ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2022/11/14
      ᠰᠤᠷᠪᠤᠯᠵᠢᠯᠠᠭᠴᠢ 11 ᠰᠠᠷ᠎ᠠ ᠶᠢᠨ 10 ᠤ ᠡᠳᠦᠷ ᠬᠤᠷᠠᠯᠳᠤᠭᠤᠯᠤᠭᠰᠠᠨ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵ 71 ᠳ᠋ᠤᠭᠡᠷ ᠲᠠᠯᠠᠪᠤᠷ  ︶ ᠠᠴᠠ ᠣᠶᠢᠯᠠᠭᠠᠭᠰᠠᠨ ᠨᠢ  ᠂ ᠬᠥᠬᠡᠬᠤᠲᠠ ᠪᠠᠰᠠ 4 ᠵᠦᠢᠯ ᠤᠨ ᠠᠷᠭ᠎ᠠ ᠬᠡᠮᠵᠢᠶ᠎ᠡ ᠲᠣᠭᠲᠠᠭᠠᠨ ᠨᠡᠶᠢᠲᠡᠯᠡᠵᠦ  ᠂ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠪᠠ ᠠᠪᠤᠷᠠᠨ ᠲᠤᠰᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ  ᠃      ᠨᠢᠭᠡ ᠳᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ  ᠂ ᠣᠨᠴᠠ ᠬᠦᠴᠢᠷᠳᠡᠯᠲᠡᠢ ᠬᠥᠮᠥᠰ  ᠂ ᠥᠨᠥᠴᠢᠨ ᠬᠡᠤᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠤᠬᠡᠳ᠂ ᠭᠡᠷ ᠲᠡᠭᠡᠨ ᠬᠤᠴᠣᠷᠤᠭᠰᠠᠨ  ᠂ ᠭᠠᠭᠴᠠᠭᠠᠷ ᠰᠠᠭᠤᠭ᠎ᠠ  ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠵᠡᠷᠭᠡ ᠣᠨᠴᠠᠭᠠᠶ ᠬᠠᠮᠲᠤᠯᠢᠭ ᠲᠤ ᠬᠠᠨᠳᠤᠨ᠎ᠠ  ᠃ ᠬᠢᠵᠢᠭ ᠤᠨ ᠪᠠᠶᠢᠳᠠᠯ ᠢᠶᠠᠷ ᠨᠡᠯᠢᠶᠡᠳ ᠬᠦᠨᠳᠦ ᠬᠤᠲᠠ ᠶᠢᠨ ᠳᠥᠷᠪᠡᠨ ᠲᠣᠭᠤᠷᠢᠭ᠂ ᠲᠦᠮᠡᠳ ᠵᠡᠭᠦᠨ ᠬᠤᠰᠢᠭᠤᠨ ᠳᠤ ᠠᠪᠤᠷᠠᠨ ᠲᠤᠰᠠᠯᠠᠵᠤ ᠪᠠᠶᠢᠭᠠᠳ ᠢᠳᠡᠰᠢᠨ ᠨᠣᠭᠤᠭ᠎ᠠ ᠶᠢᠨ ᠪᠣᠭᠤᠳᠠᠯ  ᠂ ᠠᠮᠤ ᠲᠣᠰᠣᠨ ᠤ ᠪᠣᠭᠤᠳᠠᠯ ᠪᠠ 200 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠵᠤ  ᠂ ᠬᠢᠵᠢᠭ ᠤᠨ ᠪᠠᠶᠢᠳᠠᠯ ᠢᠶᠠᠷ ᠨᠡᠯᠢᠶᠡᠳ ᠬᠥᠩᠭᠡᠨ ᠪᠠᠶᠢᠭ᠎ᠠ ᠲᠣᠭᠲᠠᠬᠤ ᠰᠢᠶᠠᠨ  ᠂ ᠬᠤᠷᠢᠨᠭᠡᠷ ᠰᠢᠶᠠᠨ  ᠂ ᠴᠢᠩ ᠱᠦᠢ ᠾᠧ ᠰᠢᠶᠠᠨ  ᠂ ᠦᠴᠦᠸᠠᠨ ᠰᠢᠶᠠᠨ ᠳᠤ 300 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠨ᠎ᠠ  ᠃      ᠬᠤᠶᠠᠷ ᠲᠤ᠂ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ  ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠪᠠ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ᠂ ᠭᠡᠷ ᠪᠦᠯᠢ ᠶᠢᠨ ᠪᠦᠷᠢᠯᠳᠦᠭᠦᠨ ᠨᠢ ᠬᠦᠨᠳᠦ ᠣᠨᠴᠠ ᠶᠡᠭᠡ ᠡᠪᠡᠳᠴᠢᠨ ᠡᠮᠭᠡᠭ  ᠂ ᠬᠤᠪᠣᠷ ᠲᠣᠬᠢᠶᠠᠯᠳᠤᠬᠤ ᠡᠪᠡᠳᠴᠢᠨ  ᠂ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠡᠳ ᠡᠮᠨᠡᠭᠦᠯᠬᠦ ᠴᠢᠬᠤᠯᠠᠲᠠᠢ ᠪᠠᠶᠢᠪᠠᠯ  ᠂ ᠬᠤᠪᠢ ᠬᠥᠮᠥᠨ ᠤ ᠪᠣᠳᠠᠲᠠᠢ ᠥᠪᠡᠷ ᠢᠶᠠᠨ ᠲᠤᠰᠢᠶᠠᠭᠰᠠᠨ ᠵᠠᠷᠤᠳᠠᠯ ᠤᠨ ᠶᠣᠰᠣᠭᠠᠷ᠂ ᠲᠤᠬᠠᠢ ᠶᠢᠨ ᠭᠠᠵᠠᠷ ᠤᠨ ᠬᠤᠲᠠ ᠪᠠᠯᠭᠠᠰᠤ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 12 ᠳᠠᠬᠢᠨ ᠠᠴᠠ ᠬᠡᠲᠦᠷᠡᠭᠦᠯᠬᠦ ᠦᠭᠡᠢ ᠪᠠᠷ ᠠᠪᠤᠷᠠᠨ ᠲᠤᠰᠠᠯᠠᠨ᠎ᠠ  ᠃      ᠭᠤᠷᠪᠠ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠥᠰ  ᠂ ᠥᠨᠥᠴᠢᠨ ᠬᠡᠤᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠤᠬᠡᠳ ᠲᠤ ᠬᠡᠷᠪᠡ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠢ ᠣᠨᠣᠰᠢᠯᠠᠭᠰᠠᠨ ᠪᠠᠶᠢᠪᠠᠯ  ᠂ ᠬᠠᠮᠢᠶ᠎ᠠ ᠪᠦᠬᠦᠢ ᠠᠪᠤᠷᠠᠨ ᠲᠤᠰᠠᠯᠠᠯᠲᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠥᠮᠥᠨ ᠪᠦᠷᠢ ᠳᠤ 1000 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠨ᠎ᠠ  ᠃      ᠳᠥᠷᠪᠡ ᠳᠤ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠶᠢᠨ ᠠᠷᠭ᠎ᠠ ᠦᠭᠡᠢ᠂ ᠣᠷᠣᠯᠭ᠎ᠠ ᠶᠢᠨ ᠢᠷᠡᠯᠲᠡ ᠦᠭᠡᠢ᠂ ᠠᠮᠢᠳᠤᠷᠠᠯ ᠨᠢ ᠬᠦᠴᠢᠷᠳᠡᠯ ᠲᠠᠢ ᠮᠥᠷᠲᠡᠭᠡᠨ ᠠᠵᠢᠯ ᠠᠯᠳᠠᠯᠲᠠ ᠶᠢᠨ ᠳᠠᠭᠠᠳᠬᠠᠯ ᠢ ᠬᠠᠮᠤᠷᠬᠤ ᠶᠢᠨ ᠠᠷᠭ᠎ᠠ ᠦᠭᠡᠢ ᠬᠥᠯᠥᠰᠦᠨ ᠠᠵᠢᠯᠴᠢᠨ ᠵᠡᠷᠭᠡ ᠳᠠᠭᠠᠳᠬᠠᠯ ᠳᠤ ᠣᠷᠣᠯᠴᠠᠭᠰᠠᠨ ᠦᠭᠡᠢ ᠠᠵᠢᠯ ᠠᠯᠳᠠᠭᠰᠠᠳ ᠵᠢᠴᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠭᠠᠳᠠᠨ᠎ᠠ ᠠᠴᠠ ᠢᠷᠡᠭᠰᠡᠨ ᠬᠥᠮᠥᠰ ᠵᠡᠷᠭᠡ ᠬᠦᠴᠢᠷᠳᠡᠯ ᠲᠠᠢ ᠬᠠᠮᠲᠤᠯᠢᠭ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠪᠠ ᠠᠮᠢᠳᠤᠷᠠᠯ ᠤᠨ ᠡᠳ᠋ ᠪᠣᠳᠠᠰ ᠢ ᠴᠠᠭ ᠲᠤᠬᠠᠢ ᠳᠤᠨᠢ ᠲᠠᠷᠬᠠᠭᠠᠵᠤ᠂ ᠲᠡᠳᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号