ᠠᠲᠠᠷᠰᠢᠭᠤᠯᠤᠭᠰᠠᠨ ᠭᠠᠵᠠᠷ ᠢ ᠬᠡᠷᠬᠢᠨ ᠠᠮᠢᠯᠠᠭᠤᠯᠵᠤ ᠂ ᠠᠲᠠᠷᠰᠢᠭᠤᠯᠤᠭᠰᠠᠨ ᠭᠠᠵᠠᠷ ᠢ ᠬᠡᠷᠬᠢᠨ ︽ ᠠᠯᠲᠠ | ︾ ᠪᠣᠯᠭᠠᠬᠤ ᠪᠣᠶ ︖ | ᠠᠲᠠᠷᠰᠢᠭᠤᠯᠤᠭᠰᠠᠨ ᠭᠠᠵᠠᠷ ᠲᠤ ᠬᠡᠷᠡᠯ ᠴᠡᠨᠡᠭ ᠤᠨ ᠲᠠᠯᠠᠪᠠᠶ ᠪᠠᠶᠢᠭᠤᠯᠵᠤ ᠂ ᠬᠡᠷᠡᠯ ᠴᠡᠨᠡᠭ ᠤᠨ | ᠬᠠᠪᠲᠠᠰᠤ ᠪᠠᠷ ᠴᠠᠬᠢᠯᠭᠠᠨ ᠭᠠᠷᠭᠠᠵᠤ ᠂ ᠬᠡᠷᠡᠯ ᠴᠡᠨᠡᠭ ᠤᠨ ᠬᠠᠪᠲᠠᠰᠤᠨ ᠤ ᠲᠤᠤᠷ᠎ᠠ ᠴᠢᠬᠢ ᠪᠣᠶᠢᠵᠢᠭᠤᠯᠪᠠ ᠁ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠤᠸᠠ ᠲᠤᠭᠤᠯ ᠪᠠᠯᠭᠠᠰᠤ ᠠᠴᠠ ᠬᠠᠭᠤᠯᠪᠤᠷᠢᠯᠠᠵᠤ ᠪᠣᠯᠬᠤ | ᠰᠢᠨ᠎ᠡ ᠰᠣᠷᠭᠤᠭ ᠬᠡᠪ ᠵᠠᠭᠪᠤᠷ ᠢ ᠭᠠᠷᠭᠠᠭᠰᠠᠨ ᠪᠠᠶᠢᠨ᠎ᠠ ᠃ | ᠬᠤᠸᠠ ᠲᠣᠭᠤᠯ ᠪᠠᠯᠭᠠᠰᠤ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠷᠠᠭᠤᠨ ᠡᠮᠦᠨ᠎ᠡ | ᠬᠡᠰᠡᠭ ᠲᠤ ᠪᠠᠶᠢᠷᠢᠯᠠᠳᠠᠭ ᠃ 2021 ᠣᠨ ᠳᠤ᠂ ᠮᠠᠨ ᠤ ᠬᠤᠳᠠ ᠶᠢᠨ ᠠᠩᠬᠠᠳᠠᠭᠴᠢ ᠪᠦᠯᠦᠭ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠣᠶᠤᠨᠲᠤ ᠡᠨᠧᠷᠭᠢ ᠶᠢᠨ ᠵᠢᠱᠢᠶ᠎ᠡ ᠦᠵᠡᠭᠦᠯᠬᠦ ᠲᠦᠷᠦᠯ | ᠵᠦᠢᠯ ᠪᠣᠯᠤᠭᠰᠠᠨ ᠤ ᠬᠤᠪᠢ ᠳᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠬᠤᠸᠠ | ᠲᠤᠭᠤᠯ ᠪᠠᠯᠭᠠᠰᠤ ᠶᠢᠨ ᠶᠡᠷᠦᠩᠬᠡᠶᠢᠯᠡᠭᠰᠡᠨ ᠣᠶᠤᠨᠲᠤ ᠡᠨᠧᠷᠭᠢ ᠶᠢᠨ ᠲᠦᠷᠦᠯ ᠵᠦᠢᠯ ᠢ ᠠᠳᠡ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠪᠠ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 13227 ᠲᠦᠮᠡᠨ | ᠲᠥᠭᠦᠷᠢᠭ ᠪᠠᠶᠢᠵᠤ ᠂ ᠨᠡᠶᠢᠲᠡ 11MWp ᠶᠢᠨ ᠲᠠᠷᠬᠠᠯᠲᠠ ᠶᠢᠨ ᠬᠡᠷᠡᠯ ᠴᠡᠨᠡᠭ ᠂ 8MW ᠰᠠᠯᠬᠢᠨ | ᠬᠦᠴᠦᠨ ᠤ ᠴᠠᠬᠢᠯᠭᠠᠨ ᠵᠢᠴᠢ 4.968 MWp ᠶᠢᠨ ᠡᠷᠦᠬᠡ ᠳᠤ ᠬᠡᠷᠡᠭᠯᠡᠬᠦ ᠲᠠᠷᠬᠠᠯᠲᠠ ᠶᠢᠨ ᠬᠡᠯᠪᠡᠷᠢ ᠶᠢᠨ ᠬᠡᠷᠡᠯ | ᠴᠡᠨᠡᠭ ᠢ ᠪᠦᠲᠦᠭᠡᠨ ᠪᠠᠶᠢᠭᠤᠯᠪᠠ ᠃ | ᠠᠯᠲᠠᠨ ᠨᠠᠮᠤᠷ ᠤᠨ ᠤᠯᠠᠷᠢᠯ ᠳᠤ ᠂ ᠬᠤᠸᠠ ᠲᠤᠭᠤᠯ ᠭᠠᠴᠠᠭ᠎ᠠ ᠳᠤ ᠣᠷᠣᠬᠤ ᠳᠤ ᠂ ᠮᠥᠷ ᠮᠥᠷ ᠬᠥᠬᠡ | ᠥᠩᠭᠡ ᠲᠠᠢ ᠬᠡᠷᠡᠯ ᠴᠡᠨᠡᠭ ᠤᠨ ᠬᠠᠪᠲᠠᠰᠤ ᠨᠢ ᠡᠮᠬᠢ ᠵᠠᠮᠪᠠᠷᠠᠭ᠎ᠠ ᠲᠠᠢ ᠪᠠᠶᠢᠵᠤ ᠂ ᠨᠡᠷᠡᠨ ᠤ ᠬᠡᠷᠡᠯ ᠤᠨ ᠲᠤᠤᠷ᠎ᠠ | ᠭᠢᠯᠠᠯᠵᠠᠨ ᠬᠠᠷᠠᠭᠳᠠᠨ᠎ᠠ ᠃ ᠬᠡᠷᠡᠯ ᠴᠡᠨᠡᠭ ᠤᠨ ᠬᠠᠪᠲᠠᠰᠤᠨ ᠳᠣᠣᠷ᠎ᠠ ᠳᠠᠷᠢᠭᠰᠠᠨ ᠰᠠᠭᠠᠭ ᠠᠮᠢᠵᠢᠷᠠᠯ ᠤᠨ | ᠬᠦᠴᠦᠨ ᠢᠶᠠᠷ ᠪᠢᠯᠬᠠᠵᠤ᠂ ᠡᠯᠪᠡᠭ ᠬᠤᠷᠢᠶᠠᠯᠲᠠ ᠣᠯᠬᠤ ᠡᠷᠡᠮᠡᠯᠵᠡᠯ ᠲᠠᠢ ᠪᠠᠶᠢᠨ᠎ᠠ᠃ | ᠭᠠᠴᠠᠭᠠᠨ ᠤ ᠳᠡᠳ᠋ ᠡᠷᠬᠢᠯᠡᠭᠴᠢ ᠴᠧᠨ ᠯᠢᠩ ᠠᠬ᠎ᠠ ᠰᠤᠷᠪᠤᠯᠵᠢᠯᠠᠭᠴᠢ ᠳᠤ ᠬᠡᠯᠡᠬᠦ ᠳᠡᠭᠡᠨ ᠄ ︽ ᠬᠥᠷᠥᠰᠥ | ᠰᠢᠷᠣᠢ ᠶᠢᠨ ᠰᠢᠯᠲᠠᠭᠠᠨ ᠠᠴᠠ ᠪᠣᠯᠵᠤ ᠂ ᠡᠨᠡ ᠬᠡᠰᠡᠭ ᠭᠠᠵᠠᠷ ᠲᠤ ᠶᠡᠷᠦᠨᠢ ᠳᠠᠷᠢᠬᠤ ᠬᠥᠮᠥᠨ ᠦᠭᠡᠢ ᠂ ᠣᠯᠠᠨ ᠵᠢᠯ | ᠰᠤᠯᠠ ᠲᠠᠯᠪᠢᠭᠳᠠᠭᠠᠳ ᠪᠠᠶᠢᠨ᠎ᠠ ᠂ ᠶᠡᠷᠦᠩᠬᠡᠶᠢᠯᠡᠭᠰᠡᠨ ᠣᠶᠤᠨᠴᠢ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ | ᠨᠢ ᠮᠠᠨ ᠤ ᠲᠣᠰᠬᠤᠨ ᠤ 120 ᠭᠠᠷᠤᠢ ᠮᠦ ᠭᠠᠵᠠᠷ ᠰᠢᠷᠣᠢ ᠶᠢ ᠲᠦᠷᠢᠶᠡᠰᠦᠯᠡᠨ ᠥᠭᠴᠦ ᠂ ᠲᠣᠰᠬᠤᠨ ᠠᠴᠠ | ᠵᠢᠯ ᠪᠦᠷᠢ 10.275 ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠵᠤ ᠪᠠᠶᠢᠨ᠎ᠠ ᠂ ᠡᠨᠡ ᠬᠦ ᠵᠣᠭᠤᠰ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠣᠯᠭᠠᠵᠤ ᠂ ᠲᠣᠰᠬᠤᠨ ᠤ ᠳᠦᠷᠰᠦ | ᠪᠠᠶᠢᠳᠠᠯ ᠢ ᠰᠠᠶᠢᠵᠢᠷᠠᠭᠤᠯᠵᠤ ᠪᠣᠯᠣᠨ᠎ᠠ ︾ ᠭᠡᠵᠡᠢ ᠃ | ︽ᠠᠳᠡᠬᠢ ᠬᠡᠷᠡᠯ ᠴᠡᠨᠡᠭ ᠤᠨ ᠲᠠᠯᠠᠪᠠᠶ ᠶᠢ ᠪᠠᠶᠢᠭᠤᠯᠤᠭᠰᠠᠨ ᠤ ᠳᠠᠷᠠᠭ᠎ᠠ ᠂ ᠪᠢᠳᠡ ᠬᠡᠷᠡᠯ ᠴᠡᠨᠡᠭ ᠤᠨ | ᠰᠠᠮᠪᠠᠷ᠎ᠠ ᠶᠢᠨ ᠲᠤᠤᠷᠠᠬᠢ ᠬᠤᠵᠢᠷᠯᠢᠭ ᠭᠠᠵᠠᠷ ᠲᠤ ᠬᠥᠷᠥᠰᠥ ᠰᠢᠷᠣᠢ ᠶᠢ ᠰᠠᠶᠢᠵᠢᠷᠠᠭᠤᠯᠵᠤ ᠂ | ᠰᠠᠶᠢᠵᠢᠷᠠᠭᠤᠯᠤᠭᠰᠠᠨ ᠤ ᠳᠠᠷᠠᠭᠠᠬᠢ ᠭᠠᠵᠠᠷ ᠰᠢᠷᠣᠢ ᠶᠢ ᠦᠨ᠎ᠡ ᠲᠥᠯᠥᠪᠦᠷᠢ ᠦᠭᠡᠢ ᠪᠠᠷ ᠲᠣᠰᠬᠤᠨ ᠤ ᠠᠷᠠᠳ ᠲᠤ | ᠬᠡᠷᠡᠭᠯᠡᠭᠦᠯᠬᠦ ᠶᠢᠨ ᠬᠠᠮᠲᠤ ᠂ ᠪᠢᠳᠡ ᠪᠠᠰᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠮᠠᠯ | ᠳᠠᠷᠢᠬᠤ ᠲᠤᠰᠬᠠᠢ ᠮᠡᠷᠭᠡᠵᠢᠯᠲᠡᠨ ᠢ ᠤᠷᠢᠵᠤ ᠂ ᠮᠠᠯᠴᠢᠨ ᠲᠠᠷᠢᠶᠠᠴᠢᠨ ᠳᠤ ᠳᠠᠷᠢᠬᠤ ᠮᠡᠷᠭᠡᠵᠢᠯ ᠤᠯᠠᠮᠵᠢᠯᠠᠵᠤ ᠂ ︿ | ᠲᠠᠷᠢᠶᠠᠯᠠᠩ ᠪᠠ ᠬᠡᠷᠡᠯ ᠤᠨ ᠬᠠᠷᠢᠯᠴᠠᠨ ᠨᠥᠬᠦᠪᠦᠷᠢᠯᠡᠬᠦ ﹀ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ ︾ ᠭᠡᠵᠦ | ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠳᠡᠳ᠋ ᠶᠡᠷᠦᠩᠬᠡᠢ ᠠᠵᠤ ᠠᠬᠤᠶᠢᠴᠢ ᠴᠢᠦᠢ ᠨᠢᠶᠠᠨ ᠰᠢᠩ | ᠲᠠᠨᠢᠯᠴᠠᠭᠤᠯᠪᠠ᠃ | ᠬᠤᠸᠠ ᠲᠤᠭᠤᠯ ᠪᠠᠯᠭᠠᠰᠤᠨ ᠤ ᠵᠠᠰᠠᠭ ᠤᠨ ᠣᠷᠳᠣᠨ ᠤ ᠬᠤᠶᠢᠲᠤ ᠲᠠᠯ᠎ᠠ ᠶᠢᠨ ᠤᠯᠠᠭᠠᠨ ᠭᠤᠣᠯ ᠰᠡᠳᠦᠪᠲᠦ | ᠰᠣᠶᠣᠯ ᠤᠨ ᠠᠭᠤᠳᠠᠮ ᠲᠠᠯᠠᠪᠠᠢ ᠪᠠᠷ ᠵᠠᠮᠨᠠᠬᠤ ᠳᠤ᠂ ᠬᠤᠸᠠ ᠲᠤᠭᠤᠯ ᠭᠠᠴᠠᠭ᠎ᠠ ᠶᠢᠨ ᠬᠠᠮᠲᠤ ᠶᠢᠨ ᠲᠡᠵᠢᠭᠡᠨ | ᠦᠷᠡᠵᠢᠭᠦᠯᠬᠦ ᠬᠤᠷᠰᠢᠶ᠎ᠠ ᠶᠢᠨ ᠦᠬᠡᠷ ᠤᠨ ᠰᠠᠷᠠᠪᠴᠢᠨ ᠤ ᠭᠠᠳᠠᠨ᠎ᠠ ᠨᠢᠭᠡ ᠦᠬᠡᠷ ᠨᠡᠷᠡᠨ ᠳᠤ ᠡᠭᠡᠭᠡᠵᠦ ᠪᠠᠶᠢᠬᠤ ᠶᠢ | ᠰᠤᠷᠪᠤᠯᠵᠢᠯᠠᠭᠴᠢ ᠣᠯᠵᠤ ᠬᠠᠷᠠᠪᠠ᠂ ᠦᠬᠡᠷ ᠤᠨ ᠰᠠᠷᠠᠪᠴᠢᠨ ᠳᠤ ᠳᠡᠪᠢᠰᠦᠭᠰᠡᠨ ᠭᠡᠷᠡᠯ ᠴᠡᠨᠡᠭ ᠤᠨ ᠬᠠᠪᠲᠠᠰᠤ ᠨᠢ | ᠬᠥᠮᠥᠰ ᠤᠨ ᠠᠩᠬᠠᠷᠤᠯ ᠢ ᠣᠨᠴᠠᠭᠠᠢ ᠲᠠᠲᠠᠨ᠎ᠠ᠃ ︽ ᠪᠢᠳᠡ ᠤᠤᠯ ᠤᠨ 960 ᠲᠡᠭᠰᠢ ᠳᠥᠷᠪᠡᠯᠵᠢᠨ ᠮᠧᠲᠷ ᠤᠨ | ᠦᠬᠡᠷ ᠤᠨ ᠰᠠᠷᠠᠪᠴᠢ ᠶᠢᠨ ᠭᠠᠳᠠᠭᠤᠷ ᠰᠠᠭᠤᠷᠢ ᠪᠣᠷᠣ ᠲᠥᠯᠥᠪ ᠢ ᠰᠢᠨ᠎ᠡ ᠪᠠᠷ ᠪᠠᠶᠢᠭᠤᠯᠵᠤ ᠂ 98.1 kwp | ᠭᠡᠷ ᠤᠨ ᠣᠷᠣᠢ ᠶᠢᠨ ᠬᠡᠷᠡᠯ ᠴᠡᠨᠡᠭ ᠢ ᠪᠠᠶᠢᠭᠤᠯᠵᠤ ᠂ ᠴᠠᠬᠢᠯᠭᠠᠨ ᠭᠠᠷᠭᠠᠬᠤ ᠬᠡᠮᠵᠢᠶ᠎ᠡ ᠶᠢ ᠲᠣᠰᠬᠤᠨ ᠤ ᠬᠠᠮᠲᠤ ᠶᠢᠨ | ᠲᠡᠵᠢᠭᠡᠨ ᠦᠷᠡᠵᠢᠭᠦᠯᠬᠦ ᠬᠤᠷᠰᠢᠶᠠᠨ ᠤ ᠦᠬᠡᠷ ᠤᠤᠭᠤᠬᠤ ᠤᠰᠤ᠂ ᠭᠡᠷᠡᠯᠲᠦᠭᠦᠯᠬᠦ ᠂ ᠵᠢᠭᠤᠷᠠᠮᠠᠯ ᠪᠣᠷᠳᠤᠭ᠎ᠠ | ᠵᠡᠷᠭᠡ ᠳᠤ ᠦᠨ᠎ᠡ ᠲᠥᠯᠥᠪᠦᠷᠢ ᠦᠭᠡᠢ ᠪᠠᠷ ᠬᠡᠷᠡᠭᠯᠡᠵᠦ ᠂ ᠵᠢᠯ ᠪᠦᠷᠢ ᠲᠣᠰᠬᠤᠨ ᠤ ᠬᠠᠮᠲᠤ ᠨᠡᠶᠢᠲᠡ ᠳᠤ 3 ᠲᠦᠮᠡᠨ | ᠲᠥᠭᠦᠷᠢᠭ ᠤᠨ ᠠᠰᠢᠭ ᠣᠷᠣᠯᠭ᠎ᠠ ᠣᠯᠭᠤᠵᠤ ᠪᠠᠶᠢᠨ᠎ᠠ ︾ ᠭᠡᠵᠦ ᠴᠢᠦᠢ ᠨᠢᠶᠠᠨ ᠰᠢᠩ ᠬᠡᠯᠡᠪᠡ᠃ | ᠬᠡᠷᠡᠯ ᠴᠡᠨᠡᠭ ᠤᠨ ᠦᠬᠡᠷ ᠤᠨ ᠰᠠᠷᠠᠪᠴᠢ ᠠᠴᠠ ᠭᠠᠳᠠᠨ᠎ᠠ ᠂ ᠲᠦᠩᠯᠢᠶᠣᠣ ᠶᠢᠨ ᠴᠠᠬᠢᠯᠭᠠᠨ ᠭᠠᠷᠭᠠᠬᠤ | ᠦᠢᠯᠡᠳᠪᠦᠷᠢ ᠶᠢᠨ ᠬᠢᠨ ᠪᠠᠰᠠ ᠡᠷᠦᠬᠡ ᠳᠤ ᠬᠡᠷᠡᠭᠯᠡᠬᠦ ᠬᠡᠷᠡᠯ ᠴᠡᠨᠡᠭ ᠢ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠨᠥᠬᠦᠴᠡᠯ ᠵᠢᠴᠢ ᠪᠣᠯᠣᠮᠵᠢᠲᠤ ᠴᠢᠨᠠᠷ ᠢ ᠪᠠᠶᠢᠴᠠᠭᠠᠨ ᠰᠤᠳᠤᠯᠵᠤ ᠂ ᠲᠥᠯᠥᠪᠯᠡᠭᠡ ᠪᠠᠷ ᠨᠢᠭᠡᠳᠦᠭᠡᠷ | ᠪᠦᠯᠦᠭ ᠲᠤ 100 ᠡᠷᠦᠬᠡ ᠳᠤ ᠬᠡᠷᠡᠭᠯᠡᠬᠦ ᠲᠠᠷᠬᠠᠮᠠᠯ ᠬᠡᠷᠡᠯ ᠴᠡᠨᠡᠭ ᠤᠨ ᠥᠯᠢᠭᠡᠷ ᠳᠠᠭᠤᠷᠢᠶᠠᠯ ᠡᠷᠦᠬᠡ ᠳᠤ ᠭᠠᠷ ᠤᠨ | ᠥᠰᠥᠭ ᠵᠢᠷᠤᠵᠤ ᠂ ᠲᠣᠰᠬᠤᠨ ᠤ ᠠᠷᠠᠳ ᠨᠢᠭᠡᠪᠦᠷᠢ ᠵᠢᠯ ᠳᠤ ᠬᠠᠮᠤᠭ ᠠᠷᠪᠢᠨ ᠳᠠᠭᠠᠨ 2000 ᠲᠥᠭᠦᠷᠢᠭ ᠤᠨ | ᠭᠠᠵᠠᠷ ᠰᠢᠷᠣᠢ ᠶᠢᠨ ᠲᠦᠷᠢᠶᠡᠰᠦᠯᠡᠯ ᠤᠨ ᠠᠰᠢᠭ ᠣᠷᠣᠯᠭ᠎ᠠ ᠣᠯᠵᠤ ᠪᠣᠯᠣᠨ᠎ᠠ ᠃《 ᠮᠠᠨ ᠤ ᠪᠠᠶᠢᠭᠤᠯᠤᠭᠰᠠᠨ | ᠡᠷᠦᠬᠡ ᠳᠤ ᠬᠡᠷᠡᠭᠯᠡᠬᠦ ᠭᠡᠷᠡᠯ ᠤᠨ ᠡᠨᠧᠷᠭᠢ ᠶᠢᠨ ᠪᠠᠷᠢᠮᠵᠢᠶ᠎ᠠ ᠪᠣᠯ ᠭᠠᠵᠠᠷ ᠤᠨ ᠭᠠᠳᠠᠷᠭᠤ ᠠᠴᠠ 1.5 ᠮᠧᠲᠷ ᠤᠨ | ᠥᠨᠳᠥᠷ ᠪᠠᠶᠢᠵᠤ ᠂ ᠡᠮᠦᠨ᠎ᠡ ᠬᠤᠶᠢᠨ᠎ᠠ 15 ᠮᠧᠲᠷ ᠣᠷᠴᠢᠮ ᠤᠨ ᠵᠠᠢ ᠲᠠᠢ ᠪᠠᠶᠢᠳᠠᠭ ᠂ ᠡᠨᠡ ᠨᠢ ᠲᠣᠰᠬᠤᠨ ᠤ | ᠠᠷᠠᠳ ᠤᠨ ᠬᠦᠷᠢᠶᠡᠨ ᠳᠠᠬᠢ ᠲᠠᠷᠢᠮᠠᠯ ᠤᠨ ᠬᠡᠪ ᠤᠨ ᠥᠰᠦᠯᠲᠡ ᠶᠢ ᠣᠭᠲᠣ ᠨᠥᠯᠥᠭᠡᠯᠡᠬᠦ ᠦᠭᠡᠢ ᠶᠤᠮ 》 ᠭᠡᠵᠦ | ᠴᠢᠦᠢ ᠨᠢᠶᠠᠨ ᠰᠢᠩ ᠬᠡᠯᠡᠪᠡ᠃ | ᠲᠣᠰᠬᠤᠨ ᠤ ᠠᠷᠠᠳ ᠵᠣᠣ ᠵᠢᠶᠦ᠋ᠨ ᠬᠠᠢ ᠪᠣᠯ ᠲᠡᠳᠡᠨ ᠤ ᠳᠣᠲᠣᠷᠠᠬᠢ ᠨᠢᠭᠡ ᠡᠷᠦᠬᠡ ᠪᠣᠯᠣᠨ᠎ᠠ ᠂ ︽ ᠮᠢᠨᠤ | ᠠᠬ᠎ᠠ ᠭᠠᠳᠠᠨ᠎ᠠ ᠣᠷᠣᠨ ᠳᠤ ᠠᠵᠢᠯ ᠬᠢᠬᠦ ᠪᠠᠷ ᠶᠠᠪᠤᠵᠠᠢ᠂ ᠲᠡᠳᠡᠨ ᠤ ᠭᠠᠵᠠᠷ ᠰᠢᠷᠣᠢ ᠨᠢ ᠶᠡᠷᠦ ᠨᠢ ᠡᠵᠡᠭᠦᠢ | ᠪᠠᠶᠢᠭᠰᠠᠭᠠᠷ᠂ ᠦᠵᠡᠬᠦ ᠳᠤ ᠲᠤᠶᠢᠯ ᠢᠶᠠᠷ ᠥᠷᠥ ᠡᠪᠡᠳᠴᠦ ᠪᠠᠶᠢᠨ᠎ᠠ ᠂ ᠣᠲᠣ ᠪᠠᠰᠠ ᠠᠰᠢᠭ ᠣᠷᠣᠯᠭ᠎ᠠ ᠣᠯᠵᠤ | ᠳᠡᠶᠢᠯᠦᠨ᠎ᠡ ᠭᠡᠵᠦ ᠪᠤᠳᠤᠵᠤ ᠣᠯᠣᠭᠰᠠᠨ ᠦᠭᠡᠢ︾ ᠭᠡᠵᠡᠢ ᠃ ᠂ ᠲᠣᠰᠬᠤᠨ ᠤ ᠠᠷᠠᠳ ᠵᠣᠣ ᠵᠢᠶᠦ᠋ᠨ ᠬᠠᠢ ᠪᠣᠯ | ᠲᠡᠳᠡᠨ ᠤ ᠳᠣᠲᠣᠷᠠᠬᠢ ᠨᠢᠭᠡ ᠡᠷᠦᠬᠡ ᠨᠢ ᠪᠣᠯᠣᠨ᠎ᠠ ᠂ ︽ᠮᠢᠨᠤ ᠠᠬ᠎ᠠ ᠭᠠᠳᠠᠨ᠎ᠠ ᠣᠷᠣᠨ ᠳᠤ ᠠᠵᠢᠯ ᠬᠥᠳᠡᠯᠮᠦᠷᠢ | ᠬᠢᠬᠦ ᠪᠠᠷ ᠶᠠᠪᠤᠵᠠᠢ ᠃ ᠵᠤᠤ ᠵᠢᠶᠦ᠋ᠨ ᠬᠠᠢ ᠶᠢᠨ ᠥᠬᠢᠨ ᠳᠡᠭᠦᠦ ᠨᠢ ᠠᠯᠤᠰ ᠬᠤᠯᠠ ᠠᠴᠠ ᠳᠡᠪᠢᠰᠦᠭᠰᠡᠨ ᠭᠡᠷᠡᠯ | ᠴᠡᠨᠡᠭ ᠤᠨ ᠬᠠᠪᠲᠠᠰᠤ ᠶᠢ ᠬᠠᠷᠠᠭᠠᠳ ᠪᠠᠶᠠᠷᠯᠠᠨ ᠢᠨᠢᠶᠡᠯᠳᠦᠨ᠎ᠡ᠃ ᠵᠣᠤ ᠵᠢᠶᠦ᠋ᠨ ᠬᠠᠢ ᠶᠢᠨ ᠥᠬᠢᠨ ᠳᠡᠭᠦᠦ ᠨᠢ | ᠠᠯᠤᠰ ᠬᠤᠯᠠ ᠠᠴᠠ ᠳᠡᠪᠢᠰᠦᠭᠰᠡᠨ ᠭᠡᠷᠡᠯ ᠴᠡᠨᠡᠭ ᠤᠨ ᠬᠠᠪᠲᠠᠰᠤ ᠶᠢ ᠬᠠᠷᠠᠭᠠᠳ ᠶᠡᠬᠡᠳᠡ ᠪᠠᠶᠠᠷᠯᠠᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ | ᠥᠨᠥᠳᠥᠷ ᠤᠨ ᠬᠤᠸᠠ ᠲᠤᠭᠤᠯ ᠶᠡᠷᠦᠩᠬᠡᠶᠢᠯᠡᠭᠰᠡᠨ ᠣᠶᠤᠨᠴᠢ ᠡᠨᠧᠷᠭᠢ ᠶᠢᠨ ᠵᠢᠱᠢᠶ᠎ᠡ ᠦᠵᠡᠭᠦᠯᠬᠦ ᠲᠦᠷᠦᠯ | ᠵᠦᠢᠯ ᠠᠴᠠ︽ᠨᠢᠭᠡ ᠶᠢ ᠭᠡᠷᠡᠯᠳᠦᠬᠦᠯᠵᠦ ᠬᠤᠶᠠᠷ ᠢ ᠬᠡᠷᠡᠭᠯᠡᠬᠦ᠂ ᠨᠢᠭᠡ ᠭᠠᠵᠠᠷ ᠢ ᠬᠤᠶᠠᠷ ᠢ ᠬᠡᠷᠡᠭᠯᠡᠬᠦ︾ ᠠᠷᠠᠳ ᠢ | ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠪᠤᠢ ᠪᠣᠯᠭᠠᠭᠰᠠᠨ ᠪᠠᠶᠢᠨ᠎ᠠ᠃ ︽ ᠲᠠᠷᠢᠶᠠᠯᠠᠩ ᠪᠠ | ᠬᠡᠷᠡᠯ ᠢ ᠨᠢᠭᠡ ᠴᠣᠭᠴᠠᠵᠢᠭᠤᠯᠤᠭᠰᠠᠨ ︾ ᠰᠢᠨ᠎ᠡ ᠶᠢ ᠡᠭᠦᠳᠬᠦ ᠬᠡᠯᠪᠡᠷᠢ ᠶᠢᠨ ᠂ ᠬᠤᠷᠠᠮᠠᠯ ᠬᠢᠮᠢ ᠶᠢᠨ | ᠶᠡᠷᠦᠩᠬᠡᠶᠢᠯᠡᠭᠰᠡᠨ ᠣᠶᠤᠨᠴᠢ ᠡᠨᠧᠷᠭᠢ ᠶᠢᠨ ᠠᠷᠭ᠎ᠠ ᠮᠠᠶ᠋ᠢᠭ ᠨᠢ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠪᠠ ᠴᠡᠪᠡᠷ ᠡᠨᠧᠷᠭᠢ ᠶᠢᠨ ᠨᠡᠭᠡᠭᠡᠨ ᠠᠰᠢᠭᠯᠠᠯᠲᠠ ᠶᠢ ᠲᠦᠯᠬᠢᠨ ᠠᠬᠢᠭᠤᠯᠵᠤ ᠂ ᠠᠲᠠᠷ ᠭᠠᠵᠠᠷ ᠢ ᠴᠤ | ᠲᠠᠷᠭᠤᠯᠠᠭᠤᠯᠵᠤ ᠂ ᠲᠠᠷᠢᠶᠠᠴᠢᠳ ᠢ ᠬᠦᠷᠢᠶ᠎ᠡ ᠬᠠᠰᠢᠶ᠎ᠠ ᠶᠢᠨ ᠲᠠᠷᠢᠮᠠᠯ ᠢ ᠨᠥᠯᠥᠭᠡᠯᠡᠬᠦ ᠦᠭᠡᠢ ᠰᠠᠭᠤᠷᠢᠨ ᠳᠡᠭᠡᠷ᠎ᠡ | ᠨᠢᠭᠡᠨ ᠰᠢᠨ᠎ᠡ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ ᠂ ᠡᠨᠡ ᠨᠢ ᠦᠨᠡᠬᠡᠷ ᠲᠤᠶᠢᠯ ᠤᠨ ᠶᠡᠭᠡ | ᠪᠠᠶᠠᠷᠲᠤ ᠶᠠᠪᠤᠳᠠᠯ ᠪᠣᠯᠬᠤ ᠶᠤᠮ ᠃ | ᠰᠤᠷᠪᠤᠯᠵᠢᠯᠠᠭᠴᠢ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠡᠵᠡᠮᠰᠢᠯ ᠤᠨ ᠲᠠᠰᠤᠭ ᠲᠠᠭᠠᠨ ᠪᠤᠴᠠᠬᠤ | ᠦᠶ᠎ᠡ ᠳᠤ ᠂ ᠲᠡᠭᠦᠨ ᠤ ᠳᠣᠲᠣᠷ᠎ᠠ ᠭᠠᠭᠴᠠᠬᠠᠨ ᠠᠵᠢᠯᠲᠠᠨ ᠪᠠᠶᠢᠬᠤ ᠪᠥᠭᠡᠳ ᠡᠩ ᠤᠨ ᠦᠶ᠎ᠡ ᠳᠤ ᠵᠢᠵᠢᠭᠦᠷᠯᠡᠬᠦ | ᠬᠥᠮᠥᠨ ᠴᠦ ᠪᠠᠶᠢᠬᠤ ᠦᠭᠡᠢ ᠪᠠᠶᠢᠳᠠᠯ ᠲᠠᠢ ᠪᠠᠶᠢᠬᠤ ᠶᠢ ᠣᠯᠵᠤ ᠮᠠᠲᠠᠵᠠᠢ ᠃ ᠬᠠᠷᠢᠨ ᠡᠰᠡᠷᠭᠦ ᠲᠠᠯ᠎ᠠ ᠶᠢᠨ ᠭᠦᠨ | ᠬᠥᠬᠡ ᠥᠩᠭᠡ ᠲᠠᠢ LED ᠲᠣᠮᠣ ᠳᠡᠯᠭᠡᠴᠡ ᠳᠡᠭᠡᠷ᠎ᠡ ᠪᠣᠶ ᠪᠦᠬᠦᠢ ᠬᠡᠷᠡᠯ ᠴᠡᠨᠡᠭ ᠤᠨ ᠰᠢᠰᠲ᠋ᠧᠮ ᠤᠨ | ᠠᠵᠢᠯᠯᠠᠭᠠᠨ ᠤ ᠪᠠᠶᠢᠳᠠᠯ ᠢ ᠲᠣᠳᠣᠷᠬᠠᠢ ᠢᠯᠡᠷᠡᠭᠦᠯᠵᠦ ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠭᠰᠠᠨ ᠲᠤᠬᠠᠢ ᠶᠢᠨ | ᠴᠠᠭ ᠤᠨ ᠲᠤᠭ᠎ᠠ ᠪᠠᠷᠢᠮᠲᠠ ᠶᠢ ᠲᠡᠮᠳᠡᠭᠯᠡᠵᠦ ᠪᠣᠶ ︱ ᠬᠡᠷᠡᠯ ᠴᠡᠨᠡᠭ ᠤᠨ ᠨᠡᠶᠢᠲᠡ ᠴᠠᠬᠢᠯᠭᠠᠨ ᠭᠠᠷᠭᠠᠭᠰᠠᠨ ᠬᠡᠮᠵᠢᠶ᠎ᠡ | ᠨᠢ 191.32 ᠲᠦᠮᠡᠨ kWh ᠪᠣᠯᠣᠨ᠎ᠠ ᠃ ᠡᠭᠦᠨ ᠳᠤ ᠬᠤᠸᠠ ᠲᠤᠭᠤᠯ ᠲᠠᠷᠢᠶᠠᠯᠠᠩ ᠤᠨ ᠬᠡᠷᠡᠯ ᠤᠨ | ᠬᠠᠷᠢᠯᠴᠠᠨ ᠨᠥᠬᠦᠪᠦᠷᠢᠯᠡᠭᠰᠡᠨ ᠨᠡᠶᠢᠲᠡ ᠴᠠᠬᠢᠯᠭᠠᠨ ᠭᠠᠷᠭᠠᠭᠰᠠᠨ ᠬᠡᠮᠵᠢᠶ᠎ᠡ ᠨᠢ 132.91 ᠲᠦᠮᠡᠨ kwh ᠪᠠᠶᠢᠵᠤ | ᠂ ᠰᠧ ᠾᠧ ᠲᠦᠨ ᠲᠣᠰᠬᠤᠨ ᠤ ᠲᠠᠷᠢᠶᠠᠯᠠᠩ ᠤᠨ ᠬᠡᠷᠡᠯ ᠤᠨ ᠬᠠᠷᠢᠯᠴᠠᠨ ᠨᠥᠬᠦᠪᠦᠷᠢᠯᠡᠭᠰᠡᠨ ᠨᠡᠶᠢᠲᠡ ᠴᠠᠬᠢᠯᠭᠠᠨ | ᠭᠠᠷᠭᠠᠭᠰᠠᠨ ᠬᠡᠮᠵᠢᠶ᠎ᠡ ᠨᠢ 58.41 ᠲᠦᠮᠡᠨ kwh ᠪᠣᠯᠣᠨ᠎ᠠ ᠃ | ︽ ᠡᠨᠡ ᠪᠣᠯ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠺᠣᠮᠫᠠᠨᠢ ᠶᠢᠨ | ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠲᠠᠢ ᠶᠡᠷᠦᠩᠬᠡᠶᠢᠯᠡᠭᠰᠡᠨ ᠡᠨᠧᠷᠭᠢ ᠶᠢᠨ ᠲᠣᠭᠠᠴᠢᠯᠠᠭᠰᠠᠨ ᠂ ᠣᠶᠤᠨᠴᠢᠯᠠᠭᠰᠠᠨ ᠂ ᠣᠶᠤᠨᠴᠢᠯᠠᠭᠰᠠᠨ | ᠬᠠᠮᠢᠶᠠᠷᠤᠯᠲᠠ ᠡᠵᠡᠮᠳᠡᠯ ᠪᠠ ᠦᠢᠯᠡᠴᠢᠯᠡᠭᠡᠨ ᠤ ᠲᠠᠪᠴᠠᠩ ᠪᠣᠯᠣᠨ᠎ᠠ ᠂ ᠡᠭᠦᠨ ᠳᠤ ᠡᠨᠧᠷᠭᠢ ᠶᠢᠨ ᠬᠢᠨᠠᠨ ᠠᠵᠢᠭᠯᠠᠬᠤ | ᠂ ᠲᠥᠰᠥᠭᠡᠯᠡᠬᠦ ᠂ ᠵᠠᠳᠠᠯᠬᠤ ᠂ ᠠᠷᠠᠯᠵᠢᠶᠠᠯᠠᠬᠤ ᠂ ᠠᠵᠢᠯᠯᠠᠭᠤᠯᠵᠤ ᠪᠠᠲᠤᠯᠠᠬᠤ ᠂ ᠦᠢᠯᠡᠴᠢᠯᠡᠬᠦ ᠪᠠ ︿ ᠭᠤᠷᠪᠠᠨ | ᠰᠦᠯᠵᠢᠶ᠎ᠡ ᠶᠢ ᠨᠡᠶᠢᠯᠡᠭᠦᠯᠬᠦ ﹀ ᠵᠡᠷᠭᠡ ᠴᠢᠳᠠᠮᠵᠢ ᠶᠢ ᠬᠠᠮᠤᠷᠴᠠᠢ ᠃ ᠲᠣᠰ ᠲᠠᠪᠴᠠᠩ ᠢ ᠠᠰᠢᠭᠯᠠᠯᠲᠠ ᠳᠤ | ᠣᠷᠣᠭᠤᠯᠪᠠᠯ ᠂ ᠲᠥᠷᠥᠯ ᠵᠦᠢᠯ ᠤᠨ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠵᠦ ᠂ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠤᠨ ᠪᠦᠬᠦᠯᠢ ᠴᠣᠭᠴᠠ ᠶᠢᠨ ᠬᠥᠳᠡᠯᠦᠩᠭᠦᠢ | ᠦᠵᠡᠭᠳᠡᠬᠦᠶᠢᠴᠡ ᠬᠢᠨᠠᠨ ᠠᠵᠢᠭᠯᠠᠯᠲᠠ ᠶᠢ ᠪᠡᠶᠡᠯᠡᠭᠦᠯᠵᠦ ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ | ᠰᠢᠩᠭᠡᠬᠡᠨ ᠠᠪᠬᠤ ᠨᠣᠷᠮ᠎ᠠ ᠶᠢ ᠳᠡᠭᠡᠭᠰᠢᠯᠡᠭᠦᠯᠵᠦ ᠪᠣᠯᠣᠨ᠎ᠠ ︾ ᠭᠡᠵᠦ ᠲᠦᠩᠯᠢᠶᠣᠣ ᠶᠢᠨ ᠴᠠᠬᠢᠯᠭᠠᠨ ᠭᠠᠷᠭᠠᠬᠤ | ᠦᠢᠯᠡᠳᠪᠦᠷᠢ ᠶᠢᠨ ᠪᠠᠶᠢᠴᠠᠭᠠᠨ ᠵᠠᠰᠠᠬᠤ ᠢᠨᠵᠧᠨᠧᠷᠢᠩ ᠤᠨ ᠶᠠᠮᠤᠨ ᠤ ᠲᠤᠰᠬᠠᠢ ᠮᠡᠷᠭᠡᠵᠢᠯᠲᠡᠨ ᠰᠢᠦᠢ ᠵᠢᠶᠠᠨ | ᠲᠠᠨᠢᠯᠴᠠᠭᠤᠯᠪᠠ ᠃ | ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ︽ ᠥᠯᠢᠭᠡᠷ ᠳᠠᠭᠤᠷᠢᠶᠠᠯ ᠭᠡᠷ ᠪᠠᠶᠢᠰᠢᠩ ︾ | ᠤᠨ ᠢᠨᠵᠧᠨᠧᠷᠢᠩ ᠪᠣᠯᠤᠭᠰᠠᠨ ᠤ ᠬᠤᠪᠢ ᠳᠤ ᠂ ᠬᠤᠸᠠ ᠲᠤᠭᠤᠯ ᠪᠠᠯᠭᠠᠰᠤᠨ ᠤ ᠶᠡᠷᠦᠩᠬᠡᠶᠢᠯᠡᠭᠰᠡᠨ ᠣᠶᠤᠨᠴᠢ | ᠡᠨᠧᠷᠭᠢ ᠶᠢᠨ ᠲᠥᠷᠥᠯ ᠵᠦᠢᠯ ᠨᠢ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠭᠦᠨᠵᠡᠭᠡᠢ ᠠᠭᠤᠰᠤᠯᠴᠠᠯ ᠢ ᠪᠡᠶᠡᠯᠡᠭᠦᠯᠵᠦ ᠂ ᠮᠠᠨ ᠤ ᠬᠤᠲᠠ ᠶᠢᠨ ᠬᠥᠳᠡᠭᠡ ᠲᠣᠰᠬᠤᠨ ᠳᠤ ᠬᠡᠷᠡᠯ ᠴᠡᠨᠡᠭ ᠤᠨ | ᠴᠠᠬᠢᠯᠭᠠᠨ ᠥᠷᠲᠡᠭᠡ ᠪᠠᠶᠢᠭᠤᠯᠬᠤ ᠨᠢᠭᠡ ᠤᠳᠠᠭᠠᠨ ᠤ ᠢᠳᠡᠪᠬᠢᠲᠡᠢ ᠰᠦᠪᠡᠭᠴᠢᠯᠡᠯᠲᠡ ᠪᠣᠯᠤᠭᠰᠠᠨ ᠪᠠᠶᠢᠨ᠎ᠠ ᠃ ᠲᠣᠰ | ᠲᠥᠷᠥᠯ ᠵᠦᠢᠯ ᠨᠢ ᠬᠥᠳᠡᠭᠡ ᠲᠣᠰᠬᠤᠨ ᠤ ᠡᠨᠧᠷᠭᠢ ᠬᠡᠷᠡᠭᠯᠡᠬᠦ ᠪᠦᠲᠦᠴᠡ ᠶᠢ ᠰᠠᠶᠢᠵᠢᠷᠠᠭᠤᠯᠵᠤ ᠂ ᠴᠠᠬᠢᠯᠭᠠᠨ | ᠲᠣᠣᠷ ᠲᠠᠬᠢ ᠰᠢᠨ᠎ᠡ ᠡᠨᠧᠷᠭᠢ ᠶᠢᠨ ᠬᠤᠪᠢ ᠶᠢᠨ ᠲᠤᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠠᠷᠬᠠᠮᠠᠯ | ᠬᠡᠯᠪᠡᠷᠢ ᠶᠢᠨ ᠬᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠂ ᠡᠨᠧᠷᠭᠢ ᠶᠢᠨ ᠬᠤᠷᠣᠭᠳᠠᠯ ᠤᠨ | ︽ ᠬᠤᠶᠠᠷ ᠢ ᠬᠢᠵᠠᠭᠠᠷᠯᠠᠬᠤ ︾ ᠳᠠᠷᠤᠯᠲᠠ ᠶᠢ ᠬᠥᠩᠭᠡᠷᠡᠭᠦᠯᠵᠦ ᠂ ᠭᠠᠵᠠᠷ ᠣᠷᠣᠨ ᠤ ᠠᠵᠤ ᠠᠬᠤᠢ ᠶᠢᠨ | ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ ᠃ | ᠬᠤᠸᠠ ᠲᠠᠭᠤᠷᠠ ᠪᠠᠷ ᠥᠩᠭᠡᠷᠡᠬᠦ ᠳᠤ ᠂ ᠰᠤᠷᠪᠤᠯᠵᠢᠯᠠᠭᠴᠢ ᠬᠡᠷᠡᠯ ᠴᠡᠨᠡᠭ ᠢᠶᠠᠷ ᠴᠠᠬᠢᠯᠭᠠᠨ ᠬᠠᠩᠭᠠᠵᠤ | ᠳᠡᠶᠢᠯᠬᠦ ᠂ ᠠᠪᠢᠶᠠᠨ ᠤ ᠰᠠᠨᠠᠭᠤᠯᠤᠮᠵᠢ ᠲᠠᠢ ᠂ ᠠᠦ᠋ᠲ᠋ᠣ᠋ ᠨᠥᠯᠥᠭᠡᠯᠡᠯ ᠵᠡᠷᠭᠡ ᠴᠢᠳᠠᠮᠵᠢ ᠲᠠᠢ ᠣᠶᠤᠨᠲᠤ ᠬᠤᠭ ᠤᠨ | ᠰᠠᠪᠠ ᠶᠢ ᠣᠯᠵᠤ ᠬᠠᠷᠠᠪᠠ ︔ ᠡᠭᠦᠨ ᠳᠤ ᠰᠤᠷᠪᠤᠯᠵᠢᠯᠠᠭᠴᠢ ᠬᠡᠷᠡᠯ ᠴᠡᠨᠡᠭ ᠢᠶᠠᠷ ᠴᠠᠬᠢᠯᠭᠠᠨ ᠬᠠᠩᠭᠠᠵᠤ ᠳᠡᠶᠢᠯᠬᠦ ᠂ | ᠠᠪᠢᠶᠠᠨ ᠤ ᠰᠠᠨᠠᠭᠤᠯᠤᠮᠵᠢ ᠲᠠᠢ ᠂ ᠠᠦ᠋ᠲ᠋ᠣ᠋ ᠨᠥᠯᠥᠭᠡᠯᠡᠯ ᠵᠡᠷᠭᠡ ᠴᠢᠳᠠᠮᠵᠢ ᠲᠠᠢ ᠣᠶᠤᠨᠲᠤ ᠬᠤᠭ ᠤᠨ ᠰᠠᠪᠠ ᠶᠢ | ᠣᠯᠵᠤ ᠬᠠᠷᠠᠪᠠ ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠯᠲᠡ ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠬᠢᠨᠠᠨ ᠡᠵᠡᠮᠰᠢᠯ ᠂ ᠣᠷᠣᠨ ᠪᠦᠰᠡ ᠶᠢᠨ ᠱᠣ ︿659 ﹀ ᠬᠢᠶᠠᠨ ᠤ ᠬᠢᠨᠠᠨ ᠬᠡᠮᠵᠢᠯᠲᠡ ᠂ | ᠪᠠᠴᠢᠮ ᠪᠠᠶᠢᠳᠠᠯ ᠢ ᠠᠷᠭᠠᠴᠠᠬᠤ ᠰᠡᠷᠡᠮᠵᠢ ᠶᠢᠨ ᠳᠣᠬᠢᠶ᠎ᠠ ᠂ LED ᠭᠡᠷᠡᠯᠲᠦᠭᠦᠯᠭᠡ ᠶᠢᠨ ᠵᠠᠮ ᠤᠨ ᠳ᠋ᠧᠩ ︔ | ᠲᠣᠰᠬᠤᠨ ᠤ ᠠᠷᠠᠳ ᠲᠤ ᠴᠠᠬᠢᠯᠭᠠᠨ ᠴᠡᠨᠡᠭᠯᠡᠬᠦ ᠪᠠᠭᠠᠨ᠎ᠠ ᠬᠡᠷᠡᠭᠯᠡᠭᠦᠯᠦᠨ᠎ᠡ ᠁ ᠬᠡᠳᠦᠶᠢᠪᠡᠷ ᠡᠲᠡᠭᠡᠷ ᠰᠢᠨ᠎ᠡ | ᠬᠡᠯᠪᠡᠷᠢ ᠶᠢᠨ ᠬᠡᠷᠡᠯ ᠴᠡᠨᠡᠭ ᠤᠨ ᠦᠢᠯᠡᠳᠬᠦᠨ ᠢ ᠮᠠᠨ ᠤ ᠬᠤᠲᠠ ᠳᠤ ᠠᠰᠢᠭᠯᠠᠯᠲᠠ ᠳᠤ ᠣᠷᠣᠭᠤᠯᠤᠭᠰᠠᠨ ᠨᠢ | ᠨᠡᠯᠢᠶᠡᠳ ᠴᠥᠭᠡᠨ ᠪᠣᠯᠪᠠᠴᠤ ᠲᠣᠰ ᠲᠥᠷᠥᠯ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠂ ᠮᠠᠨ ᠤ ᠬᠤᠲᠠ ᠳᠤ | ᠨᠢᠭᠡᠨ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠠᠩᠭᠠᠵᠤ ᠂ ᠬᠤᠶᠢᠰᠢᠳᠠ ᠠᠮᠢ ᠠᠬᠤᠢ ᠶᠢᠨ | ᠪᠣᠬᠢᠷᠳᠤᠯ ᠦᠭᠡᠢ ᠂ ᠣᠶᠤᠨᠴᠢ ᠠᠮᠢᠳᠤᠷᠠᠯ ᠤᠨ ᠣᠷᠴᠢᠨ ᠢ ᠪᠣᠶ ᠪᠣᠯᠭᠠᠬᠤ ᠳᠤ ᠰᠡᠩᠬᠡᠷᠡᠭᠦᠯᠦᠯ ᠬᠠᠩᠭᠠᠬᠤ ᠪᠣᠯᠣᠨ᠎ᠠ | ᠃ | |