ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/11/11
      ᠣᠶᠢᠷ᠎ᠠ ᠳᠤ  ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ 20 ᠰᠠᠯᠠᠭ᠎ᠠ ᠮᠥᠴᠢᠷ ᠬᠠᠮᠲᠤᠷᠠᠨ ︽ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ  ︾ ︵ ᠳᠣᠷᠣᠭᠰᠢ ︽ ᠬᠡᠷᠡᠭᠵᠢᠭᠦᠯᠬᠦ ᠰᠠᠨᠠᠯ  ︾ ᠭᠡᠵᠦ ᠲᠣᠪᠴᠢᠯᠠᠨ᠎ᠠ  ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ  ᠂ ︽ ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠪᠠᠶᠢᠷᠢᠯᠠᠭᠤᠯᠤᠨ  ᠂ ᠨᠡᠭᠦᠯᠭᠡᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ  ᠃      《 ᠬᠡᠷᠡᠭᠵᠢᠭᠦᠯᠬᠦ ᠰᠠᠨᠠᠯ 》 ᠳᠤ ᠲᠣᠳᠣᠷᠬᠠᠢ ᠲᠣᠭᠲᠠᠭᠠᠭᠰᠠᠨ ᠨᠢ  ᠂ 《 ᠲᠥᠪ ᠠᠴᠠ ᠨᠢᠭᠡᠳᠦᠯᠲᠡᠢ ᠲᠥᠯᠥᠪᠯᠡᠵᠦ  ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ  ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ 》 ᠠᠵᠢᠯ ᠤᠨ ᠲᠣᠭᠲᠠᠴᠠ  ᠶᠢ ᠪᠠᠷᠢᠮᠲᠠᠯᠠᠵᠤ  ᠂ ᠣᠷᠣᠨ ᠬᠤᠪᠢᠶᠠᠨ ᠲᠥᠷᠥᠯ ᠬᠤᠪᠢᠶᠠᠬᠤ  ᠂ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ  ᠂ ᠥᠪᠥᠷ ᠮᠣᠩᠭᠤᠯ ᠤᠨ ᠪᠣᠳᠠᠲᠠᠢ ᠲᠠᠢ ᠤᠶᠠᠯᠳᠤᠭᠤᠯᠤᠨ  ᠂ ᠣᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠶᠢ ᠠᠬᠢᠭᠤᠯᠬᠤ  ᠂ ᠠᠵᠤ ᠦᠢᠯᠡᠰ ᠤᠨ ᠪᠤᠶᠢᠵᠢᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ  ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠬᠤ  ᠂ ᠨᠡᠶᠢᠭᠡᠮ ᠤᠨ ᠠᠭᠤᠰᠤᠯᠴᠠᠯ ᠢ ᠠᠬᠢᠭᠤᠯᠬᠤ ᠵᠡᠷᠭᠡ ᠲᠤᠰᠬᠠᠢ ᠲᠥᠷᠥᠯ ᠤᠨ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠲᠣᠭᠲᠠᠭᠠᠵᠤ  ᠂ ︽ ᠳᠥᠷᠪᠡᠨ ᠨᠢᠷᠤᠭᠤ ᠨᠠᠢᠮᠠᠨ ᠲᠤᠯᠭᠠᠭᠤᠷᠢ  ︾ ᠶᠢᠨ ᠲᠥᠷᠥ ᠶᠢᠨ ᠪᠣᠳᠣᠯᠭ᠎ᠠ ᠶᠢᠨ ᠳᠦᠷᠢᠮ ᠤᠨ ᠰᠢᠰᠲ᠋ᠧᠮᠵᠢ ᠶᠢ ᠪᠠᠶᠢᠭᠤᠯᠤᠨ  ᠂ ᠣᠷᠣᠨ ᠨᠤᠲᠤᠭ ᠢ ᠦᠨᠳᠦᠰᠦᠯᠡᠬᠦ ᠦᠨᠳᠦᠰᠦ ᠪᠠᠷᠢᠮᠲᠠ ᠲᠠᠢ  ᠂ ᠵᠢᠷᠤᠮᠯᠠᠬᠤ ᠳᠦᠷᠢᠮ ᠲᠠᠢ ᠪᠣᠯᠭᠠᠪᠠ  ᠃      ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠣᠯ ᠬᠤᠶᠢᠰᠢᠳᠠ ᠶᠢᠨ ᠲᠡᠳᠬᠦᠨ ᠳᠡᠮᠵᠢᠬᠦ ᠶᠢᠨ ᠵᠠᠩᠭᠢᠯᠠᠭ᠎ᠠ ᠮᠥᠨ᠃ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠠᠯ᠎ᠠ ᠪᠠᠷ  ᠂ ︽ ᠬᠡᠷᠡᠭᠵᠢᠭᠦᠯᠬᠦ ᠰᠠᠨᠠᠯ  ︾ ᠳᠤ  ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠵᠦ  ᠂ ᠲᠣᠮᠣ ᠳᠤᠮᠳᠠ ᠬᠡᠯᠪᠡᠷᠢ ᠶᠢᠨ ᠲᠥᠪᠬᠢᠨᠡᠭᠦᠯᠬᠦ ᠲᠣᠭᠤᠷᠢᠭ ᠲᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠣᠩᠬᠤ ᠭᠠᠷᠭᠠᠬᠤ ᠪᠤᠶᠤ ᠣᠶᠢᠷ᠎ᠠ ᠬᠠᠪᠢ ᠶᠢᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ  ᠂ ᠨᠡᠭᠦᠭᠰᠡᠨ ᠣᠯᠠᠨ ᠲᠦᠮᠡᠨ ᠤ ᠠᠵᠢᠯ ᠣᠯᠵᠤ ᠠᠵᠢᠯ ᠠᠯᠳᠠᠭᠰᠠᠨ ᠪᠠᠶᠢᠳᠠᠯ ᠢ ᠲᠣᠳᠣᠷᠬᠠᠢ ᠣᠶᠢᠯᠠᠭᠠᠵᠤ  ᠂ ᠠᠵᠢᠯ ᠣᠯᠭᠤᠯᠲᠠ ᠶᠢᠨ ᠡᠬᠡ ᠲᠠᠩᠰᠠ ᠪᠠᠶᠢᠭᠤᠯᠤᠨ  ᠂ ᠨᠡᠭᠦᠭᠰᠡᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ  ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ ᠭᠡᠵᠦ ᠳᠤᠷᠠᠳᠤᠨ ᠭᠠᠷᠭᠠᠵᠠᠢ  ᠃ ᠭᠠᠳᠠᠭᠰᠢ ᠭᠠᠷᠴᠤ ᠠᠵᠢᠯ ᠣᠯᠭᠤᠬᠤ ᠶᠢ ᠥᠷᠭᠡᠳᠬᠡᠨ᠂ ᠪᠡᠭᠡᠵᠢᠩ ᠤᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠣᠷᠣᠨ ᠢ ᠢᠳᠡᠪᠬᠢᠲᠡᠢ ᠪᠠᠷ ᠵᠣᠯᠭᠠᠭᠤᠯᠵᠤ᠂ ᠬᠥᠳᠡᠯᠮᠦᠷᠢ ᠦᠢᠯᠡᠴᠢᠯᠡᠭᠡᠨ  ᠤ ᠬᠠᠮᠵᠢᠯᠴᠠᠭ᠎ᠠ  ᠵᠣᠯᠭᠠᠭᠤᠯᠬᠤ ᠲᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠲᠣᠭᠲᠠᠴᠠ ᠶᠢᠨ ᠦᠢᠯᠡᠳᠦᠯ  ᠢ ᠢᠳᠡᠪᠬᠢᠲᠡᠢ ᠪᠠᠷ ᠪᠠᠳᠠᠷᠠᠭᠤᠯᠤᠨ᠂ ᠤᠯᠠᠨ ᠨᠡᠶᠢᠳᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡᠨ ᠤ ᠵᠠᠭᠤᠴᠢᠯᠠᠭᠴᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠥᠷᠭᠡᠨ   ᠢᠶᠠᠷ ᠲᠠᠶᠢᠴᠢᠯᠠᠨ᠂ ᠨᠡᠭᠦᠯᠭᠡᠭᠰᠡᠨ ᠤᠯᠠᠨ ᠲᠦᠮᠡᠨ ᠢ ᠬᠠᠪᠰᠤᠷᠤᠨ ᠲᠣᠭᠲᠠᠭᠤᠨ ᠢᠶᠠᠷ ᠰᠢᠯᠵᠢᠵᠦ ᠠᠵᠢᠯ ᠣᠯᠭᠤᠬᠤ ᠶᠢ ᠪᠡᠶᠡᠯᠡᠭᠦᠯᠦᠨ᠎ᠡ᠃ ᠣᠶᠢᠷ᠎ᠠ ᠬᠠᠪᠢ ᠳᠤᠨᠢ ᠠᠵᠢᠯ ᠣᠯᠭᠤᠬᠤ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠤᠰᠢᠭᠤ ᠰᠢᠶᠠᠨ ︵ ᠲᠣᠭᠤᠷᠢᠭ  ︶ ᠤ ᠲᠥᠪᠬᠢᠨᠡᠭᠦᠯᠬᠦ ᠣᠷᠣᠨ ᠳᠤ ᠲᠤᠬᠠᠢ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠬᠤ ᠬᠥᠳᠡᠯᠮᠦᠷᠢ ᠨᠢᠭᠲᠠᠷᠠᠭᠰᠠᠨ  ᠂ ᠠᠮᠢ ᠠᠬᠤᠢ ᠳᠤ ᠨᠥᠬᠦᠷᠰᠡᠭ ᠬᠡᠯᠪᠡᠷᠢ ᠶᠢᠨ ᠲᠥᠷᠥᠯ ᠵᠦᠢᠯ ᠪᠤᠶᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠲᠠᠢ ᠢᠳᠡᠪᠬᠢᠲᠡᠢ ᠪᠠᠷ ᠵᠣᠯᠭᠠᠭᠤᠯᠵᠤ  ᠂ ᠨᠢᠭᠡ ᠪᠦᠯᠦᠭ ᠲᠤᠰᠠᠯᠠᠨ ᠪᠠᠶᠢᠭᠤᠯᠬᠤ ᠠᠵᠤ ᠦᠢᠯᠡᠰ ᠤᠨ ᠲᠥᠷᠥᠯ ᠵᠦᠢᠯ  ᠂ ᠠᠵᠤ ᠠᠬᠤᠶᠢᠯᠠᠯ ᠤᠨ ᠪᠣᠳᠠᠲᠤ ᠴᠣᠭᠴᠠ ᠶᠢ ᠨᠠᠶᠢᠳᠠᠪᠤᠷᠢᠵᠢᠭᠤᠯᠤᠨ  ᠂ ᠳᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ  ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠨ ᠳᠠᠶᠢᠴᠢᠯᠠᠵᠤ  ᠂ ᠣᠶᠢᠷ᠎ᠠ ᠬᠠᠪᠢ ᠳᠤᠨᠢ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠎ᠡ  ᠃ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ  ᠂ ᠨᠡᠭᠦᠯᠭᠡᠭᠰᠡᠨ ᠣᠯᠠᠨ ᠲᠦᠮᠡᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ  ᠂ ᠲᠤᠬᠠᠢ ᠶᠢᠨ ᠭᠠᠵᠠᠷ  ᠲᠤᠨᠢ ᠠᠳᠠᠯ ᠦᠢᠯᠡᠰ ᠴᠣᠭᠴᠠᠯᠠᠬᠤ ᠶᠢ ᠳᠡᠮᠵᠢᠵᠦ  ᠂ ᠮᠡᠳᠡᠭᠡ ᠵᠠᠩᠭᠢ ᠨᠡᠶᠢᠲᠡᠯᠡᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠢ ᠴᠢᠩᠭᠠᠷᠠᠭᠤᠯᠤᠨ  ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ  ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ  ᠂ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠪᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ  ᠂ ᠣᠯᠠᠨ ᠲᠦᠮᠡᠨ ᠢ ᠨᠡᠭᠦᠯᠭᠡᠨ ᠠᠵᠢᠯ ᠣᠯᠭᠤᠬᠤ ᠳᠤ ᠲᠣᠬᠢᠷᠠᠬᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠰᠢᠨ᠎ᠡ ᠠᠵᠢᠯ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠣᠯᠪᠠᠰᠤᠷᠠᠭᠤᠯᠤᠯ ᠢ ᠥᠷᠨᠢᠭᠦᠯᠵᠦ  ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ  ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ  ᠂ ︿ ᠵᠠᠯᠠᠵᠤ ᠠᠪᠴᠢᠷᠠᠬᠤ  ﹀ ︿ ᠭᠠᠳᠠᠭᠰᠢ ᠭᠠᠷᠬᠤ  ﹀ ᠠᠷᠭ᠎ᠠ ᠮᠠᠶ᠋ᠢᠭ ᠢ ᠠᠪᠴᠤ  ᠂ ᠴᠢᠭ᠋ ᠪᠠ ᠴᠢᠭ᠋ ᠢᠶᠠᠷ ᠲᠥᠪᠬᠢᠨᠡᠭᠦᠯᠬᠦ ᠲᠣᠭᠤᠷᠢᠭ ᠲᠤ ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠨ᠎ᠠ  ᠃      ᠠᠵᠤ ᠦᠢᠯᠡᠰ ᠢ ᠬᠥᠭᠵᠢᠭᠦᠯᠬᠦ ᠪᠣᠯ ᠦᠷᠭᠦᠯᠵᠢᠯᠡᠨ ᠲᠡᠳᠬᠦᠨ ᠳᠡᠮᠵᠢᠬᠦ ᠶᠢᠨ ᠦᠨᠳᠦᠰᠦ ᠮᠥᠨ᠃ ᠠᠵᠤ ᠦᠢᠯᠡᠰ ᠢ ᠪᠣᠶᠢᠵᠢᠭᠤᠯᠬᠤ ᠲᠠᠯ᠎ᠠ ᠪᠠᠷ  ᠂ 《 ᠬᠡᠷᠡᠭᠵᠢᠭᠦᠯᠬᠦ ᠰᠠᠨᠠᠯ 》 ᠳᠤ ᠴᠢᠬᠤᠯᠠᠴᠢᠯᠠᠭᠰᠠᠨ ᠨᠢ  ᠂ ᠲᠥᠪᠬᠢᠨᠡᠭᠦᠯᠬᠦ ᠣᠷᠣᠨ ᠤ ᠡᠷᠭᠢᠨ ᠲᠣᠭᠤᠷᠢᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠵᠦ  ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠢ ᠵᠢᠯᠣᠭᠤᠳᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠵᠦ  ᠂ ᠨᠥᠬᠦᠴᠡᠯ ᠲᠠᠢ ᠬᠤᠲᠠ ᠪᠠᠯᠭᠠᠰᠤ ᠶᠢᠨ ᠲᠥᠪᠬᠢᠨᠡᠭᠦᠯᠬᠦ ᠲᠣᠭᠤᠷᠢᠭ ᠤᠨ ᠳᠡᠭᠡᠭᠰᠢᠯᠡᠯᠲᠡ ᠶᠢ ᠳᠡᠮᠵᠢᠵᠦ  ᠂ ᠨᠢᠭᠡ ᠪᠦᠯᠦᠭ ᠢᠵᠢ ᠪᠦᠷᠢᠳᠦᠭᠰᠡᠨ ᠭᠠᠷᠤᠯᠲᠠ ᠶᠢᠨ ᠣᠷᠣᠨ ᠤ ᠬᠦᠷᠢᠶᠡᠯᠡᠩ ᠲᠣᠭᠤᠷᠢᠭ  ᠂ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠨ ᠤ ᠰᠠᠭᠤᠷᠢᠨ ᠭᠠᠵᠠᠷ ᠢ ᠰᠢᠨ᠎ᠡ ᠪᠠᠷ ᠮᠠᠯᠵᠢᠬᠤ ᠲᠠᠷᠢᠶᠠᠯᠠᠬᠤ ᠣᠷᠣᠨ ᠤ ᠲᠥᠪᠬᠢᠨᠡᠭᠦᠯᠬᠦ ᠣᠷᠣᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ  ᠂ ᠬᠡᠷᠡᠯ ᠸᠣᠯᠲ  ᠂ ᠵᠢᠭᠤᠯᠴᠢᠯᠠᠯ  ᠂ ᠡᠯᠧᠺᠲᠷᠣᠨ ᠬᠤᠳᠠᠯᠳᠤᠭ᠎ᠠ  ᠂ ᠠᠮᠢ ᠠᠬᠤᠢ  ᠂ ᠬᠦᠷᠢᠶ᠎ᠡ ᠬᠠᠰᠢᠶ᠎ᠠ ᠶᠢᠨ ᠠᠵᠤ ᠠᠬᠤᠢ  ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ  ᠂ ᠨᠥᠬᠦᠴᠡᠯ ᠲᠠᠢ ᠲᠥᠪᠬᠢᠨᠡᠭᠦᠯᠬᠦ ᠣᠷᠣᠨ ᠤ ᠦᠵᠡᠮᠵᠢ ᠶᠢᠨ ᠲᠠᠷᠢᠶᠠᠯᠠᠩ  ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ  ᠂ ᠰᠣᠶᠣᠯ ᠤᠨ ᠰᠡᠯᠡᠭᠦᠴᠡᠯ  ᠂ ᠡᠷᠡᠭᠦᠯ ᠢᠶᠠᠷ ᠪᠡᠶ᠎ᠡ ᠰᠤᠪᠢᠯᠠᠬᠤ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠨ᠎ᠡ  ᠃ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠠᠵᠤ ᠦᠢᠯᠡᠰ ᠤᠨ ᠬᠠᠮᠵᠢᠯᠴᠠᠭ᠎ᠠ ᠶᠢ ᠲᠡᠭᠦᠯᠳᠡᠷᠵᠢᠭᠦᠯᠵᠦ᠂ ᠪᠡᠭᠡᠵᠢᠩ ᠬᠤᠳᠠ ᠯᠤᠭ᠎ᠠ ᠪᠦᠬᠦ ᠲᠠᠯ᠎ᠠ ᠪᠠᠷ ᠵᠣᠯᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠠᠮᠲᠤᠷᠠᠯᠴᠠᠭ᠎ᠠ ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠭᠥᠯᠢᠶᠡᠨ ᠠᠪᠴᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤ ᠪᠠᠷ ᠪᠠᠶᠢᠭᠤᠯᠬᠤ ᠶᠢ ᠲᠦᠯᠬᠢᠨ ᠠᠬᠢᠭᠤᠯᠵᠤ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠥᠷᠭᠡᠨ ᠬᠦᠷᠢᠶᠡᠨ ᠤ ᠬᠠᠮᠵᠢᠯᠴᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠥᠷᠨᠢᠭᠦᠯᠵᠦ  ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠵᠢᠭᠤᠯᠴᠢᠯᠠᠯ ᠤᠨ ᠠᠵᠤ ᠠᠬᠤᠶᠢᠯᠠᠯ  ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠠᠵᠤ ᠠᠬᠤᠶᠢᠯᠠᠯ ᠬᠢᠭᠡᠳ ᠲᠥᠪᠬᠢᠨᠡᠭᠦᠯᠬᠦ ᠣᠷᠣᠨ ᠤ ᠪᠠᠶᠢᠭ᠎ᠠ ᠭᠠᠵᠠᠷ ᠤᠨ ᠣᠷᠳᠣ ᠬᠤᠭᠤᠴᠠᠭᠠᠨ ᠤ ᠲᠣᠭᠲᠠᠪᠤᠷᠢᠲᠠᠢ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠳᠡᠮᠵᠢᠵᠦ  ᠂ ᠲᠥᠪᠬᠢᠨᠡᠭᠦᠯᠬᠦ ᠣᠷᠣᠨ ᠤ ᠣᠨᠴᠠᠯᠢᠭᠲᠤ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠦᠨ᠎ᠡ  ᠃      ᠤᠯᠠᠨ ᠨᠡᠶᠢᠲᠡ ᠶᠢᠨ ᠦᠢᠯᠡᠴᠢᠯᠡᠭᠡ ᠪᠣᠯ ᠦᠷᠭᠦᠯᠵᠢᠯᠡᠨ ᠲᠡᠳᠬᠦᠨ ᠳᠡᠮᠵᠢᠬᠦ ᠶᠢᠨ ᠲᠦᠰᠢᠭ ᠲᠤᠯᠭᠠᠭᠤᠷᠢ ᠮᠥᠨ᠃ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ  ᠂ ᠨᠡᠭᠦᠯᠭᠡᠭᠰᠡᠨ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶᠢᠨ ᠲᠥᠯᠥᠭᠡ  ᠂ ︽ ᠬᠡᠷᠡᠭᠵᠢᠭᠦᠯᠬᠦ ᠰᠠᠨᠠᠯ  ︾ ᠳᠤ  ᠂ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ  ᠂ ᠬᠤᠲᠠ ᠪᠠᠯᠭᠠᠰᠤᠨ ᠤ ᠲᠥᠪᠬᠢᠨᠡᠭᠦᠯᠬᠦ ᠣᠷᠣᠨ ᠤ ᠰᠠᠭᠤᠷᠢ ᠲᠥᠬᠦᠭᠡᠷᠦᠮᠵᠢ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ  ᠂ ᠲᠥᠪᠬᠢᠨᠡᠭᠦᠯᠬᠦ ᠣᠷᠣᠨ ᠤ ᠡᠷᠬᠢᠨ ᠲᠣᠭᠤᠷᠢᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ  ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ  ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ  ᠂ ᠠᠵᠤ ᠦᠢᠯᠡᠰ ᠤᠨ ᠲᠠᠪᠴᠠᠩ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠠᠰ ᠳᠡᠪᠰᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ  ︔ ᠬᠥᠳᠡᠭᠡ ᠲᠣᠰᠬᠤᠨ ᠤ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠵᠦ  ᠂ ᠨᠢᠭᠡᠳᠦᠯᠲᠡᠢ ᠪᠦᠲᠦᠭᠡᠨ ᠪᠠᠶᠢᠭᠤᠯᠵᠤ  ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ  ᠂ ᠵᠣᠷᠯᠣᠩ ᠤᠨ ᠬᠤᠪᠢᠰᠬᠠᠯ  ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ  ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠤᠨ᠎ᠠ  ᠃ ᠲᠥᠪᠬᠢᠨᠡᠭᠦᠯᠬᠦ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠳᠡᠭᠡᠭᠰᠢᠯᠡᠭᠦᠯᠦᠨ᠂ ᠲᠥᠪᠬᠢᠨᠡᠭᠦᠯᠬᠦ ᠣᠷᠣᠨ ᠤ ᠬᠥᠮᠥᠨ ᠠᠮᠠ ᠶᠢᠨ ᠬᠡᠪᠴᠢᠶ᠎ᠡ ᠬᠢᠭᠡᠳ ᠨᠡᠭᠦᠵᠦ ᠣᠷᠣᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠨᠡᠭᠦᠯᠭᠡᠭᠰᠡᠨ ᠤᠯᠠᠨ ᠲᠦᠮᠡᠨ ᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠠᠯ᠎ᠠ ᠪᠠᠷ  ᠬᠢ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠵᠤ᠂ ᠨᠥᠬᠦᠴᠡᠯ ᠲᠠᠢ ᠭᠠᠵᠠᠷ ᠣᠷᠣᠨ ᠤ ᠲᠣᠭᠲᠠᠭᠠᠯ ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠠᠶᠢᠭᠤᠯᠬᠤ ᠶᠢ ᠲᠡᠮᠵᠢᠵᠤ᠂ ᠨᠡᠭᠦᠯᠭᠡᠭᠰᠡᠨ ᠤᠯᠠᠨ ᠲᠦᠮᠡᠨ ᠬᠢᠭᠡᠳ ᠲᠤᠬᠠᠢ ᠶᠢᠨ ᠭᠠᠵᠠᠷ ᠤᠨ ᠤᠯᠠᠨ ᠲᠦᠮᠡᠨ ᠤ ᠤᠯᠠᠨ ᠲᠦᠮᠡᠨ ᠯᠦᠭᠡ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠡᠷᠬᠡ ᠲᠡᠭᠰᠢ ᠪᠠᠷ ᠬᠠᠮᠲᠤᠪᠠᠷ ᠡᠳ᠋ᠯᠡᠬᠦ ᠶᠢ ᠦᠨᠡᠨᠬᠦ ᠪᠠᠲᠤᠯᠠᠨ᠎ᠠ᠃ ᠨᠡᠭᠦᠯᠭᠡᠬᠦ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠭᠦᠯᠭᠡᠭᠰᠡᠨ ᠣᠯᠠᠨ ᠲᠦᠮᠡᠨ ᠤ ᠡᠳ᠋ᠯᠡᠬᠦ ᠨᠡᠭᠦᠵᠦ ᠭᠠᠷᠤᠭᠰᠠᠨ ᠣᠷᠣᠨ ᠤ ᠳᠠᠭᠠᠭᠠᠴᠢᠯᠠᠭᠰᠠᠨ ᠭᠠᠵᠠᠷ ᠤᠨ ᠠᠭᠤᠯᠠ ᠰᠢᠭᠤᠶᠢᠲᠤ ᠭᠠᠵᠠᠷ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ  ᠂ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ  ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ  ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠵᠡᠷᠭᠡ ᠡᠯ᠎ᠡ ᠵᠦᠢᠯ ᠤᠨ ᠲᠠᠷᠢᠶᠠᠯᠠᠩ ᠤᠨ ᠨᠥᠬᠦᠪᠦᠷᠢ ᠪᠠ ᠠᠮᠢ ᠠᠬᠤᠢ ᠶᠢᠨ ᠨᠥᠬᠦᠪᠦᠷᠢ ᠵᠡᠷᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ  ᠃ ᠡᠭᠦᠨ ᠤ ᠬᠠᠮᠲᠤ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ  ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ  ᠂ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠵᠦ  ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠣᠯᠭᠠᠭᠤᠯᠬᠤ ᠠᠵᠢᠯ ᠢ ᠰᠠᠶᠢᠲᠤᠷ ᠬᠢᠨ᠎ᠡ  ᠃      ᠨᠡᠶᠢᠭᠡᠮ ᠳᠤ ᠠᠭᠤᠰᠤᠯᠴᠠᠬᠤ ᠪᠣᠯ ᠦᠷᠭᠦᠯᠵᠢᠯᠡᠨ ᠲᠡᠳᠬᠦᠬᠦ ᠶᠢᠨ ᠬᠠᠷᠢᠶᠠᠯᠠᠯ ᠮᠥᠨ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠠᠯ᠎ᠠ ᠪᠠᠷ  ᠂ ᠨᠡᠭᠦᠯᠭᠡᠭᠰᠡᠨ ᠣᠯᠠᠨ ᠲᠦᠮᠡᠨ ᠢ ᠠᠮᠤᠷ ᠲᠠᠶᠢᠪᠤᠩ ᠠᠵᠤ ᠲᠥᠷᠥᠭᠦᠯᠬᠦ ᠶᠢᠨ ᠲᠥᠯᠥᠭᠡ  ᠂ ︽ ᠬᠡᠷᠡᠭᠵᠢᠭᠦᠯᠬᠦ ᠰᠠᠨᠠᠯ  ︾ ᠳᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ  ᠃ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ ᠲᠥᠪᠬᠢᠨᠡᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠡᠮᠬᠢ ᠵᠢᠷᠤᠮ ᠲᠠᠢ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ ᠲᠥᠪᠬᠢᠨᠡᠭᠦᠯᠬᠦ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠨᠡᠭᠦᠯᠭᠡᠭᠰᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠬᠡᠷᠡᠭ ᠵᠥᠪᠯᠡᠵᠦ ᠵᠥᠪᠳᠡᠯᠴᠡᠬᠦ ᠳᠤ ᠥᠷᠭᠡᠨ ᠢᠶᠠᠷ ᠣᠷᠣᠯᠴᠠᠭᠤᠯᠤᠨ᠎ᠠ᠃ ᠲᠥᠪᠬᠢᠨᠡᠭᠦᠯᠬᠦ ᠨᠡᠶᠢᠭᠡᠮ ᠲᠣᠭᠤᠷᠢᠭ ᠤᠨ ᠪᠦᠬᠦᠯᠢ ᠴᠣᠭᠴᠠ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ  ᠂ ᠨᠡᠶᠢᠭᠡᠮ ᠤᠨ ᠵᠥᠷᠢᠴᠡᠯ ᠤᠨ ᠲᠦᠭᠰᠢᠭᠦᠷᠢ ᠶᠢᠨ ᠬᠡᠮ ᠰᠣᠭᠤᠭ ᠢ ᠵᠠᠳᠠᠯᠤᠨ ᠰᠤᠳᠤᠯᠵᠤ ᠮᠠᠭᠠᠳᠯᠠᠬᠤ ᠪᠠ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ  ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠠᠯᠢ ᠶᠢᠨ ᠭᠠᠮᠰᠢᠭ ᠤᠨ ᠭᠡᠨᠡᠳᠲᠡ ᠶᠢᠨ ᠬᠡᠷᠡᠭ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ  ᠂ ᠨᠡᠭᠦᠯᠭᠡᠭᠰᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠳᠠᠯ ᠠᠬᠤᠢ ᠶᠢᠨ ᠬᠠᠮᠢᠶᠠᠷᠤᠯᠲᠠ ᠶᠢᠨ ᠲᠣᠬᠢᠷᠠᠮᠵᠢᠲᠠᠢ ᠠᠷᠭ᠎ᠠ ᠮᠠᠶ᠋ᠢᠭ ᠢ ᠰᠣᠩᠭᠤᠭᠤᠯᠵᠤ᠂ ᠡᠯ᠎ᠡ ᠲᠥᠷᠥᠯ ᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ  ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠢ ᠨᠢ ᠪᠠᠳᠠᠷᠠᠭᠤᠯᠤᠨ᠎ᠠ  ᠃ ᠨᠡᠭᠦᠭᠰᠡᠨ ᠣᠯᠠᠨ ᠲᠦᠮᠡᠨ ᠤ ᠨᠡᠶᠢᠭᠡᠮ ᠲᠣᠭᠤᠷᠢᠭ ᠲᠤ ᠠᠭᠤᠰᠤᠯᠴᠠᠬᠤ ᠶᠢ ᠠᠬᠢᠭᠤᠯᠵᠤ ᠨᠡᠭᠦᠯᠭᠡᠬᠦ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠯᠠᠮᠵᠢᠯᠠᠯᠲᠤ ᠰᠠᠶᠢᠬᠠᠨ ᠰᠤᠷᠲᠠᠯ  ᠂ ᠨᠡᠶᠢᠭᠡᠮ ᠨᠡᠶᠢᠲᠡ ᠶᠢᠨ ᠶᠣᠰᠣ ᠮᠣᠷᠠᠯ ᠤᠨ ᠤᠬᠠᠭᠤᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ  ᠂ ᠳᠤᠮᠳᠠᠳᠤ ᠶᠢᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠴᠢᠬᠤᠯᠠ ᠪᠠᠶᠠᠷ ᠳᠤᠷᠠᠰᠬᠠᠯ ᠤᠨ ᠡᠳᠦᠷ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠪᠠᠶᠠᠷ ᠳᠤᠷᠠᠰᠬᠠᠯ ᠤᠨ ᠡᠳᠦᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠴᠥᠭᠡᠨ ᠲᠣᠭᠠᠲᠤ ᠦᠨᠳᠦᠰᠦᠲᠡᠨ ᠨᠡᠯᠢᠶᠡᠳ ᠤᠯᠠᠨ ᠪᠠᠶᠢᠭ᠎ᠠ ᠲᠥᠪᠬᠢᠨᠡᠭᠦᠯᠬᠦ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠣᠯᠢᠯᠴᠠᠨ ᠠᠭᠤᠰᠤᠯᠴᠠᠭᠰᠠᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠳᠤᠷᠠᠳᠤᠨ ᠣᠶᠢᠯᠠᠭᠠᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠶᠢ ᠠᠬᠢᠭᠤᠯᠤᠨ᠎ᠠ᠃      ︽ ᠰᠠᠨᠠᠯ  ︾ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ  ᠂ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠬᠦ  ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠰᠠᠶᠢᠲᠤᠷ ᠬᠢᠬᠦ  ᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠬᠤ ᠵᠡᠷᠭᠡ 4 ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ  ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠪᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号