠪᠴᠢᠷᠠᠭᠰᠠᠨ ᠬᠤᠪᠢᠷᠠᠯᠲᠠ ᠶᠢ ᠶᠠᠷᠢᠬᠤ ᠳᠤ᠂ ᠵᠠᠯᠠᠶᠢᠳ ᠬᠤᠰᠢᠭᠤᠨ ᠤ ᠲᠠᠪᠤᠨ ᠠᠶᠢᠯ ᠲᠣᠰᠬᠤᠨ ᠤ ᠠᠷᠠᠳ᠄ ︽ᠥᠩᠭᠡᠷᠡᠭᠰᠡᠨ ᠳᠤ ᠰᠢᠷ᠎ᠠ ᠪᠤᠷᠴᠠᠭ ᠲᠠᠷᠢᠬᠤ ᠳᠤ ᠰᠢᠨ᠎ᠡ ᠮᠡᠷᠭᠡᠵᠢᠯ ᠢ ᠮᠡᠳᠡᠬᠦ ᠦᠭᠡᠢ᠂ ᠮᠦ ᠪᠦᠷᠢ ᠶᠢᠨ ᠠᠰᠢᠭ ᠣᠷᠣᠯᠭ᠎ᠠ ᠨᠢ ᠭᠡᠷ ᠪᠦᠯᠢ ᠪᠠᠨ ᠲᠡᠵᠢᠭᠡᠬᠦ ᠳᠤ ᠯᠡ ᠬᠦᠷᠦᠨ᠎ᠡ᠂ ᠰᠡᠭᠦᠯᠡᠷ ᠨᠢ ᠯᠢᠦ ᠪᠠᠭᠰᠢ ᠮᠠᠨ ᠤ ᠬᠤᠷᠰᠢᠶᠠᠨ ᠳᠤ ᠢᠷᠡᠵᠤ᠂ ᠨᠠᠮᠠᠶᠢ ᠰᠢᠷ᠎ᠠ ᠪᠤᠷᠴᠠᠭ ᠤᠨ ᠳᠠᠯᠠᠩ ᠢᠶᠠᠷ ᠨᠢᠭᠲᠠ ᠳᠠᠷᠢᠵᠤ ᠳᠤᠰᠤᠯᠭᠠᠨ ᠤᠰᠤᠯᠠᠬᠤ ᠮᠡᠷᠭᠡᠵᠢᠯ ᠢ ᠨᠢᠮᠪᠠᠢ ᠪᠤᠯᠠᠵᠤ ᠲᠠᠷᠢᠬᠤ ᠮᠡᠷᠭᠡᠵᠢᠯ ᠢ ᠵᠢᠭᠠᠬᠤ ᠶᠢ ᠵᠣᠷᠢᠭᠵᠢᠭᠤᠯᠪᠠ᠂ ᠨᠣᠮ ᠪᠢᠴᠢᠭ ᠪᠡᠯᠡᠭᠯᠡᠬᠦ ᠪᠠᠷ ᠪᠠᠷᠠᠬᠤ ᠦᠭᠡᠢ ᠪᠠᠰᠠ ᠲᠠᠷᠢᠮᠠᠯ ᠤᠨ ᠮᠡᠷᠭᠡᠵᠢᠯ ᠢ ᠭᠠᠷ ᠢᠶᠠᠷ ᠢᠶᠠᠨ ᠨᠠᠳᠠ ᠳᠤ ᠵᠢᠭᠠᠪᠠ᠃ ᠣᠳᠣᠬᠠᠨ ᠳᠤ᠂ ᠡᠨᠡᠬᠦ 500 ᠮᠥ ᠰᠢᠷ᠎ᠠ ᠪᠤᠷᠴᠠᠭ ᠢ ᠳᠠᠷᠢᠵᠤ ᠡᠵᠡᠩᠨᠡᠬᠦ ᠳᠤ᠂ ᠮᠠᠨ ᠤ ᠬᠤᠷᠰᠢᠶᠠᠨ ᠤ ᠡᠨᠡ ᠨᠢᠭᠡ ᠯᠡ ᠵᠦᠢᠯ ᠤᠨ ᠣᠷᠣᠯᠭ᠎ᠠ ᠨᠢ ᠨᠢᠭᠡ ᠯᠡ ᠵᠢᠯ ᠳᠤ 50 ᠭᠠᠷᠤᠶ ᠲᠦᠮᠡᠨ ᠲᠥᠭᠦᠷᠢᠭ ᠤᠨ ᠣᠷᠣᠯᠭ᠎ᠠ ᠲᠠᠢ ᠪᠣᠯᠤᠨ᠎ᠠ︾ ᠭᠡᠵᠡᠶ᠃
   ᠲᠣᠰᠬᠤᠨ ᠤ ᠠᠷᠠᠳ ᠼᠦᠩ ᠳ᠋ᠡ ᠴᠧᠩ ᠤᠨ ᠬᠡᠯᠡᠳᠡᠭ ᠯᠢᠦ ᠪᠠᠭᠰᠢ ᠪᠣᠯ ᠵᠠᠯᠠᠶᠢᠳ ᠬᠤᠰᠢᠭᠤᠨ ᠤ
ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠯᠭᠡᠷᠡᠭᠦᠯᠬᠦ ᠰᠤᠳᠤᠯᠤᠭᠴᠢ ᠯᠢᠦ ᠹᠦ᠋ ᠸᠧᠶ ᠪᠣᠯᠤᠨ᠎ᠠ᠃
   1989 ᠣᠨ ᠤ 7 ᠰᠠᠷ᠎ᠠ ᠳᠤ᠂ ᠯᠢᠦ ᠹᠦ᠋ ᠸᠧᠢ ᠥᠪᠥᠷ
ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠲᠡᠭᠦᠰᠴᠦ᠂ ᠵᠠᠯᠠᠶᠢᠳ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠲᠤ ᠬᠤᠪᠢᠶᠠᠭᠳᠠᠨ ᠠᠵᠢᠯᠯᠠᠪᠠ᠃ ᠭᠤᠴᠢ ᠭᠠᠷᠤᠶ ᠵᠢᠯ ᠤᠨ ᠲᠤᠷᠰᠢ᠂ ᠲᠡᠷᠡ ᠲᠠᠷᠢᠶᠠᠯᠠᠩ ᠤᠨ ᠨᠢᠭᠡᠳᠦᠭᠡᠷ ᠹᠷᠣᠨᠲ ᠢ ᠪᠠᠲᠤ ᠰᠠᠬᠢᠵᠤ᠂ ᠥᠷᠭᠡᠨ ᠤᠯᠠᠨ ᠲᠠᠷᠢᠶᠠᠴᠢᠳ ᠲᠠᠢ ᠬᠠᠮᠲᠤ ᠪᠠᠷ ᠲᠠᠷᠢᠶᠠᠯᠠᠵᠤ ᠬᠤᠷᠢᠶᠠᠯᠲᠠ ᠣᠯᠵᠠᠶ᠃ ᠲᠡᠷᠡ ᠲᠠᠷᠢᠶᠠᠴᠢᠨ ᠢ ᠪᠠᠭᠰᠢ ᠪᠠᠷ ᠦᠵᠡᠵᠦ᠂ ᠶᠡᠭᠡ ᠲᠠᠷᠢᠶ᠎ᠠ ᠶᠢ ᠬᠢᠴᠢᠶᠡᠯ ᠤᠨ ᠳᠡᠪᠲᠡᠷ ᠢᠶᠠᠷ ᠦᠵᠡᠵᠦ᠂ ᠵᠢᠯ ᠪᠦᠷᠢ 150 ᠡᠳᠦᠷ ᠠᠴᠠ ᠳᠣᠷᠣᠭᠰᠢ ᠬᠥᠳᠡᠭᠡ ᠪᠠᠭᠤᠵᠤ᠂ ᠦᠷ᠎ᠡ᠂ ᠲᠠᠷᠢᠮᠠᠯ᠂ ᠤᠷᠭᠤᠮᠠᠯ ᠤᠨ ᠬᠠᠮᠠᠭᠠᠯᠠᠯᠲᠠ ᠠᠴᠠ ᠬᠢᠵᠢᠭ ᠤᠨ ᠪᠠᠶᠢᠴᠠᠭᠠᠯᠲᠠ ᠬᠦᠷᠲᠡᠯ᠎ᠡ ᠁ ᠯᠢᠦ ᠹᠦ᠋ ᠸᠧᠢ ᠶᠢᠨ ᠪᠠᠷ᠎ᠠ ᠲᠠᠷᠢᠮᠠᠯ ᠤᠨ ᠤᠷᠭᠤᠯᠲᠠ ᠶᠢᠨ ᠦᠶᠡᠯᠡᠯ ᠤᠨ ᠬᠤᠭᠤᠴᠠᠭᠠᠨ ᠳᠤ ᠨᠡᠪᠳᠡᠷᠡᠵᠦ᠂ ᠲᠠᠷᠢᠶᠠᠴᠢᠨ ᠪᠣᠯᠤᠨ ᠦᠢᠯᠡᠳᠪᠦᠷᠢᠯᠡᠯ ᠢ ᠬᠤᠯᠪᠣᠵᠤ ᠪᠠᠶᠢᠳᠠᠭ᠃ ᠯᠠᠪᠳᠠᠭᠤᠨ ᠪᠠᠲᠤᠲᠠᠢ ᠤᠨᠤᠯ ᠤᠨ ᠰᠠᠭᠤᠷᠢ᠂ ᠤᠯᠠᠨ ᠵᠢᠯ ᠤᠨ ᠦᠢᠯᠡᠳᠦᠯᠭᠡ ᠶᠢᠨ ᠲᠤᠷᠰᠢᠯᠭ᠎ᠠ ᠪᠣᠯᠤᠨ ᠨᠠᠷᠢᠨ ᠬᠢᠨᠠᠮᠠᠭᠠᠢ ᠵᠠᠩ ᠴᠢᠨᠠᠷ ᠢᠶᠠᠷ ᠢᠶᠠᠨ ᠯᠢᠦ ᠹᠦ᠋ ᠸᠧᠢ ᠦᠷ᠎ᠡ᠂ ᠰᠢᠷᠣᠢ ᠶᠢᠨ ᠪᠤᠷᠳᠤᠭᠤᠷ᠂ ᠤᠷᠭᠤᠮᠠᠯ ᠤᠨ ᠬᠠᠮᠠᠭᠠᠯᠠᠯᠲᠠ᠂ ᠲᠠᠷᠢᠮᠠᠯ ᠤᠨ ᠶᠡᠷᠦᠩᠬᠡᠢ ᠰᠠᠯᠠᠭᠠᠨ ᠤ ᠲᠤᠰᠬᠠᠢ ᠮᠡᠷᠭᠡᠵᠢᠯᠲᠡᠨ ᠪᠤᠯᠵᠤ᠂ ᠨᠡᠩ ᠴᠤ ᠲᠠᠷᠢᠶᠠᠴᠢᠳ ᠤᠨ ᠰᠠᠯᠵᠤ ᠪᠣᠯᠤᠰᠢ ᠦᠭᠡᠢ ᠰᠠᠶᠢᠨ ᠨᠠᠶᠢᠵᠢ᠂ ᠰᠡᠳᠬᠢᠯ ᠢ ᠮᠡᠳᠡᠭᠴᠢ ᠪᠣᠯᠵᠠᠢ᠃
   ᠲᠡᠭᠦᠨ ᠤ ᠬᠤᠪᠢ ᠬᠥᠮᠦᠨ ᠤ ᠤᠲᠠᠰᠤ ᠨᠢ ᠵᠠᠯᠠᠶᠢᠳ ᠬᠤᠰᠢᠭᠤᠨ ᠤ ᠲᠠᠷᠢᠶᠠᠴᠢᠳ ᠤᠨ
ᠦᠶ᠋ᠯᠡᠴᠢᠯᠡᠭᠡᠨ ᠤ ᠬᠠᠯᠠᠭᠤᠨ ᠤᠲᠠᠰᠤ ᠪᠣᠯᠵᠣ᠂ ᠭᠠᠷ ᠤᠲᠠᠰᠤ ᠨᠢ 24 ᠴᠠᠭ ᠬᠠᠭᠠᠭᠳᠠᠭᠰᠠᠨ ᠥᠬᠡᠶ᠂ ᠠᠵᠢᠯ ᠳᠤ ᠣᠷᠣᠯᠴᠠᠭᠰᠠᠨ ᠠᠴᠠ ᠣᠲᠣ ᠪᠣᠯᠲᠠᠯ᠎ᠠ ᠯᠢᠦ ᠹᠦ᠋ ᠸᠧᠶ ᠬᠡᠴᠢᠨᠡᠭᠡᠨ ᠠᠰᠠᠭᠤᠨ ᠯᠠᠪᠯᠠᠬᠤ ᠤᠲᠠᠰᠤ ᠬᠠᠷᠢᠭᠤᠯᠵᠤ᠂ ᠬᠡᠴᠢᠨᠡᠭᠡᠨ ᠤᠳᠠᠭ᠎ᠠ ᠬᠢᠴᠢᠶᠡᠯ ᠶᠠᠷᠢᠭᠰᠠᠨ ᠢ ᠣᠨᠣᠪᠴᠢᠲᠠᠶ ᠪᠦᠷᠢᠳᠬᠡᠬᠦ ᠶᠢᠨ ᠠᠷᠭ᠎ᠠ ᠥᠬᠡᠶ ᠪᠣᠯᠵᠠᠶ᠃
   2011
