ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠲᠣᠰᠬᠤᠨ ᠤ ᠲᠠᠰ ᠤᠨ ︽  ᠪᠣᠯᠪᠠᠰᠤᠨ ᠰᠢᠶᠠᠩ ᠤᠨ ᠰᠤᠷᠲᠠᠯ ᠤᠨ ᠪᠠᠶᠢᠭᠤᠯᠤᠯᠲᠠ ︾ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ ᠲᠦᠴᠢᠦᠸᠠᠨ ᠰᠢᠶᠠᠨ ᠤ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠨᠡᠷᠡᠰ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2022/10/31
      ᠲᠦᠷᠦᠭᠦᠬᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ ︽ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠲᠣᠰᠬᠤᠨ ᠤ ᠲᠠᠰ ᠤᠨ ︿ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠪᠠᠶᠢᠭᠤᠯᠤᠯᠲᠠ  ﹀ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠨᠢᠯᠴᠠᠭᠤᠯᠬᠤ ᠲᠤᠬᠠᠢ ᠮᠡᠳᠡᠭᠳᠡᠯ  ︾ ᠢ ᠳᠠᠷᠤᠮᠠᠯᠯᠠᠨ ᠲᠠᠷᠬᠠᠭᠠᠵᠤ  ᠂ ᠪᠥᠬᠦ ᠤᠯᠤᠰ ᠲᠤ ᠨᠡᠶᠢᠲᠡ 38 ᠲᠣᠰᠬᠤᠨ ︵ ᠨᠡᠶᠢᠭᠡᠮ ᠲᠣᠭᠤᠷᠢᠭ  ︶ ᠰᠣᠩᠭᠤᠭᠳᠠᠨ ᠣᠷᠣᠵᠠᠢ  ᠂ ᠡᠭᠦᠨ ᠳᠤ  ᠂ ᠮᠠᠨ ᠤ ᠣᠷᠣᠨ ᠤ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠨᠡᠷ᠎ᠡ ᠭᠠᠷᠤᠭᠰᠠᠨ ᠪᠠᠶᠢᠨ᠎ᠠ  ᠃      ᠣᠶᠢᠯᠠᠭᠠᠭᠰᠠᠨ ᠢᠶᠠᠷ  ᠂ ᠾᠧ ᠹᠠ ᠲᠣᠰᠬᠤᠨ ᠤ ᠬᠠᠷᠢᠶᠠᠨ ᠳᠤ 4 ᠭᠠᠴᠠᠭᠠᠨ ᠤ ᠠᠷᠠᠳ ᠤᠨ ᠳᠤᠭᠤᠶᠢᠯᠠᠩ  ᠂ 2 ᠠᠶᠢᠯ ᠲᠣᠰᠬᠤᠨ ᠬᠠᠷᠢᠶᠠᠯᠠᠭᠳᠠᠵᠤ  ᠂ ᠪᠥᠬᠦ ᠭᠠᠴᠠᠭᠠᠨ ᠳᠤ ᠨᠡᠶᠢᠲᠡ 685 ᠡᠷᠦᠬᠡ 1294 ᠬᠥᠮᠥᠨ ᠪᠠᠶᠢᠵᠤ ᠂ ᠡᠭᠦᠨ ᠤ ᠳᠣᠲᠣᠷ᠎ᠠ 43 ᠨᠠᠮ ᠤᠨ ᠭᠡᠰᠢᠭᠦᠨ ᠪᠠᠶᠢᠨ᠎ᠠ᠃ ᠣᠶᠢᠷ᠎ᠠ ᠶᠢᠨ ᠵᠢᠯ ᠠᠴᠠ᠂ ᠲᠤᠰ ᠲᠣᠰᠬᠤᠨ ᠤ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠢ ᠲᠣᠰᠬᠤᠨ ᠤ ᠺᠠᠳ᠋ᠷ ᠤᠨ ᠤᠨᠤᠯ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠠᠰᠠᠭᠤᠳᠠᠯ ᠪᠣᠯᠣᠨ ᠵᠥᠷᠢᠶ᠎ᠡ ᠶᠢ ᠢᠯᠡᠷᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ︔ ᠲᠣᠰᠬᠤᠨ ᠳᠤ ︽ᠤᠯᠠᠭᠠᠨ ᠬᠠᠷ᠎ᠠ ᠰᠠᠭᠠᠷᠠᠯ ᠰᠠᠮᠪᠠᠷ᠎ᠠ︾ ᠶᠢ ᠦᠨᠡᠯᠡᠨ ᠶᠠᠷᠢᠯᠴᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠤᠰ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠲᠤ ᠡᠷᠦᠬᠡ ᠳᠠᠷᠠᠭᠠᠯᠠᠨ ᠶᠣᠰᠣ ᠰᠤᠷᠲᠠᠬᠤᠨ ᠤ ᠦᠨᠡᠯᠡᠯᠲᠡ ᠬᠢᠬᠦ ᠶᠢᠨ ᠬᠠᠮᠲᠤ ᠵᠠᠷᠯᠠᠨ ᠨᠡᠶᠢᠲᠡᠯᠡᠵᠦ᠂ ᠡᠶ᠎ᠡ ᠵᠣᠬᠢᠴᠠᠩᠭᠤᠢ ᠪᠣᠯᠪᠠᠰᠤᠨ ᠠᠭᠤᠷ ᠠᠮᠢᠰᠬᠤᠯ ᠢ ᠪᠤᠢ ᠪᠣᠯᠭᠠᠪᠠ︔ ︽ ᠬᠤᠪᠢ ᠬᠤᠷᠠᠮᠳᠤᠭᠤᠯᠬᠤ ᠳᠦᠷᠢᠮ  ︾ ᠤᠨ ᠵᠠᠭᠪᠤᠷ ᠢ ᠬᠥᠳᠡᠭᠡ ᠲᠣᠰᠬᠤᠨ ᠤ ᠵᠠᠰᠠᠯᠲᠠ ᠳᠤ ᠠᠭᠤᠰᠤᠯᠴᠠᠭᠤᠯᠤᠨ  ᠂ ᠨᠠᠷᠢᠯᠢᠭᠵᠢᠭᠤᠯᠤᠨ ᠲᠥᠷᠥᠯ ᠬᠤᠪᠢᠶᠠᠬᠤ  ᠂ ᠬᠡᠮᠵᠢᠭᠳᠡᠯ ᠣᠯᠭᠤᠬᠤ ᠶᠢ ᠬᠡᠮᠵᠢᠶᠡᠵᠢᠭᠦᠯᠬᠦ  ᠂ ᠬᠤᠪᠢ ᠲᠣᠭᠲᠠᠭᠠᠵᠤ ᠬᠢᠨᠠᠨ ᠰᠢᠯᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ  ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠬᠠᠮᠢᠶᠠᠷᠤᠯᠲᠠ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠵᠤ  ᠂ ᠲᠣᠰᠬᠤᠨ ᠤ ᠳᠦᠷᠰᠦ ᠪᠠᠶᠢᠳᠠᠯ ᠢ ᠴᠣ᠋ ᠰᠢᠨ᠎ᠡ ᠪᠣᠯᠭᠠᠵᠤ  ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ  ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠾᠧ ᠹᠠ ᠲᠣᠰᠬᠤᠨ ᠤ ᠭᠦᠨ ᠵᠤᠵᠠᠭᠠᠨ ᠰᠣᠶᠣᠯ ᠢᠷᠭᠡᠨᠰᠢᠯ ᠤᠨ ᠲᠡᠦᠬᠡ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠣᠨᠴᠠᠯᠢᠭᠲᠤ ᠰᠣᠶᠣᠯ ᠤᠨ ᠠᠵᠤ ᠦᠢᠯᠡᠰ ᠢ ᠬᠦᠴᠦᠯᠡᠨ ᠪᠣᠶᠢᠵᠢᠭᠤᠯᠵᠤ᠂ ᠲᠣᠰᠬᠤᠨ ᠤ ᠠᠷᠠᠳ ᠤᠨ ᠠᠵᠢᠯ ᠤᠨ ᠴᠢᠯᠦᠭᠡᠨ ᠤ ᠤᠶᠤᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠭᠰᠠᠨ ᠪᠥᠭᠡᠳ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠪᠠ᠃      ᠣᠶᠢᠯᠠᠭᠠᠭᠰᠠᠨ ᠢᠶᠠᠷ  ᠂ 2020 ᠣᠨ  ᠠᠴᠠ ᠡᠬᠢᠯᠡᠨ  ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ ᠲᠣᠰᠬᠤᠨ ᠤ ᠲᠠᠰ ᠤᠨ ︽ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠪᠠᠶᠢᠭᠤᠯᠤᠯᠲᠠ  ︾ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠬᠤ ᠠᠵᠢᠯ ᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ  ᠂ ᠵᠠᠩ ᠳᠠᠳᠬᠠᠯ ᠢ ᠥᠭᠡᠷᠡᠴᠢᠯᠡᠬᠦ  ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠣᠶ ᠪᠣᠯᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ  ᠂ ᠣᠲᠣ ᠪᠣᠯᠲᠠᠯ᠎ᠠ ᠨᠡᠶᠢᠲᠡ 84 ᠨᠡᠶᠢᠲᠡᠯᠢᠭ ᠬᠡᠷᠡᠭ ᠤᠨ ᠵᠢᠱᠢᠶ᠎ᠡ ᠶᠢ 3 ᠪᠦᠯᠦᠭ ᠲᠠᠨᠢᠯᠴᠠᠭᠤᠯᠤᠭᠰᠠᠨ ᠪᠠᠶᠢᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号