ᠰᠢᠯᠢ ᠶᠢᠨ ᠭᠤᠣᠯ ᠤᠨ ᠲᠠᠯ᠎ᠠ ᠨᠤᠲᠤᠭ ᠤᠨ ᠡᠨᠡᠬᠦ ᠨᠣᠭᠤᠭᠠᠨ ᠫᠠᠶᠢᠰᠠ ᠶᠢ ᠨᠡᠩ ᠭᠢᠯᠠᠶᠢᠲᠠᠯ᠎ᠠ ᠠᠷᠴᠢᠶ᠎ᠠ
ᠨᠡᠶᠢᠲᠡᠯᠡᠭᠰᠡᠨ ᠴᠠᠭ᠄
2022/11/14
      ︱ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠮᠧ ᠶᠦᠩ ᠪᠥᠸᠧ ᠶᠢ ᠰᠤᠷᠪᠤᠯᠵᠢᠯᠠᠭᠰᠠᠨ ᠨᠢ      ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠤᠯᠤᠰ ᠲᠦᠷᠦ ᠶᠢᠨ ᠤᠳᠤᠷᠢᠳᠤᠮᠵᠢ ᠪᠠ ᠦᠷᠳᠡᠭ ᠤᠨ ᠬᠥᠭᠡᠭᠡᠴᠡᠯᠳᠦᠯ ᠢ ᠪᠠᠲᠤᠳᠬᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠠᠮᠢᠳᠤᠯᠢᠭ ᠢᠶᠠᠷ ᠬᠥᠭᠵᠢᠭᠦᠯᠬᠦ ᠶᠢ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠮᠢᠩᠭᠠᠨ ᠭᠠᠵᠠᠷ ᠤᠨ ᠲᠠᠯ᠎ᠠ ᠨᠤᠲᠤᠭ ᠲᠤ ᠪᠣᠬᠢᠷᠳᠤᠯ ᠦᠭᠡᠢ ᠤᠷᠳᠤ ᠴᠠᠭᠠᠨ ᠬᠡᠷᠡᠮ ᠢ ᠪᠠᠶᠢᠭᠤᠯᠬᠤ ᠪᠠᠷ ᠴᠢᠷᠮᠠᠶᠢᠨ᠎ᠠ᠃         ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠪᠠᠶᠠᠰᠬᠤᠯᠠᠩ       ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠭᠲᠠᠭᠠᠵᠤ᠂ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ ᠂ ᠪᠢᠳᠡᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠳᠤ ᠭᠠᠪᠢᠶ᠎ᠠ ᠪᠠᠶᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ︾᠃ ᠣᠶᠢᠷ᠎ᠠ ᠶᠢᠨ ᠡᠳᠦᠷ  ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠮᠧ ᠶᠦᠩ ᠪᠥᠸᠧ ᠰᠣᠷᠪᠤᠯᠵᠢᠯᠠᠭ᠎ᠠ ᠬᠦᠯᠢᠶᠡᠬᠦ ᠳᠡᠭᠡᠨ  ᠂ ᠰᠢᠯᠢ ᠶᠢᠨ ᠭᠤᠣᠯ ᠠᠶᠢᠮᠠᠭ ᠨᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ ᠵᠢᠭᠠᠭᠰᠠᠨ ᠴᠢᠭᠯᠡᠯ ᠢᠶᠠᠷ  ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠯᠢ ᠶᠢᠨ ᠭᠤᠣᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠮᠧ ᠶᠦᠩ ᠪᠥᠸᠧ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠪᠠᠲᠤ ᠡᠵᠡᠮᠳᠡᠵᠦ  ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ  ᠂ ᠣᠨᠣᠪᠴᠢᠲᠠᠶ  ᠂ ᠪᠥᠬᠦ ᠲᠠᠯ᠎ᠠ ᠪᠠᠷ ᠲᠤᠭᠤᠰᠢᠯᠠᠭᠤᠯᠤᠨ  ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠲᠠᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ  ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠬᠦ ᠶᠢ ᠠᠬᠢᠭᠤᠯᠤᠨ᠎ᠠ  ᠃ ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠮᠠᠯ ᠠᠵᠤ ᠠᠬᠤᠢ ᠪᠣᠯ ᠰᠢᠯᠢ ᠶᠢᠨ ᠭᠤᠣᠯ ᠠᠶᠢᠮᠠᠭ ᠤᠨ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠪᠣᠯᠣᠨ᠎ᠠ  ᠂ ᠪᠢᠳᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠠᠩᠭᠠᠯᠭ᠎ᠠ ᠶᠢᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ  ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠲᠤᠭ᠎ᠠ ᠬᠡᠮᠵᠢᠶ᠎ᠡ ᠶᠢ ᠥᠷᠭᠡᠳᠬᠡᠬᠦ  ᠂ ᠶᠠᠰᠤ ᠴᠢᠨᠠᠷ ᠢ ᠳᠡᠭᠡᠭᠰᠢᠯᠡᠭᠦᠯᠬᠦ  ᠂ ᠭᠠᠷᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ  ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ  ᠂ ᠡᠳ᠋ᠰᠢᠭᠦᠯᠬᠦ ᠲᠠᠰ ᠳᠠᠪᠬᠤᠷᠭ᠎ᠠ ᠶᠢ ᠳᠡᠭᠡᠭᠰᠢᠯᠡᠭᠦᠯᠬᠦ  ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡᠨ  ᠂ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠪᠣᠷᠤᠯᠠᠭᠤᠯᠭ᠎ᠠ ᠶᠢ ᠠᠬᠢᠭᠤᠯᠬᠤ ᠳᠥᠷᠪᠡᠨ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ  ᠂ ᠡᠷᠴᠢᠮᠵᠢᠭᠦᠯᠦᠭᠰᠡᠨ  ᠂ ᠬᠡᠪᠴᠢᠶᠡᠵᠢᠭᠰᠡᠨ  ᠂ ᠳᠡᠭᠡᠳᠦ ᠦᠵᠦᠭᠦᠷᠵᠢᠭᠰᠡᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ  ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ︽ ᠳᠠᠭᠠᠭᠤᠯᠤᠭᠴᠢ  ︾ ᠪᠣᠯᠬᠤ ᠪᠠᠷ ᠴᠢᠷᠮᠠᠶᠢᠨ᠎ᠠ  ᠃ ᠬᠤᠶᠠᠷ ᠲᠤ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠰᠢᠯᠢ ᠶᠢᠨ  ᠭᠤᠣᠯ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠪᠥᠬᠦ ᠣᠷᠣᠨ ᠳᠤ ᠲᠡᠷᠢᠭᠦᠯᠡᠵᠦ  ᠂ ᠨᠡᠭᠦᠷᠡᠰᠦᠨ ᠤ ᠭᠠᠷᠤᠯᠲᠠ ᠪᠠ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠴᠥᠮ ᠪᠥᠬᠦ ᠣᠷᠣᠨ ᠳᠤ ᠬᠤᠶᠠᠳᠤᠭᠠᠷ ᠲᠤ ᠣᠷᠣᠵᠤ  ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠶᠢᠨ ᠴᠢᠬᠤᠯᠠ ᠲᠤᠯᠬᠤ ᠴᠡᠭ ᠪᠣᠯᠤᠭᠰᠠᠨ ᠪᠠᠶᠢᠨ᠎ᠠ  ᠃ ᠪᠢᠳᠡ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠬᠤᠣᠰ ᠨᠡᠭᠦᠷᠡᠰᠦᠲᠥ᠋ᠷᠥᠭᠴᠢ︾  ᠶᠢᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭᠠᠨ ᠤ ᠬᠥᠭᠵᠢᠯᠲᠡ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠢᠨ᠎ᠡ ᠡᠨᠧᠷᠭᠢ ᠶᠢᠨ ᠶᠡᠭᠡ ᠬᠡᠪᠴᠢᠶ᠎ᠡ᠂ ᠥᠨᠳᠥᠷ ᠬᠠᠷᠢᠴᠠᠯ ᠲᠠᠢ᠂ ᠰᠢᠨ᠎ᠡ ᠵᠠᠭᠪᠤᠷ ᠢ ᠨᠡᠭᠡᠭᠡᠨ ᠠᠰᠢᠭᠯᠠᠬᠤ ᠶᠢ ᠠᠬᠢᠭᠤᠯᠵᠤ᠂ ᠪᠦᠬᠦ ᠣᠷᠣᠨ ᠪᠦᠬᠦ ᠤᠯᠤᠰ ᠲᠤ ᠦᠢᠯᠡᠴᠢᠯᠡᠬᠦ ᠴᠡᠪᠡᠷ ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃ ᠭᠤᠷᠪᠠ ᠳᠤ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ  ᠃ ᠪᠦᠬᠦ ᠣᠷᠣᠨ ᠪᠦᠰᠡ ᠶᠢᠨ ᠳᠦᠷᠪᠡᠨ ᠤᠯᠠᠷᠢᠯ᠂ ᠵᠥᠷᠢᠶ᠎ᠡ ᠲᠠᠢ ᠳᠡᠭᠡᠳᠦ ᠲᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠬᠦᠴᠡᠯ ᠳᠣᠣᠷ᠎ᠠ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠴᠠᠭ᠂ ᠪᠦᠬᠦ ᠡᠵᠡᠩᠨᠡᠯᠲᠡ ᠶᠢᠨ ᠬᠡᠯᠪᠡᠷᠢ ᠶᠢᠨ ᠵᠤᠭᠠᠴᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ ᠂ ᠵᠤᠭᠠᠴᠠᠯ ᠤᠨ ᠦᠢᠯᠡᠰ ᠢ ᠦᠨᠡᠨᠬᠦ ᠬᠥᠭᠵᠢᠶᠡᠨᠲᠡᠢ ᠪᠣᠯᠭᠠᠵᠤ᠂ ᠦᠢᠯᠡᠴᠢᠯᠡᠭᠡᠨ ᠤ ᠦᠢᠯᠡᠰ ᠢ ᠦᠨᠡᠨᠬᠦ ᠠᠮᠢᠳᠤᠯᠢᠭ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠢ ᠦᠨᠡᠨᠬᠦ ᠨᠥᠬᠦᠪᠦᠷᠢᠯᠡᠨ᠎ᠡ᠃      ᠥᠨᠳᠥᠷ ᠲᠦᠪᠰᠢᠨ ᠢᠶᠠᠷ ᠬᠠᠮᠠᠭᠠᠯᠠᠬᠤ ᠶᠢ ᠵᠣᠭᠰᠣᠯ ᠦᠭᠡᠢ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠴᠢᠨᠠᠭᠰᠢᠳᠠ ᠪᠠᠬᠢᠵᠢᠭᠦᠯᠦᠨ᠎ᠡ᠃ ᠰᠢᠯᠢ  ᠶᠢᠨ ᠭᠤᠣᠯ ᠤᠨ ᠲᠠᠯ᠎ᠠ ᠨᠤᠲᠤᠭ ᠪᠣᠯ ᠥᠪᠥᠷ ᠮᠣᠩᠭᠤᠯ ᠤᠨ ᠲᠠᠯ᠎ᠠ ᠨᠤᠲᠤᠭ ᠤᠨ ᠴᠢᠬᠤᠯᠠ ᠪᠦᠷᠢᠯᠳᠦᠭᠦᠨ ᠬᠡᠰᠡᠭ ᠮᠥᠨ ᠂ ᠰᠢᠯᠢ  ᠶᠢᠨ ᠭᠤᠣᠯ ᠠᠶᠢᠮᠠᠭ ᠤᠨ ᠬᠠᠮᠤᠭ ᠤᠨ ᠦᠵᠡᠰᠬᠦᠯᠡᠩᠲᠦ ᠰᠠᠶᠢᠬᠠᠨ ᠳᠡᠪᠢᠰᠬᠡᠷ ᠥᠩᠭᠡ ᠪᠠ ᠨᠡᠷ᠎ᠡ  ᠶᠢᠨ ᠬᠠᠭᠤᠳᠠᠰᠤ ᠮᠥᠨ ᠃ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠬᠤ ᠨᠢ ᠰᠢᠯᠢ ᠶᠢᠨ ᠭᠤᠣᠯ ᠠᠶᠢᠮᠠᠭ ᠤᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠵᠤ  ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠨ᠎ᠠ ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠤᠯᠤᠰ ᠲᠦᠷᠦ ᠶᠢᠨ ᠤᠳᠤᠷᠢᠳᠤᠮᠵᠢ ᠪᠠ ᠦᠷᠳᠡᠭ ᠤᠨ ᠬᠥᠭᠡᠭᠡᠴᠡᠯᠳᠦᠯ ᠢᠶᠠᠨ ᠪᠠᠲᠤᠳᠬᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠠᠮᠢᠳᠤᠯᠢᠭ ᠢᠶᠠᠷ ᠬᠥᠭᠵᠢᠭᠦᠯᠬᠦ ᠶᠢ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠮᠢᠩᠭᠠᠨ ᠭᠠᠵᠠᠷ ᠤᠨ ᠲᠠᠯ᠎ᠠ ᠨᠤᠲᠤᠭ ᠲᠤ ᠨᠣᠭᠤᠭᠠᠨ ᠴᠠᠭᠠᠨ ᠬᠡᠷᠡᠮ ᠢ ᠪᠠᠶᠢᠭᠤᠯᠬᠤ ᠪᠠᠷ ᠴᠢᠷᠮᠠᠶᠢᠨ᠎ᠠ᠃ ᠨᠢᠭᠡ ᠳᠤ  ᠂ ︽ ᠨᠣᠭᠤᠭᠠᠷᠠᠭᠤᠯᠤᠯᠲᠠ ᠶᠢ ᠥᠷᠭᠡᠳᠬᠡᠬᠦ  ︾ ᠳᠡᠭᠡᠷ᠎ᠡ ᠬᠦᠴᠦ ᠲᠠᠯᠪᠢᠨ᠎ᠠ  ᠃ ᠠᠭᠤᠯᠠ ᠤᠰᠤ ᠤᠢ ᠲᠠᠷᠢᠶ᠎ᠠ ᠨᠠᠭᠤᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠨ ᠵᠠᠰᠠᠬᠤ ᠶᠢ ᠪᠠᠷᠢᠮᠲᠠᠯᠠᠵᠤ᠂ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠡᠨᠡᠬᠦ ᠨᠣᠭᠤᠭᠠᠨ ᠫᠠᠶᠢᠰᠠ ᠶᠢ ᠨᠡᠩ ᠭᠡᠷᠡᠯᠲᠡᠢ ᠪᠣᠯᠭᠠᠬᠤ ᠪᠠᠷ ᠴᠢᠷᠮᠠᠶᠢᠨ᠎ᠠ᠃ ᠬᠤᠶᠠᠷ ᠲᠤ  ᠂ ︽ ᠨᠣᠭᠤᠭᠠᠷᠠᠭᠤᠯᠤᠯᠲᠠ ᠶᠢ ᠬᠠᠮᠠᠭᠠᠯᠠᠬᠤ  ︾ ᠲᠠᠯ᠎ᠠ ᠪᠠᠷ ᠠᠷᠭ᠎ᠠ ᠤᠬᠠᠭᠠᠨ ᠭᠠᠷᠭᠠᠨ᠎ᠠ  ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ  ᠂ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ  ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ  ᠂ ᠥᠴᠥᠬᠡᠨ ᠴᠦ ᠠᠭᠤᠴᠢᠯᠠᠬᠤ ᠦᠭᠡᠢ ᠣᠪᠣᠷ ᠢᠶᠠᠷ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠵᠤ  ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠬᠤ ᠬᠥᠭᠵᠢᠯᠲᠡ ᠶᠢᠨ ᠵᠠᠭᠪᠤᠷ ᠢ ᠡᠷᠡᠰ ᠲᠠᠶᠠᠭᠳᠠᠵᠤ  ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠡᠨᠡ ᠬᠦ ᠨᠣᠮᠢᠨ ᠨᠣᠭᠤᠭᠠᠨ  ᠂ ᠡᠨᠡ ᠬᠦ ᠬᠥᠬᠡᠮᠳᠦᠭ ᠨᠣᠭᠤᠭᠠᠨ ᠂ ᠡᠨᠡ ᠬᠦ ᠴᠡᠪᠡᠷ ᠠᠷᠢᠭᠤᠨ ᠪᠠᠶᠢᠬᠤ ᠶᠢ ᠰᠠᠶᠢᠲᠤᠷ ᠰᠠᠬᠢᠨ ᠬᠠᠮᠠᠭᠠᠯᠠᠨ᠎ᠠ ᠃ ᠭᠤᠷᠪᠠ ᠳᠤ᠂ ︽ᠨᠣᠭᠤᠭᠠᠨ ᠥᠩᠭᠡ ᠶᠢ ᠠᠮᠢᠯᠠᠭᠤᠯᠬᠤ︾ ᠲᠠᠯ᠎ᠠ ᠪᠠᠷ ᠰᠢᠪᠲᠤᠯᠤᠯᠲᠠ ᠶᠢ ᠡᠷᠢᠯᠬᠢᠯᠡᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ  ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠪᠠ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠲᠤ ᠰᠢᠨ᠎ᠡ ᠶᠢ ᠡᠭᠦᠳᠴᠦ᠂ ︽ ᠬᠥᠬᠡᠮᠳᠦᠭ ᠨᠣᠭᠤᠭᠠᠨ ᠠᠭᠤᠯᠠ ᠤᠰᠤ︾ ᠪᠠ ︽ ᠠᠯᠲᠠᠨ ᠠᠭᠤᠯᠠ ᠮᠥᠩᠭᠦᠨ ᠠᠭᠤᠯᠠ  ︾ ᠶᠢ ᠬᠤᠣᠰ ᠴᠢᠭᠯᠡᠯ ᠢᠶᠠᠷ ᠬᠤᠪᠢᠷᠠᠭᠤᠯᠬᠤ ᠵᠠᠮ ᠢ ᠨᠠᠪᠲᠠᠷᠡᠭᠦᠯᠵᠦ  ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠠᠮᠢ ᠠᠬᠤᠢ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ  ᠃      ᠴᠢᠨᠠᠷ ᠰᠠᠶᠢᠲᠠᠢ ᠪᠠᠲᠤᠯᠠᠭ᠎ᠠ ᠶᠢ ᠴᠠᠯᠠᠭᠠᠶᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ  ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠠ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ ᠰᠢᠯᠢ ᠶᠢᠨ ᠭᠤᠣᠯ ᠠᠶᠢᠮᠠᠭ ᠤᠨ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ᠂ ᠣᠷᠣᠨ ᠰᠠᠭᠤᠴᠠ ᠲᠠᠷᠠᠬᠠᠢ ᠪᠤᠲᠠᠷᠬᠠᠢ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠬᠢ ᠲᠡᠦᠬᠡ ᠶᠢᠨ ᠲᠠᠯ᠎ᠠ ᠪᠠᠷ ᠬᠢ ᠥᠷᠢ ᠰᠢᠷᠢ ᠤᠯᠠᠨ ᠪᠠᠶᠢᠨ᠎ᠠ᠃ ᠡᠨᠡ ᠨᠢ ᠪᠢᠳᠡᠨ ᠢ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠡ ᠦᠭᠡᠢ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠨᠢᠭᠡ ᠳᠤ ᠤᠯᠠᠨ ᠲᠦᠮᠡᠨ ᠤ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ  ᠂ ᠡᠷᠡᠭᠦᠯ ᠡᠩᠬᠡ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ  ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ ᠂ ᠨᠡᠶᠢᠭᠡᠮ ᠤᠨ ᠪᠠᠲᠤᠯᠠᠭ᠎ᠠ  ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ  ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠴᠢᠷᠮᠠᠶᠢᠨ ᠨᠥᠬᠦᠪᠦᠷᠢᠯᠡᠵᠦ ᠂ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ  ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠥᠨᠳᠥᠷ ᠪᠣᠯᠭᠠᠨ᠎ᠠ  ᠃ ᠬᠤᠶᠠᠷ ᠲᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠤᠨ᠎ᠠ᠃ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ  ᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠶᠡᠭᠡ ᠬᠥᠭᠵᠢᠯ ᠮᠠᠨᠳᠤᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ  ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠢ  ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠲᠦᠷᠭᠡᠳᠬᠡᠨ ᠪᠡᠶᠡᠯᠡᠭᠦᠯᠦᠨ᠎ᠡ  ᠃ ᠭᠤᠷᠪᠠ ᠳᠤ ᠠᠷᠠᠳ ᠤᠨ ᠠᠮᠢᠳᠤᠷᠠᠯ ᠤᠨ ᠪᠡᠷᠬᠡ ᠰᠡᠳᠦᠪ ᠢ ᠦᠨᠡᠨ ᠬᠦ ᠰᠢᠢᠳᠪᠦᠷᠢᠯᠡᠨ᠎ᠡ᠃ ᠠᠵᠢᠯ ᠤᠨ  ᠭᠤᠣᠯᠳᠠᠯᠭ᠎ᠠ ᠪᠠ ᠬᠦᠴᠦᠨ ᠢᠶᠠᠨ ᠳᠣᠷᠣᠭᠰᠢ ᠰᠢᠯᠵᠢᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ  ᠂ ︽ ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ  ︾ ᠶᠢ ᠪᠠᠶᠢᠩᠭᠤᠵᠢᠭᠤᠯᠬᠤ  ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠲᠦᠯᠬᠢᠨ ᠠᠬᠢᠭᠤᠯᠵᠤ  ᠂ ᠣᠯᠠᠨ ᠲᠦᠮᠡᠨ ᠤ ︽ ᠪᠠᠴᠢᠮ ᠪᠡᠷᠬᠡ ᠵᠣᠪᠠᠨᠢᠯ  ︾ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ  ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ  ᠂ ᠵᠣᠯ ᠵᠢᠷᠭᠠᠯᠲᠤ ᠲᠥᠷᠥᠭᠳᠡᠯ  ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ  ᠃      ᠥᠨᠳᠥᠷ ᠦᠷ᠎ᠡ ᠪᠦᠲᠦᠮᠵᠢ ᠲᠠᠢ ᠵᠠᠰᠠᠯᠲᠠ ᠶᠢ ᠰᠤᠯᠠᠷᠠᠭᠤᠯᠬᠤ ᠦᠭᠡᠢ ᠪᠠᠶᠢᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ ᠤᠯᠠᠮ ᠴᠢᠨᠠᠭᠰᠢᠳᠠ ᠬᠠᠮᠠᠭᠠᠯᠠᠨ᠎ᠠ᠃ ᠰᠢᠯᠢ ᠶᠢᠨ ᠭᠤᠣᠯ ᠠᠶᠢᠮᠠᠭ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠬᠤ ᠪᠣᠯ ᠰᠢᠯᠢ ᠶᠢᠨ ᠭᠤᠣᠯ ᠠᠶᠢᠮᠠᠭ ᠤᠨ ᠡᠷᠬᠡᠪᠰᠢ ᠭᠦᠢᠴᠡᠳᠬᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ᠪᠢᠳᠠ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ  ᠲᠤᠭᠤᠰᠢᠯᠠᠭᠤᠯᠵᠤ᠂ ᠥᠨᠳᠥᠷ ᠪᠦᠲᠦᠮᠵᠢᠲᠡᠢ ᠵᠠᠰᠠᠯᠲᠠ ᠶᠢ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠦᠬᠦ ᠶᠠᠪᠤᠴᠠ ᠶᠢᠨ ᠡᠯ᠎ᠡ ᠲᠠᠯ᠎ᠠ ᠳᠤ  ᠲᠤᠭᠤᠰᠢᠯᠠᠭᠤᠯᠵᠤ᠂ ᠶᠡᠭᠡ ᠠᠮᠤᠷ ᠲᠦᠪᠰᠢᠨ ᠤ ᠰᠢᠰᠲ᠋ᠧᠮ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠬᠦ ᠶᠢ ᠠᠬᠢᠭᠤᠯᠤᠨ᠎ᠠ᠃ ᠨᠢᠭᠡ ᠲᠠᠯ᠎ᠠ ᠪᠠᠷ᠂ ᠠᠮᠤᠷ ᠲᠦᠪᠰᠢᠨ ᠬᠠᠤᠯᠢᠵᠢᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠨᠡᠩ ᠠᠮᠤᠷ ᠲᠣᠭᠲᠠᠭᠤᠨ᠂ ᠠᠷᠠᠳ ᠲᠦᠮᠡᠨ ᠤ ᠨᠡᠩ ᠠᠮᠤᠷ ᠲᠣᠭᠲᠠᠭᠤᠨ᠂ ᠬᠥᠭᠵᠢᠯᠲᠡ ᠶᠢᠨ ᠨᠡᠩ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ ᠨᠤᠶᠢᠬᠦᠭᠡ ᠲᠠᠯ᠎ᠠ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠢᠷᠠᠭᠤ ᠠᠯᠳᠠᠷᠲᠤ ᠤᠯᠠᠮᠵᠢᠯᠠᠯ ᠢᠶᠠᠨ ᠶᠡᠬᠡᠪᠡᠷ ᠪᠠᠳᠠᠷᠠᠭᠤᠯᠵᠤ  ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠪᠦᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠦᠨᠡᠨᠬᠦ ᠰᠡᠷᠭᠡᠶᠢᠯᠡᠨ ᠠᠷᠢᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠲᠣᠭᠲᠠᠭᠤᠨ᠂ ᠬᠢᠯᠢ ᠬᠢᠵᠠᠭᠠᠷ ᠠᠮᠤᠷ ᠠᠮᠤᠭᠤᠯᠠᠩ ᠪᠠᠶᠢᠬᠤ ᠶᠡᠭᠡ ᠰᠠᠶᠢᠨ ᠪᠠᠶᠢᠳᠠᠯ ᠢ ᠴᠢᠨᠠᠭᠰᠢᠳᠠ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠥᠨᠳᠥᠷ ᠪᠠᠷᠢᠮᠵᠢᠶ᠎ᠠ ᠪᠠᠷ ᠠᠬᠢᠭᠤᠯᠬᠤ ᠶᠢ ᠵᠣᠭᠰᠣᠯ ᠦᠭᠡᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠬᠢᠵᠡᠢ᠃ ᠰᠢᠯᠢ ᠶᠢᠨ ᠭᠤᠣᠯ ᠠᠶᠢᠮᠠᠭ ᠤᠨ ᠬᠢᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠪᠠ ᠪᠠᠷᠢᠮᠲᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠨᠢᠭᠡ ᠳᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠨᠠᠷᠢᠯᠢᠭ ᠣᠨᠣᠴᠠᠲᠠᠢ ᠪᠠᠷ ᠬᠦᠴᠦᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠬᠦ ᠶᠢ ᠦᠨᠡᠨᠬᠦ ᠪᠡᠶᠡᠯᠡᠭᠦᠯᠵᠦ᠂ ︽ᠬᠤᠶᠠᠷ ᠢ ᠬᠠᠮᠠᠭᠠᠯᠠᠬᠤ︾  ᠶᠢ ᠡᠷᠡᠰ ᠦᠢᠯᠡᠳᠦᠯᠭᠡᠵᠢᠭᠦᠯᠬᠦ ᠬᠡᠷᠡᠭᠲᠡᠢ᠃ ᠬᠤᠶᠠᠷ ᠲᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠨᠠᠷᠢᠯᠢᠭ ᠣᠨᠣᠴᠠᠲᠠᠢ ᠪᠠᠷ ᠬᠦᠴᠦᠯᠡᠪᠡ᠃ ᠠᠵᠢᠯ ᠬᠢᠵᠦ ᠠᠳᠠᠯ ᠦᠢᠯᠡᠰ ᠴᠣᠭᠴᠠᠯᠠᠬᠤ ᠳᠤ ᠴᠢᠳᠠᠪᠤᠷᠢ ᠲᠠᠢ  ᠂ ᠵᠣᠷᠢᠭ ᠰᠠᠨᠠᠭ᠎ᠠ ᠲᠠᠢ᠂ ᠬᠠᠷᠢᠭᠤᠴᠠᠯᠭ᠎ᠠ ᠲᠠᠢ ᠪᠠᠶᠢᠬᠤ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠬᠤ ᠪᠠᠷ ᠠᠷᠪᠠᠨ ᠬᠤᠶᠠᠷ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠣᠯᠭᠠᠬᠤ ᠶᠢ ᠬᠢᠨᠠᠮᠠᠭᠠᠢ ᠨᠠᠶᠢᠳᠠᠪᠤᠷᠢᠵᠢᠭᠤᠯᠵᠤ  ᠂ ᠦᠵᠡᠯ ᠰᠠᠨᠠᠭᠠᠨ ᠤ ᠬᠥᠮᠦᠵᠢᠯ ᠂ ᠴᠢᠳᠠᠪᠤᠷᠢ ᠶᠢᠨ ᠳᠡᠭᠡᠭᠰᠢᠯᠡᠯᠲᠡ  ᠂ ᠰᠤᠷᠲᠠᠯ ᠤᠨ ᠪᠠᠶᠢᠭᠤᠯᠤᠯᠲᠠ ᠂ ᠲᠣᠭᠲᠠᠴᠠ ᠶᠢᠨ ᠲᠡᠭᠦᠯᠳᠡᠷᠵᠢᠯᠲᠡ ᠵᠡᠷᠭᠡ ᠡᠭᠦᠷᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠩ ᠲᠤᠭ ᠲᠡᠮᠳᠡᠭ ᠲᠣᠳᠣᠷᠬᠠᠢ ᠪᠠᠷ ᠡᠭᠦᠷᠭᠡᠯᠡᠭᠴᠢ ᠶᠢ ᠳᠡᠮᠵᠢᠵᠦ  ᠂ ᠪᠣᠳᠠᠲᠠᠢ ᠠᠵᠢᠯᠯᠠᠭᠴᠢ ᠶᠢ ᠬᠡᠷᠡᠭᠯᠡᠨ  ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠲᠦᠷᠭᠡᠳᠬᠡᠨ ᠪᠠᠶᠢᠭᠤᠯᠤᠨ᠎ᠠ  ᠃ ᠭᠤᠷᠪᠠ ᠳᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠨᠠᠷᠢᠯᠢᠭ ᠣᠨᠣᠴᠠᠲᠠᠢ ᠪᠠᠷ ᠬᠦᠴᠦᠯᠡᠪᠡ᠃ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠶ ᠪᠠᠷ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠳᠥᠷᠪᠡ ᠳᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠠᠯ᠎ᠠ ᠪᠠᠷ ᠦᠷᠭᠦᠯᠵᠢᠯᠡᠨ ᠨᠠᠷᠢᠯᠢᠭ ᠣᠨᠣᠴᠠᠲᠠᠢ ᠪᠠᠷ ᠬᠦᠴᠦᠯᠡᠪᠡ᠃ ᠢᠮᠠᠭᠲᠠ ᠴᠢᠩᠭ᠎ᠠ ᠭᠤᠣᠯ ᠬᠦᠭ ᠠᠶᠠᠰ ᠢ ᠪᠠᠷᠢᠮᠲᠠᠯᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠢ ᠲᠥᠪ ᠪᠣᠯᠭᠠᠵᠤ ᠢᠯᠵᠠᠷᠠᠯ ᠢ ᠡᠰᠡᠷᠭᠦᠴᠡᠬᠦ ᠳᠠᠪᠬᠤᠴᠠᠯ ᠦᠢᠯᠡᠳᠦᠯ ᠪᠠ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠶᠡᠬᠡᠰᠬᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号