ᠣᠨ ᠳᠤ᠂ ᠯᠢᠦ ᠹᠦ᠋ ᠸᠧᠢ ᠵᠠᠯᠠᠶᠢᠳ ᠬᠤᠰᠢᠭᠤᠨ ᠤ ᠬᠤᠤ ᠯᠢ ᠪᠦᠦ ᠰᠢᠶᠠᠩ ᠤᠨ ᠰᠢᠷ᠎ᠠ ᠪᠤᠷᠴᠠᠭ ᠤᠨ ᠥᠨᠳᠥᠷ ᠤᠨᠠᠯᠲᠠ ᠶᠢ ᠡᠭᠦᠳᠬᠦ ᠭᠤᠣᠯ ᠣᠷᠣᠨ ᠳᠤ 200 ᠮᠦ ᠰᠢᠷ᠎ᠠ ᠪᠤᠷᠴᠠᠭ ᠤᠨ ᠲᠠᠷᠢᠶᠠᠨ ᠤ ᠮᠦ ᠪᠦᠷᠢ ᠶᠢᠨ ᠳᠤᠮᠳᠠᠴᠢ ᠤᠨᠠᠯᠲᠠ 550 ᠵᠢᠩ ᠳᠤ ᠬᠦᠷᠴᠦ᠂ 2005 ᠣᠨ ᠳᠤ ᠡᠭᠦᠳᠦᠭᠰᠡᠨ ᠪᠦᠬᠦ ᠣᠷᠣᠨ ᠤ 502 ᠵᠢᠩ ᠤᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠡᠮᠳᠡᠭᠯᠡᠯ ᠢ ᠳᠠᠪᠠᠵᠤ᠂ ᠲᠠᠷᠢᠶᠠᠴᠢᠨ ᠡᠷᠦᠬᠡ ᠰᠢᠤᠢ ᠸᠠᠨ ᠵᠢᠶᠦ᠋ᠨ ᠤ 7 ᠮᠦ ᠰᠢᠷ᠎ᠠ ᠪᠤᠷᠴᠠᠭ ᠤᠨ ᠮᠦ ᠪᠦᠷᠢ ᠶᠢᠨ ᠤᠨᠠᠯᠲᠠ 570 ᠵᠢᠩ ᠳᠤ ᠬᠦᠷᠴᠡᠢ᠃ ᠡᠨᠡ ᠬᠦ ᠮᠡᠷᠭᠡᠵᠢᠯ ᠨᠢ ᠪᠦᠬᠦ ᠤᠯᠤᠰ ᠢ ᠳᠣᠩᠰᠣᠯᠭᠠᠭᠰᠠᠨ ᠪᠣᠯᠬᠤᠷ ᠲᠥᠪ ᠤᠨ ᠲᠧᠯᠸᠢᠰ ᠬᠤᠷᠢᠶ᠎ᠠ ᠡᠭᠦᠨ ᠤ ᠲᠤᠬᠠᠶ ᠲᠤᠰᠬᠠᠶᠢᠯᠠᠨ ᠮᠡᠳᠡᠭᠡᠯᠡᠭᠰᠡᠨ ᠪᠠᠶᠢᠨ᠎ᠠ᠃
   ᠲᠠᠷᠢᠶᠠᠨ ᠭᠠᠵᠠᠷ ᠲᠤ ︽ᠲᠤᠷᠰᠢᠯᠲᠠ ᠶᠢᠨ ᠲᠠᠰᠤᠭ︾ ᠪᠠᠶᠢᠭᠤᠯᠤᠨ᠎ᠠ
   ᠵᠢᠯ ᠪᠦᠷᠢ ᠶᠢᠨ 3 ᠰᠠᠷ᠎ᠠ ᠶᠢᠨ
ᠰᠡᠭᠦᠯᠴᠢ ᠪᠠᠷ᠂ ᠰᠣᠶᠣᠭᠠᠯᠠᠭᠤᠯᠬᠤ ᠦᠶ᠋ᠯᠡᠳᠪᠦᠷᠢ ᠶᠢᠨ ᠲᠠᠰᠤᠭ ᠤᠨ ᠲᠤᠲᠤᠷᠭ᠎ᠠ ᠶᠢᠨ ᠦᠷ᠎ᠡ ᠬᠤᠷᠢᠶᠠᠬᠤ ᠠᠵᠢᠯ ᠡᠬᠢᠯᠡᠭᠰᠡᠨ ᠨᠢ ᠵᠠᠯᠠᠶᠢᠳ ᠬᠤᠰᠢᠭᠤᠨ ᠤ ᠲᠤᠬᠠᠶ ᠶᠢᠨ ᠵᠢᠯ ᠤᠨ ᠤᠰᠤᠨ ᠲᠠᠷᠢᠶᠠᠨ ᠤ ᠦᠶ᠋ᠯᠡᠳᠪᠦᠷᠢᠯᠡᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠣᠶ᠃ ᠡᠳᠦᠷ ᠪᠦᠷᠢ ᠶᠢᠨ ᠥᠷᠯᠥᠭᠡ ᠡᠷᠲᠡ ᠵᠠᠯᠠᠶᠢᠳ ᠬᠤᠰᠢᠭᠤᠨ ᠤ ᠤᠰᠤᠨ ᠲᠤᠲᠤᠷᠭ᠎ᠠ ᠶᠢᠨ ᠤᠶᠤᠨᠴᠢᠯᠠᠭᠰᠠᠨ ᠦᠷ᠎ᠡ ᠳᠡᠪᠲᠦᠭᠡᠵᠦ ᠨᠠᠬᠢᠶᠠᠯᠠᠭᠤᠯᠬᠤ ᠲᠠᠰᠤᠭ ᠤᠨ ᠭᠠᠳᠠᠨ᠎ᠠ ᠲᠤᠲᠤᠷᠭ᠎ᠠ ᠶᠢᠨ ᠦᠷ᠎ᠡ ᠶᠢ ᠬᠦᠷᠭᠡᠬᠦ ᠪᠠᠷ ᠢᠷᠡᠭᠰᠡᠨ ᠲᠠᠷᠢᠶᠠᠴᠢᠨ ᠡᠷᠦᠬᠡ ᠴᠥᠭᠡᠨ ᠪᠤᠰᠤ ᠴᠤᠭᠯᠠᠷᠠᠳᠠᠭ᠃ ᠨᠠᠬᠢᠶᠠᠯᠠᠬᠤ ᠶᠢ ᠲᠦᠷᠭᠡᠳᠬᠡᠬᠦ᠂ ᠴᠢᠬᠢ ᠪᠤᠶᠢᠵᠢᠭᠤᠯᠬᠤ᠂ ᠲᠠᠷᠢᠶᠠᠨ ᠠᠵᠢᠯ ᠤᠨ ᠬᠠᠮᠢᠶᠠᠷᠤᠯᠲᠠ ᠁ ᠮᠡᠷᠭᠡᠵᠢᠯ ᠤᠨ ᠭᠤᠭᠴᠤᠭ᠎ᠠ ᠪᠦᠷᠢ ᠳᠤ᠂ ᠯᠢᠦ ᠹᠦ᠋ ᠸᠧᠢ ᠲᠠᠷᠢᠶᠠᠴᠢᠨ ᠡᠷᠦᠬᠡ ᠳᠤ ᠨᠠᠷᠢᠨ ᠲᠠᠶᠢᠯᠪᠤᠷᠢᠯᠠᠵᠤ ᠥᠭᠴᠡᠢ᠃ ᠠᠮᠠᠷᠬᠠᠨ ᠲᠣᠳᠣᠷᠬᠠᠶᠢᠯᠠᠵᠤ ᠳᠡᠶᠢᠯᠬᠦ ᠦᠭᠡᠢ ᠠᠰᠠᠭᠤᠳᠠᠯ ᠳᠤ ᠲᠤᠯᠭᠠᠷᠠᠪᠠᠯ᠂ ᠲᠡᠷᠡ ᠥᠮᠥᠳᠥᠨ ᠰᠢᠷᠬᠤᠨᠠᠭ ᠢᠶᠠᠨ ᠲᠠᠲᠠᠵᠤ᠂ ᠲᠠᠮᠢᠷ ᠤᠨ ᠱᠠᠬᠠᠢ ᠪᠠᠨ ᠲᠠᠶᠢᠯᠵᠤ ᠭᠠᠵᠠᠷ ᠪᠠᠭᠤᠵᠤ ᠵᠢᠱᠢ᠊ ᠡᠶ᠎ᠡ ᠦᠵᠡᠭᠦᠯᠪᠡ᠃ ᠣᠯᠠᠨ ᠵᠢᠯ ᠤᠨ ᠲᠤᠷᠰᠢ᠂ ᠯᠢᠦ ᠹᠦ᠋ ᠸᠧᠶ ᠲᠠᠷᠢᠶᠠᠴᠢᠨ ᠠᠬ᠎ᠠ ᠳᠡᠭᠦᠤ ᠨᠡᠷ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢᠨ ᠲᠥᠯᠥᠭᠡ ᠡᠳᠦᠷ ᠰᠥᠨᠢ ᠥᠬᠡᠶ ᠶᠠᠭᠠᠷᠠᠭᠰᠠᠭᠠᠷ ᠢᠷᠡᠵᠡᠶ᠂ ᠲᠡᠷᠡ᠄ ︽ᠲᠠᠷᠢᠶᠠᠴᠢᠨ ᠠᠬ᠎ᠠ ᠳᠡᠭᠦᠤ ᠨᠡᠷ ᠤᠨ ᠢᠨᠢᠶᠡᠮᠰᠦᠭ ᠴᠢᠷᠠᠶ ᠪᠣᠯ ᠳᠠᠷᠤᠶ ᠪᠢᠳᠡᠨ ᠳᠤ ᠣᠯᠭᠤᠭᠰᠠᠨ ᠬᠠᠮᠤᠭ ᠤᠨ ᠳᠡᠭᠡᠳᠦ ᠭᠠᠪᠢᠶᠠᠨ ᠲᠡᠮᠳᠡᠭ ᠮᠥᠨ︾ ᠭᠡᠵᠡᠶ᠃
   ᠭᠠᠷ ᠢᠶᠠᠷ ᠢᠶᠠᠨ
ᠮᠡᠷᠭᠡᠵᠢᠯ ᠤᠯᠠᠮᠵᠢᠯᠠᠵᠤ᠂ ᠲᠠᠷᠢᠶᠠᠴᠢᠳ ᠲᠤ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠪᠣᠯ ᠯᠢᠦ ᠹᠦ᠋ ᠸᠧᠢ ᠶᠢᠨ ᠡᠳᠦᠷ ᠳᠤᠳᠤᠮ ᠤᠨ ᠠᠵᠢᠯ ᠤᠨ ᠳᠤᠮᠳᠠᠬᠢ ᠡᠩ ᠤᠨ ᠶᠠᠪᠤᠳᠠᠯ ᠪᠣᠯᠤᠨ᠎ᠠ᠃ ᠥᠩᠭᠡᠷᠡᠭᠰᠡᠨ ᠳᠤ ᠲᠠᠷᠢᠶᠠᠴᠢᠳ ᠠᠶᠢᠯ ᠡᠷᠦᠬᠡ ᠪᠠᠷ ᠢᠶᠠᠨ ᠲᠠᠷᠠᠬᠠᠶ ᠪᠤᠲᠠᠷᠬᠠᠶ ᠪᠠᠷ ᠰᠣᠶᠣᠭᠠᠯᠠᠭᠤᠯᠬᠤ ᠶᠢ ᠲᠦᠷᠭᠡᠳᠬᠡᠨ᠂ ᠮᠡᠷᠭᠡᠵᠢᠯ ᠨᠢ ᠬᠢᠵᠠᠭᠠᠷ ᠲᠠᠢ᠂ ᠤᠰᠤᠨ ᠲᠤᠲᠤᠷᠭ᠎ᠠ ᠶᠢᠨ ᠶᠠᠰᠤ ᠴᠢᠨᠠᠷ ᠢ ᠪᠠᠲᠤᠯᠠᠬᠤ ᠳᠤ ᠪᠡᠷᠬᠡ ᠪᠠᠶᠢᠪᠠ᠂ ᠡᠨᠡ ᠬᠦ ᠬᠦᠴᠢᠷ ᠠᠰᠠᠭᠤᠳᠠᠯ ᠢ ᠰᠢᠶ᠋ᠳᠪᠦᠷᠢᠯᠡᠬᠦ ᠶᠢᠨ ᠲᠥᠯᠥᠭᠡ᠂ ᠯᠢᠦ ᠹᠦ᠋ ᠸᠧᠶ ᠮᠡᠷᠭᠡᠵᠢᠯ ᠤᠨ ᠬᠠᠷᠢᠭᠤᠴᠠᠯᠭᠠᠲᠠᠨ ᠤ ᠬᠤᠪᠢ ᠪᠠᠷ ᠬᠠᠮᠲᠤ ᠠᠵᠢᠯᠯᠠᠭᠰᠠᠳ ᠲᠠᠢ ᠪᠠᠨ 60 ᠡᠳᠦᠷ ᠦᠷᠭᠦᠯᠵᠢᠯᠡᠨ ᠲᠡᠮᠡᠴᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠤᠮᠤ ᠬᠡᠯᠪᠡᠷᠢ ᠶᠢᠨ ᠤᠰᠤᠨ ᠲᠤᠲᠤᠷᠭ᠎ᠠ ᠶᠢᠨ ᠤᠶᠤᠨᠴᠢᠯᠠᠭᠰᠠᠨ ᠦᠷ᠎ᠡ ᠳᠡᠪᠲᠦᠭᠡᠵᠦ ᠰᠣᠶᠣᠭᠠᠯᠠᠭᠤᠯᠬᠤ ᠶᠢ ᠲᠦᠷᠭᠡᠳᠬᠡᠬᠦ ᠦᠢᠯᠡᠳᠪᠦᠷᠢ ᠶᠢᠨ ᠲᠠᠰᠤᠭ ᠢ ᠪᠠᠶᠢᠭᠤᠯᠪᠠ᠃ ᠯᠢᠦ ᠹᠦ᠋ ᠸᠧᠢ ᠶᠢᠨ ᠳᠠᠭᠠᠭᠤᠯᠭ᠎ᠠ ᠪᠠᠷ᠂ ᠵᠠᠯᠠᠶᠢᠳ ᠬᠤᠰᠢᠭᠤᠨ ᠤ ᠤᠰᠤᠨ ᠲᠤᠲᠤᠷᠭ᠎ᠠ ᠶᠢᠨ ᠦᠢᠯᠡᠳᠪᠦᠷᠢᠯᠡᠯ ᠳᠤ ᠤᠶᠤᠨᠴᠢᠯᠠᠭᠰᠠᠨ ᠦᠷ᠎ᠡ ᠳᠡᠪᠲᠦᠭᠡᠬᠦ᠂ ᠦᠢᠯᠡᠳᠪᠦᠷᠢᠵᠢᠭᠦᠯᠦᠨ ᠴᠢᠬᠢ ᠪᠤᠶᠢᠵᠢᠭᠤᠯᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠲᠠᠭᠠᠭᠤᠯᠤᠭᠴᠢ ᠠᠵᠤ ᠠᠬᠤᠶᠢᠯᠠᠯ ᠤᠨ ᠪᠣᠯᠪᠠᠰᠤᠷᠠᠭᠤᠯᠤᠯᠲᠠ ᠪᠠᠷ ᠳᠠᠶᠢᠴᠢᠯᠠᠬᠤ ᠰᠢᠨ᠎ᠡ ᠪᠠᠶᠢᠷᠢᠰᠢᠯ ᠢ ᠪᠡᠶᠡᠯᠡᠭᠦᠯᠵᠡᠢ᠃
   2016 ᠣᠨ ᠠᠴᠠ 2019 ᠣᠨ ᠪᠣᠯᠲᠠᠯ᠎ᠠ᠂ ᠯᠢᠦ ᠹᠦ᠋ ᠸᠧᠢ ᠤᠰᠤᠨ ᠲᠤᠲᠤᠷᠭ᠎ᠠ ᠶᠢᠨ ᠬᠠᠭᠤᠷᠠᠢ ᠪᠠᠷ
ᠲᠠᠷᠢᠬᠤ ᠪᠦᠷᠬᠦᠪᠴᠢ ᠳᠤ ᠳᠤᠰᠤᠯᠭᠠᠨ ᠤᠰᠤᠯᠠᠬᠤ ᠮᠡᠷᠭᠡᠵᠢᠯ ᠤᠨ ᠬᠤᠷᠠᠮᠠᠯ ᠵᠢᠱᠢ᠊ ᠡᠶ᠎ᠡ ᠦᠵᠡᠭᠦᠯᠬᠦ ᠶᠢ ᠲᠠᠰᠤᠷᠠᠯᠲᠠ ᠦᠭᠡᠢ ᠰᠦᠪᠡᠭᠴᠢᠯᠡᠨ ᠦᠢᠯᠡᠳᠦᠯᠭᠡᠵᠢᠭᠦᠯᠵᠦ᠂ 1000 ᠭᠠᠷᠤᠢ ᠡᠳᠦᠷ ᠰᠥᠨᠢ ᠦᠭᠡᠢ ᠰᠤᠳᠤᠯᠵᠤ᠂ ᠡᠴᠦᠰ ᠲᠡᠭᠡᠨ 2020 ᠣᠨ ᠳᠤ 3 ᠵᠦᠢᠯ ᠤᠨ ᠤᠰᠤᠨ ᠲᠤᠲᠤᠷᠭ᠎ᠠ ᠶᠢᠨ ᠬᠠᠭᠤᠷᠠᠢ ᠳᠤ ᠳᠤᠬᠢᠷᠠᠬᠤ ᠪᠦᠲᠦᠭᠡᠯ ᠤᠨ ᠲᠦᠷᠦᠯ ᠵᠦᠢᠯ᠂ 2 ᠵᠦᠢᠯ ᠤᠨ ᠮᠡᠷᠭᠡᠵᠢᠯ ᠤᠨ ᠵᠠᠭᠪᠤᠷ ᠢ ᠰᠣᠩᠭᠤᠨ ᠭᠠᠷᠭᠠᠵᠤ᠂ ᠨᠡᠶᠢᠳᠡ 15 ᠲᠦᠮᠡᠨ ᠮᠦ ᠶᠢᠨ ᠵᠢᠱᠢ᠊ ᠡᠶ᠎ᠡ ᠦᠵᠡᠭᠦᠯᠦᠨ ᠳᠡᠯᠭᠡᠷᠡᠭᠦᠯᠵᠡᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ ᠤᠨ ᠵᠣᠬᠢᠶᠠᠨ ᠪᠠᠶᠢᠭᠤᠯᠤᠭᠰᠠᠨ ᠤᠨᠠᠯᠲᠠ ᠶᠢ ᠬᠡᠮᠵᠢᠬᠦ ᠠᠵᠢᠯᠯᠠᠭ᠎ᠠ ᠳᠡᠭᠡᠷ᠎ᠡ᠂ ᠤᠰᠤᠨ ᠲᠤᠲᠤᠷᠭ᠎ᠠ ᠶᠢᠨ ᠬᠠᠭᠤᠷᠠᠶ ᠪᠠᠷ ᠳᠠᠷᠢᠬᠤ ᠪᠦᠷᠬᠦᠪᠴᠢ ᠳᠤ ᠳᠤᠰᠤᠯᠭᠠᠨ ᠤᠰᠤᠯᠠᠬᠤ ᠮᠡᠷᠭᠡᠵᠢᠯ ᠤᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠮᠥ ᠪᠦᠷᠢ ᠶᠢᠨ ᠤᠨᠠᠯᠲᠠ ᠠᠩᠬ᠎ᠠ ᠤᠳᠠᠭ᠎ᠠ 500 ᠺᠢᠯᠣᠭ᠍ᠷᠠᠮ ᠢ ᠳᠠᠪᠠᠵᠤ᠂ 500.3 ᠺᠢᠯᠣᠭ᠍ᠷᠠᠮ ᠳᠤ ᠬᠦᠷᠴᠦ᠂ ᠪᠥᠬᠦ ᠣᠷᠣᠨ ᠤ ᠤᠰᠤᠨ ᠲᠤᠲᠤᠷᠭ᠎ᠠ ᠶᠢᠨ ᠬᠠᠭᠤᠷᠠᠶ ᠪᠠᠷ ᠳᠠᠷᠢᠬᠤ ᠦᠶ᠋ᠯᠡᠳᠪᠦᠷᠢᠯᠡᠯ ᠤᠨ ᠥᠨᠳᠥᠷ ᠤᠨᠠᠯᠲᠠ ᠶᠢᠨ ᠲᠡᠮᠳᠡᠭᠯᠡᠯ ᠢ ᠰᠢᠨᠡᠳᠬᠡᠵᠦ᠂ ᠤᠰᠤ ᠠᠷᠪᠢᠯᠠᠬᠤ᠂ ᠪᠣᠷᠲᠣᠭᠤᠷ ᠠᠷᠪᠢᠯᠠᠬᠤ᠂ ᠡᠮ ᠬᠢᠵᠠᠭᠠᠷᠯᠠᠬᠤ ᠶᠢ ᠪᠡᠶᠡᠯᠡᠭᠦᠯᠵᠦ᠂ ᠠᠵᠢᠯ ᠤᠨ ᠳᠠᠷᠠᠭᠠᠯᠠᠯ ᠢ ᠳᠥᠭᠦᠮᠴᠢᠯᠡᠨ᠂ ᠬᠥᠳᠡᠯᠮᠦᠷᠢ ᠶᠢᠨ ᠡᠷᠴᠢᠮ ᠢ ᠪᠠᠭᠤᠷᠠᠭᠤᠯᠪᠠ᠃ ᠬᠠᠭᠤᠷᠠᠶ ᠪᠠᠷ ᠲᠠᠷᠢᠬᠤ ᠤᠰᠤᠨ ᠲᠤᠲᠤᠷᠭ᠎ᠠ ᠶᠢᠨ ᠡᠭᠦᠯᠳᠡᠷ ᠢ ᠰᠣᠩᠭᠤᠨ ᠪᠤᠶᠢᠵᠢᠭᠤᠯᠬᠤ᠂ ᠦᠷ᠎ᠡ ᠰᠠᠴᠤᠬᠤ ᠮᠠᠰᠢᠨ ᠪᠠᠭᠠᠵᠢ ᠶᠢ ᠰᠠᠶᠢᠵᠢᠷᠠᠭᠤᠯᠬᠤ ᠪᠠ ᠲᠥᠬᠦᠷᠵᠢᠭᠦᠯᠬᠦ ᠮᠡᠷᠭᠡᠵᠢᠯ ᠢ ᠬᠤᠷᠠᠮᠳᠤᠭᠤᠯᠬᠤ ᠲᠠᠯ᠎ᠠ ᠪᠠᠷ᠂ ᠠᠳᠠᠯᠢ ᠲᠦᠷᠦᠯ ᠤᠨ ᠦᠷ᠎ᠡ ᠪᠦᠲᠦᠭᠡᠯ ᠤᠨ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠭᠡᠨ᠎ᠡ᠃
   ᠬᠥᠳᠡᠭᠡ ᠲᠣᠰᠬᠤᠨ ᠳᠤ ᠬᠦᠷᠴᠦ
︽ᠨᠤᠲᠤᠭ ᠤᠨ ᠴᠢᠳᠠᠪᠤᠷᠢᠲᠠᠨ︾ ᠢ ᠠᠮᠢᠯᠠᠭᠤᠯᠤᠨ᠎ᠠ
   ᠶᠠᠭᠠᠷᠠᠯᠲᠠᠶ ᠠᠵᠢᠯ ᠤᠨ ᠳᠤᠮᠳᠠ᠂ ᠯᠢᠦ ᠹᠦ᠋ ᠸᠧᠶ
ᠲᠠᠷᠢᠶᠠᠯᠠᠩ ᠤᠨ ᠰᠢᠰᠲ᠋ᠧᠮ ᠤᠨ ᠳᠣᠲᠣᠷᠠᠬᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠪᠥᠬᠦ ᠬᠤᠰᠢᠭᠤᠨ ᠤ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠶᠢ ᠣᠨᠴᠠ ᠴᠢᠬᠤᠯᠠᠴᠢᠯᠠᠵᠤ᠂ ᠣᠯᠠᠨ ᠤᠳᠠᠭ᠎ᠠ ᠪᠣᠯᠪᠠᠰᠤᠷᠠᠯ ᠤᠨ ᠬᠤᠷᠠᠯ ᠪᠠ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠢᠶᠠᠷ ᠳᠡᠮᠵᠢᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠤᠯᠠᠮᠵᠢᠯᠠᠵᠤ᠂ ᠣᠲᠣ ᠵᠠᠯᠠᠶᠢᠳ ᠬᠤᠰᠢᠭᠤᠨ ᠤ ᠨᠤᠲᠤᠭ ᠤᠨ ᠴᠢᠳᠠᠪᠤᠷᠢᠲᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠵᠢᠱᠢᠶ᠎ᠡ ᠦᠵᠡᠭᠦᠯᠦᠨ ᠳᠠᠭᠠᠭᠤᠯᠬᠤ ᠴᠢᠬᠤᠯᠠ ᠦᠶ᠋ᠯᠡᠳᠦᠯ ᠦᠵᠡᠭᠦᠯᠵᠦ ᠪᠠᠶᠢᠨ᠎ᠠ᠃
   ᠯᠢᠦ ᠹᠦ᠋ ᠸᠧᠢ ᠲᠠᠷᠢᠶᠠᠯᠠᠩ ᠤᠨ ᠮᠡᠷᠭᠡᠵᠢᠯ ᠤᠨ
ᠠᠵᠢᠯ ᠳᠤ ᠣᠷᠭᠢᠯᠤᠮ᠎ᠠ ᠰᠡᠳᠬᠢᠯᠭᠡ ᠪᠠᠷ ᠬᠠᠨᠳᠤᠵᠤ᠂ ᠬᠥᠳᠡᠭᠡ ᠲᠣᠰᠬᠤᠨ ᠤ ᠲᠠᠷᠢᠶᠠᠴᠢᠳ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠵᠦ᠂ ᠡᠷᠳᠡᠮ ᠮᠡᠳᠡᠯᠭᠡ᠂ ᠬᠠᠷᠠᠴᠠ᠂ ᠦᠨᠡᠨ ᠰᠡᠳᠬᠢᠯ ᠠᠴᠠ ᠪᠠᠨ ᠬᠠᠷ᠎ᠠ ᠬᠥᠷᠥᠰᠥᠨ ᠳᠤ ᠠᠵᠢᠯᠯᠠᠵᠤ᠂ ᠶᠡᠭᠡ ᠬᠡᠮᠵᠢᠶᠡᠨ ᠤ ᠬᠠᠮᠤᠭ ᠤᠨ ᠰᠢᠨ᠎ᠡ ᠲᠠᠷᠢᠮᠠᠯ ᠤᠨ ᠮᠡᠷᠭᠡᠵᠢᠯ ᠢ ᠰᠤᠳᠤᠯᠤᠨ ᠳᠡᠯᠭᠡᠷᠡᠭᠦᠯᠵᠡᠢ᠃ ᠤᠳᠤ᠂ ᠯᠢᠦ ᠹᠦ᠋ ᠸᠧᠢ ᠥᠪᠡᠷ ᠤᠨ ᠦᠢᠯᠡᠳᠦᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ ᠨᠠᠶᠢᠷᠠᠭᠤᠯᠤᠨ ᠪᠢᠴᠢᠬᠦ ᠳᠤ ᠣᠷᠣᠯᠴᠠᠭᠰᠠᠨ ︽ᠰᠢᠷ᠎ᠠ ᠪᠤᠷᠴᠠᠭ ᠤᠨ ᠳᠠᠯᠠᠩ ᠤᠨ ᠳᠡᠭᠡᠷᠡᠬᠢ ᠭᠤᠷᠪᠠᠨ ᠮᠥᠷ ᠨᠠᠷᠢᠨ ᠭᠤᠤ ᠶᠢ ᠨᠢᠭᠲᠠ ᠲᠠᠷᠢᠬᠤ ᠮᠡᠷᠭᠡᠵᠢᠯ ᠤᠨ ᠰᠤᠳᠤᠯᠭᠠᠨ ᠪᠠ ᠦᠢᠯᠡᠳᠦᠯᠭᠡ︾᠂ ︽ᠰᠢᠨᠵᠢᠯᠡᠬᠦ ᠤᠬᠠᠭᠠᠨᠴᠢ ᠪᠠᠷ ᠲᠠᠷᠢᠶ᠎ᠠ ᠲᠠᠷᠢᠬᠤ ᠪᠦᠬᠦᠨ ᠢ ᠮᠡᠳᠡᠭᠴᠢ︾᠂ ︽ᠵᠠᠯᠠᠶᠢᠳ ᠬᠤᠰᠢᠭᠤᠨ ᠤ ᠬᠥᠷᠥᠰᠥ ᠰᠢᠷᠣᠢ ᠶᠢ ᠬᠡᠮᠵᠢᠨ ᠪᠤᠷᠳᠤᠭᠤᠷ ᠣᠷᠣᠭᠤᠯᠬᠤ ᠮᠡᠷᠭᠡᠵᠢᠯ ᠤᠨ ᠠᠰᠠᠭᠤᠯᠲᠠ ᠬᠠᠷᠢᠭᠤᠯᠲᠠ︾ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠷᠭᠡᠵᠢᠯ ᠤᠨ ᠮᠠᠲᠧᠷᠢᠶᠠᠯ ᠢ ᠨᠠᠶᠢᠷᠠᠭᠤᠯᠤᠨ ᠪᠢᠴᠢᠵᠡᠢ᠃ ᠵᠠᠯᠠᠶᠢᠳ ᠬᠤᠰᠢᠭᠤᠨ ᠤ ᠡᠯ᠎ᠡ ᠭᠠᠵᠠᠷ ᠲᠤ ᠨᠢᠭᠡᠨᠲᠡ ᠬᠡᠳᠦᠨ ᠠᠷᠪᠠᠨ ᠲᠦᠮᠡᠨ ᠬᠤᠪᠢ ︵ᠳᠡᠪᠲᠡᠷ︶ ᠲᠠᠷᠬᠠᠭᠠᠵᠤ᠂ ᠲᠠᠷᠢᠶᠠᠴᠢᠳ ᠦᠵᠡᠭᠰᠡᠨ ᠤ ᠳᠠᠷᠠᠭ᠎ᠠ ᠴᠥᠮ ᠡᠲᠡᠭᠡᠷ ᠮᠠᠲ᠋ᠧᠷᠢᠶᠠᠯ ᠢ ᠬᠢᠯᠪᠠᠷ ᠣᠶᠢᠯᠠᠭᠠᠮᠵᠢᠲᠠᠶ᠂ ᠵᠢᠯᠣᠭᠤᠳᠬᠤ ᠴᠢᠨᠠᠷ ᠪᠠ ᠬᠡᠷᠡᠭᠵᠢᠭᠦᠯᠬᠦ ᠴᠢᠨᠠᠷ ᠢᠶᠠᠷ ᠮᠠᠰᠢ ᠴᠢᠩᠭ᠎ᠠ ᠭᠡᠵᠦ ᠬᠡᠯᠡᠳᠡᠭ᠂ ᠣᠲᠣ ᠡᠲᠡᠭᠡᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠨᠢ ᠨᠢᠭᠡᠨᠲᠡ ᠲᠠᠷᠢᠶᠠᠴᠢᠨ ᠡᠷᠦᠬᠡ ᠨᠢᠭᠡᠪᠦᠷᠢ ᠶᠢᠨ ᠲᠠᠷᠢᠶᠠᠯᠠᠩ ᠤᠨ ᠶᠠᠪᠤᠳᠠᠯ ᠤᠨ ᠡᠷᠳᠡᠨᠢ ᠶᠢᠨ ᠲᠣᠯᠢ ᠪᠣᠯᠤᠭᠰᠠᠨ ᠪᠠᠶᠢᠨ᠎ᠠ᠃
   ᠨᠢᠭᠡ ᠬᠤᠪᠢ ᠶᠢᠨ
ᠴᠢᠷᠮᠠᠶᠢᠯᠭ᠎ᠠ᠂ ᠨᠢᠭᠡ ᠬᠤᠪᠢ ᠶᠢᠨ ᠬᠤᠷᠢᠶᠠᠯᠲᠠ᠃ ᠯᠢᠦ ᠹᠦ᠋ ᠸᠧᠶ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ︾ ᠪᠠ ᠬᠢᠩᠭᠠᠨ ᠠᠶᠢᠮᠠᠭ ᠤᠨ ︽ᠬᠢᠩᠭᠠᠨ ᠠᠶᠢᠮᠠᠭ ᠤᠨ ᠭᠠᠷᠮᠠᠭᠠᠶ ᠴᠢᠳᠠᠪᠤᠷᠢᠲᠠᠨ︾ ᠤ ᠴᠣᠯᠠ ᠶᠢ ᠭᠥᠷᠳᠡᠵᠦ᠂ ᠤᠯᠤᠰ ᠤᠨ ᠱᠤᠨ ᠨᠸᠢ ᠰᠠᠭᠤᠷᠢ ᠮᠥᠩᠭᠦ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠭᠰᠡᠨ ᠱᠠᠩᠨᠠᠯ᠂ ᠤᠯᠤᠰ ᠤᠨ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠲᠥᠯᠥᠪᠯᠡᠭᠡ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠭᠰᠡᠨ ᠬᠤᠪᠢ ᠨᠡᠮᠡᠷᠢ ᠶᠢᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠦᠶ᠋ᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ᠂ ᠬᠢᠩᠭᠠᠨ ᠠᠶᠢᠮᠠᠭ ᠤᠨ ᠬᠥᠳᠡᠯᠮᠦᠷᠢ ᠶᠢᠨ ᠵᠢᠱᠢᠶᠡᠴᠢ᠂ ᠪᠥᠬᠦ ᠤᠯᠤᠰ ᠤᠨ ᠠᠮᠤ ᠪᠤᠳᠠᠭᠠᠨ ᠤ ᠦᠶ᠋ᠯᠡᠳᠪᠦᠷᠢᠯᠡᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠠ ᠥᠪᠡᠷᠲᠡᠭᠡᠨ ᠵᠠᠰᠠᠬᠤ ᠣᠷᠣᠨ ᠤ ᠡᠯᠪᠡᠭ ᠬᠤᠷᠢᠶᠠᠯᠲᠠ ᠶᠢᠨ ᠲᠥᠯᠥᠪᠯᠡᠭᠡ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠲᠠᠢ᠃ ᠡᠳᠡᠭᠡᠷ ᠢᠷᠠᠭᠤ ᠠᠯᠳᠠᠷ ᠤᠨ ᠲᠤᠬᠠᠢ ᠯᠢᠦ ᠹᠦ᠋ ᠸᠧᠢ᠄ ︽ᠪᠢ ᠤᠭ ᠰᠠᠨᠠᠭ᠎ᠠ ᠪᠠᠨ ᠦᠯᠦ ᠮᠠᠷᠲᠠᠵᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠦᠷᠭᠦᠯᠵᠢᠯᠡᠨ ᠴᠢᠷᠮᠠᠶᠢᠨ ᠠᠵᠢᠯᠯᠠᠨ᠎ᠠ᠂ ᠡᠨᠡ ᠵᠢᠯ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯ ᠳᠤᠮᠳᠠ᠂ ᠲᠠᠷᠢᠶᠠᠯᠠᠩ ᠤᠨ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠢ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠳᠡᠯᠭᠡᠷᠡᠭᠦᠯᠵᠦ᠂ ᠪᠣᠬᠢᠷᠲᠤᠯ ᠦᠭᠡᠢ ᠪᠠᠷ ᠬᠥᠳᠡᠭᠡ ᠠᠵᠤ ᠠᠬᠤᠢ ᠶᠢ ᠬᠥᠭᠵᠢᠭᠦᠯᠵᠦ ᠮᠠᠯ ᠠᠵᠤ ᠠᠬᠤᠢ ᠶᠢ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠵᠦ ᠮᠠᠯ ᠠᠵᠤ ᠠᠬᠤᠢ ᠶᠢ ᠬᠥᠭᠵᠢᠭᠦᠯᠬᠦ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号