ᠮᠠᠨ ᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠠᠮᠤᠷ ᠤᠨ ᠬᠤᠷᠢᠶᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2022/11/14
      《 ᠵᠠᠰᠠᠭ ᠤᠨ ᠣᠷᠳᠣᠨ ᠤ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠲᠡᠭᠡᠬᠦ ᠦᠭᠡᠢ ᠪᠣᠯ ᠮᠢᠨᠤ ᠴᠠᠭᠠᠨ ᠨᠣᠭᠤᠭ᠎ᠠ ᠪᠦᠷ ᠭᠠᠵᠠᠷ ᠲᠤ ᠢᠯᠵᠠᠷᠠᠬᠤ ᠪᠣᠯᠣᠨ᠎ᠠ᠂ ᠣᠳᠣ ᠨᠣᠭᠤᠭ᠎ᠠ ᠪᠠᠨ ᠪᠦᠷ ᠬᠤᠳᠠᠯᠳᠤᠭᠠᠳ᠂ ᠰᠡᠳᠬᠢᠯ ᠤᠨ ᠴᠢᠯᠠᠭᠤ ᠡᠴᠦᠰ ᠲᠡᠭᠡᠨ ᠭᠠᠵᠠᠷ ᠲᠤ ᠤᠨᠠᠵᠠᠢ 》᠃ ᠣᠶᠢᠷ᠎ᠠ ᠳᠤ  ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠪᠠᠢ ᠮᠢᠶᠣᠣ ᠽᠢ ᠪᠠᠯᠭᠠᠰᠤᠨ ᠤ ᠲᠠᠷᠢᠮᠠᠯ ᠤᠨ ᠡᠷᠦᠬᠡ ᠮᠠ ᠹᠦ᠋ ᠪᠦᠦ ᠢᠦᠢ ᠴᠢᠤᠸᠠᠨ ᠲᠣᠭᠤᠷᠢᠭ ᠤᠨ ᠶᠢᠩ ᠴᠦᠨ ᠵᠠᠮ ᠤᠨ ᠨᠡᠶᠢᠭᠡᠮ ᠲᠣᠭᠤᠷᠢᠭ ᠲᠤ 2000 ᠵᠢᠩ ᠴᠠᠭᠠᠨ ᠨᠣᠭᠤᠭ᠎ᠠ ᠬᠦᠷᠭᠡᠵᠦ ᠢᠷᠡᠭᠰᠡᠨ ᠪᠥᠭᠡᠳ ᠲᠡᠳᠡᠨ ᠤ ᠪᠣᠷᠤᠯᠠᠭᠤᠯᠭ᠎ᠠ ᠮᠠᠭᠤᠲᠠᠢ ᠴᠠᠭᠠᠨ ᠨᠣᠭᠤᠭ᠎ᠠ ᠶᠢ ᠪᠦᠷ ᠬᠤᠳᠠᠯᠳᠤᠵᠤ ᠳᠠᠭᠤᠰᠴᠠᠢ ᠭᠡᠵᠦ ᠪᠠᠶᠠᠷᠲᠠᠢ ᠪᠠᠷ ᠣᠯᠠᠨ ᠳᠤ ᠬᠡᠯᠡᠵᠦ ᠥᠭᠴᠡᠢ  ᠃      ᠮᠠ ᠹᠦ᠋ ᠪᠦᠦ ᠪᠣᠯ ᠲᠤᠬᠠᠢ ᠶᠢᠨ ᠭᠠᠵᠠᠷ ᠤᠨ ᠲᠠᠷᠢᠮᠠᠯ ᠤᠨ ᠲᠣᠮᠣ ᠡᠷᠦᠬᠡ᠂ ᠡᠨᠡ ᠵᠢᠯ ᠪᠠᠷᠤᠭ 30 ᠲᠣᠨ ᠴᠠᠭᠠᠨ ᠨᠣᠭᠤᠭ᠎ᠠ ᠬᠤᠷᠢᠶᠠᠵᠠᠢ᠃ ᠭᠡᠪᠡᠴᠦ ᠬᠢᠵᠢᠭ ᠤᠨ ᠪᠠᠶᠢᠳᠠᠯ ᠤᠨ ᠨᠥᠯᠥᠭᠡ ᠪᠠᠷ ᠴᠠᠭᠠᠨ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠵᠠᠩᠭᠢᠯᠠᠭ᠎ᠠ ᠶᠢᠨ ᠦᠶ᠎ᠡ ᠳᠤ ᠪᠣᠷᠤᠯᠠᠭᠤᠯᠭ᠎ᠠ ᠶᠢᠨ ᠵᠠᠮ ᠨᠢ ᠠᠰᠠᠭᠤᠳᠠᠯ ᠪᠣᠯᠵᠠᠢ᠃ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠠᠶᠢᠳᠠᠯ ᠢ ᠮᠡᠳᠡᠭᠰᠡᠨ ᠤ ᠳᠠᠷᠠᠭ᠎ᠠ  ᠂ ᠮᠠ ᠹᠦ᠋ ᠪᠦᠦ ᠶᠢᠨ ᠦᠢᠯᠡᠳᠪᠦᠷᠢᠯᠡᠯ ᠪᠠ ᠬᠢᠵᠢᠭ ᠢ ᠰᠡᠷᠭᠡᠶᠢᠯᠡᠬᠦ ᠪᠠᠶᠢᠳᠠᠯ ᠢ ᠨᠠᠷᠢᠨ ᠣᠶᠢᠯᠠᠭᠠᠵᠤ  ᠂ ᠲᠡᠭᠦᠨ ᠳᠤ ᠨᠡᠪᠲᠡᠷᠡᠬᠦ ᠦᠨᠡᠮᠯᠡᠯ ᠢ ᠵᠣᠬᠢᠴᠠᠭᠤᠯᠤᠨ ᠥᠭᠴᠦ  ᠂ ᠢᠳᠡᠰᠢᠨ ᠨᠣᠭᠤᠭ᠎ᠠ ᠶᠢᠨ ᠪᠣᠷᠤᠯᠠᠭᠤᠯᠭ᠎ᠠ ᠵᠣᠭᠰᠣᠩᠭᠢᠷᠠᠭᠰᠠᠨ ᠪᠠᠶᠢᠳᠠᠯ ᠢ ᠬᠥᠬᠡᠬᠤᠲᠠ ᠶᠢᠨ ᠣᠯᠠᠨ ᠢᠳᠡᠰᠢᠨ ᠨᠣᠭᠤᠭ᠎ᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠬᠦᠷᠭᠡᠨ ᠥᠭᠴᠡᠢ  ᠃ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠪᠰᠤᠷᠤᠯᠭ᠎ᠠ ᠲᠤᠤᠷ᠎ᠠ᠂ ᠮᠠ ᠹᠦ᠋ ᠪᠦᠦ ᠶᠢᠨ ᠪᠣᠷᠤᠯᠠᠭᠤᠯᠭ᠎ᠠ ᠮᠠᠭᠤᠲᠠᠢ ᠴᠠᠭᠠᠨ ᠨᠣᠭᠤᠭ᠎ᠠ ᠶᠢ 10 ᠰᠠᠷ᠎ᠠ ᠶᠢᠨ 17 ᠤ ᠡᠳᠦᠷ ᠪᠦᠬᠦᠨ ᠢ ᠪᠣᠷᠣᠯᠠᠭᠤᠯᠵᠤ ᠳᠠᠭᠤᠰᠬᠠᠪᠠ  ᠃      ᠲᠠᠷᠢᠶᠠᠴᠢᠨ ᠡᠷᠦᠬᠡ ᠶᠢᠨ ᠨᠣᠭᠤᠭ᠎ᠠ ᠶᠢ ᠲᠠᠷᠢᠶᠠᠨ ᠭᠠᠵᠠᠷ ᠲᠤ ᠢᠯᠵᠢᠷᠡᠭᠦᠯᠵᠦ  ᠂ ᠲᠠᠷᠢᠶᠠᠨ ᠭᠠᠵᠠᠷ ᠲᠤ ᠵᠣᠭᠰᠣᠩᠭᠢᠷᠠᠭᠤᠯᠬᠤ ᠦᠭᠡᠢ ᠪᠠᠶᠢᠬᠤ ᠨᠢ ᠵᠥᠪᠬᠡᠨ ᠮᠠᠨ ᠤ ᠣᠷᠣᠨ ᠤ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠨᠢᠭᠡᠳᠦᠯᠲᠡᠢ ᠲᠥᠯᠥᠪᠵᠢᠭᠦᠯᠬᠦ ᠶᠢᠨ ᠬᠠᠮᠲᠤ  ᠂ ᠨᠠᠮᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ  ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢ ᠲᠣᠭᠲᠠᠪᠤᠷᠢᠵᠢᠭᠤᠯᠬᠤ ᠶᠢᠨ ᠨᠢᠭᠡᠨ ᠬᠤᠷᠢᠶᠠᠩᠭᠤᠢ ᠳᠦᠷᠰᠦ ᠲᠡᠳᠦᠢ ᠶᠤᠮ  ᠃ ᠨᠠᠮᠤᠷ ᠤᠨ ᠬᠤᠷᠢᠶᠠᠯᠲᠠ ᠶᠢᠨ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ  ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ 《 ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤᠯᠠᠭ᠎ᠠ ᠶᠢᠨ ᠨᠠᠮᠤᠷ ᠤᠨ ᠬᠤᠷᠢᠶᠠᠯᠲᠠ ᠶᠢ ᠨᠢᠭᠡᠳᠦᠯᠲᠡᠢ ᠲᠥᠯᠥᠪᠯᠡᠬᠦ ᠵᠢᠴᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠤᠨ ᠵᠢᠯᠤᠭᠤᠳᠬᠤ ᠳᠦᠷᠢᠮ 》 ᠢ ᠳᠠᠷᠤᠮᠠᠯᠯᠠᠨ ᠲᠠᠷᠬᠠᠭᠠᠪᠠ  ᠃ ᠬᠢᠵᠢᠭ ᠤᠨ ᠪᠠᠶᠢᠳᠠᠯ ᠢ ᠰᠡᠷᠭᠡᠶᠢᠯᠡᠬᠦ ᠣᠷᠣᠨ  ᠂ ᠬᠠᠮᠢᠶᠠᠷᠤᠨ ᠡᠵᠡᠮᠳᠡᠬᠦ ᠣᠷᠣᠨ  ᠂ ᠪᠢᠲᠡᠭᠦᠮᠵᠢᠯᠡᠨ ᠡᠵᠡᠮᠳᠡᠬᠦ ᠣᠷᠣᠨ ᠶᠣᠰᠣᠭᠠᠷ ᠲᠣᠰ ᠲᠣᠰ ᠨᠠᠮᠤᠷ ᠤᠨ ᠬᠤᠷᠢᠶᠠᠯᠲᠠ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠬᠡᠷᠬᠢᠨ ᠥᠷᠨᠢᠭᠦᠯᠬᠦ ᠲᠤᠬᠠᠢ ᠲᠣᠳᠣᠷᠬᠠᠶᠢᠯᠠᠵᠤ  ᠂ ᠱᠠᠲᠤ ᠱᠠᠲᠤ ᠪᠠᠷ ᠲᠤᠭ᠎ᠠ ᠨᠡᠮᠡᠵᠦ ᠪᠣᠯᠬᠤ ᠦᠭᠡᠢ  ᠂ ᠨᠠᠮᠤᠷ ᠤᠨ ᠬᠤᠷᠢᠶᠠᠯᠲᠠ ᠶᠢ ᠰᠠᠭᠠᠲᠠᠭᠠᠵᠤ ᠪᠣᠯᠬᠤ ᠦᠭᠡᠢ  ᠂ ᠲᠠᠷᠢᠶᠠᠨ ᠴᠠᠭ ᠢ ᠰᠠᠭᠠᠲᠠᠭᠠᠵᠤ ᠪᠣᠯᠬᠤ ᠦᠭᠡᠢ  ᠂ ᠡᠮᠦᠨ᠎ᠡ ᠨᠢ ᠴᠢᠩᠭ᠎ᠠ ᠬᠤᠶᠢᠨ᠎ᠠ ᠨᠢ ᠰᠤᠯᠠ ᠪᠠᠶᠢᠵᠤ ᠪᠣᠯᠬᠤ ᠦᠭᠡᠢ  ᠂ ᠠᠰᠠᠭᠤᠳᠠᠯ ᠢ ᠰᠢᠢᠳᠪᠦᠷᠢᠯᠡᠬᠦ ᠶᠢ ᠤᠳᠠᠭᠠᠰᠢᠷᠠᠭᠤᠯᠵᠤ ᠪᠣᠯᠬᠤ ᠦᠭᠡᠢ ᠭᠡᠵᠦ ᠳᠠᠬᠢᠨᠲᠠ ᠢᠯᠡᠷᠬᠡᠶᠢᠯᠡᠪᠡ  ᠃ ᠣᠳᠣᠬᠠᠨ ᠪᠣᠯᠲᠠᠯ᠎ᠠ᠂ ᠨᠢᠭᠡᠨᠲᠡ ᠴᠢᠭ᠋ ᠠᠴᠠ ᠴᠢᠭ᠋ ᠲᠠᠭᠠᠷᠠᠭᠤᠯᠤᠨ ᠮᠠᠯᠴᠢᠨ ᠲᠠᠷᠢᠶᠠᠴᠢᠨ ᠢ ᠬᠠᠪᠰᠤᠷᠤᠨ 51 ᠪᠣᠳᠠᠲᠠᠢ ᠠᠰᠠᠭᠤᠳᠠᠯ ᠢ ᠰᠢᠢᠳᠪᠦᠷᠢᠯᠡᠵᠦ ᠥᠭᠴᠡᠢ᠃      ᠨᠠᠮᠤᠷ ᠤᠨ ᠬᠤᠷᠢᠶᠠᠯᠲᠠ ᠶᠢᠨ ᠬᠥᠰᠢᠭᠡ ᠶᠢ ᠨᠡᠭᠡᠭᠡᠭᠰᠡᠨ ᠤ ᠲᠠᠷᠠᠭ᠎ᠠ᠂ ᠪᠦᠬᠦ ᠣᠷᠣᠨ ᠢᠶᠠᠷ ᠢᠶᠠᠨ ᠨᠠᠮᠤᠷ ᠤᠨ ᠬᠤᠷᠢᠶᠠᠯᠲᠠ ᠶᠢᠨ ᠠᠵᠢᠯ ᠢ ᠰᠠᠶᠢᠲᠤᠷ ᠠᠳᠬᠤᠬᠤ ᠶᠢ ᠣᠳᠣᠬᠠᠨ ᠤ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠠᠮᠤᠭ ᠤᠨ ᠴᠢᠬᠤᠯᠠ᠂ ᠬᠠᠮᠤᠭ ᠤᠨ ᠲᠤᠯᠭᠠᠮ᠎ᠠ ᠡᠭᠦᠷᠭᠡ ᠪᠣᠯᠭᠠᠵᠤ᠂ ᠠᠯᠢ ᠤᠯᠠᠨ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠪᠦᠬᠦᠨ ᠢ ᠬᠥᠮᠥᠷᠭᠡ ᠳᠤ ᠣᠷᠣᠭᠤᠯᠬᠤ ᠶᠢ ᠪᠠᠲᠤᠯᠠᠵᠠᠢ᠃ ᠣᠶᠢᠯᠠᠭᠠᠭᠰᠠᠨ ᠢᠶᠠᠷ  ᠂ ᠡᠯ᠎ᠡ ᠭᠠᠵᠠᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠱᠠᠭᠠᠷᠳᠠᠯᠭ᠎ᠠ ᠪᠠ ︽ ᠢᠳᠡᠰᠢᠨ ᠨᠣᠭᠤᠭ᠎ᠠ  ︾ ᠶᠢ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ  ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠠᠵᠢᠯ ᠤᠨ ᠲᠣᠭᠲᠠᠴᠠ ᠪᠠ ᠲᠤᠰᠬᠠᠢ ᠠᠩᠭᠢ ᠶᠢ ᠪᠠᠶᠢᠭᠤᠯᠤᠨ ᠪᠦᠷᠢᠨᠰᠢᠭᠦᠯᠵᠦ  ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠨ  ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ ᠪᠠᠶᠢᠨ᠎ᠠ  ᠃ ᠡᠯ᠎ᠡ ᠬᠤᠰᠢᠭᠤ ᠰᠢᠶᠠᠨ ︵ ᠬᠤᠲᠠ  ᠂ ᠲᠣᠭᠤᠷᠢᠭ  ︶ ᠨᠢ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠶᠠᠩ ᠪᠠᠯᠭᠠᠰᠤ ᠰᠤᠮᠤ᠂ ᠭᠠᠴᠠᠭ᠎ᠠ ᠲᠣᠰᠬᠤᠨ ᠬᠤᠶᠠᠷ ᠱᠠᠲᠤ  ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ  ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠴᠢᠩᠭ᠎ᠠ ᠪᠥᠭᠡᠳ ᠪᠣᠳᠠᠲᠠᠢ ᠪᠠᠷ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ  ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号